︽ᠭᠡᠷ ᠪᠦᠯᠢ ᠶᠢᠨ ᠰᠤᠷᠭᠠᠨ ᠬᠦᠮᠦᠵᠢᠯ︾ ᠨᠢ ᠳᠤᠮᠳᠠᠳᠦ ᠤᠯᠤᠰ ᠤᠨ ᠭᠡᠷ ᠪᠦᠯᠢ ᠪᠤᠯᠤᠨ ᠰᠤᠷᠭᠠᠭᠤᠯᠢ ᠬᠤᠶᠠᠷ ᠲᠠᠯ᠎ᠠ ᠪᠠᠷ ᠢᠶᠠᠨ ᠵᠠᠪᠠᠯ ᠰᠤᠷᠬᠤ ᠬᠢᠴᠢᠶᠠᠯ ᠪᠤᠯᠵᠤ ᠪᠠᠶᠢᠨ᠎ᠠ
ᠨᠡᠶᠢᠲᠡᠯᠡᠭᠰᠡᠨ ᠴᠠᠭ᠄
2015/10/22
      ᠰᠢᠨᠬᠤᠸᠠ ᠰᠦᠯᠵᠢᠶᠠᠨ ᠤ ᠪᠡᠭᠡᠵᠢᠩ ᠤᠨ 10 ᠰᠠᠷ᠎ᠠ ᠶᠢᠨ 20 ᠤ ᠡᠳᠦᠷ ᠤᠨ ᠮᠡᠲᠡᠭᠡ ᠰᠤᠷᠭᠠᠨ ᠬᠦᠮᠦᠵᠢᠯ ᠤᠨ ᠶᠠᠮᠤᠨ ᠤ ᠰᠦᠯᠵᠢᠶᠠᠨ ᠤ 20 ᠤ ᠡᠳᠦᠷ ᠨᠡᠶᠢᠲᠡᠯᠡᠭᠰᠡᠨ ︽ᠭᠡᠷ ᠪᠦᠯᠢ ᠶᠢᠨ ᠰᠤᠷᠭᠠᠨ ᠬᠦᠮᠦᠵᠢᠯ  ᠤᠨ ᠠᠵᠢᠯ ᠢ ᠴᠢᠩᠭᠠᠳᠬᠠᠬᠤ ᠳᠤᠬᠠᠢ ᠰᠤᠷᠭᠠᠨ ᠬᠦᠮᠦᠵᠢᠯ ᠤᠨ ᠶᠠᠮᠤᠨ ᠤ ᠵᠢᠯᠤᠭᠤᠳᠬᠤ ᠰᠠᠨᠠᠯ︾ ᠳᠤ ᠬᠡᠯᠡᠭᠰᠡᠨ  ᠨᠢ᠂ ᠦᠷᠭᠡᠨ ᠤᠯᠠᠨ ᠭᠡᠷ ᠤᠨ ᠠᠬᠠᠮᠠᠳ ᠭᠡᠷ ᠪᠦᠯᠢ ᠶᠢᠨ ᠰᠤᠷᠭᠠᠨ ᠬᠦᠮᠦᠵᠢᠯ ᠤᠨ ᠳᠤᠰᠢᠶᠠᠯ ᠬᠠᠷᠢᠭᠤᠴᠠᠯᠭ᠎ᠠ  ᠪᠠᠨ ᠬᠠᠤᠯᠢ ᠶᠤᠰᠤᠭᠠᠷ ᠭᠦᠢᠴᠡᠳᠭᠡᠨ᠂ ᠭᠡᠷ ᠪᠦᠯᠢ ᠶᠢᠨ ᠰᠤᠷᠭᠠᠨ ᠬᠦᠮᠦᠵᠢᠯ ᠤᠨ ᠬᠢᠷᠢ ᠳᠦᠪᠰᠢᠨ ᠢᠶᠠᠨ ᠳᠠᠰᠤᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ᠂ ᠰᠤᠷᠭᠠᠭᠤᠯᠢ ᠴᠦ ᠭᠡᠷ ᠪᠦᠯᠢ ᠶᠢᠨ ᠰᠤᠷᠭᠠᠨ ᠬᠦᠮᠦᠵᠢᠯ ᠤᠨ ᠠᠵᠢᠯ  ᠤᠨ ᠲᠤᠬᠠᠢ ᠵᠢᠯᠤᠭᠤᠲᠤᠯᠭ᠎ᠠ ᠪᠠᠨ ᠴᠢᠩᠭᠠᠳᠬᠠᠵᠤ᠂ ᠭᠡᠷ ᠤᠨ ᠠᠬᠠᠮᠠᠳ ᠤᠨ ᠰᠤᠷᠭᠠᠭᠤᠯᠢ ᠶᠢ ᠬᠠᠮᠳᠦ ᠪᠠᠷ ᠰᠠᠶᠢᠲᠤᠷ ᠡᠷᠬᠢᠯᠡᠬᠦ ᠬᠡᠷᠡᠭᠲᠡᠢ᠃       ︽ᠳᠤᠰ ᠰᠠᠨᠠᠯ ᠢ ᠪᠤᠯ ᠤᠲᠤᠬᠠᠨ ᠤ ᠭᠡᠷ ᠪᠦᠯᠢ ᠶᠢᠨ ᠰᠤᠷᠭᠠᠨ ᠬᠦᠮᠦᠵᠢᠯ ᠤᠨ ᠪᠤᠲᠠᠲᠤ ᠪᠠᠶᠢᠲᠠᠯ ᠪᠤᠯᠤᠨ ᠳᠤᠪᠤᠶᠢᠬᠰᠠᠨ ᠠᠰᠠᠭᠤᠲᠠᠯ ᠳᠤ ᠴᠢᠭᠯᠡᠬᠦᠯᠦᠨ ᠳᠤᠭᠲᠠᠭᠠᠵᠤ ᠨᠡᠶᠢᠲᠡᠯᠡᠭᠰᠡᠨ ᠶᠤᠮ᠃︾ ᠰᠤᠷᠭᠠᠨ ᠬᠦᠮᠦᠵᠢᠯ ᠤᠨ ᠶᠠᠮᠤᠨ ᠤ ᠰᠠᠭᠤᠷᠢ ᠰᠤᠷᠭᠠᠨ ᠬᠦᠮᠦᠵᠢᠯ ᠤᠨ ᠨᠢᠬᠡᠲᠤᠭᠡᠷ ᠵᠤᠷᠭᠠᠨ ᠤ ᠬᠠᠷᠢᠭᠤᠴᠠᠯᠭᠠᠲᠠᠨ ᠵᠢᠭᠠᠵᠤ ᠭᠠᠷᠭᠠᠭᠰᠠᠨ ᠨᠢ᠂ ᠤᠲᠤᠬᠠᠨ ᠳᠤ ᠶᠠᠩᠵᠤ ᠪᠦᠷᠢ ᠶᠢᠨ ᠰᠢᠯᠲᠠᠭᠠᠨ ᠠᠴᠠ ᠪᠤᠯᠵᠤ ᠵᠠᠷᠢᠮ ᠭᠡᠷ ᠤᠨ ᠠᠬᠠᠮᠠᠳ ᠨᠠᠷ ᠰᠤᠷᠭᠠᠨ ᠬᠦᠮᠦᠵᠢᠯ  ᠤᠨ ᠳᠤᠬᠠᠢ ᠵᠦᠪ ᠦᠵᠡᠯᠲᠡ ᠶᠢ ᠪᠤᠢ ᠪᠤᠯᠭᠠᠵᠤ ᠴᠢᠲᠠᠭᠰᠠᠨ ᠦᠭᠡᠢ᠂ ᠰᠢᠨᠵᠢᠯᠡᠬᠦ ᠤᠬᠠᠭᠠᠨᠴᠢ ᠰᠤᠷᠭᠠᠨ ᠬᠦᠮᠦᠵᠢᠬᠦᠯᠬᠦ ᠠᠷᠭ᠎ᠠ ᠶᠢ ᠡᠵᠡᠮᠰᠢᠭᠡ ᠦᠭᠡᠢ᠂ ᠦᠷ᠎ᠡ ᠬᠡᠦᠭᠡᠳ ᠤᠨ ᠢᠶᠠᠨ ᠡᠷᠡᠬᠦᠯ ᠵᠦᠪ ᠳᠤᠷ᠎ᠠ ᠰᠤᠨᠢᠷᠬᠠᠯ ᠢ ᠬᠦᠨᠳᠦᠳᠭᠡᠬᠦ ᠦᠭᠡᠢ᠂ ᠦᠷ᠎ᠡ ᠬᠡᠦᠭᠡᠳ ᠢᠶᠠᠨ ᠰᠠᠶᠢᠨ ᠰᠠᠶᠢᠬᠠᠨ ᠳᠠᠳᠬᠠᠯ ᠲᠠᠢ ᠪᠤᠯᠭᠠᠬᠤ ᠶᠢ ᠴᠢᠬᠤᠯᠠᠴᠢᠯᠠᠬᠤ ᠦᠭᠡᠢ᠂ ᠰᠤᠷᠭᠠᠭᠤᠯᠢ ᠲᠠᠢ ᠨᠡᠪᠲᠡᠷᠡᠯᠴᠡᠨ ᠬᠠᠮᠵᠢᠯᠴᠠᠬᠰᠠᠨ ᠢᠶᠠᠷ ᠳᠤᠲᠠᠮᠠᠭ ᠪᠠᠶᠢᠬᠤ ᠶᠢᠨ ᠬᠠᠷᠠᠭ᠎ᠠ ᠪᠠᠷ ᠭᠡᠷ ᠪᠦᠯᠢ  ᠶᠢᠨ ᠰᠤᠷᠭᠠᠨ ᠬᠦᠮᠦᠵᠢᠯ ᠭᠠᠷᠭᠠᠪᠠᠰᠦ ᠵᠤᠬᠢᠬᠤ ᠴᠢᠬᠤᠯᠠ ᠦᠢᠯᠡᠳᠦᠯ ᠢᠶᠠᠨ ᠭᠠᠷᠭᠠᠵᠤ ᠴᠢᠲᠠᠬᠤ ᠦᠭᠡᠢ ᠪᠠᠶᠢᠨ᠎ᠠ᠃ ᠡᠬᠦᠨ ᠤ ᠵᠡᠷᠭᠡ ᠳᠤ ᠭᠡᠷ ᠪᠦᠯᠢ ᠶᠢᠨ ᠰᠤᠷᠭᠠᠨ ᠬᠦᠮᠦᠵᠢᠯ ᠤᠨ ᠳᠤᠬᠠᠢ ᠨᠡᠶᠢᠭᠡᠮ ᠤᠨ ᠡᠯ᠎ᠡ ᠡᠳᠡᠭᠡᠳ ᠤᠨ ᠳᠠᠨᠢᠯᠲᠠ ᠬᠠᠩᠭᠠᠮᠵᠢᠲᠠᠢ ᠭᠦᠢᠴᠡᠳ ᠪᠢᠰᠢ᠂ ᠭᠡᠷ ᠪᠦᠯᠢ ᠶᠢᠨ ᠰᠤᠷᠭᠠᠨ ᠬᠦᠮᠦᠵᠢᠯ ᠤᠨ ᠬᠢᠷᠢ ᠳᠦᠪᠰᠢᠨ ᠦᠨᠳᠦᠷ ᠪᠢᠰᠢ᠂ ᠭᠡᠷ ᠪᠦᠯᠢ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠬᠠᠷᠢᠴᠠᠩᠭᠤᠢ ᠪᠠᠷ ᠲᠤᠲᠠᠮᠠᠭ᠂ ᠬᠤᠯᠪᠤᠬᠲᠠᠯ ᠪᠦᠬᠦᠢ ᠪᠠᠶᠢᠭᠤᠯᠤᠯ ᠲᠤᠭᠲᠠᠴᠠ ᠪᠠᠰᠠ ᠳᠡᠶᠢᠮᠦ ᠲᠡᠬᠦᠯᠲᠡᠷ ᠪᠢᠰᠢ᠂ ᠰᠤᠷᠭᠠᠭᠤᠯᠢ ᠶᠢᠨ ᠰᠤᠷᠭᠠᠨ ᠬᠦᠮᠦᠵᠢᠯ᠂ ᠨᠡᠶᠢᠭᠡᠮ ᠤᠨ ᠰᠤᠷᠭᠠᠨ ᠬᠦᠮᠦᠵᠢᠯ ᠪᠤᠯᠤᠨ ᠭᠡᠷ ᠪᠦᠯᠢ ᠶᠢᠨ ᠰᠤᠷᠭᠠᠨ ᠬᠦᠮᠦᠵᠢᠯ ᠪᠠᠰᠠ ᠨᠡᠶᠢᠯᠡᠭ ᠬᠦᠴᠦᠨ ᠪᠤᠯᠵᠤ ᠴᠢᠲᠠᠭ᠎ᠠ ᠦᠭᠡᠢ᠂ ᠡᠳᠡᠭᠡᠷ ᠠᠰᠠᠭᠤᠲᠠᠯ ᠭᠠᠷᠤᠭᠰᠠᠨ ᠤ ᠬᠠᠷᠠᠭ᠎ᠠ ᠪᠠᠷ᠂ ᠰᠤᠷᠭᠠᠬᠤ ᠨᠢ ᠲᠤᠲᠠᠭᠤ ᠬᠠᠮᠠᠭᠠᠯᠠᠬᠤ ᠨᠢ ᠪᠠᠭ᠎ᠠ᠂ ᠰᠤᠷᠭᠠᠬᠤ ᠡᠪ ᠳᠦᠢ ᠨᠢ ᠲᠠᠭᠠᠷᠠᠬᠤ ᠦᠭᠡᠢ᠂ ᠤᠶᠤᠨ ᠢ ᠴᠢᠬᠤᠯᠠᠴᠢᠯᠠᠭᠠᠳ ᠮᠤᠷᠠᠯ ᠢ ᠬᠦᠩᠭᠡᠪᠴᠢᠯᠡᠬᠦ᠂ ᠮᠡᠲᠡᠯᠭᠡ  ᠶᠢ ᠴᠢᠬᠤᠯᠠᠴᠢᠯᠠᠭᠠᠳ ᠴᠢᠲᠠᠪᠤᠷᠢ ᠶᠢ ᠬᠦᠩᠭᠡᠪᠴᠢᠯᠡᠬᠦ᠂ ᠪᠡᠶ᠎ᠡ ᠮᠠᠬᠠᠪᠤᠳ ᠢ ᠴᠢᠬᠤᠯᠠᠴᠢᠯᠠᠭᠠᠳ ᠪᠤᠲᠤᠯ ᠰᠡᠳᠬᠢᠯ ᠢ ᠬᠦᠩᠭᠡᠪᠴᠢᠯᠡᠬᠦ ᠵᠡᠷᠭᠡ ᠬᠦᠮᠦᠨ ᠢ ᠬᠦᠮᠦᠵᠢᠬᠦᠯᠬᠦ ᠳᠠᠯ᠎ᠠ ᠪᠠᠷ ᠬᠢ ᠰᠤᠷᠭᠠᠨ ᠬᠦᠮᠦᠵᠢᠯ ᠤᠨ ᠵᠢᠮ᠎ᠡ ᠶᠤᠰᠦ ᠪᠤᠯᠤᠨ ᠴᠢᠲᠠᠪᠤᠷᠢᠲᠠᠨ ᠤ ᠦᠰᠦᠨ ᠪᠤᠶᠢᠵᠢᠬᠤ ᠵᠢᠮ᠎ᠡ ᠶᠤᠰᠤᠨ ᠠᠴᠠ ᠵᠦᠷᠢᠴᠡᠭᠰᠡᠨ ᠵᠠᠷᠢᠮ ᠦᠵᠡᠭᠲᠡᠯ ᠭᠠᠷᠴᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号