| ᠲᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ ᠬᠡᠮᠡᠭᠳᠡᠭᠰᠡᠨ᠂ ᠵᠢᠭᠤᠯᠴᠢᠯᠡᠯ ᠤᠨ ᠦᠢᠯᠡᠰ᠂ | ᠠᠵᠦ ᠦᠢᠯᠡᠳᠪᠦᠷᠢ ᠶᠢᠨ ᠠᠵᠦ ᠠᠬᠤᠢ ᠶᠢᠨ ᠤᠷᠤᠯᠭ᠎ᠠ ᠪᠦᠬᠦ ᠬᠤᠳᠠ ᠶᠢᠨ ᠲᠡᠷᠢᠬᠦᠨ ᠳᠤ ᠵᠢᠬᠰᠠᠭᠠᠬᠳᠠᠵᠦ ᠪᠠᠶᠢᠭ᠎ᠠ | ᠬᠡᠰᠢᠭᠳᠡᠨ ᠬᠤᠰᠢᠭᠤ᠂ ᠤᠳᠤᠬᠠᠨ ᠤ ᠠᠵᠦ ᠠᠬᠤᠢ ᠶᠢᠨ ᠪᠠᠭᠤᠷᠠᠯ ᠤᠨ ᠲᠠᠷᠤᠯᠳᠠ ᠲᠤᠤᠷ᠎ᠡ᠂ 2015 ᠤᠨ ᠳᠤ | ᠬᠡᠷᠬᠢᠨ ᠰᠢᠨ᠎ᠡ ᠬᠡᠪ ᠪᠠᠶᠢᠳᠠᠯ ᠳᠤ ᠵᠤᠬᠢᠴᠠᠵᠦ᠂ ᠠᠮᠢ ᠠᠬᠤᠢ ᠶᠢᠨ ᠴᠢᠨᠡᠬᠡᠯᠢᠭ ᠬᠤᠰᠢᠭᠤ ᠶᠢ ᠪᠠᠶᠢᠭᠤᠯᠵᠦ᠂ ᠠᠵᠦ | ᠠᠬᠤᠢ ᠨᠡᠶᠢᠬᠡᠮ ᠤᠨ ᠬᠦᠭᠵᠢᠯᠳᠡ ᠶᠢ ᠬᠠᠷᠠᠯᠳᠠ ᠶᠢ ᠪᠠᠶᠠᠯᠠᠬᠦᠯᠬᠦ ᠪᠤᠢ︖ | ᠰᠤᠷᠪᠤᠯᠵᠢᠯᠠᠬᠴᠢ 1 ᠰᠠᠷ᠎ᠡ ᠶᠢᠨ 26 ᠤ ᠡᠳᠦᠷ ᠬᠤᠷᠠᠯᠳᠤᠭᠤᠯᠤᠬᠰᠡᠨ ᠬᠡᠰᠢᠭᠳᠡᠨ | ᠬᠤᠰᠢᠭᠤᠨ ᠤ ᠠᠷᠪᠠᠳᠤᠭᠠᠷ ᠤᠳᠠᠭᠠᠨ ᠤ ᠪᠦᠬᠦ ᠬᠡᠰᠢᠬᠦᠳ ᠤᠨ ᠦᠷᠬᠡᠳᠬᠡᠭᠰᠡᠨ ᠬᠤᠷᠠᠯᠳᠤᠭᠠᠨ ᠠᠴᠠ ᠬᠠᠷᠢᠭᠤᠯᠳᠠ | ᠤᠯᠵᠡᠢ᠃ | 2015 ᠤᠨ ᠳᠤ᠂ ᠬᠡᠰᠢᠭᠳᠡᠨ ᠬᠤᠰᠢᠭᠤ ᠬᠤᠳᠠ ᠶᠢᠨ ᠨᠠᠮ ᠤᠨ ᠬᠤᠷᠢᠶᠡᠨ ᠤ | ᠵᠢᠷᠭᠤᠳᠤᠭᠠᠷ ᠬᠤᠭᠤᠴᠠᠭᠠᠨ ᠤ ᠵᠢᠷᠭᠤᠳᠤᠭᠠᠷ ᠤᠳᠠᠭᠠᠨ ᠤ ᠪᠦᠬᠦ ᠬᠡᠰᠢᠬᠦᠳ ᠤᠨ ᠬᠤᠷᠡᠯ ᠤᠨ ᠵᠤᠷᠢᠭ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠨ᠂ | ︽ᠠᠷᠠᠳ ᠤᠨ ᠠᠮᠢᠳᠤᠷᠡᠯ ᠢᠶᠠᠷ ᠦᠨᠳᠤᠰᠤ ᠪᠤᠯᠭᠠᠨ᠂ ᠠᠮᠢ ᠠᠬᠤᠢ ᠪᠠᠷ ᠰᠠᠭᠤᠷᠢ ᠪᠤᠯᠭᠠᠬᠤ︾ ᠶᠡᠷᠦᠩᠬᠡᠢ | ᠬᠠᠷᠠᠯᠳᠠ ᠶᠢ ᠦᠷᠬᠦᠯᠵᠢᠯᠡᠨ ᠪᠠᠷᠢᠮᠳᠠᠯᠠᠵᠦ᠂ ᠨᠠᠮ ᠤᠨ ᠲᠦᠪ ᠬᠤᠷᠢᠶᠡᠨ ᠤ ᠨᠠᠮ ᠢᠶᠠᠨ ᠴᠢᠩᠭ᠎ᠠ ᠵᠠᠰᠠᠬᠤ ᠰᠢᠨ᠎ᠡ | ᠱᠠᠭᠠᠷᠳᠠᠯᠭ᠎ᠠ ᠶᠢ ᠴᠢᠩᠭ᠎ᠠ ᠠᠳᠬᠤᠵᠦ᠂ ᠠᠵᠠ ᠲᠤᠬᠢᠶᠠᠯ ᠢ ᠡᠵᠠᠮᠳᠡᠵᠦ᠂ ᠤᠯᠤᠰ ᠤᠨ ᠠᠮᠢ ᠠᠬᠤᠢ ᠶᠢᠨ ᠴᠢᠨᠡᠬᠡᠯᠢᠭ | ᠬᠤᠰᠢᠭᠤ ᠶᠢ ᠴᠢᠷᠮᠠᠶᠢᠨ ᠪᠠᠶᠢᠭᠤᠯᠵᠦ᠂ ᠪᠦᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 8% ᠪᠠᠷ | ᠨᠡᠮᠡᠭᠳᠡᠬᠦᠯᠵᠦ᠂ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 13% ᠪᠠᠷ ᠨᠡᠮᠡᠭᠳᠡᠬᠦᠯᠵᠦ᠂ ᠨᠡᠶᠢᠬᠡᠮ ᠤᠨ | ᠬᠡᠷᠡᠭᠯᠡᠬᠡᠨ ᠤ ᠪᠤᠳᠠᠰ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 11% ᠪᠠᠷ ᠨᠡᠮᠡᠭᠳᠡᠬᠦᠯᠵᠦ᠂ ᠬᠤᠳᠠ | ᠪᠠᠯᠭᠠᠰᠦ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠤᠷᠤᠯᠭ᠎ᠠ ᠪᠠ ᠬᠦᠳᠡᠭᠡ | ᠲᠤᠰᠬᠤᠨ ᠤ ᠬᠦᠮᠦᠨ ᠠᠮᠠ ᠶᠢᠨ ᠲᠤᠮᠳᠠᠴᠢ ᠴᠡᠪᠡᠷ ᠤᠷᠤᠯᠭ᠎ᠠ ᠶᠢ ᠲᠤᠰ ᠪᠦᠷᠢ 10% ᠪᠡ 11% ᠨᠡᠮᠡᠭᠳᠡᠬᠦᠯᠬᠦ | ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠬᠠᠷᠠᠯᠳᠠ ᠶᠢ ᠪᠠᠶᠠᠯᠠᠬᠦᠯᠬᠦ ᠪᠠᠷ ᠪᠤᠢ᠃ | ᠲᠤᠬᠳᠠᠭᠤᠨ ᠨᠡᠮᠡᠭᠳᠡᠯ ᠤᠨ ᠰᠠᠭᠤᠷᠢᠨ ᠲᠡᠬᠡᠷ᠎ᠡ᠂ ︽ᠲᠠᠪᠤᠨ ᠶᠡᠭᠡ ᠰᠠᠭᠤᠷᠢᠨ ᠭᠠᠵᠠᠷ︾ ᠤᠨ | ᠲᠤᠭᠤᠷᠢᠨ ᠳᠤ | ︽ᠬᠤᠶᠠᠷ ᠲᠤᠭᠤᠷᠢᠭ ᠨᠢᠬᠡ ᠪᠦᠰᠡ︾ ︵ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠪᠤᠬᠢᠷᠳᠤᠯ ᠦᠬᠡᠢ | ᠠᠭᠤᠷᠬᠠᠢ ᠶᠢᠨ ᠤᠷᠤᠨ᠂ ᠰᠢᠷᠠᠮᠦ᠋ᠷᠡᠨ ᠤ ᠶᠡᠷᠦᠩᠬᠡᠶᠢᠯᠡᠭᠰᠡᠨ ᠠᠵᠦ ᠠᠬᠤᠢ ᠶᠢᠨ ᠪᠦᠰᠡ︶ ᠶᠢ ᠪᠦᠳᠦᠬᠡᠨ | ᠪᠠᠶᠢᠭᠤᠯᠵᠦ᠂ ᠤᠯᠠᠨ ᠬᠠᠷᠠᠭᠠᠰᠤ ᠠᠴᠠ ᠪᠠᠶᠢᠭᠤᠯᠬᠤ ᠪᠠᠷ ᠪᠤᠢ᠃ ᠨᠢᠬᠡ ᠳᠤ᠂ ᠪᠡᠯᠡ ᠤᠷᠤᠭᠤᠯᠤᠯᠳᠠ ᠶᠢ ᠠᠳᠬᠤᠵᠦ | ᠂ ᠠᠵᠦ ᠠᠬᠤᠢ ᠶᠢᠨ ᠨᠡᠮᠡᠭᠳᠡᠯ ᠤᠨ ᠰᠠᠭᠤᠷᠢ ᠶᠢ ᠪᠠᠳᠤᠵᠢᠭᠤᠯᠵᠦ ᠪᠤᠢ᠃ ︽ᠬᠤᠶᠠᠷ ᠲᠦᠷᠬᠡᠨ ᠵᠡᠮ᠂ ᠨᠢᠬᠡ ᠲᠡᠮᠦᠷ | ᠵᠡᠮ᠂ ᠨᠢᠬᠡ ᠮᠤᠵᠢ ᠶᠢᠨ ᠲᠡᠰ ᠤᠨ ᠵᠠᠮ︾ ᠵᠡᠷᠬᠡ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠲᠠᠢ | ᠤᠶᠠᠯᠳᠤᠭᠤᠯᠤᠨ᠂ ᠲᠡᠷᠢᠶᠠᠯᠠᠩ ᠤᠨ ᠶᠡᠷᠦᠩᠬᠡᠶᠢᠯᠡᠭᠰᠡᠨ ᠨᠡᠬᠡᠬᠡᠯᠳᠡ᠂ ᠲᠦᠬᠦᠬᠡᠷᠤᠮᠵᠢᠳᠤ ᠲᠡᠷᠢᠶᠡᠯᠡᠩ᠂ ᠨᠤᠳᠤᠭ | ᠲᠡᠪᠢᠰᠬᠡᠷ ᠤᠨ ᠲᠤᠬᠢᠷᠠᠭᠤᠯᠤᠯᠳᠠ ᠵᠡᠷᠬᠡ ᠢᠨᠵᠧᠨᠧᠷᠢᠩ ᠢ ᠬᠦᠴᠦᠳᠠᠢ ᠬᠡᠷᠡᠭᠵᠢᠬᠦᠯᠬᠦ ᠪᠠᠷ ᠪᠤᠢ᠃ ᠨᠡᠬᠦᠷᠡᠰᠤᠨ ᠬᠡᠢ | ᠵᠢᠴᠢ ᠠᠭᠤᠷᠬᠠᠢ ᠶᠢᠨ ᠠᠵᠦ ᠦᠢᠯᠡᠰ ᠢ ᠤᠷᠳᠤᠳᠬᠠᠨ ᠲᠡᠰ ᠲᠠᠪᠰᠢᠬᠤᠯᠤᠨ ᠮᠡᠷᠬᠡᠵᠢᠯ ᠢ ᠦᠬᠡᠷᠡᠴᠢᠯᠡᠬᠦ ᠵᠡᠷᠬᠡ | ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠦᠨᠡᠨ ᠬᠦ ᠰᠠᠶᠢᠳᠤᠷ ᠠᠳᠬᠤᠬᠤ ᠪᠠᠷ ᠪᠤᠢ᠃ ᠲᠤᠮᠳᠠ ᠵᠢᠵᠢᠭ | ᠲᠦᠷᠦᠯ ᠵᠦᠢᠯ ᠪᠤᠯᠤᠨ ᠲᠤᠮᠳᠠ ᠵᠢᠵᠢᠭ ᠪᠢᠴᠢᠯ ᠠᠵᠦ ᠠᠬᠤᠢᠢᠯᠠᠯ ᠤᠨ ᠬᠦᠭᠵᠢᠯᠳᠡ ᠶᠢ ᠰᠠᠶᠢᠳᠤᠷ ᠠᠳᠬᠤᠵᠦ᠂ ︽ | ᠵᠠᠭᠤᠨ ᠵᠢᠵᠢᠭ ᠪᠢᠴᠢᠯ ᠠᠵᠦ ᠠᠬᠤᠢᠢᠯᠠᠯ ᠢ ᠪᠤᠵᠠᠭᠠᠢᠢᠷᠠᠭᠤᠯᠬᠤ ᠢᠨᠵᠧᠨᠧᠷᠢᠩ︾ ᠢ ᠬᠦᠨᠵᠡᠬᠡᠢ ᠬᠡᠷᠡᠭᠵᠢᠬᠦᠯᠬᠦ ᠪᠠᠷ | ᠪᠤᠢ᠃ ᠬᠤᠶᠠᠷ ᠲᠤ᠂ ᠠᠰᠢᠬᠯᠠᠯᠳᠠ ᠳᠤ ᠤᠷᠤᠭᠤᠯᠬᠤ ᠶᠢ ᠠᠳᠬᠤᠵᠦ᠂ ᠠᠵᠦ ᠠᠬᠤᠢ ᠶᠢᠨ ᠨᠡᠮᠡᠭᠳᠡᠯ ᠤᠨ | ᠢᠷᠡᠯᠳᠡ ᠶᠢ ᠪᠠᠳᠤᠯᠠᠬᠤ ᠪᠠᠷ ᠪᠤᠢ᠃ ᠬᠤᠩᠭᠤ ᠶᠢᠨ ᠠᠭᠤᠷᠬᠠᠢ ᠶᠢᠨ ᠶᠡᠷᠦᠩᠬᠡᠶᠢᠯᠡᠭᠰᠡᠨ ᠬᠤᠷᠢᠶᠡᠨ ᠠᠰᠢᠬᠯᠠᠯᠳᠠ ᠶᠢᠨ | ᠲᠦᠷᠦᠯ ᠵᠦᠢᠯ ᠢ ᠪᠠᠶᠠᠯᠠᠬᠦᠯᠬᠦ ᠪᠠᠷ ᠪᠤᠢ᠃ ᠲᠤᠮᠤ ᠬᠡᠯᠪᠡᠷᠢ ᠶᠢᠨ ᠲᠦᠮᠦᠰᠤ ᠶᠢ ᠪᠤᠯᠪᠠᠰᠤᠷᠠᠭᠤᠯᠬᠤ ᠠᠵᠦ | ᠠᠬᠤᠢᠢᠯᠠᠯ ᠢ ᠴᠢᠷᠮᠠᠶᠢᠨ ᠤᠷᠤᠭᠤᠯᠵᠦ᠂ ᠲᠠᠷᠢᠶᠠᠯᠠᠩ ᠮᠠᠯ ᠠᠵᠦ ᠠᠬᠤᠢ ᠶᠢᠨ ᠠᠵᠦ ᠦᠢᠯᠡᠰᠵᠢᠯᠳᠡ ᠶᠢ | ᠲᠦᠷᠬᠡᠨ ᠢᠶᠠᠷ ᠠᠬᠢᠭᠤᠯᠬᠤ ᠪᠠᠷ ᠪᠤᠢ᠃ ᠭᠤᠷᠪᠠ ᠳᠤ᠂ ᠠᠵᠠ ᠲᠤᠬᠢᠶᠠᠯ ᠢ ᠠᠳᠬᠤᠵᠦ᠂ ᠲᠦᠮᠦᠰᠤ ᠶᠢ | ᠬᠦᠭᠵᠢᠬᠦᠯᠵᠦ᠂ ᠰᠡᠯᠡᠬᠦᠴᠡᠯ ᠵᠢᠭᠤᠯᠴᠢᠯᠡᠯ ᠤᠨ ᠦᠢᠯᠡᠰ ᠢ ᠬᠦᠭᠵᠢᠬᠦᠯᠬᠦ ᠪᠠᠷ ᠪᠤᠢ᠃ ᠤᠯᠤᠰ ᠠᠴᠠ ᠲᠦᠮᠦᠰᠤᠨ ᠤ | ᠦᠢᠯᠡᠰ ᠢ ᠬᠦᠭᠵᠢᠬᠦᠯᠬᠦ ᠴᠢᠬᠤᠯᠠ ᠶᠡᠭᠡ ᠠᠵᠠ ᠲᠤᠬᠢᠶᠡᠯ ᠢ ᠠᠳᠬᠤᠵᠦ᠂ ᠲᠦᠮᠦᠰᠤᠨ ᠤ ᠲᠡᠷᠢᠬᠤ᠂ | ᠪᠤᠯᠪᠠᠰᠤᠷᠠᠭᠤᠯᠬᠤ᠂ ᠪᠤᠷᠤᠯᠠᠭᠤᠯᠬᠤ ᠠᠵᠦ ᠦᠢᠯᠡᠰ ᠤᠨ ᠬᠡᠯᠬᠢᠶ᠎ᠡ ᠶᠢ ᠲᠡᠬᠦᠯᠳᠡᠷᠵᠢᠬᠦᠯᠬᠦ ᠪᠠᠷ ᠪᠤᠢ᠃ ᠦᠵᠡᠮᠵᠢᠳᠤ | ᠲᠡᠷᠢᠶᠡᠯᠡᠩ᠂ ᠬᠦᠳᠡᠭᠡ ᠲᠤᠰᠬᠤᠨ ᠤ ᠵᠢᠭᠤᠯᠴᠢᠯᠡᠯ ᠢ ᠶᠡᠭᠡ ᠬᠦᠴᠦᠨ ᠢᠶᠠᠷ ᠬᠦᠭᠵᠢᠬᠦᠯᠵᠦ᠂ ᠡᠵᠡᠩᠨᠡᠯᠳᠡ ᠶᠢᠨ | ᠴᠢᠨᠠᠷᠳᠠᠢ ᠤᠷᠤᠯᠭ᠎ᠠ ᠶᠢ ᠨᠡᠮᠡᠭᠳᠡᠬᠦᠯᠬᠦ ᠪᠠᠷ ᠪᠤᠢ᠃ ᠠᠮᠢ ᠠᠬᠤᠢ ᠶᠢᠨ ᠲᠠᠷᠢᠶᠠᠯᠠᠩ ᠮᠠᠯ ᠠᠵᠦ ᠠᠬᠤᠢ ᠶᠢᠨ | ᠬᠦᠭᠵᠢᠯᠳᠡ ᠶᠢᠨ ᠵᠠᠮ ᠢ ᠪᠠᠷᠢᠮᠳᠠᠯᠠᠵᠦ᠂ ᠦᠪᠤᠷ ᠮᠤᠩᠭᠤᠯ ᠤᠨ ᠪᠤᠬᠢᠷᠳᠤᠯ ᠦᠬᠡᠢ ᠲᠠᠷᠢᠶᠠᠯᠠᠩ ᠤᠨ | ᠪᠦᠳᠦᠬᠡᠭᠳᠡᠬᠦᠨ ᠤ ᠲᠡᠯᠡᠪᠡᠢ ᠪᠠᠷ ᠲᠡᠪᠴᠡᠩ ᠪᠤᠯᠭᠠᠨ᠂ ᠬᠡᠰᠢᠭᠳᠡᠨ ᠬᠤᠰᠢᠭᠤᠨ ᠤ ᠭᠠᠵᠠᠷ ᠵᠦᠢ ᠶᠢᠨ ᠤᠨᠴᠠᠯᠢᠭ ᠲᠠᠢ | ᠨᠡᠷᠡᠳᠤ ᠲᠡᠮᠳᠡᠭ ᠢ ᠪᠠᠶᠢᠭᠤᠯᠵᠦ ᠪᠤᠢ᠃ | ᠠᠷᠠᠳ ᠤᠨ ᠠᠮᠢᠳᠤᠷᠡᠯ ᠢ ᠪᠠᠳᠤᠯᠠᠬᠤ ᠪᠡ ᠰᠠᠶᠢᠵᠢᠷᠠᠭᠤᠯᠬᠤ ᠳᠤ᠂ ︽ᠠᠷᠠᠳ ᠤᠨ ᠦᠨᠳᠤᠰᠤᠨ | ᠠᠮᠢᠳᠤᠷᠡᠯ ᠢ ᠨᠡᠩ ᠶᠡᠭᠡ ᠪᠠᠷ ᠴᠢᠬᠤᠯᠠᠴᠢᠯᠡᠵᠦ᠂ ᠲᠤᠤᠷ᠎ᠡ ᠤᠷᠤᠯᠭ᠎ᠠ ᠲᠠᠢ ᠠᠷᠠᠳ ᠲᠦᠮᠡᠨ ᠤ ᠠᠮᠢᠳᠤᠷᠡᠯ ᠢ ᠨᠡᠩ | ᠶᠡᠭᠡ ᠪᠠᠷ ᠠᠩᠬᠠᠷᠴᠤ᠂ ᠨᠡᠶᠢᠬᠡᠮ ᠤᠨ ᠶᠡᠭᠡ ᠲᠡᠯ᠎ᠡ ᠶᠢᠨ ᠲᠤᠬᠳᠠᠭᠤᠨ ᠢ ᠨᠡᠩ ᠶᠡᠭᠡ ᠪᠠᠷ ᠴᠢᠬᠤᠯᠠᠴᠢᠯᠬᠤ︾ | ᠱᠠᠭᠠᠷᠳᠠᠯᠭ᠎ᠠ ᠶᠤᠰᠤᠭᠠᠷ᠂ ᠦᠢᠯᠡᠰ ᠪᠤᠰᠬᠠᠨ ᠠᠵᠢᠯ ᠤᠯᠭᠤᠬᠤ᠂ ᠶᠡᠳᠠᠭᠤ ᠶᠢ ᠲᠡᠳᠬᠦᠬᠦ᠂ ᠠᠷᠠᠳ ᠤᠨ ᠠᠮᠤᠷ | ᠲᠤᠬᠳᠠᠭᠤᠨ ᠤᠷᠤᠨ ᠰᠠᠭᠤᠴᠡ᠂ | ︽ᠠᠷᠪᠠ ᠶᠢ ᠪᠦᠷᠬᠦᠬᠦᠯᠬᠦ︾ ᠵᠡᠷᠬᠡ ᠠᠷᠠᠳ ᠤᠨ ᠠᠮᠢᠳᠤᠷᠡᠯ ᠤᠨ ᠢᠨᠵᠧᠨᠧᠷᠢᠩ ᠢᠶᠠᠷ ᠭᠤᠤᠯᠳᠠᠯᠭ᠎ᠠ ᠪᠤᠯᠭᠠᠨ᠂ | ᠤᠯᠠᠨ ᠵᠠᠮ ᠢᠶᠠᠷ ᠪᠡᠯᠡ ᠮᠦᠩᠬᠦ ᠴᠤᠬᠯᠠᠭᠤᠯᠵᠦ᠂ ᠡᠳ᠋ ᠤᠨ ᠵᠠᠰᠠᠭ ᠤᠨ ᠤᠷᠤᠭᠤᠯᠤᠯᠳᠠ ᠶᠢ ᠶᠡᠬᠡᠰᠬᠡᠬᠦ ᠪᠠᠷ ᠪᠤᠢ᠃ | |