ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠲᠠᠯᠠᠶᠢᠨᠠᠭᠤᠷ ᠵᠢᠭᠠᠰᠤᠨ ᠲᠠᠯᠠᠪᠠᠢ ᠶᠢᠨ ︽ᠳᠠᠯᠠᠢ ᠨᠠᠭᠤᠷ︾ | ᠲᠠᠸᠠᠷ ᠤᠨ ᠲᠡᠮᠳᠡᠭ ᠨᠢ ᠤᠯᠤᠰ ᠤᠨ ᠦᠢᠯᠡᠳᠪᠤᠷᠢ ᠬᠤᠳᠠᠯᠳᠤᠭᠠᠨ ᠤ ᠶᠡᠷᠦᠩᠭᠡᠢ ᠲᠤᠪᠴᠢᠶ᠎ᠠ ᠶᠢᠨ ᠮᠠᠭᠠᠳᠯᠠᠨ | ᠲᠤᠭᠳᠠᠭᠠᠬᠤ ᠪᠠᠷᠢᠮᠵᠢᠶᠠᠨ ᠳᠤ ᠬᠢᠷᠢ ᠲᠠᠩᠴᠡᠵᠤ᠂ ︽ᠲᠤᠮᠳᠠᠳᠤ ᠤᠯᠤᠰ ᠤᠨ ᠨᠡᠷᠡᠳᠤ ᠲᠠᠸᠠᠷ ᠤᠨ ᠲᠡᠮᠳᠡᠭ︾ ᠤᠨ | ᠠᠯᠳᠠᠷ ᠢᠶᠠᠷ ᠮᠢᠯᠢᠶᠡᠯᠭᠠᠨ᠂ 11 ᠰᠠᠷ᠎ᠠ ᠶᠢᠨ 28 ᠤ ᠡᠳᠦᠷ ᠬᠦᠭᠡᠬᠤᠳᠠ ᠳᠤ ᠢᠯᠡᠷᠭᠡᠶᠢᠯᠡᠯ ᠤᠯᠭᠤᠬᠤ ᠶᠤᠰᠤᠯᠠᠯ | ᠶᠠᠪᠤᠭᠳᠠᠭᠤᠯᠤᠭᠰᠠᠨ ᠪᠠᠶᠢᠨ᠎ᠠ᠃ ᠲᠤᠰ ᠲᠡᠮᠳᠡᠭ ᠨᠢ ᠮᠠᠨ ᠤ ᠬᠤᠰᠢᠭᠤᠨ ᠤ ᠠᠩᠬ᠎ᠠ ᠤᠳᠠᠭ᠎ᠠ ᠲᠤᠮᠳᠠᠳᠤ ᠤᠯᠤᠰ | ᠤᠨ ᠨᠡᠷᠡᠳᠤ ᠲᠠᠸᠠᠷ ᠤᠨ ᠲᠡᠮᠳᠡᠭ ᠢᠶᠠᠷ ᠦᠨᠡᠯᠡᠭᠳᠡᠭᠰᠡᠨ ᠪᠡᠶ᠎ᠠ ᠪᠠᠨ ᠲᠠᠭᠠᠭᠠᠭᠰᠠᠨ ᠲᠠᠸᠠᠷ ᠤᠨ ᠲᠡᠮᠳᠡᠭ ᠪᠤᠯᠤᠨ᠎ᠠ᠃ | ᠤᠶᠢᠷ᠎ᠠ ᠶᠢᠨ ᠵᠢᠯ ᠠᠴᠠ ᠨᠠᠰᠢ᠂ ᠲᠠᠯᠠᠶᠢᠨᠠᠭᠤᠷ ᠵᠢᠭᠠᠰᠤᠨ ᠲᠠᠯᠠᠪᠠᠢ ᠨᠢ ᠳᠠᠯᠠᠢ ᠨᠠᠭᠤᠷ ᠤᠨ ᠤᠰᠤᠨ | ᠭᠠᠷᠤᠯᠳᠠ ᠶᠢᠨ ᠶᠠᠰᠤ ᠴᠢᠨᠠᠷ ᠲᠤ ᠴᠢᠩᠭ᠎ᠠ ᠬᠢᠨᠠᠯᠳᠠ ᠲᠠᠯᠪᠢᠵᠤ᠂ ᠬᠢᠷᠢ ᠲᠡᠩᠴᠡᠬᠦ ᠦᠭᠡᠢ ᠪᠦᠳᠦᠭᠡᠭᠳᠡᠬᠦᠨ ᠢ | ᠲᠠᠯᠠᠪᠠᠢ ᠠᠴᠠ ᠭᠠᠷᠭᠠᠬᠤ ᠦᠭᠡᠢ ᠪᠠᠶᠢᠬᠤ᠂ ᠪᠠᠷᠢᠮᠵᠢᠶᠠᠨ ᠳᠤ ᠦᠯᠤ ᠬᠦᠷᠦᠭᠰᠡᠨ ᠪᠦᠳᠦᠭᠡᠭᠳᠡᠬᠦᠨ ᠢ ᠵᠠᠬ᠎ᠠ ᠳᠤ | ᠭᠠᠷᠭᠠᠬᠤ ᠦᠭᠡᠢ ᠪᠠᠶᠢᠬᠤ ᠶᠢ ᠪᠡᠶᠡᠯᠡᠬᠦᠯᠦᠨ᠂ ᠨᠡᠷᠡᠳᠤ ᠲᠡᠮᠳᠡᠭ ᠤᠨ ᠢᠳᠡᠭᠡᠯ ᠬᠦᠨᠳᠤ ᠶᠢ ᠪᠠᠳᠤᠯᠠᠵᠤ᠂ | ᠦᠢᠯᠡᠳᠪᠤᠷᠢᠯᠡᠯ ᠡᠵᠡᠩᠨᠡᠯᠳᠠ ᠶᠢᠨ ᠲᠠᠯ᠎ᠠ ᠪᠠᠷ ᠲᠠᠪᠰᠢᠭᠰᠠᠨ ᠰᠢᠨᠵᠢᠯᠡᠭᠡ ᠮᠡᠷᠭᠡᠵᠢᠯ ᠢ ᠬᠡᠷᠡᠭᠯᠡᠬᠦ᠂ ᠵᠢᠭᠠᠰᠤᠨ ᠦᠷ᠎ᠠ | ᠲᠠᠯᠪᠢᠵᠤ ᠦᠰᠭᠡᠬᠦ ᠵᠡᠷᠭᠡ ᠠᠷᠭ᠎ᠠ ᠠᠪᠴᠠᠯ ᠢ ᠬᠡᠷᠡᠭᠯᠡᠨ ᠤᠰᠤᠨ ᠭᠠᠷᠤᠯᠳᠠ ᠶᠢᠨ ᠵᠠᠬ᠎ᠠ ᠲᠡᠯᠭᠡᠬᠦᠷ ᠤᠨ ᠬᠠᠩᠭᠠᠯᠭ᠎ᠠ | ᠶᠢ ᠪᠦᠳᠦᠮᠵᠢᠳᠠᠢ ᠪᠠᠳᠤᠯᠠᠨ᠂ ᠦᠷᠭᠡᠨ ᠤᠯᠠᠨ ᠬᠡᠷᠡᠭᠯᠡᠭᠴᠢᠳ ᠤᠨ ᠲᠠᠭᠠᠰᠢᠶᠠᠯ ᠢ ᠬᠦᠷᠳᠡᠭᠰᠡᠨ ᠪᠠᠶᠢᠨ᠎ᠠ᠃ |