ᠬᠠᠷᠢ ᠶᠢᠨ ᠬᠢᠨ ᠤ ᠪᠤᠬᠢᠷ ᠮᠠᠨᠠᠨ ᠢ ᠵᠠᠰᠠᠬᠰᠠᠨ ᠲᠤᠷᠰᠢᠯᠭ᠎ᠠ
ᠨᠡᠶᠢᠲᠡᠯᠡᠭᠰᠡᠨ ᠴᠠᠭ᠄
2015/12/24
      ᠠᠵᠤ ᠦᠢᠯᠡᠳᠪᠦᠷᠢᠵᠢᠯᠳᠠ ᠶᠢᠨ ᠲᠦᠷᠬᠡᠨ ᠬᠦᠭᠵᠢᠯᠳᠠ ᠶᠢᠨ ᠬᠤᠭᠤᠴᠠᠭᠠᠨ ᠳᠤ ᠪᠤᠬᠢᠷ ᠮᠠᠨᠠᠨ ᠡᠬᠢᠯᠡᠨ ᠢᠯᠡᠷᠡᠵᠠᠢ᠃ ᠠᠩᠭ᠍ᠯᠢ ᠬᠡᠯᠡᠨ ᠳᠤ ︽ᠪᠤᠬᠢᠷ ᠮᠠᠨᠠᠨ︾ ᠬᠡᠬᠦ ᠦᠬᠡ ᠨᠢ ᠬᠤᠷᠢᠳᠤᠭᠠᠷ ᠵᠠᠭᠤᠨ ᠤ ᠲᠠᠪᠢᠭᠠᠳ ᠤᠨ ᠤ ᠡᠬᠢᠨ ᠤ ᠦᠶ᠎ᠠ ᠪᠠᠷ ᠪᠤᠢ ᠪᠤᠯᠵᠤ᠂ ︽ᠤᠳᠤᠭ᠎ᠠ︾ ᠪᠤᠯᠤᠨ ︽ᠮᠠᠨᠠᠨ︾ ᠬᠡᠬᠦ ᠬᠤᠶᠠᠷ ᠦᠬᠡ ᠠᠴᠠ ᠨᠡᠶᠢᠯᠡᠵᠤ ᠪᠦᠳᠦᠭᠰᠡᠨ ᠶᠤᠮ᠃ 1952 ᠤᠨ ᠤ 12 ᠰᠠᠷ᠎ᠠ᠂ ᠠᠩᠭ᠍ᠯᠢ ᠤᠯᠤᠰ ᠲᠤ ︽ᠶᠡᠭᠡ ᠪᠤᠬᠢᠷ ᠮᠠᠨᠠᠨ︾᠎ ᠲᠠᠢ ᠠᠭᠤᠷ ᠠᠮᠢᠰᠬᠤᠯ ᠪᠦᠳᠤᠨ ᠲᠠᠪᠤᠨ ᠡᠳᠦᠷ ᠦᠷᠬᠦᠯᠵᠢᠯᠡᠪᠠ᠃ ᠭᠤᠤᠯ ᠰᠢᠯᠳᠠᠭᠠᠨ ᠨᠢ ᠠᠩᠭ᠍ᠯᠢ ᠤᠯᠤᠰ ᠠᠵᠤ ᠦᠢᠯᠡᠳᠪᠦᠷᠢ ᠶᠢᠨ ᠲᠦᠷᠬᠡᠨ ᠬᠦᠭᠵᠢᠯᠳᠠ ᠶᠢᠨ ᠴᠠᠭ ᠦᠶ᠎ᠠ ᠳᠤ ᠤᠷᠤᠬᠰᠠᠨ ᠤ ᠲᠠᠷᠠᠭ᠎ᠠ᠂ ᠯᠤᠨᠳᠤᠨ ᠵᠡᠷᠬᠡ ᠭᠠᠵᠠᠷ ᠤᠨ ᠠᠵᠤ ᠦᠢᠯᠡᠳᠪᠦᠷᠢ ᠨᠦᠭᠦᠳ ᠶᠡᠭᠡ ᠬᠡᠮᠵᠢᠶ᠎ᠠ ᠪᠠᠷ ᠨᠡᠬᠦᠷᠡᠰᠦ ᠰᠢᠳᠠᠭᠠᠭᠰᠠᠨ ᠠᠴᠠ ᠪᠤᠯᠵᠤ ᠭᠠᠳᠠᠬᠰᠢᠯᠠᠭᠤᠯᠤᠬᠰᠠᠨ ᠪᠤᠬᠢᠷᠳᠤᠯ ᠨᠢ ᠤᠨᠴᠠ ᠦᠳᠭᠡᠨ᠂ ᠦᠨᠡᠰᠦᠨ ᠰᠢᠷ᠎ᠠ ᠦᠩᠬᠡ ᠶᠢᠨ ᠤᠳᠤᠭ᠎ᠠ ᠮᠠᠨᠠᠨ ᠪᠤᠯᠵᠤ ᠪᠦᠷᠢᠯᠳᠦᠵᠡᠢ᠃ ᠤᠷᠳᠤ ᠬᠤᠭᠤᠴᠠᠭᠠᠨ ᠤ ᠲᠤᠷᠰᠢ᠂ ᠡᠸᠦ᠋ᠷᠤᠫᠠ ᠶᠢᠨ ᠤᠯᠤᠰ ᠤᠳ ︽ᠪᠤᠬᠢᠷ ᠮᠠᠨᠠᠨ︾᠎ ᠢ ᠵᠠᠰᠠᠬᠤ ᠲᠠᠯ᠎ᠠ ᠪᠠᠷ ᠤᠯᠠᠨ ᠵᠦᠢᠯ ᠤᠨ ᠠᠷᠭ᠎ᠠ ᠠᠪᠴᠠᠯ ᠠᠪᠴᠤ᠂ ᠪᠦᠳᠦᠮᠵᠢᠳᠡᠢ ᠠᠷᠭ᠎ᠠ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃       ᠭᠧᠷᠮᠠᠨ᠄ ᠬᠤᠳᠠ ᠶᠢᠨ ᠠᠭᠤᠷ ᠠᠮᠢᠰᠬᠤᠯ ᠢ ᠭᠤᠤᠯᠳᠠᠯᠭ᠎ᠠ ᠲᠠᠢ ᠵᠠᠰᠠᠬᠤ ᠶᠢᠨ ᠲᠦᠯᠦᠬᠡ ᠭᠧᠷᠮᠠᠨ ᠤᠯᠤᠰ ᠮᠠᠰᠢᠨ ᠲᠡᠷᠬᠡ ᠶᠢ ᠬᠢᠵᠠᠭᠠᠷᠯᠠᠬᠤ ᠪᠠᠷ ᠤᠷᠴᠢᠨ ᠲᠤᠭᠤᠷᠢᠨ ᠢ ᠬᠠᠮᠠᠭᠠᠠᠯᠠᠬᠤ ᠠᠷᠭ᠎ᠠ ᠬᠡᠮᠵᠢᠶ᠎ᠠ ᠶᠢ ᠠᠪᠤᠪᠠ᠃ ᠲᠡᠷᠤᠢ᠂ ᠮᠠᠰᠢᠨ ᠲᠡᠷᠬᠡᠨ ᠤ ᠪᠤᠬᠢᠷᠳᠤᠯ ᠢ ᠡᠬᠦᠰᠬᠡᠬᠦ ᠮᠦᠬᠦᠯᠢᠭᠳᠦ ᠪᠤᠳᠠᠰ ᠢ ᠭᠠᠳᠠᠬᠰᠢᠯᠠᠭᠤᠯᠬᠤ ᠪᠠᠶᠢᠳᠠᠯ ᠢ ᠦᠨᠳᠦᠰᠦᠯᠠᠨ ᠲᠤᠰ ᠮᠠᠰᠢᠨ ᠲᠡᠷᠬᠡᠨ ᠤ ᠶᠠᠪᠤᠵᠤ ᠪᠤᠯᠬᠤ ᠤᠷᠤᠨ ᠪᠦᠰᠡ ᠶᠢᠨ ᠬᠦᠷᠢᠶ᠎ᠠ ᠬᠡᠪᠴᠢᠶ᠎ᠠ ᠶᠢ ᠲᠤᠭᠳᠠᠭᠠᠵᠤ᠂ ᠲᠦᠷᠢᠮ ᠠᠴᠠ ᠵᠦᠷᠢᠴᠡᠭᠰᠡᠳ ᠢ 40 ᠡᠸᠦ᠋ᠷᠤᠫᠠ ᠵᠤᠭᠤᠰ ᠢᠶᠠᠷ ᠲᠤᠷᠭᠠᠬᠰᠠᠨ ᠪᠠᠶᠢᠨ᠎ᠠ᠃       ᠢᠲ᠋ᠠᠯᠢ᠄ ᠶᠡᠭᠡ ᠬᠡᠮᠵᠢᠶᠠᠨ ᠤ ᠪᠤᠬᠢᠷᠳᠤᠯ ᠪᠤᠳᠠᠰ ᠭᠠᠳᠠᠬᠰᠢᠯᠠᠭᠤᠯᠬᠤ ᠮᠠᠰᠢᠨ ᠲᠡᠷᠬᠡ ᠠᠴᠠ ᠦᠨᠳᠦᠷ ᠭᠠᠶᠢᠯᠢ ᠬᠤᠷᠢᠶᠠᠬᠤ ᠶᠢᠨ ᠬᠠᠮᠳᠤ ︽ᠪᠤᠬᠢᠷᠳᠤᠯ ᠦᠬᠡᠢ ᠭᠠᠷᠠᠭ ᠤᠨ ᠡᠳᠦᠷ︾᠎ ᠤᠨ ᠠᠵᠢᠯᠯᠠᠭ᠎ᠠ ᠦᠷᠨᠢᠬᠦᠯᠵᠤ᠂ ᠲᠤᠰ ᠡᠳᠦᠷ ᠵᠦᠪᠭᠡᠨ ᠴᠠᠬᠢᠯᠭᠠᠨ ᠬᠦᠳᠡᠯᠬᠡᠬᠦᠷᠳᠤ ᠮᠠᠰᠢᠨ ᠲᠡᠷᠬᠡ ᠵᠡᠷᠬᠡ ᠤᠷᠴᠢᠨ ᠲᠤᠭᠤᠷᠢᠨ ᠢ ᠬᠠᠮᠠᠭᠠᠯᠠᠬᠤ ᠳᠤ ᠠᠰᠢᠬᠳᠠᠢ ᠮᠠᠰᠢᠨ ᠲᠡᠷᠬᠡ ᠶᠠᠪᠤᠵᠤ ᠪᠤᠯᠬᠤ ᠶᠢ ᠲᠤᠭᠳᠠᠭᠠᠵᠠᠢ᠃       ᠠᠩᠭ᠍ᠯᠢ᠄ 1956 ᠤᠨ ᠳᠤ᠂ ᠠᠩᠭ᠍ᠯᠢ ᠤᠯᠤᠰ ︽ᠠᠭᠠᠷ ᠢ ᠴᠡᠪᠡᠷᠰᠢᠬᠦᠯᠬᠦ ᠬᠠᠦᠯᠢ ᠶᠢᠨ ᠲᠦᠰᠦᠯ︾᠎ ᠢ ᠨᠠᠶᠢᠳᠡᠯᠡᠵᠠᠢ᠃ ᠭᠤᠤᠯ ᠨᠢ ᠨᠡᠬᠦᠷᠡᠰᠦ ᠬᠡᠷᠡᠭᠯᠡᠬᠦ ᠬᠡᠮᠵᠢᠶ᠎ᠠ ᠶᠢ ᠪᠠᠭᠠᠰᠬᠠᠬᠤ ᠠᠴᠠ ᠭᠠᠷᠳᠠᠨ ᠵᠠᠰᠠᠭ ᠤᠨ ᠤᠷᠳᠤᠨ ᠠᠴᠠ ᠬᠤᠳᠠ ᠶᠢᠨ ᠰᠠᠭᠤᠭᠠᠯᠢ ᠠᠷᠠᠳ ᠤᠨ ᠤᠯᠠᠮᠵᠢᠯᠠᠯᠳᠤ ᠵᠤᠤᠬ᠎ᠠ ᠶᠢ ᠶᠡᠭᠡ ᠬᠡᠪᠴᠢᠶ᠎ᠠ ᠪᠠᠷ ᠵᠠᠰᠠᠨ ᠰᠠᠶᠢᠵᠢᠷᠠᠭᠤᠯᠵᠤ᠂ ᠡᠪᠦᠯ ᠤᠨ ᠤᠯᠠᠷᠢᠯ ᠳᠤ ᠨᠢᠬᠡᠳᠦᠯᠳᠡᠢ ᠲᠦᠪᠯᠡᠷᠡᠬᠦᠯᠦᠨ ᠲᠤᠯᠠᠭᠠᠯᠠᠮᠵᠢ ᠬᠠᠩᠭᠠᠬᠤ ᠠᠷᠭ᠎ᠠ ᠬᠡᠮᠵᠢᠶ᠎ᠠ ᠠᠪᠴᠤ᠂ ᠶᠡᠭᠡ ᠬᠡᠮᠵᠢᠶ᠎ᠠ ᠪᠠᠷ ᠨᠡᠬᠦᠷᠡᠰᠦ ᠰᠢᠳᠠᠭᠠᠨ ᠴᠠᠬᠢᠯᠭᠠᠨ ᠭᠠᠷᠭᠠᠬᠤ ᠲᠤᠮᠤ ᠦᠢᠯᠡᠳᠪᠦᠷᠢ ᠪᠠ ᠬᠦᠨᠳᠤ ᠠᠵᠤ ᠦᠢᠯᠡᠳᠪᠦᠷᠢ ᠶᠢ ᠬᠤᠳᠠ ᠶᠢᠨ ᠲᠡᠬᠦᠷᠬᠡ ᠪᠠ ᠬᠦᠳᠡᠭᠡ ᠲᠤᠰᠬᠤᠨ ᠲᠠᠰᠢ ᠰᠢᠯᠵᠢᠬᠦᠯᠵᠡᠢ᠃ ᠬᠤᠷᠢᠳᠤᠭᠠᠷ ᠵᠠᠭᠤᠨ ᠤ ᠨᠠᠶᠠᠭᠠᠳ ᠤᠨ ᠪᠤᠯᠬᠤ ᠳᠤ ᠠᠩᠭ᠍ᠯᠢ ᠤᠯᠤᠰ ᠤᠨ ᠪᠤᠬᠢᠷᠳᠤᠯ ᠢ ᠵᠠᠰᠠᠬᠤ ᠭᠤᠤᠯᠳᠠᠯᠭ᠎ᠠ ᠨᠢ ᠮᠠᠰᠢᠨ ᠲᠡᠷᠬᠡᠨ ᠤ ᠭᠠᠳᠠᠬᠰᠢᠯᠠᠭᠤᠯᠬᠤ ᠪᠤᠬᠢᠷᠳᠤᠯ ᠢ ᠵᠠᠰᠬᠠᠤ ᠲᠠᠰᠢ ᠰᠢᠯᠵᠢᠪᠡ᠃ ᠵᠠᠰᠠᠭ ᠤᠨ ᠤᠷᠳᠤᠨ ᠠᠴᠠ ᠰᠢᠨ᠎ᠠ ᠪᠠᠷ ᠦᠢᠯᠡᠳᠪᠦᠷᠢᠯᠡᠬᠦ ᠮᠠᠰᠢᠨ ᠲᠡᠷᠬᠡ ᠨᠢ ᠡᠷᠬᠡᠪᠰᠢ ᠲᠦᠷᠭᠡᠳᠭᠡᠬᠦᠷ ᠨᠡᠮᠡᠵᠤ ᠤᠬᠰᠠᠷᠠᠨ᠂ ᠡᠬᠦᠨ ᠤ ᠤᠯᠠᠮ ᠢᠶᠠᠷ ᠠᠽᠤᠲ ᠬᠦᠴᠢᠯᠳᠦᠷᠦᠭᠴᠢ ᠶᠢᠨ ᠨᠢᠬᠡᠳᠦᠮᠡᠯ ᠪᠤᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ ᠬᠡᠷᠡᠭᠳᠡᠢ ᠬᠡᠵᠤ ᠱᠠᠭᠠᠷᠳᠠᠵᠠᠢ᠃ ᠪᠠᠰᠠ ᠬᠤᠪᠢ ᠶᠢᠨ ᠮᠠᠰᠢᠨ ᠲᠡᠷᠬᠡ ᠠᠴᠠ ᠶᠡᠭᠡ ᠬᠡᠮᠵᠢᠶᠠᠨ ᠤ ᠬᠤᠳᠠ ᠤᠷᠤᠬᠤ ᠰᠦᠢᠳᠬᠡᠯ ᠪᠠ ᠲᠡᠷᠬᠡ ᠵᠤᠭᠰᠤᠭᠠᠬᠤ ᠰᠦᠢᠳᠬᠡᠯ ᠬᠤᠷᠢᠶᠠᠬᠤ ᠪᠠᠷ ᠲᠡᠮᠵᠢᠨ ᠬᠤᠪᠢ ᠶᠢᠨ ᠮᠠᠰᠢᠨ ᠲᠡᠷᠬᠡᠨ ᠤ ᠨᠡᠮᠡᠭᠳᠡᠯ ᠢ ᠬᠢᠵᠠᠭᠠᠷᠯᠠᠵᠠᠢ᠃ 2003 ᠤᠨ ᠠᠴᠠ ᠡᠬᠢᠯᠡᠨ ᠯᠤᠨᠳᠤᠨ ᠬᠤᠳᠠ ᠶᠢᠨ ᠵᠠᠰᠠᠭ ᠤᠨ ᠤᠷᠳᠤᠨ ᠠᠴᠠ ᠬᠤᠳᠠ ᠶᠢᠨ ᠲᠦᠪ ᠲᠤ ᠤᠷᠤᠬᠤ ᠮᠠᠰᠢᠨ ᠲᠡᠷᠬᠡᠨ ᠠᠴᠠ ︽ᠲᠦᠭᠵᠢᠷᠠᠯ ᠤᠨ ᠰᠦᠢᠳᠬᠡᠯ︾ ᠬᠤᠷᠢᠶᠠᠬᠤ ᠶᠢ ᠬᠡᠷᠡᠭᠵᠢᠬᠦᠯᠦᠭᠰᠡᠨ ᠢᠶᠠᠷ ᠪᠠᠷᠠᠬᠤ ᠦᠬᠡᠢ ᠡᠨᠡᠬᠦ ᠰᠦᠢᠳᠬᠡᠯ ᠢ ᠯᠤᠨᠳᠤᠨ ᠬᠤᠳᠠ ᠶᠢᠨ ᠨᠠᠶᠢᠳᠠ ᠶᠢᠨ ᠮᠠᠰᠢᠨ ᠲᠡᠷᠬᠡᠨ ᠤ ᠦᠢᠯᠡᠴᠢᠯᠡᠭᠡ ᠶᠢ ᠰᠠᠶᠢᠵᠢᠷᠠᠭᠤᠯᠬᠤ ᠳᠤ ᠬᠡᠷᠡᠭᠯᠡᠵᠡᠢ᠃ ᠦᠨᠦᠳᠦᠷ ᠤᠨ ᠯᠤᠨᠳᠤᠨ ᠬᠤᠳᠠ ᠳᠤ ᠶᠡᠭᠡ ᠮᠠᠨᠠᠨ ᠲᠠᠢ ᠠᠭᠤᠷ ᠠᠮᠢᠰᠬᠤᠯ ᠡᠬᠦᠰᠬᠦ ᠨᠢ 100 ᠭᠠᠷᠤᠢ ᠵᠢᠯ ᠤᠨ ᠡᠮᠦᠨᠡᠬᠢ ᠵᠢᠯ ᠪᠦᠷᠢ ᠶᠢᠨ 90 ᠡᠳᠦᠷ ᠪᠠᠶᠢᠬᠰᠠᠨ ᠠᠴᠠ ᠪᠠᠨ ᠪᠠᠭᠠᠰᠤᠭᠠᠳ 10 ᠡᠳᠦᠷ ᠲᠤ ᠴᠦ ᠬᠦᠷᠬᠦ ᠦᠬᠡᠢ ᠪᠤᠯᠪᠠ᠃ ᠠᠩᠭ᠍ᠯᠢ ᠤᠯᠤᠰ ᠤᠨ ᠪᠤᠬᠢᠷ ᠮᠠᠨᠠ ᠢ ᠵᠠᠰᠠᠬᠰᠠᠨ ᠲᠤᠷᠰᠢᠯᠭ᠎ᠠ ᠨᠢ ᠵᠤᠬᠢᠬᠤ ᠬᠡᠮᠵᠢᠶᠠᠨ ᠲᠡᠬᠡᠷ᠎ᠡ ᠡᠸᠦ᠋ᠷᠤᠫᠠ ᠶᠢᠨ ᠤᠯᠤᠰ ᠤᠳ ᠤᠨ ᠪᠤᠬᠢᠷ ᠮᠠᠨᠠᠨ ᠢ ᠵᠠᠰᠠᠬᠰᠠᠨ ᠲᠤᠷᠰᠢᠯᠭ᠎ᠠ ᠶᠢ ᠲᠦᠯᠦᠬᠡᠯᠡᠵᠤ ᠪᠤᠢ᠃ ᠵᠢᠱᠢᠶᠡᠯᠡᠪᠡᠯ᠂ ᠲᠤᠭᠤᠢ ᠲᠡᠷᠬᠡ ᠪᠠᠷ ᠮᠠᠰᠢᠨ ᠲᠡᠷᠬᠡ ᠶᠢ ᠤᠷᠤᠯᠠᠭᠤᠯᠬᠤ ᠵᠡᠷᠬᠡ ᠨᠢ ᠬᠤᠯᠠᠨᠳ᠋᠂ ᠳ᠋ᠡᠨ᠋ᠮᠡᠷᠺᠠ ᠵᠡᠷᠬᠡ ᠤᠯᠤᠰ ᠤᠳ ᠲᠤ ᠨᠠᠯᠢᠶᠠᠳ ᠰᠠᠶᠢᠨ ᠨᠠᠶᠢᠳᠠᠪᠦᠷᠢᠵᠢᠭᠤᠯᠤᠬᠳᠠᠬᠰᠠᠨ ᠪᠠᠶᠢᠨ᠎ᠠ᠃       ᠡᠸᠦ᠋ᠷᠦᠫᠠ ᠶᠢᠨ ᠬᠤᠯᠪᠤᠭᠠᠨ ᠤ ᠵᠦᠪᠯᠡᠯ 2008 ᠤᠨ ᠤ 4 ᠰᠠᠷ᠎ᠠ ᠳᠤ ︽ᠤᠷᠴᠢᠨ ᠲᠤᠭᠤᠷᠢᠨ ᠠᠭᠠᠷ ᠮᠠᠨᠳᠠᠯ ᠤᠨ ᠶᠠᠰᠤ ᠴᠢᠨᠠᠷ ᠤᠨ ᠵᠠᠷᠯᠢᠭ︾᠎ ᠢ ᠨᠠᠶᠢᠳᠡᠯᠡᠭᠰᠡᠨ ᠪᠤᠯᠪᠠᠴᠤ ︽ᠪᠠᠷᠢᠮᠵᠢᠶ᠎ᠠ ᠨᠢ ᠬᠡᠳᠦᠷᠬᠡᠢ ᠲᠤᠤᠷ᠎ᠠ᠂ ᠰᠠᠶᠢᠳᠤᠷ ᠬᠡᠷᠡᠭᠵᠢᠬᠦᠯᠦᠭᠰᠡᠨ ᠦᠬᠡᠢ︾ ᠬᠡᠵᠤ ᠰᠢᠬᠦᠮᠵᠢᠯᠡᠭᠳᠡᠵᠡᠢ᠃ PM2.5᠎ ᠪᠠᠷ ᠵᠢᠱᠢᠶᠡᠯᠡᠪᠡᠯ᠂ ᠲᠤᠰ ᠵᠠᠷᠯᠢᠭ ᠲᠤ 2020 ᠤᠨ ᠪᠤᠯᠳᠠᠯ᠎ᠡ ᠬᠢ ᠬᠠᠷᠠᠯᠳᠠ ᠶᠢ ᠲᠤᠬᠳᠠᠭᠠᠵᠤ᠂ ᠡᠸᠦ᠋ᠷᠦᠫᠠ ᠶᠢᠨ ᠬᠤᠯᠪᠤᠭᠠᠨ ᠤ ᠡᠯ᠎ᠠ ᠬᠡᠰᠢᠬᠦᠨ ᠤᠯᠤᠰ ᠡᠷᠬᠡᠪᠰᠢ 2010 ᠤᠨ ᠤ ᠰᠠᠭᠤᠷᠢᠨ ᠲᠡᠭᠡᠷ᠎ᠡ ᠲᠡᠭᠰᠢᠳᠭᠡᠭᠡᠳ 20%᠎ ᠢᠶᠠᠷ ᠪᠠᠭᠤᠷᠠᠭᠤᠯᠬᠤ ᠬᠡᠷᠡᠭᠳᠡᠢ ᠬᠡᠵᠡᠢ᠃ 2010 ᠤᠨ ᠠᠴᠠ ᠡᠬᠢᠯᠡᠨ ᠵᠢᠯ ᠤᠨ ᠠᠭᠠᠷ ᠮᠠᠨᠳᠠᠯ ᠤᠨ ᠲᠤᠮᠳᠠᠴᠢ ᠦᠳᠬᠡᠴᠡ ᠶᠢᠨ ᠬᠡᠮᠵᠢᠶ᠎ᠠ ᠶᠢ ᠪᠤᠰᠤᠭ᠎ᠠ ᠲᠦᠷᠪᠡᠯᠵᠢᠨ ᠮᠧᠲᠷ ᠪᠦᠷᠢ ᠳᠤ 25 ᠪᠢᠴᠢᠯ ᠭᠷᠡᠮ ᠤᠨ ᠲᠤᠳᠤᠷ᠎ᠠ ᠬᠢᠵᠠᠭᠠᠷᠯᠠᠬᠤ ᠬᠡᠷᠡᠭᠳᠡᠢ ᠬᠡᠵᠤ ᠲᠤᠬᠳᠠᠭᠠᠬᠰᠠᠨ ᠪᠤᠯᠪᠠᠴᠦ 2015 ᠤᠨ ᠠᠴᠠ ᠰᠠᠶᠢ ᠡᠸᠦ᠋ᠷᠦᠫᠠ ᠶᠢᠨ ᠬᠤᠯᠪᠤᠭᠠᠨ ᠤ ᠬᠡᠰᠢᠬᠦᠨ ᠤᠯᠤᠰ ᠲᠤ ᠠᠯᠪᠠᠳᠠᠯᠭ᠎ᠠ ᠪᠠᠷ ᠬᠡᠷᠡᠭᠵᠢᠬᠦᠯᠵᠤ ᠡᠬᠢᠯᠡᠭᠰᠡᠨ ᠪᠠᠶᠢᠨ᠎ᠠ᠃ ᠶᠡᠷᠦᠩᠬᠡᠢ ᠳᠤᠨᠢ ᠠᠪᠴᠤ ᠬᠡᠯᠡᠪᠡᠯ᠂ ᠤᠯᠠᠨ ᠵᠢᠯ ᠤᠨ ᠴᠢᠷᠮᠠᠶᠢᠯᠭ᠎ᠠ ᠪᠠᠷ ᠲᠡᠮᠵᠢᠨ ᠡᠸᠦ᠋ᠷᠤᠫᠠ ᠶᠢᠨ ᠬᠤᠯᠪᠤᠭᠠᠨ ᠤ ᠡᠯ᠎ᠠ ᠬᠡᠰᠢᠬᠦᠨ ᠤᠯᠤᠰ ᠤᠨ ᠤᠳᠤᠬᠠᠨ ᠤ ᠠᠭᠠᠷ ᠮᠠᠨᠳᠠᠯ ᠳᠠᠬᠢ ᠮᠦᠬᠦᠯᠢᠭᠳᠦ ᠪᠤᠳᠠᠰ ᠨᠢ 2000 ᠤᠨ ᠲᠠᠢ ᠬᠠᠷᠢᠴᠠᠭᠤᠯᠪᠠᠯ 15%᠎ ᠢᠶᠠᠷ ᠪᠠᠭᠠᠰᠴᠠᠢ᠃       ᠠᠮᠧᠷᠢᠺᠠ᠄ ᠠᠮᠧᠷᠢᠺᠠ ᠤᠷᠤᠨ ᠪᠦᠰᠡ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠷᠭ᠎ᠠ ᠶᠢ ᠠᠪᠴᠤ ᠂ ᠡᠯ᠎ᠠ ᠵᠸᠦ ᠶᠢᠨ ᠬᠤᠭᠤᠷᠤᠨᠳᠤᠬᠢ ᠵᠠᠭᠠᠭ ᠬᠢᠵᠠᠭᠠᠷ ᠢ ᠲᠠᠪᠠᠨ ᠨᠢᠬᠡᠳᠦᠯᠳᠡᠢ ᠲᠦᠯᠦᠪᠵᠢᠬᠦᠯᠦᠨ ᠬᠠᠮᠢᠶᠠᠷᠬᠤ ᠶᠢ ᠬᠡᠷᠡᠭᠵᠢᠬᠦᠯᠵᠡᠢ᠃ 1990 ᠤᠨ ᠳᠤ ︽ᠠᠭᠠᠷ ᠢ ᠴᠡᠪᠡᠷᠰᠢᠬᠦᠯᠬᠦ ᠬᠠᠦᠯᠢ ᠶᠢᠨ ᠲᠦᠰᠦᠯ︾᠎ ᠳᠤ ᠵᠠᠰᠠᠪᠦᠷᠢ ᠤᠷᠤᠭᠤᠯᠤᠨ ᠪᠠᠳᠤᠯᠠᠵᠤ᠂ ᠠᠮᠧᠷᠢᠺᠠ ᠶᠢᠨ ᠤᠷᠴᠢᠨ ᠲᠤᠭᠤᠷᠢᠨ ᠢ ᠬᠠᠮᠠᠭᠠᠯᠠᠬᠤ ᠵᠠᠬᠢᠷᠭ᠎ᠠ ᠠᠴᠠ 1997 ᠤᠨ ᠳᠤ ᠲᠤᠰᠬᠠᠢᠢᠯᠠᠨ ᠠᠭᠠᠷ ᠮᠠᠨᠳᠠᠯ ᠳᠠᠬᠢ PM2.5᠎ ᠤᠨ ᠠᠭᠤᠯᠤᠬᠳᠠᠴᠠ ᠶᠢᠨ ᠪᠠᠷᠢᠮᠵᠢᠶ᠎ᠠ ᠶᠢ ᠲᠤᠬᠳᠠᠭᠠᠵᠤ᠂ ᠤᠮᠳᠤᠭᠠᠢᠢᠯᠠᠬᠳᠠᠬᠰᠠᠭᠠᠷ ᠢᠷᠡᠭᠰᠡᠨ PM2.5 ᠬᠡᠮᠡᠬᠦ ᠪᠢᠴᠢᠯ ᠮᠦᠬᠦᠯᠢᠭᠳᠦ ᠪᠤᠳᠠᠰ ᠢ ᠬᠦᠮᠦᠰ ᠲᠤ ᠨᠠᠩ ᠨᠠᠷᠢᠨ ᠤᠨᠤᠪᠴᠢᠳᠡᠢ ᠤᠢᠢᠯᠠᠭᠠᠭᠤᠯᠵᠤ᠂ ᠠᠷᠭᠠᠴᠠᠬᠤ ᠳᠤ ᠲᠦᠬᠦᠮ ᠪᠤᠯᠭᠠᠵᠠᠢ᠃ ᠠᠮᠧᠷᠢᠺᠠ ᠶᠢᠨ ᠠᠭᠠᠷ ᠮᠠᠨᠳᠠᠯ ᠤᠨ ᠪᠤᠬᠢᠷᠳᠤᠯ ᠢ ᠵᠠᠰᠠᠬᠤ ᠲᠤᠮᠳᠠ ᠤᠨᠴᠠᠭᠠᠢᠢᠯᠠᠨ ᠲᠤᠷᠠᠳᠤᠭᠤᠰᠢᠳᠠᠢ ᠨᠢ ᠪᠤᠬᠢᠷᠳᠤᠯ ᠢ ᠭᠠᠳᠠᠬᠰᠢᠯᠠᠭᠤᠯᠬᠤ ᠡᠷᠬᠡ ᠶᠢᠨ ᠠᠷᠠᠯᠵᠢᠶ᠎ᠠ ᠪᠤᠯᠤᠨ᠎ᠠ᠃ ᠲᠠᠷᠤᠢ᠂ ᠪᠤᠬᠢᠷᠳᠤᠯ ᠪᠤᠳᠠᠰ ᠢ ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠠ ᠶᠢ ᠬᠢᠵᠠᠭᠠᠷᠯᠠᠬᠤ ᠬᠦᠢᠴᠡᠳᠬᠡᠬᠦ ᠲᠤᠭ᠎ᠠ ᠶᠢ ᠲᠤᠬᠳᠠᠭᠠᠬᠰᠠᠨ ᠨᠦᠬᠦᠴᠡᠯ ᠲᠤᠤᠷ᠎ᠠ ᠵᠠᠬ᠎ᠠ ᠲᠡᠯᠬᠡᠬᠦᠷ ᠤᠨ ᠪᠠᠶᠢᠭᠤᠯᠤᠮᠵᠢ ᠶᠢ ᠠᠰᠢᠬᠯᠠᠵᠤ᠂ ᠬᠠᠦᠯᠢ ᠳᠤ ᠨᠡᠶᠢᠴᠡᠭᠰᠡᠨ ᠪᠤᠬᠢᠷᠳᠤᠯ ᠢ ᠭᠠᠳᠠᠬᠰᠢᠯᠠᠭᠤᠯᠬᠤ ᠡᠷᠬᠡ ᠠᠰᠢᠭ ᠪᠤᠯᠬᠤ ᠪᠤᠬᠢᠷᠳᠤᠯ ᠭᠠᠳᠠᠬᠰᠢᠯᠠᠭᠤᠯᠬᠤ ᠡᠷᠬᠡ ᠶᠢ ᠲᠤᠭᠳᠠᠭᠠᠬᠤ ᠶᠢᠨ ᠬᠠᠮᠳᠤ ᠪᠡᠰᠠ ᠡᠨᠡᠬᠦ ᠡᠷᠬᠡ ᠶᠢ ᠡᠩ ᠤᠨ ᠲᠠᠸᠠᠷ ᠰᠢᠭ᠋ ᠠᠷᠠᠯᠵᠢᠶᠠᠯᠠᠵᠤ ᠪᠤᠯᠬᠤ ᠶᠢ ᠵᠦᠪᠰᠢᠶᠡᠷᠡᠵᠤ᠂ ᠡᠬᠦᠨ ᠢᠶᠠᠷ ᠲᠠᠮᠵᠢᠨ ᠪᠤᠬᠢᠷᠳᠤᠯ ᠢ ᠭᠠᠳᠠᠬᠰᠢᠯᠠᠭᠤᠯᠬᠤ ᠬᠡᠮᠵᠢᠶ᠎ᠠ ᠶᠢ ᠪᠠᠭᠠᠰᠬᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠵᠤᠷᠢᠯᠭ᠎ᠠ ᠳᠤ ᠬᠦᠷᠬᠦ ᠪᠠᠷ ᠴᠢᠷᠮᠠᠶᠢᠵᠤ ᠪᠤᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号