2015 ᠤᠨ ᠤ 2 ᠰᠠᠷ᠎ᠠ ᠶᠢᠨ 1 ᠤ ᠡᠳᠦᠷ ᠬᠡᠰᠢᠭᠳᠡᠨ ᠬᠤᠰᠢᠭᠤᠨ ᠤ ᠠᠷᠪᠠᠨ ᠵᠢᠷᠭᠤᠳᠣᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠬᠡᠷ ᠤᠳᠠᠭᠠᠨ ᠤ ᠬᠤᠷᠠᠯᠳᠤᠭᠠᠨ ᠲᠡᠭᠡᠷ᠎ᠡ | | | ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ | ᠣᠷᠣᠯᠠᠭᠴᠢ ᠬᠤᠰᠢᠭᠤᠨ ᠲᠠᠷᠤᠭ᠎ᠠ ᠫᠠᠨ ᠼᠦᠨ ᠬᠦᠸᠧ | | | ᠲᠦᠯᠦᠭᠡᠯᠡᠭᠴᠢᠳ ᠡ᠄ | ᠤᠳᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠭᠡᠯ ᠬᠢᠶ᠎ᠡ᠃ ᠬᠢᠨᠠᠨ ᠵᠦᠪᠯᠡᠬᠦ ᠪᠣᠯᠪᠠᠤ᠂ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠪᠠ ᠰᠤᠯᠠ | ᠤᠷᠤᠯᠴᠠᠭᠰᠠᠨ ᠨᠦᠬᠦᠳ ᠠᠴᠠ ᠰᠠᠨᠠᠯ ᠢᠶᠠᠨ ᠲᠤᠷᠠᠳᠬᠤ ᠶᠢ ᠬᠦᠰᠡᠶ᠎ᠡ᠃ | | | ᠨᠢᠭᠡ᠂ 2014 ᠣᠨ ᠤ ᠠᠵᠢᠯ ᠤᠨ ᠡᠷᠬᠢᠴᠡᠭᠦᠯᠦᠯ | | ᠰᠠᠶ᠋ᠢᠬᠠᠨ ᠦᠩᠬᠡᠷᠡᠭᠰᠡᠨ ᠨᠢᠬᠡ ᠵᠢᠯ ᠳᠤ᠂ ᠠᠵᠣ ᠠᠬᠤᠢ ᠶᠢᠨ ᠣᠷᠣᠭᠤᠳᠠᠯ ᠬᠦᠨᠳᠣ ᠨᠣᠴᠢᠳᠠᠢ ᠪᠠᠶᠢᠬᠤ | ᠪᠠᠶᠢᠳᠠᠯ ᠳᠤ ᠬᠠᠨᠳᠣᠵᠣ᠂ ᠨᠠᠮ ᠤᠨ ᠬᠤᠷᠢᠶ᠎ᠠ ᠶᠢᠨ ᠪᠠᠳᠣ ᠴᠢᠩᠭ᠎ᠠ ᠣᠳᠣᠷᠢᠳᠣᠯᠭ᠎ᠠ ᠲᠣᠣᠷ᠎ᠠ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠨᠢ ᠪᠦᠬᠦ ᠬᠤᠰᠢᠭᠤᠨ ᠤ ᠠᠷᠠᠳ ᠲᠦᠮᠡᠨ ᠲᠠᠢ ᠬᠠᠮᠳᠣᠪᠡᠷ ᠬᠦᠴᠢᠷ ᠢ ᠢᠯᠠᠨ᠂ | ᠪᠡᠷᠬᠡᠰᠢᠶᠡᠯ ᠢ ᠲᠣᠭᠤᠯᠵᠣ᠂ ᠡᠯ᠎ᠡ ᠲᠦᠷᠦᠯ ᠤᠨ ᠠᠵᠢᠯ ᠳᠤ ᠰᠢᠨ᠎ᠡ ᠠᠮᠵᠢᠯᠳᠠ ᠣᠯᠣᠭᠰᠠᠨ ᠪᠠᠶᠢᠨ᠎ᠠ᠃ | ︵ᠨᠢᠬᠡ︶ ᠠᠮᠢ ᠠᠬᠤᠢ ᠶᠢᠨ ᠬᠠᠮᠠᠭᠠᠯᠠᠯᠳᠠ ᠬᠢᠬᠡᠳ ᠪᠦᠳᠦᠭᠡᠨ ᠪᠠᠶᠢᠭᠤᠯᠣᠯᠳᠠ ᠳᠤ ᠢᠯᠡᠳᠳᠡ ᠠᠮᠵᠢᠯᠳᠠ | ᠣᠯᠪᠠ᠃ 2.96 ᠳ᠋ᠦᠩᠰᠢᠭᠤᠷ ᠤᠨ ᠪᠡᠯᠡ ᠣᠷᠣᠭᠤᠯᠵᠣ᠂ ᠣᠢ ᠮᠣᠳᠣ ᠣᠶᠢᠵᠢᠭᠤᠯᠣᠨ ᠡᠵᠡᠩᠨᠡᠭᠰᠡᠨ ᠨᠢ 6.65 | ᠲᠦᠮᠡᠨ ᠮᠣ᠋᠂ ᠨᠦᠬᠦᠨ ᠣᠶᠢᠵᠢᠭᠤᠯᠣᠭᠰᠠᠨ ᠨᠢ 18.78 ᠲᠦᠮᠡᠨ ᠮᠣ᠋ ᠪᠠᠶᠢᠵᠣ᠂ 687.3 ᠲᠦᠮᠡᠨ ᠮᠣ᠋ ᠨᠡᠶᠢᠳᠡ | ᠶᠢᠨ ᠠᠰᠠᠷᠠᠮᠵᠢ ᠶᠢᠨ ᠣᠢ᠂ 220 ᠲᠦᠮᠡᠨ ᠮᠣ᠋ ᠨᠣᠭᠤ ᠭᠠᠵᠠᠷ ᠢ ᠬᠠᠮᠠᠭᠠᠯᠠᠭᠰᠠᠨ ᠪᠠᠶᠢᠨ᠎ᠠ᠂ ᠣᠰᠣ ᠬᠦᠷᠦᠰᠦ ᠶᠢ | ᠬᠠᠮᠠᠭᠠᠯᠠᠨ ᠵᠠᠰᠠᠭᠰᠠᠨ ᠨᠢ 1.5 ᠲᠦᠮᠡᠨ ᠮᠣ᠋᠂ ᠰᠠᠭᠠᠳ ᠦᠬᠡᠢ ᠨᠠᠪᠳᠡᠷᠡᠬᠦ ᠮᠣᠵᠢ ᠠᠯᠣᠰᠯᠠᠭᠰᠠᠨ ᠵᠠᠮ ᠤᠨ ᠬᠤᠶᠠᠷ | ᠬᠠᠵᠠᠭᠤ ᠶᠢ ᠨᠣᠭᠤᠭᠠᠷᠠᠭᠤᠯᠣᠭᠰᠠᠨ ᠨᠢ 83 ᠺᠢᠯᠣᠮᠧᠲᠷ᠃ ᠣᠢ ᠰᠢᠭᠤᠢ ᠶᠢᠨ ᠪᠦᠷᠬᠦᠴᠡ ᠶᠢᠨ ᠨᠣᠷᠮ᠎ᠠ 1.04 | ᠵᠠᠭᠤᠨ ᠤ ᠬᠤᠪᠢ ᠶᠢᠨ ᠴᠡᠭ ᠢᠶᠠᠷ ᠲᠡᠭᠡᠭᠰᠢᠯᠡᠵᠣ᠂ ᠪᠦᠷᠬᠦᠴᠡ ᠶᠢᠨ ᠨᠣᠷᠮ᠎ᠠ 34.18% ᠳᠤ ᠬᠦᠷᠦᠭᠰᠡᠨ | ᠪᠠᠶᠢᠨ᠎ᠠ᠃ ᠠᠮᠢ ᠠᠬᠤᠢ ᠶᠢᠨ ᠬᠠᠮᠠᠭᠠᠯᠠᠯᠳᠠ ᠶᠢᠨ ᠲᠣᠰᠬᠠᠢ ᠰᠡᠳᠣᠪᠳᠣ ᠬᠤᠷᠠᠯ ᠢ ᠬᠤᠶᠠᠷ ᠣᠳᠠᠭ᠎ᠠ | ᠬᠤᠷᠠᠯᠳᠣᠭᠤᠯᠵᠣ᠂ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠠᠮᠢ ᠠᠬᠤᠢ ᠶᠢᠨ ᠬᠠᠮᠠᠭᠠᠯᠠᠯᠳᠠ ᠬᠢᠬᠡᠳ | ᠪᠦᠳᠦᠬᠡᠨ ᠪᠠᠶᠢᠭᠤᠯᠣᠯᠳᠠ ᠶᠢᠨ ᠢᠳᠡᠬᠡᠯ ᠢ ᠣᠯᠠᠮ ᠨᠢᠬᠡ ᠠᠯᠬᠤᠮ ᠪᠠᠳᠣᠳᠬᠠᠭᠰᠠᠨ ᠪᠠᠶᠢᠨ᠎ᠠ᠃ ᠪᠦᠬᠦ ᠵᠢᠯ ᠳᠤ | ᠭᠠᠳᠠᠨᠠᠬᠢ ᠶᠢᠨ ᠮᠠᠯ ᠢ 53 ᠲᠦᠮᠡᠨ ᠲᠣᠯᠣᠭᠠᠢ ᠴᠡᠪᠡᠷᠯᠡᠵᠣ᠂ 2254 ᠲᠦᠮᠡᠨ ᠮᠣ᠋ ᠪᠠᠯᠴᠢᠬᠡᠷ ᠲᠤ | ᠪᠡᠯᠴᠢᠬᠡᠷᠯᠡᠬᠦᠯᠬᠦ ᠶᠢ ᠴᠠᠭᠠᠵᠠᠯᠠᠬᠤ ᠪᠠ ᠰᠡᠯᠬᠦᠨ ᠮᠠᠯᠵᠢᠬᠤ ᠶᠢ ᠬᠡᠷᠡᠭᠵᠢᠬᠦᠯᠵᠣ᠂ ᠬᠡᠬᠡᠷ᠎ᠡ ᠶᠢᠨ ᠠᠮᠢᠳᠠᠨ ᠣᠷᠭᠤᠮᠠᠯ ᠢ | ᠪᠦᠳᠦᠮᠵᠢᠳᠡᠢ ᠬᠠᠮᠠᠭᠠᠯᠠᠭᠰᠠᠨ ᠪᠠᠶᠢᠨ᠎ᠠ᠃ ᠨᠣᠳᠤᠭ ᠪᠡᠯᠴᠢᠬᠡᠷ ᠤᠨ ᠡᠷᠬᠡ ᠶᠢ ᠲᠣᠭᠳᠠᠭᠠᠨ ᠲᠠᠭᠠᠭᠠᠴᠢᠯᠠᠭᠤᠯᠬᠤ | ᠲᠣᠷᠰᠢᠯᠳᠠ ᠶᠢᠨ ᠴᠢᠭ᠋ ᠤᠨ ᠠᠵᠢᠯ ᠪᠦᠬᠦ ᠲᠠᠯ᠎ᠠ ᠪᠠᠷ ᠡᠬᠢᠯᠡᠭᠰᠡᠨ ᠪᠠᠶᠢᠨ᠎ᠠ᠃ ᠨᠣᠳᠤᠭ ᠪᠡᠯᠴᠢᠬᠡᠷ ᠤᠨ ᠣᠷᠭᠤᠮᠠᠯ | ᠤᠨ ᠪᠦᠷᠬᠦᠴᠡ 0.68 ᠵᠠᠭᠤᠨ ᠤ ᠬᠤᠪᠢ ᠶᠢᠨ ᠴᠡᠭ ᠢᠶᠠᠷ ᠲᠡᠭᠡᠭᠰᠢᠯᠡᠵᠣ᠂ ᠪᠦᠷᠬᠦᠴᠡ ᠶᠢᠨ ᠨᠣᠷᠮ᠎ᠠ 49. | 43% ᠳᠤ ᠬᠦᠷᠴᠡᠢ᠃ 38 ᠠᠵᠣ ᠠᠬᠤᠶᠢᠯᠠᠯ ᠨᠢ ᠪᠣᠬᠢᠷᠳᠣᠯ ᠦᠬᠡᠢ ᠠᠭᠤᠷᠬᠠᠢ ᠦᠢᠯᠡᠳᠪᠣᠷᠢ ᠶᠢᠨ | ᠨᠣᠭᠤᠭᠠᠷᠠᠭᠤᠯᠣᠯᠳᠠ ᠶᠢᠨ ᠠᠵᠢᠯ ᠢ ᠡᠬᠢᠯᠡᠬᠦᠯᠵᠣ᠂ 4 ᠲᠡᠮᠦᠷᠯᠢᠭ ᠪᠣᠰᠣ ᠠᠭᠤᠷᠬᠠᠢ ᠶᠢ ᠬᠠᠣᠯᠢ ᠶᠣᠰᠣᠭᠠᠷ | ᠵᠣᠭᠰᠣᠭᠠᠭᠰᠠᠨ ᠪᠠᠶᠢᠨ᠎ᠠ᠃ ᠨᠢᠬᠡᠴᠢ GDP ᠶᠢᠨ ᠡᠨᠧᠷᠬᠢ ᠶᠢᠨ ᠬᠤᠷᠣᠭᠳᠠᠯ 12 % ᠪᠠᠷ ᠲᠣᠷᠣᠭᠰᠢᠯᠠᠵᠣ᠂ | ᠭᠤᠣᠯ ᠪᠣᠯᠬᠤ ᠪᠣᠵᠠᠷᠳᠠᠯ ᠪᠣᠳᠠᠰ ᠢ 1097.4 ᠲᠣᠨ ᠪᠠᠭᠠᠰᠬᠠᠨ ᠴᠡᠪᠡᠷᠯᠡᠭᠰᠡᠨ ᠪᠠᠶᠢᠨ᠎ᠠ᠃ APEC | ᠬᠤᠷᠠᠯᠳᠣᠭᠠᠨ ᠤ ᠬᠤᠭᠤᠴᠠᠭᠠᠨ ᠳᠠᠬᠢ ᠠᠭᠠᠷ ᠤᠨ ᠴᠡᠪᠡᠷᠴᠡ ᠶᠢ ᠪᠠᠳᠣᠯᠠᠬᠤ ᠡᠬᠦᠷᠬᠡ ᠶᠢ ᠲᠡᠬᠦᠰ ᠠᠮᠵᠢᠯᠳᠠ ᠲᠠᠢ | ᠪᠡᠶᠡᠯᠡᠬᠦᠯᠦᠭᠰᠡᠨ ᠪᠠᠶᠢᠨ᠎ᠠ᠃ ᠣᠯᠣᠰ ᠤᠨ ᠲᠠᠰ ᠤᠨ ᠠᠮᠢ ᠠᠬᠤᠢ ᠶᠢᠨ ᠰᠢᠶᠠᠩ ᠪᠠᠯᠭᠠᠰᠣ 3 ᠨᠡᠮᠡᠭᠳᠡᠵᠣ᠂ ᠣᠯᠣᠰ | ᠤᠨ ᠲᠠᠰ ᠤᠨ ᠠᠮᠢ ᠠᠬᠤᠢ ᠶᠢᠨ ᠬᠤᠰᠢᠭᠤ ᠨᠢ ᠣᠷᠴᠢᠨ ᠲᠣᠭᠤᠷᠢᠨ ᠤ ᠬᠠᠮᠠᠭᠠᠯᠠᠯᠳᠠ ᠶᠢᠨ ᠶᠠᠮᠣᠨ ᠤ ᠮᠡᠷᠭᠡᠵᠢᠯ | ᠤᠨ ᠬᠢᠨᠠᠨ ᠰᠢᠯᠭᠠᠯᠳᠠ ᠶᠢ ᠲᠠᠪᠠᠭᠰᠠᠨ ᠪᠠᠶᠢᠨ᠎ᠠ᠃ | ︵ᠬᠤᠶᠠᠷ︶ ᠠᠵᠣ ᠠᠬᠤᠢ ᠶᠢᠨ ᠬᠦᠭᠵᠢᠯᠳᠡ ᠨᠢ ᠲᠣᠭᠳᠠᠭᠤᠨ ᠤ ᠲᠣᠮᠳᠠ ᠲᠠᠪᠰᠢᠯᠳᠠ ᠲᠠᠢ᠃ ᠪᠦᠬᠦ | ᠬᠤᠰᠢᠭᠤᠨ ᠤ ᠭᠠᠵᠠᠷ ᠣᠷᠣᠨ ᠤ ᠦᠢᠯᠡᠳᠪᠣᠷᠢᠯᠡᠯ ᠤᠨ ᠶᠡᠷᠦᠩᠬᠡᠢ ᠦᠷᠳᠡᠭ ᠲᠦᠰᠦᠪᠯᠡᠭᠰᠡᠨ ᠢᠶᠠᠷ 142 | ᠳ᠋ᠦᠩᠰᠢᠭᠤᠷ ᠲᠦᠬᠦᠷᠢᠭ ᠢ ᠪᠡᠶᠡᠯᠡᠬᠦᠯᠵᠣ᠂ 9 % ᠪᠠᠷ ᠨᠡᠮᠡᠭᠳᠡᠪᠡ᠃ ᠣᠯᠠᠨ ᠨᠡᠶᠢᠳᠡ ᠶᠢᠨ ᠡᠳ᠋ ᠤᠨ ᠵᠠᠰᠠᠭ ᠤᠨ | ᠲᠦᠰᠦᠪ ᠤᠨ ᠣᠷᠣᠯᠭ᠎ᠠ 7.2 ᠳ᠋ᠦᠩᠰᠢᠭᠤᠷ ᠲᠦᠭᠦᠷᠢᠭ ᠢ ᠪᠡᠶᠡᠯᠡᠬᠦᠯᠵᠣ᠂ 1.45% ᠪᠠᠷ ᠨᠡᠮᠡᠭᠳᠡᠪᠡ᠃ | ᠬᠡᠪᠴᠢᠶᠡᠵᠢᠯ ᠠᠴᠠ ᠲᠡᠭᠡᠭᠰᠢᠬᠢ ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ 100 ᠳ᠋ᠦᠩᠰᠢᠭᠤᠷ ᠲᠦᠬᠦᠷᠢᠭ | ᠢ ᠪᠡᠶᠡᠯᠡᠬᠦᠯᠵᠣ᠂ 19.5% ᠪᠠᠷ ᠲᠣᠷᠣᠭᠰᠢᠯᠡᠪᠡ᠃ ᠨᠡᠶᠢᠬᠡᠮ ᠤᠨ ᠬᠡᠷᠡᠭᠯᠡᠬᠡᠨ ᠤ ᠲᠠᠸᠠᠷ ᠤᠨ ᠵᠢᠵᠢᠭᠯᠡᠨ | ᠬᠤᠳᠠᠯᠳᠣᠭᠰᠠᠨ ᠶᠡᠷᠦᠩᠬᠡᠢ ᠬᠡᠮᠵᠢᠶ᠎ᠡ ᠨᠢ 28 ᠳ᠋ᠦᠩᠰᠢᠭᠤᠷ ᠲᠤ ᠬᠦᠷᠴᠦ᠂ 12% ᠪᠠᠷ ᠨᠡᠮᠡᠭᠳᠡᠪᠡ᠃ | ᠠᠵᠣ ᠦᠢᠯᠡᠳᠪᠣᠷᠢ ᠶᠢᠨ ᠠᠵᠣ ᠠᠬᠤᠢ ᠶᠢᠨ ᠡᠷᠬᠢᠯᠳᠡ ᠲᠣᠭᠳᠠᠭᠤᠨ᠃ ᠪᠦᠬᠦ ᠬᠤᠰᠢᠭᠤᠨ ᠤ ᠠᠵᠣ | ᠦᠢᠯᠡᠳᠪᠣᠷᠢ ᠶᠢᠨ ᠠᠵᠣ ᠠᠬᠤᠢ ᠶᠢᠨ ᠨᠡᠮᠡᠭᠳᠡᠯ ᠤᠨ ᠦᠷᠳᠡᠭ ᠲᠦᠰᠦᠪᠯᠡᠭᠰᠡᠨ ᠢᠶᠠᠷ 85.1 ᠳ᠋ᠦᠩᠰᠢᠭᠤᠷ | ᠲᠦᠭᠦᠷᠢᠭ ᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ 12.1% ᠪᠠᠷ ᠨᠡᠮᠡᠭᠳᠡᠪᠡ᠃ ᠳ᠋ᠠ ᠲᠠᠩ ᠤᠨ | ᠣᠯᠠᠨ ᠣᠯᠣᠰ ᠤᠨ ᠨᠡᠬᠦᠷᠡᠰᠣ ᠶᠢ ᠬᠡᠶᠢᠵᠢᠬᠦᠯᠬᠦ Ⅰ ᠰᠢᠷᠢᠰ ᠳᠤ ᠪᠠᠶᠢᠭᠠᠯᠢ ᠶᠢᠨ ᠰᠢᠳᠠᠮᠠᠬᠠᠢ ᠬᠡᠢ 3.63 | ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ ᠦᠯᠡᠳᠪᠣᠷᠢᠯᠡᠵᠣ᠂ Ⅱ ᠰᠢᠷᠢᠰ ᠨᠢ ᠲᠣᠨᠤᠭ ᠲᠦᠬᠦᠬᠡᠷᠦᠮᠵᠢ ᠪᠠᠨ | ᠣᠭᠰᠠᠷᠠᠵᠣ ᠲᠠᠭᠤᠰᠬᠠᠭᠰᠠᠨ ᠪᠠᠶᠢᠨ᠎ᠠ᠃ ᠪᠦᠸᠧ ᠶᠣᠸᠠᠨ ᠰᠢᠨᠵᠢᠯᠡᠭᠡ ᠮᠡᠷᠬᠡᠵᠢᠯ ᠤᠨ ᠬᠡᠤᠳᠡᠰᠤᠨ ᠳᠤ | ᠤᠰᠤᠳᠦ᠋ᠷᠦᠭᠴᠢ ᠨᠡᠮᠡᠭᠦ᠂ ᠪᠦᠳᠦᠬᠦᠯᠢᠭ ᠹᠧᠨᠤᠯ ᠢ ᠨᠠᠷᠢᠯᠢᠭᠵᠢᠭᠤᠯᠬᠤ᠂ ᠹᠧᠨᠤᠯ ᠠᠯᠳᠧᠬᠢᠳ᠋ ᠤᠨ ᠲᠠᠪᠠᠷᠬᠠᠢ ᠶᠢᠨ | ᠲᠦᠷᠦᠯ ᠵᠦᠢᠯ ᠨᠢ ᠮᠠᠲ᠋ᠧᠷᠢᠶᠠᠯ ᠣᠷᠣᠭᠤᠯᠵᠣ ᠲᠣᠷᠰᠢᠨ ᠦᠢᠯᠡᠳᠪᠣᠷᠢᠯᠡᠭᠰᠡᠨ ᠪᠠᠶᠢᠨ᠎ᠠ᠃ ᠬᠤᠩᠭᠤ ᠶᠢᠨ Ⅲ | ᠲᠣᠭᠤᠷᠢᠭ ᠤᠨ ᠦᠯᠡᠳᠡᠭᠳᠡᠯ ᠬᠦᠳᠡᠷ ᠤᠨ ᠠᠭᠤᠷᠬᠠᠢ ᠶᠢ ᠪᠣᠴᠠᠭᠠᠨ ᠠᠰᠢᠭᠯᠠᠬᠤ ᠲᠦᠷᠦᠯ ᠵᠦᠢᠯ ᠭᠤᠣᠯ ᠪᠠᠷᠢᠯᠭ᠎ᠠ | ᠪᠠᠨ ᠪᠦᠳᠦᠬᠡᠨ ᠪᠠᠶᠢᠭᠤᠯᠵᠣ ᠲᠠᠭᠤᠰᠬᠠᠭᠰᠠᠨ ᠪᠠᠶᠢᠨ᠎ᠠ᠃ ᠬᠢᠩᠭᠠᠨ ᠤ ᠮᠦᠩᠬᠦ ᠲᠣᠭᠤᠯᠭ᠎ᠠ ᠪᠣᠯᠪᠠᠰᠣᠷᠠᠭᠤᠯᠬᠤ | ᠭᠤᠣᠯ ᠶᠠᠪᠣᠴᠠ ᠶᠢᠨ ᠮᠡᠷᠬᠡᠵᠢᠯ ᠢᠶᠠᠨ ᠬᠠᠯᠠᠨ ᠰᠠᠶᠢᠵᠢᠷᠠᠭᠤᠯᠬᠤ ᠲᠦᠷᠦᠯ ᠵᠦᠢᠯ ᠲᠣᠷᠰᠢᠨ ᠦᠢᠯᠡᠳᠪᠣᠷᠢᠯᠡᠭᠰᠡᠨ | ᠪᠠᠶᠢᠨ᠎ᠠ᠃ ᠬᠦᠸᠧ ᠾᠦᠩ᠂ ᠬᠤᠸᠠ ᠨᠧᠩ᠂ ᠬᠤᠸᠠ ᠳ᠋ᠢᠶᠠᠨ ᠤ ᠲᠣᠰᠪᠣᠷᠢ 30 ᠲᠦᠮᠡᠨ ᠺᠢᠯᠣᠸᠠᠲ ᠶᠢᠨ | ᠰᠠᠯᠬᠢᠨ ᠬᠦᠴᠦᠨ ᠤ ᠴᠠᠬᠢᠯᠭᠠᠨ ᠢ ᠨᠡᠬᠡᠬᠡᠬᠦ ᠲᠦᠷᠦᠯ ᠵᠦᠢᠯ ᠨᠢ ᠲᠡᠬᠦᠵᠢᠯᠡᠨ ᠤᠭᠰᠠᠷᠠᠬᠤ ᠱᠠᠳᠤᠨ ᠳᠤ ᠤᠷᠤᠵᠤ᠂ | ᠫᠦ᠋ ᠭᠤᠸᠠᠩ ᠰᠢᠨᠵᠢᠯᠡᠭᠡ ᠮᠡᠷᠭᠡᠵᠢᠯ ᠤᠨ 1 ᠲᠦᠮᠡᠨ ᠺᠢᠯᠤᠸᠠᠲ ᠶᠢᠨ ᠨᠠᠷᠠᠨ ᠤ ᠬᠡᠷᠡᠯ ᠢᠶᠠᠷ ᠴᠠᠬᠢᠯᠭᠠᠨ ᠡᠬᠦᠰᠭᠡᠬᠦ | ᠲᠦᠷᠦᠯ ᠵᠦᠢᠯ ᠢ ᠪᠡᠶᠡᠯᠡᠬᠦᠯᠦᠨ ᠴᠠᠬᠢᠯᠭᠠᠨ ᠲᠤᠤᠷᠵᠢᠯ ᠳᠤ ᠨᠡᠶᠢᠯᠡᠬᠦᠯᠦᠭᠰᠡᠨ ᠪᠠᠶᠢᠨ᠎ᠠ᠃ ᠡᠷᠬᠢᠯᠳᠡᠳᠣ ᠠᠵᠣ ᠠᠬᠤᠢ | ᠶᠢᠨ ᠬᠦᠷᠢᠶᠡᠯᠡᠩ ᠲᠣᠭᠤᠷᠢᠭ ᠶᠢᠨ ᠬᠠᠮᠢᠶᠠᠷᠣᠯᠳᠠ ᠦᠢᠯᠡᠴᠢᠯᠡᠬᠡᠨ ᠤ ᠲᠣᠭᠤᠷᠢᠭ ᠨᠢ ᠨᠡᠶᠢᠳᠡ ᠶᠢᠨ ᠦᠢᠯᠡᠴᠢᠯᠡᠭᠡ | ᠪᠡ ᠬᠤᠳᠠᠯᠳᠤᠭ᠎ᠠ ᠣᠷᠣᠨ ᠰᠠᠭᠤᠴᠠ ᠶᠢᠨ ᠭᠤᠣᠯ ᠴᠣᠭᠴᠠ ᠶᠢᠨ ᠪᠠᠷᠢᠯᠭ᠎ᠠ ᠶᠢ 21 ᠲᠦᠮᠡᠨ ᠲᠡᠭᠰᠢ ᠲᠦᠷᠪᠡᠯᠵᠢᠨ | ᠮᠧᠲᠷ ᠪᠦᠳᠦᠬᠡᠨ ᠪᠠᠶᠢᠭᠤᠯᠣᠭᠰᠠᠨ ᠪᠠᠶᠢᠨ᠎ᠠ᠃ 66 ᠺᠢᠯᠣᠸᠠᠲ ᠶᠢᠨ ᠴᠠᠬᠢᠯᠭᠠᠨ ᠣᠳᠠᠰᠣ ᠶᠢ 73.4 ᠺᠢᠯᠣᠮᠧᠲᠷ | ᠨᠡᠪᠳᠡᠷᠡᠬᠦᠯᠦᠭᠰᠡᠨ ᠪᠠᠶᠢᠨ᠎ᠠ᠃ ᠲᠣᠮᠳᠠ ᠪᠠᠭ᠎ᠠ ᠵᠢᠵᠢᠭ ᠠᠵᠣ ᠠᠬᠤᠶᠢᠯᠠᠯ ᠳᠤ ᠪᠠᠳᠣᠯᠠᠨ ᠲᠠᠭᠠᠭᠠᠴᠢᠯᠠᠵᠣ ᠪᠡᠯᠡ | ᠣᠷᠣᠭᠤᠯᠣᠭᠰᠠᠨ ᠨᠢ 6040 ᠲᠦᠮᠡᠨ ᠲᠦᠬᠦᠷᠢᠭ᠃ | ᠣᠳᠣ ᠦᠶ᠎ᠡ ᠶᠢᠨ ᠮᠠᠯ ᠠᠵᠣ ᠠᠬᠤᠢ ᠲᠠᠷᠢᠶᠠᠯᠠᠩ ᠤᠨ ᠬᠦᠭᠵᠢᠯᠳᠡ ᠶᠢᠨ ᠠᠬᠢᠴᠠ ᠶᠢ ᠲᠦᠷᠬᠡᠳᠬᠡᠪᠡ᠃ | ᠲᠠᠷᠢᠮᠠᠯ ᠤᠨ ᠵᠦᠢᠯ ᠤᠨ ᠲᠠᠷᠢᠭᠰᠠᠨ ᠲᠠᠯᠠᠪᠠᠢ 128.4 ᠲᠦᠮᠡᠨ ᠮᠣ᠋᠂ ᠠᠮᠣ ᠪᠣᠳᠠᠭᠠᠨ ᠤ ᠶᠡᠷᠦᠩᠬᠡᠢ ᠣᠨᠠᠯᠳᠠ 5. | 02 ᠳ᠋ᠦᠩᠰᠢᠭᠤᠷ ᠵᠢᠩ᠃ ︽ᠵᠠᠭᠤᠨ ᠭᠠᠴᠠᠭ᠎ᠠ ᠮᠢᠩᠭᠠᠨ ᠡᠷᠦᠬᠡ︾ ᠶᠢᠨ ᠰᠢᠨᠵᠢᠯᠡᠬᠦ ᠣᠬᠠᠭᠠᠨ ᠮᠡᠷᠬᠡᠵᠢᠯ ᠤᠨ | ᠵᠢᠱᠢᠶ᠎ᠡ ᠦᠵᠡᠬᠦᠯᠵᠣ ᠲᠠᠭᠠᠭᠤᠯᠬᠤ ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠭᠰᠡᠨ ᠪᠠᠶᠢᠨ᠎ᠠ᠃ ᠪᠣᠭᠤᠳᠠᠢ᠂ ᠨᠠᠷᠠᠨ | ᠬᠤᠸᠠᠷ ᠵᠡᠷᠬᠡ ᠰᠢᠨ᠎ᠡ ᠲᠦᠷᠦᠯ ᠢ ᠭᠠᠳᠠᠨ᠎ᠠ ᠠᠴᠠ ᠣᠷᠣᠭᠤᠯᠣᠭᠰᠠᠨ ᠨᠢ 81 ᠵᠦᠢᠯ᠂ ᠬᠦᠯᠡᠮᠵᠢ ᠶᠢᠨ ᠮᠡᠷᠬᠡᠵᠢᠯ ᠢ | ᠲᠡᠯᠬᠡᠷᠡᠬᠦᠯᠦᠭᠰᠡᠨ ᠨᠢ 2 ᠲᠦᠮᠡᠨ ᠮᠣ᠋᠂ ᠪᠦᠷᠬᠦᠬᠦᠯ ᠤᠨ ᠲᠣᠣᠷ᠎ᠠ ᠲᠣᠰᠣᠯᠠᠭᠤᠯᠣᠨ ᠣᠰᠣᠯᠠᠬᠤ 4.15 ᠲᠦᠮᠡᠨ | ᠮᠣ᠋᠂ ᠦᠨᠳᠦᠷ ᠦᠷ᠎ᠡ ᠠᠰᠢᠭᠳᠣ ᠣᠰᠣ ᠠᠷᠪᠢᠯᠠᠬᠤ ᠪᠣᠷᠳᠣᠭᠠᠨ ᠭᠠᠵᠠᠷ 1.1 ᠲᠦᠮᠡᠨ ᠮᠣ᠋᠂ ᠵᠠᠬᠢᠶᠠᠯᠠᠭ᠎ᠠ ᠶᠢᠨ | ᠲᠠᠷᠢᠶᠠᠯᠠᠩ 25.86 ᠲᠦᠮᠡᠨ ᠮᠣ᠋᠂ ᠰᠢᠨ᠎ᠡ ᠪᠠᠷ ᠨᠡᠮᠡᠭᠳᠡᠭᠰᠡᠨ ᠲᠦᠬᠦᠬᠡᠷᠦᠮᠵᠢᠳᠣ ᠲᠠᠷᠢᠶᠠᠯᠠᠩ 2000 ᠮᠣ᠋᠂ | ᠡᠪᠡᠰᠣ ᠲᠠᠷᠢᠭᠰᠠᠨ ᠨᠢ 52 ᠲᠦᠮᠡᠨ ᠮᠣ᠋᠂ ᠲᠡᠭᠡᠳᠣ ᠪᠠᠷᠢᠮᠵᠢᠶᠠᠳᠣ ᠲᠠᠷᠢᠶᠠᠨ ᠭᠠᠵᠠᠷ ᠢ 0.7 ᠲᠦᠮᠡᠨ ᠮᠣ᠋ | ᠪᠦᠳᠦᠬᠡᠨ ᠪᠠᠶᠢᠭᠤᠯᠵᠣ᠂ ᠬᠦᠷᠦᠰᠦ ᠶᠢ ᠬᠡᠮᠵᠢᠨ ᠪᠣᠷᠳᠣᠭᠤᠷ ᠣᠷᠣᠭᠤᠯᠬᠤ ᠮᠡᠷᠬᠡᠵᠢᠯ ᠢ 70 ᠲᠦᠮᠡᠨ ᠮᠣ᠋ | ᠲᠡᠯᠬᠡᠷᠡᠬᠦᠯᠦᠭᠰᠡᠨ ᠪᠠᠶᠢᠨ᠎ᠠ᠃ ᠪᠠᠷᠢᠮᠵᠢᠶᠠᠵᠢᠭᠰᠠᠨ ᠲᠡᠵᠢᠬᠡᠨ ᠦᠷᠡᠵᠢᠬᠦᠯᠬᠦ ᠲᠠᠯᠠᠪᠠᠢ᠂ ᠠᠮᠢ ᠠᠬᠤᠢ ᠶᠢᠨ ᠬᠡᠷ ᠪᠦᠯᠢ | ᠶᠢᠨ ᠮᠠᠯᠵᠢᠯ ᠤᠨ ᠲᠠᠯᠠᠪᠠᠢ 12᠂ ᠫᠧᠩ ᠰᠠᠷᠠᠪᠴᠢ 9.04 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ | ᠪᠠᠶᠢᠭᠤᠯᠣᠭᠰᠠᠨ ᠪᠠᠶᠢᠨ᠎ᠠ᠃ ᠮᠠᠯ ᠠᠵᠣ ᠠᠬᠤᠢ ᠶᠢᠨ ᠵᠢᠯ ᠤᠨ ᠵᠣᠭᠰᠤᠭ᠎ᠠ ᠲᠤᠭ᠎ᠠ 248 ᠲᠦᠮᠡᠨ ᠲᠣᠯᠣᠭᠠᠢ᠂ | ᠠᠯᠠᠰᠢᠨ ᠦᠬᠡᠷ 14 ᠲᠦᠮᠡᠨ ᠲᠣᠯᠣᠭᠠᠢ᠂ ᠠᠯᠠᠰᠢᠨ ᠬᠤᠨᠢ 110 ᠲᠦᠮᠡᠨ ᠲᠣᠯᠣᠭᠠᠢ ᠬᠤᠳᠠᠯᠳᠣᠭᠰᠠᠨ ᠪᠠᠶᠢᠨ᠎ᠠ᠃ | ᠵᠣᠣ ᠣᠳᠠ ᠶᠢᠨ ᠠᠯᠠᠰᠢᠨ ᠬᠤᠨᠢ ᠶᠢ ᠲᠡᠵᠢᠬᠡᠨ ᠦᠷᠡᠵᠢᠬᠦᠯᠬᠦ ᠬᠡᠪᠴᠢᠶ᠎ᠡ ᠨᠢ 60 ᠲᠦᠮᠡᠨ ᠲᠣᠯᠣᠭᠠᠢ ᠶᠢ ᠲᠠᠪᠠᠵᠣ | ᠂ ᠭᠠᠯᠠᠭᠤ᠂ ᠲᠠᠣᠯᠠᠢ ᠵᠡᠷᠬᠡ ᠣᠨᠴᠠᠯᠢᠭᠳᠣ ᠲᠡᠵᠢᠬᠡᠨ ᠦᠷᠡᠵᠢᠬᠦᠯᠬᠦ ᠦᠢᠯᠡᠰ ᠨᠢ ᠬᠦᠭᠵᠢᠬᠡᠳ 30 ᠲᠦᠮᠡ ᠳᠤ | ᠬᠦᠷᠦᠭᠰᠡᠨ ᠪᠠᠶᠢᠨ᠎ᠠ᠃ ᠢᠣᠢ ᠿᠦᠨ ᠢᠳᠡᠬᠡᠨ ᠪᠤᠯᠪᠠᠰᠤᠷᠠᠭᠤᠯᠬᠤ ᠲᠦᠷᠦᠯ ᠵᠦᠢᠯ ᠨᠢ ᠮᠠᠯ ᠨᠢᠳᠣᠯᠠᠬᠤ | ᠲᠦᠬᠦᠬᠡᠷᠦᠮᠵᠢ ᠪᠠᠨ ᠣᠭᠰᠠᠷᠠᠭᠰᠠᠨ ᠪᠠᠶᠢᠨ᠎ᠠ᠃ ᠬᠠᠭᠤᠷᠠᠢ ᠬᠦᠷᠢᠶ᠎ᠡ ᠶᠢᠨ ᠮᠠᠯ ᠤᠨ ᠠᠷᠠᠯᠵᠢᠶᠠᠨ ᠤ ᠬᠦᠷᠢᠶᠡᠯᠡᠩ | ᠲᠣᠭᠤᠷᠢᠭ ᠤᠨ ᠮᠠᠯ ᠤᠨ ᠠᠰᠢᠭ ᠰᠢᠮ᠎ᠡ ᠶᠢ ᠪᠣᠷᠣᠯᠠᠭᠤᠯᠬᠤ ᠪᠠ ᠲᠠᠭᠠᠭᠤᠯᠬᠤ ᠦᠢᠯᠡᠳᠣᠯ ᠨᠢ ᠢᠯᠡᠷᠬᠡᠢ ᠪᠣᠯᠵᠣ᠂ 4. | 9 ᠲᠦᠮᠡᠨ ᠲᠣᠯᠣᠭᠠᠢ ᠮᠠᠯ ᠠᠷᠠᠯᠵᠢᠶᠠᠯᠠᠵᠣ᠂ 2 ᠳ᠋ᠦᠩᠰᠢᠭᠤᠷ ᠲᠦᠬᠦᠷᠢᠭ ᠤᠨ ᠠᠷᠠᠯᠵᠢᠶᠠᠨ ᠤ ᠦᠷᠳᠡᠭ ᠢ | ᠪᠡᠶᠡᠯᠡᠬᠦᠯᠦᠭᠰᠡᠨ ᠪᠦᠳᠦᠭᠡᠭᠰᠡᠨ ᠪᠠᠶᠢᠨ᠎ᠠ᠃ ᠬᠤᠳᠠ ᠶᠢᠨ ᠲᠠᠰ ᠠᠴᠠ ᠲᠡᠭᠡᠭᠰᠢᠬᠢ ᠠᠵᠣ ᠦᠢᠯᠡᠰᠵᠢᠭᠰᠡᠨ | ᠲᠣᠯᠣᠭᠠᠶᠢᠯᠠᠭᠴᠢ ᠠᠵᠣ ᠠᠬᠤᠶᠢᠯᠠᠯ 15 ᠨᠡᠮᠡᠭᠳᠡᠭᠰᠡᠨ ᠪᠠᠶᠢᠨ᠎ᠠ᠃ | ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠪᠦᠬᠦ ᠲᠠᠯ᠎ᠠ ᠪᠠᠷ ᠬᠦᠭᠵᠢᠪᠡ᠃ ᠭᠠᠯᠳᠠᠰᠣᠳᠠᠢ ᠷᠠᠰᠢᠶᠠᠨ ᠤ | ᠡᠮᠣᠨ᠎ᠡ ᠡᠷᠬᠢ ᠶᠢᠨ ᠭᠠᠯᠳᠠᠰᠣᠳᠠᠢ ᠬᠠᠯᠠᠭᠤᠨ ᠷᠠᠰᠢᠶᠠᠨ ᠤ ᠵᠢᠭᠤᠯᠴᠢᠯᠠᠯ ᠰᠡᠯᠡᠬᠦᠴᠡᠯ ᠤᠨ ᠲᠣᠭᠤᠷᠢᠭ ᠨᠢ Ⅰ | ᠬᠤᠭᠤᠴᠠᠭᠠᠨ ᠤ ᠭᠤᠣᠯ ᠴᠣᠭᠴᠠ ᠶᠢᠨ ᠪᠠᠷᠢᠯᠭ᠎ᠠ ᠪᠠᠨ ᠲᠠᠭᠤᠰᠬᠠᠵᠣ᠂ ᠬᠤᠩᠭᠤ ᠶᠢᠨ ᠲᠠᠪᠠᠭᠠᠨ ᠤ ᠣᠯᠠᠨ ᠣᠯᠣᠰ | ᠤᠨ ᠰᠡᠯᠡᠬᠦᠴᠡᠨ ᠵᠣᠭᠠᠴᠠᠬᠤ ᠲᠣᠭᠤᠷᠢᠭ ᠤᠨ ᠬᠤᠪᠢ ᠶᠢᠨ ᠲᠡᠷᠬᠡ ᠶᠢᠨ ᠵᠣᠭᠰᠣᠭᠠᠯ᠂ ᠲᠡᠷᠬᠡ ᠰᠣᠯᠢᠬᠤ ᠲᠦᠪ ᠨᠢ | ᠪᠠᠷᠢᠯᠭ᠎ᠠ ᠲᠠᠭᠤᠰᠬᠠᠵᠣ᠂ ᠵᠢᠭᠤᠯᠴᠢᠯᠠᠭᠰᠠᠳ ᠢ ᠬᠦᠯᠢᠶᠡᠨ ᠠᠪᠬᠤ ᠲᠦᠪ ᠶᠢᠨ ᠭᠤᠣᠯ ᠴᠣᠭᠴᠠ ᠪᠠ ᠲᠠᠯᠠᠢ ᠨᠠᠭᠤᠷ᠂ | ᠪᠠᠶ᠋ᠬᠠᠣᠪᠣᠭ᠎ᠠ ᠦᠵᠡᠮᠵᠢ ᠶᠢᠨ ᠣᠷᠣᠨ ᠤ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠣᠯᠳᠠ ᠨᠢ ᠪᠦᠬᠦᠨ | ᠢᠶᠠᠷ ᠢᠶᠠᠨ ᠪᠠᠷᠢᠯᠭ᠎ᠠ ᠲᠠᠭᠤᠰᠬᠠᠭᠰᠠᠨ ᠪᠠᠶᠢᠨ᠎ᠠ᠃ ︽ᠦᠵᠡᠰᠭᠦᠯᠡᠩᠳᠣ ᠰᠠᠶᠢᠬᠠᠨ ᠬᠡᠰᠢᠭᠳᠡᠨ︾ ᠹᠢᠯᠢᠮ ᠨᠢ ᠣᠯᠣᠰ | ᠤᠨ ᠲᠣᠳᠣᠭᠠᠳᠣ ᠶᠢᠨ ᠠᠩᠬᠠᠳᠠᠭᠴᠢ ᠲᠣᠮᠣ ᠬᠡᠯᠪᠡᠷᠢ ᠶᠢᠨ ᠪᠠᠶᠢᠭᠠᠯᠢ ᠠᠮᠢ ᠠᠬᠤᠢ ᠶᠢᠨ ᠪᠠᠷᠢᠮᠳᠠᠳᠣ ᠹᠢᠯᠢᠮ ᠤᠨ | ᠬᠤᠪᠢ ᠪᠠᠷ ᠲᠦᠪ ᠲᠧᠯᠸᠢᠰ ᠤᠨ ᠪᠠᠷᠢᠮᠳᠠᠳᠣ ᠹᠢᠯᠢᠮ ᠤᠨ ᠰᠣᠪᠠᠭ ᠢᠶᠠᠷ ᠨᠡᠪᠳᠡᠷᠡᠬᠦᠯᠦᠭᠰᠡᠨ ᠪᠠᠶᠢᠨ᠎ᠠ᠃ | ᠬᠤᠶᠠᠳᠣᠭᠠᠷ ᠬᠤᠭᠤᠴᠠᠭᠠᠨ ᠤ ᠬᠡᠰᠢᠭᠳᠡᠨ ᠤ ᠲᠠᠯ᠎ᠠ ᠨᠣᠳᠤᠭ ᠤᠨ ᠣᠭᠳᠠᠷᠭᠤᠢ ᠶᠢᠨ ᠨᠠᠭᠠᠳᠣᠮ᠂ ᠭᠤᠷᠪᠠᠳᠣᠭᠠᠷ | ᠬᠤᠭᠤᠴᠠᠭᠠᠨ ᠤ ᠦᠪᠦᠷ ᠮᠣᠩᠭᠤᠯ ᠤᠨ ᠲᠠᠯ᠎ᠠ ᠨᠣᠳᠤᠭ ᠤᠨ ᠰᠣᠶᠣᠯ ᠤᠨ ᠲᠠᠸᠠᠷ ᠤᠨ ᠴᠣᠭᠯᠠᠭ᠎ᠠ᠂ ᠨᠠᠢᠮᠠᠳᠣᠭᠠᠷ | ᠬᠤᠭᠤᠴᠠᠭᠠᠨ ᠤ ᠡᠪᠣᠯ ᠤᠨ ᠣᠯᠠᠷᠢᠯ ᠤᠨ ᠵᠢᠭᠤᠯᠴᠢᠯᠠᠯ ᠤᠨ ᠨᠠᠶᠢᠷ᠂ ᠦᠵᠡᠰᠬᠦᠯᠡᠩᠳᠣ ᠲᠣᠮᠳᠠᠳᠣ ᠣᠯᠣᠰ · | ᠣᠮᠠᠷᠠᠳᠣ ᠬᠢᠯᠢ ᠶᠢᠨ ᠦᠪᠦᠷ ᠮᠣᠩᠭᠤᠯ ᠤᠨ ᠣᠯᠠᠭᠠᠨᠬᠠᠳᠠ ᠠᠶᠠᠯᠠᠯ ᠵᠡᠷᠬᠡ ᠭᠤᠣᠯ ᠰᠡᠳᠣᠪᠳᠣ ᠠᠵᠢᠯᠯᠠᠭ᠎ᠠ ᠪᠡ | ᠪᠠᠶᠠᠷ ᠨᠠᠶᠢᠷ ᠤᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠣ᠂ ᠪᠦᠬᠦ ᠣᠯᠣᠰ ᠤᠨ ᠰᠡᠯᠡᠬᠦᠴᠡᠯ ᠲᠠᠷᠢᠶᠠᠯᠠᠩ ᠬᠢᠬᠡᠳ | ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠰᠢᠶᠡᠨ ᠳᠤ ᠲᠠᠪᠰᠢᠨ ᠣᠷᠣᠵᠣ᠂ ᠬᠡᠰᠢᠭᠳᠡᠨ | ᠵᠢᠭᠤᠯᠴᠢᠯᠠᠯ ᠤᠨ ᠨᠡᠷ᠎ᠡ ᠬᠦᠨᠳᠣ ᠶᠢ ᠣᠯᠠᠮ ᠨᠢᠬᠡ ᠠᠯᠬᠤᠮ ᠲᠡᠭᠡᠭᠰᠢᠯᠡᠬᠦᠯᠦᠭᠰᠡᠨ ᠪᠠᠶᠢᠨ᠎ᠠ᠃ ᠣᠯᠣᠰ ᠤᠨ 5A | ᠲᠠᠰ ᠤᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠠᠵᠢᠯ ᠪᠦᠬᠦ ᠲᠠᠯ᠎ᠠ ᠪᠠᠷ ᠡᠬᠢᠯᠡᠭᠰᠡᠨ ᠪᠠᠶᠢᠨ᠎ᠠ᠃ | ᠡᠪᠡᠰᠣᠨ ᠳᠤ ᠭᠤᠯᠭᠤᠬᠤ ᠲᠠᠯᠠᠪᠣᠷ᠂ ᠮᠣᠷᠢ ᠣᠨᠣᠭᠤᠯᠬᠤ ᠲᠠᠯᠠᠪᠣᠷ᠂ ᠮᠠᠯᠴᠢᠨ ᠠᠶᠢᠯ ᠤᠨ ᠪᠠᠶᠠᠰᠣᠯ ᠵᠡᠷᠭᠡ ᠬᠠᠣᠯᠢ | ᠪᠣᠰᠣ ᠪᠠᠷ ᠡᠷᠬᠢᠯᠡᠭᠰᠡᠨ ᠲᠠᠯᠠᠪᠣᠷ ᠢ 38 ᠶᠢ ᠴᠡᠪᠡᠷᠯᠡᠵᠣ᠂ ᠵᠢᠭᠤᠯᠴᠢᠯᠠᠯ ᠤᠨ ᠡᠮᠬᠢ ᠲᠢᠭᠯᠢᠮ ᠡᠳᠦᠷ ᠢᠷᠡᠬᠦᠶ᠎ᠡ | ᠲᠦᠷᠢᠮᠵᠢᠵᠣ ᠪᠠᠶᠢᠨ᠎ᠠ᠃ ᠪᠦᠬᠦ ᠵᠢᠯ ᠳᠤ ᠣᠯᠣᠰ ᠤᠨ ᠲᠣᠳᠣᠭᠠᠳᠣ ᠭᠠᠳᠠᠭᠠᠳᠣ ᠶᠢᠨ ᠵᠢᠭᠤᠯᠴᠢᠯᠠᠭᠰᠠᠳ ᠢ 390 | ᠲᠦᠮᠡᠨ ᠬᠦᠮᠦᠨ ᠣᠳᠠᠭ᠎ᠠ ᠬᠦᠯᠢᠶᠡᠨ ᠠᠪᠴᠣ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 24.6 ᠳ᠋ᠦᠩᠰᠢᠭᠤᠷ | ᠲᠦᠭᠦᠷᠢᠭ ᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ ᠲᠣᠰᠪᠣᠷᠢ 21.9% ᠪᠡ 23% ᠪᠠᠷ | ᠨᠡᠮᠡᠭᠳᠡᠭᠰᠡᠨ ᠪᠠᠶᠢᠨ᠎ᠠ᠃ ᠢᠳᠡᠬᠡᠨ ᠣᠮᠳᠠᠭᠠᠨ᠂ ᠪᠠᠷᠠᠭᠠᠨ ᠤ ᠬᠦᠢᠯᠬᠡᠬᠡ᠂ ᠮᠦᠩᠬᠦᠨ ᠬᠦᠢᠯᠬᠡᠬᠡ ᠵᠡᠷᠬᠡ | ᠦᠢᠯᠡᠴᠢᠯᠡᠬᠡᠨ ᠤ ᠬᠦᠭᠵᠢᠯᠳᠡ ᠮᠠᠰᠢ ᠲᠦᠷᠬᠡᠨ ᠪᠠᠶᠢᠵᠣ᠂ ᠨᠡᠶᠢᠬᠡᠮ ᠲᠣᠭᠤᠷᠢᠭ ᠤᠨ ᠠᠷᠠᠳ ᠲᠤ ᠲᠦᠬᠦᠮ | ᠦᠵᠡᠬᠦᠯᠬᠦ ᠢᠳᠡᠰᠢᠨ ᠨᠣᠭᠤᠭᠠᠨ ᠤ ᠲᠡᠯᠬᠡᠬᠦᠷ ᠪᠡ ᠬᠤᠯᠪᠣᠭᠠᠳᠣ ᠴᠢᠯᠦᠬᠡᠳᠣ ᠲᠡᠯᠬᠡᠭᠦᠷ ᠢ 59 ᠶᠢ ᠰᠢᠨ᠎ᠡ ᠪᠠᠷ | ᠪᠠᠶᠢᠭᠤᠯᠣᠭᠰᠠᠨ ᠪᠣᠶᠣ ᠦᠷᠭᠡᠳᠬᠡᠨ ᠪᠠᠶᠢᠭᠤᠯᠪᠠ᠃ ᠰᠠᠶᠢᠬᠠᠨ ᠲᠠᠷᠢᠶᠠᠯᠠᠩ ᠤᠨ ᠲᠣᠰᠠᠯᠠᠬᠤ ᠦᠢᠯᠡᠳᠬᠦᠨ ᠤ | ᠠᠷᠠᠯᠵᠢᠶ᠎ᠠ ᠶᠢᠨ ᠵᠠᠬ᠎ᠠ ᠲᠡᠯᠬᠡᠬᠦᠷ ᠪᠠ ᠲᠠᠬᠢᠨ ᠡᠬᠦᠰᠬᠦᠶᠢᠴᠡ ᠡᠬᠢ ᠪᠠᠶᠠᠯᠢᠭ ᠢ ᠪᠣᠴᠠᠭᠠᠨ ᠠᠰᠢᠭᠯᠠᠬᠤ ᠵᠠᠬ᠎ᠠ | ᠲᠡᠯᠬᠡᠬᠦᠷ ᠤᠨ ᠪᠦᠳᠦᠬᠡᠨ ᠪᠠᠶᠢᠭᠤᠯᠣᠯᠳᠠ ᠶᠢ ᠪᠡᠶᠡᠯᠡᠬᠦᠯᠪᠡ᠃ | ︵ᠭᠤᠷᠪᠠ︶ ᠬᠤᠳᠠ ᠬᠦᠳᠡᠭᠡ ᠶᠢᠨ ᠪᠦᠳᠦᠭᠡᠨ ᠪᠠᠶᠢᠭᠤᠯᠣᠯᠳᠠ ᠶᠢ ᠬᠦᠴᠦᠳᠡᠢ ᠠᠬᠢᠭᠤᠯᠪᠠ᠃ ᠵᠢᠭᠤᠯᠴᠢᠯᠠᠯ | ᠤᠨ ᠬᠤᠳᠠᠯᠳᠣᠭᠠᠨ ᠤ ᠲᠠᠯᠠᠪᠠᠢ ᠶᠢᠨ Ⅰ ᠬᠤᠭᠤᠴᠠᠭᠠᠨ ᠤ ᠪᠠᠷᠢᠯᠭ᠎ᠠ ᠪᠣᠯᠣᠨ ᠸᠧᠺᠲ᠋ᠣᠷᠢ ᠬᠤᠳᠠᠯᠳᠣᠭᠠᠨ ᠤ | ᠲᠠᠯᠠᠪᠠᠢ ᠶᠢᠨ ᠭᠤᠣᠯ ᠴᠣᠭᠴᠠ ᠶᠢᠨ ᠪᠠᠷᠢᠯᠭ᠎ᠠ ᠶᠢ ᠲᠠᠭᠤᠰᠬᠠᠵᠣ᠂ ᠰᠢᠷᠠᠮᠦ᠋ᠷᠡᠨ ᠬᠤᠳᠠᠯᠳᠣᠭᠠᠨ ᠤ ᠲᠠᠯᠠᠪᠠᠢ ᠶᠢᠨ | Ⅰ ᠬᠤᠭᠤᠴᠠᠭᠠᠨ ᠤ ᠪᠠᠷᠢᠯᠭ᠎ᠠ ᠲᠠᠭᠤᠰᠴᠣ ᠡᠵᠡᠩᠨᠡᠵᠣ ᠡᠬᠢᠯᠡᠭᠰᠡᠨ ᠪᠠᠶᠢᠨ᠎ᠠ᠃194 ᠡᠷᠦᠭᠡ ᠲᠠᠢ ᠪᠠᠶᠢᠰᠢᠩ ᠬᠡᠷ | ᠤᠨ ᠲᠣᠭᠤᠷᠢᠭ ᠤᠨ ᠦᠬᠡᠷᠡᠴᠢᠯᠡᠯᠳᠡ ᠳᠤ ᠬᠡᠷ ᠬᠦᠷᠦᠩᠬᠡ ᠲᠠᠳᠠᠪᠣᠷᠢᠯᠠᠭᠰᠠᠨ ᠨᠦᠬᠦᠪᠣᠷᠢ ᠶᠢᠨ ᠬᠡᠯᠡᠯᠴᠡᠬᠡᠷ ᠢ | ᠲᠣᠭᠳᠠᠵᠣ᠂ ᠬᠡᠷ ᠬᠦᠷᠦᠩᠬᠡ ᠶᠢᠨ ᠪᠡᠯᠡᠨ ᠬᠡᠷ ᠢ 40 ᠲᠦᠮᠡᠨ ᠲᠡᠭᠰᠢ ᠲᠦᠷᠪᠡᠯᠵᠢᠨ ᠮᠧᠲᠷ ᠲᠣᠰᠢᠶᠠᠵᠣ᠂ | ᠰᠠᠭᠤᠭᠠᠯᠢ ᠲᠣᠭᠤᠷᠢᠭ ᠤᠨ ᠡᠨᠧᠷᠬᠢ ᠠᠷᠪᠢᠯᠠᠵᠣ ᠦᠬᠡᠷᠡᠴᠢᠯᠡᠭᠰᠡᠨ ᠨᠢ 18 ᠲᠦᠮᠡᠨ ᠲᠡᠭᠰᠢ ᠲᠦᠷᠪᠡᠯᠵᠢᠨ ᠮᠧᠲᠷ᠂ | ᠵᠡᠬᠡᠯᠢ ᠭᠤᠳᠣᠮᠵᠢ ᠶᠢ ᠬᠠᠳᠠᠭᠤᠷᠠᠭᠤᠯᠣᠭᠰᠠᠨ ᠨᠢ 1.1 ᠲᠦᠮᠡᠨ ᠲᠡᠭᠰᠢ ᠲᠦᠷᠪᠡᠯᠵᠢᠨ ᠮᠧᠲᠷ᠂ | ᠨᠣᠭᠤᠭᠠᠷᠠᠭᠤᠯᠣᠭᠰᠠᠨ ᠨᠢ 7 ᠲᠦᠮᠡᠨ ᠲᠡᠭᠰᠢ ᠲᠦᠷᠪᠡᠯᠵᠢᠨ ᠮᠧᠲᠷ᠃ ᠪᠢᠷᠠᠭᠤ ᠢᠯᠴᠢ ᠴᠠᠬᠢᠯᠭᠠᠨ ᠢ ᠵᠡᠷᠭᠡᠪᠡᠷ | ᠦᠢᠯᠡᠳᠪᠤᠷᠢᠯᠡᠬᠦ ᠲᠦᠷᠦᠯ ᠵᠦᠢᠯ ᠤᠨ ᠡᠮᠣᠨᠡᠬᠢ ᠬᠤᠭᠤᠴᠠᠭᠠᠨ ᠤ ᠠᠵᠢᠯ ᠢ ᠪᠠᠳᠣᠳᠠᠢ ᠠᠬᠢᠭᠤᠯᠵᠣ᠂ ᠰᠢᠳᠠᠮᠠᠬᠠᠢ | ᠬᠡᠢ ᠶᠢᠨ ᠢᠨᠵᠧᠨᠧᠷᠢᠩ ᠤᠨ ᠲᠦᠪᠯᠡᠷᠡᠬᠦᠯᠦᠨ ᠬᠡᠢ ᠬᠠᠩᠭᠠᠬᠤ ᠨᠦᠬᠦᠴᠡᠯ ᠢ ᠪᠦᠷᠢᠯᠳᠦᠬᠦᠯᠵᠣ᠂ ᠪᠣᠵᠠᠷ ᠣᠰᠣ ᠶᠢ | ᠰᠢᠢᠳᠪᠣᠷᠢᠯᠡᠬᠦ ᠦᠢᠯᠡᠳᠪᠣᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠦᠬᠡᠷᠡᠴᠢᠯᠡᠬᠦ ᠢᠨᠵᠧᠨᠧᠷᠢᠩ ᠲᠣᠷᠰᠢᠨ | ᠠᠵᠢᠯᠯᠠᠭᠰᠠᠨ ᠪᠠᠶᠢᠨ᠎ᠠ᠃ ᠭᠠᠯᠳᠠᠰᠣᠳᠠᠢ ᠷᠠᠰᠢᠶᠠᠨ ᠤ ᠲᠠᠪᠣᠨ ᠣᠳᠣᠨ ᠲᠠᠰ ᠤᠨ ᠬᠠᠯᠠᠭᠤᠨ ᠷᠠᠰᠢᠶᠠᠨ ᠤ | ᠬᠤᠳᠠᠯᠳᠣᠭᠠᠨ ᠤ ᠶᠠᠪᠣᠳᠠᠯ ᠤᠨ ᠪᠠᠭᠤᠳᠠᠯ᠂ ᠯᠦᠩ ᠮᠣ᠋ ᠸᠠᠨ ᠬᠠᠯᠠᠭᠤᠨ ᠷᠠᠰᠢᠶᠠᠨ ᠤ ᠪᠠᠭᠤᠳᠠᠯ᠂ ᠰᠢᠨ ᠬᠠᠢ | ᠪᠠᠭᠤᠳᠠᠯ ᠤᠨ ᠭᠤᠣᠯ ᠴᠣᠭᠴᠠ ᠶᠢᠨ ᠪᠠᠷᠢᠯᠭ᠎ᠠ ᠲᠠᠭᠤᠰᠪᠠ᠃ ᠮᠠᠯᠵᠢᠬᠤ ᠲᠠᠷᠢᠶᠠᠯᠠᠬᠤ ᠣᠷᠣᠨ ᠤ 681 ᠡᠷᠦᠬᠡ | ᠶᠢᠨ ᠠᠶᠣᠯᠳᠠᠢ ᠬᠡᠷ ᠪᠠᠷᠢᠯᠭ᠎ᠠ ᠶᠢ ᠦᠬᠡᠷᠡᠴᠢᠯᠡᠨ ᠵᠠᠰᠠᠪᠠ᠃ ᠬᠤᠳᠠ ᠶᠢᠨ ᠬᠠᠮᠢᠶᠠᠷᠣᠯᠳᠠ ᠶᠢᠨ ᠬᠦᠴᠦᠯᠡᠴᠡ | ᠲᠠᠰᠣᠷᠠᠯᠳᠠ ᠦᠬᠡᠢ ᠨᠡᠮᠡᠭᠳᠡᠵᠣ᠂ ᠬᠤᠳᠠ ᠶᠢᠨ ᠦᠩᠬᠡ ᠲᠦᠷᠰᠦ ᠢᠯᠡᠳᠳᠡ ᠰᠠᠶᠢᠵᠢᠷᠠᠪᠠ᠃ ᠳ᠋ᠠᠨᠳᠦ᠋ᠩ ᠠᠴᠠ | ᠰᠢᠯᠢᠩᠬᠤᠳᠠ ᠬᠦᠷᠬᠦ ᠬᠡᠰᠡᠭ ᠤᠨ ᠦᠨᠳᠦᠷ ᠬᠤᠷᠳᠣᠴᠠᠳᠣ ᠵᠠᠰᠠᠮᠠᠯ ᠵᠠᠮ᠂ ᠵᠢᠨᠢᠩ ᠠᠴᠠ ᠲᠦᠩᠯᠢᠶᠣᠣ ᠬᠦᠷᠬᠦ ᠲᠡᠮᠣᠷ | ᠵᠠᠮ ᠤᠨ ᠲᠠᠪᠬᠤᠷ ᠱᠣᠭᠤᠮ ᠤᠨ ᠬᠦᠨᠴᠦᠬᠡᠨ ᠠᠴᠠ ᠮᠦᠩᠬᠦᠨᠳᠠᠯᠠ ᠬᠦᠷᠳᠡᠯᠡᠬᠢ ᠬᠡᠰᠡᠭ ᠤᠨ ᠲᠡᠮᠣᠷ ᠵᠠᠮ ᠤᠨ | ᠪᠠᠷᠢᠯᠭ᠎ᠠ ᠡᠬᠢᠯᠡᠨ ᠪᠦᠳᠦᠬᠡᠨ ᠪᠠᠶᠢᠭᠤᠯᠵᠣ᠂ S304 ᠵᠠᠰᠠᠮᠠᠯ ᠵᠠᠮ ᠤᠨ ᠲᠡᠩᠨᠡᠬᠦᠷ ᠤᠨ ᠭᠤᠣᠯ ᠠᠴᠠ | ᠣᠯᠠᠭᠠᠨᠪᠣᠳᠣᠩ ᠬᠦᠷᠬᠦ ᠬᠤᠶᠠᠳᠣᠭᠠᠷ ᠲᠡᠰ ᠤᠨ ᠵᠠᠰᠠᠮᠠᠯ ᠵᠠᠮ ᠪᠣᠯᠣᠨ 80.35 ᠺᠢᠯᠣᠮᠧᠲᠷ ᠤᠨ ᠲᠣᠰᠬᠤᠨ ᠳᠤ | ᠨᠡᠪᠳᠡᠷᠡᠬᠦ ᠴᠠᠷᠳᠠᠮᠠᠯ ᠵᠠᠮ ᠪᠠᠷᠢᠯᠭ᠎ᠠ ᠲᠠᠭᠤᠰᠴᠣ ᠲᠡᠷᠭᠡ ᠨᠡᠪᠳᠡᠷᠡᠪᠡ᠃ 3 ᠬᠦᠴᠦᠳᠡᠯ ᠬᠤᠪᠢᠰᠬᠠᠬᠤ ᠦᠷᠳᠡᠭᠡ | ᠪᠠᠶᠢᠭᠤᠯᠵᠣ᠂ ᠲᠠᠷᠢᠶᠠᠯᠠᠩ ᠤᠨ ᠴᠠᠬᠢᠯᠭᠠᠨ ᠤ ᠲᠣᠣᠷᠵᠢᠯ ᠤᠨ ᠴᠠᠬᠢᠯᠠᠭᠠᠨ ᠢ 370 ᠺᠢᠯᠣᠮᠧᠲᠷ ᠦᠬᠡᠷᠡᠴᠢᠯᠡᠨ | ᠰᠠᠶᠢᠵᠢᠷᠠᠭᠤᠯᠪᠠ᠃ 4G ᠨᠡᠬᠦᠳᠡᠯ ᠬᠤᠯᠪᠣᠭᠠᠨ ᠤ ᠰᠠᠭᠤᠷᠢ ᠦᠷᠳᠡᠭᠡ ᠶᠢ 58 ᠰᠠᠭᠤᠷᠢ ᠪᠠᠶᠢᠭᠤᠯᠵᠣ᠂ ᠬᠡᠷᠡᠯᠯᠢᠭ | ᠣᠳᠠᠰᠣ ᠶᠢ 990 ᠺᠢᠯᠣᠮᠧᠲᠷ ᠨᠡᠪᠳᠡᠷᠡᠭᠦᠯᠦᠭᠰᠡᠨ ᠪᠠᠶᠢᠨ᠎ᠠ᠃ | ︵ᠲᠦᠷᠪᠡ︶ ᠬᠦᠭᠵᠢᠯᠳᠡ ᠶᠢᠨ ᠠᠮᠢᠵᠢᠷᠠᠯ ᠤᠨ ᠬᠦᠴᠦᠨ ᠲᠠᠰᠣᠷᠠᠯᠳᠠ ᠦᠬᠡᠢ ᠴᠢᠩᠭᠠᠷᠠᠪᠠ᠃ ᠲᠡᠭᠡᠳᠣ | ᠱᠠᠳᠣᠨ ᠤ ᠲᠣᠷᠣᠭᠰᠢ ᠪᠠᠭᠤᠯᠭᠠᠨ ᠬᠢᠨᠠᠨ ᠵᠦᠪᠰᠢᠶᠡᠷᠡᠬᠦᠯᠬᠦ 76 ᠵᠦᠢᠯ ᠤᠨ ᠬᠡᠷᠡᠭ ᠣᠴᠢᠷ ᠢ ᠬᠦᠯᠢᠶᠡᠨ ᠠᠪᠴᠣ | ᠰᠢᠢᠳᠪᠣᠷᠢᠯᠡᠪᠡ᠃ ᠨᠡᠶᠢᠬᠡᠮ ᠤᠨ ᠪᠡᠯᠡ ᠮᠦᠩᠬᠦ ᠶᠢ ᠠᠰᠢᠭᠯᠠᠨ ᠪᠠᠶᠢᠰᠢᠩ ᠬᠡᠷ ᠤᠨ ᠲᠣᠭᠤᠷᠢᠭ ᠢ ᠦᠬᠡᠷᠡᠴᠢᠯᠡᠨ | ᠵᠠᠰᠠᠬᠤ ᠪᠡ ᠠᠵᠣ ᠦᠢᠯᠡᠳᠪᠣᠷᠢ ᠶᠢᠨ ᠬᠦᠷᠢᠶᠡᠯᠡᠩ ᠲᠣᠭᠤᠷᠢᠭ ᠤᠨ ᠪᠦᠳᠦᠬᠡᠨ ᠪᠠᠶᠢᠭᠤᠯᠣᠯᠳᠠ ᠶᠢᠨ ᠬᠠᠮᠢᠶᠠᠷᠣᠯᠳᠠ | ᠶᠢᠨ ᠠᠷᠭ᠎ᠠ ᠶᠢ ᠵᠢᠩᠬᠢᠨᠢ ᠪᠠᠷ ᠲᠣᠭᠳᠠᠭᠠᠪᠠ᠃ ᠡᠷᠡᠬᠦᠯ ᠬᠠᠮᠠᠭᠠᠯᠠᠯ᠂ ᠲᠦᠯᠦᠪᠯᠡᠬᠡᠳᠣ ᠦᠷᠡᠵᠢᠯ᠂ ᠡᠮ ᠤᠨ ᠵᠦᠢᠯ | ᠳᠤ ᠬᠢᠨᠠᠯᠳᠠ ᠲᠠᠯᠪᠢᠬᠤ᠂ ᠠᠵᠣ ᠦᠢᠯᠡᠳᠪᠣᠷᠢ ᠬᠤᠳᠠᠯᠳᠤᠭ᠎ᠠ᠂ ᠶᠠᠰᠣ ᠴᠢᠨᠠᠷ ᠲᠤ ᠬᠢᠨᠠᠯᠳᠠ ᠲᠠᠯᠪᠢᠬᠤ ᠵᠡᠷᠭᠡ | ᠰᠠᠯᠠᠭ᠎ᠠ ᠮᠦᠴᠢᠷ ᠤᠨ ᠪᠠᠶᠢᠭᠤᠯᠣᠮᠵᠢ ᠶᠢᠨ ᠦᠬᠡᠷᠡᠴᠢᠯᠡᠯᠳᠡ ᠶᠢ ᠠᠮᠵᠢᠯᠳᠠ ᠲᠠᠢ ᠪᠡᠶᠡᠯᠡᠬᠦᠯᠪᠡ᠃ ᠣᠯᠣᠰ ᠤᠨ | ᠦᠮᠴᠢᠯᠡᠯᠳᠣ ᠣᠢ ᠰᠢᠭᠤᠢ ᠶᠢᠨ ᠲᠠᠯᠠᠪᠠᠢ ᠶᠢᠨ ᠶᠡᠷᠦᠩᠬᠡᠶᠢᠯᠡᠭᠰᠡᠨ ᠲᠦᠬᠦᠷᠵᠢᠭᠰᠡᠨ ᠲᠣᠷᠰᠢᠯᠳᠠ ᠶᠢᠨ ᠴᠢᠭ᠋ ᠤᠨ | ᠦᠬᠡᠷᠡᠴᠢᠯᠡᠯᠳᠡ ᠶᠢ ᠡᠮᠬᠢ ᠴᠡᠭᠴᠡᠳᠡᠢ ᠠᠬᠢᠭᠤᠯᠪᠠ᠃ ᠲᠣᠮᠳᠠᠳᠣ ᠣᠯᠣᠰ ᠤᠨ ᠲᠡᠷᠢᠶᠠᠯᠠᠩ ᠤᠨ ᠶᠡᠭᠡ ᠰᠣᠷᠭᠠᠭᠤᠯᠢ | ᠶᠢᠨ ᠬᠡᠰᠢᠭᠳᠡᠨ ᠬᠤᠰᠢᠭᠤᠨ ᠳᠠᠬᠢ ᠫᠷᠣᠹᠧᠰᠰᠣᠷ ᠤᠨ ᠠᠵᠢᠯᠯᠠᠬᠤ ᠦᠷᠳᠡᠭᠡ ᠨᠢ ᠵᠢᠩᠬᠢᠨᠢ ᠪᠠᠷ ᠪᠠᠶᠢᠭᠤᠯᠣᠭᠳᠠᠭᠰᠠᠨ | ᠪᠠᠶᠢᠨ᠎ᠠ᠃ ᠮᠣᠩᠭᠤᠯ ᠣᠯᠣᠰ ᠤᠨ ᠠᠷᠣ ᠬᠠᠩᠭᠠᠢ ᠠᠶᠢᠮᠠᠭ ᠤᠨ ᠴᠡᠴᠡᠷᠯᠢᠭ ᠬᠤᠳᠠ ᠲᠠᠢ ᠨᠦᠭᠦᠷᠰᠡᠭ ᠭᠠᠵᠠᠷ | ᠣᠷᠣᠨ ᠤ ᠬᠠᠷᠢᠴᠠᠭ᠎ᠠ ᠪᠠᠶᠢᠭᠤᠯᠪᠠ᠃ ᠨᠡᠬᠦᠷᠡᠰᠣ ᠬᠢᠮᠢ ᠶᠢᠨ ᠠᠵᠣ ᠦᠢᠯᠡᠳᠪᠣᠷᠢ᠂ ᠵᠢᠭᠤᠯᠴᠢᠯᠠᠯ ᠵᠡᠷᠭᠡ ᠬᠦᠷᠢᠶᠡᠨ | ᠳᠠᠬᠢ ᠲᠣᠰᠬᠠᠢ ᠲᠦᠷᠦᠯ ᠤᠨ ᠲᠠᠨᠢᠯᠴᠠᠭᠤᠯᠬᠤ ᠠᠵᠢᠯᠯᠠᠭ᠎ᠠ ᠶᠢ ᠠᠮᠵᠢᠯᠳᠠ ᠲᠠᠢ ᠡᠷᠬᠢᠯᠡᠵᠣ᠂ ᠪᠡᠬᠡᠵᠢᠩ ᠦᠪᠦᠷ | ᠮᠣᠩᠭᠤᠯ ᠤᠨ ᠠᠵᠢᠯ ᠲᠦᠷᠦᠯ ᠢᠶᠠᠷ ᠬᠠᠪᠰᠣᠷᠣᠯᠴᠠᠬᠤ 600 ᠲᠦᠮᠡᠨ ᠲᠦᠬᠦᠷᠢᠭ ᠤᠨ ᠪᠡᠯᠡ ᠮᠦᠩᠬᠦ ᠶᠢ ᠲᠡᠮᠡᠴᠡᠨ | ᠣᠯᠵᠣ᠂ ᠣᠯᠣᠰ ᠤᠨ ᠲᠣᠳᠣᠭᠠᠳᠣ ᠣᠷᠣᠨ ᠤ ᠭᠠᠳᠠᠨᠠᠬᠢ ᠪᠡᠯᠡ ᠮᠦᠩᠬᠦ ᠶᠢ 50 ᠳ᠋ᠦᠩᠰᠢᠭᠤᠷ ᠲᠦᠬᠦᠷᠢᠭ | ᠨᠠᠶᠢᠳᠠᠪᠣᠷᠢᠵᠢᠭᠤᠯᠣᠭᠰᠠᠨ ᠪᠠᠶᠢᠨ᠎ᠠ᠃ | ︵ᠲᠠᠪᠤ︶ ᠠᠷᠠᠳ ᠤᠨ ᠠᠮᠢᠳᠣᠷᠠᠯ ᠤᠨ ᠪᠠᠳᠣᠯᠠᠭ᠎ᠠ ᠦᠷᠬᠦᠯᠵᠢᠯᠡᠨ ᠴᠢᠩᠭᠠᠷᠠᠪᠠ᠃ ᠠᠷᠠᠳ ᠤᠨ ᠠᠮᠢᠳᠣᠷᠠᠯ | ᠤᠨ ᠬᠦᠷᠢᠶ᠎ᠡ ᠬᠡᠪᠴᠢᠶᠡᠨ ᠳᠤ 15.56 ᠳ᠋ᠦᠩᠰᠢᠭᠤᠷ ᠲᠦᠬᠦᠷᠢᠭ ᠪᠡᠯᠡ ᠣᠷᠣᠭᠤᠯᠵᠣ᠂ ᠡᠳ᠋ ᠤᠨ ᠵᠠᠰᠠᠭ ᠤᠨ | ᠵᠠᠷᠣᠯᠭ᠎ᠠ ᠶᠢᠨ 64.5% ᠶᠢ ᠡᠵᠡᠯᠡᠵᠣ ᠪᠣᠢ᠃ ᠨᠢᠭᠡ ᠵᠢᠯ ᠤᠨ ᠠᠷᠠᠳ ᠲᠤ ᠬᠠᠷᠠᠭᠠᠯᠵᠠᠯ ᠦᠵᠡᠬᠦᠯᠬᠦ ᠠᠵᠢᠯ ᠪᠦᠬᠦ | ᠲᠠᠯ᠎ᠠ ᠪᠠᠷ ᠨᠠᠶᠢᠳᠠᠪᠣᠷᠢᠵᠢᠭᠳᠠᠪᠠ᠃ 1 ᠠᠳᠠᠯ ᠪᠣᠰᠬᠠᠭᠴᠢᠳ ᠢ ᠪᠣᠯᠪᠠᠰᠣᠷᠠᠭᠤᠯᠣᠨ ᠬᠦᠮᠦᠵᠢᠬᠦᠯᠬᠦ ᠰᠠᠭᠤᠷᠢᠨ | ᠭᠠᠵᠠᠷ ᠢ ᠰᠢᠨ᠎ᠠ ᠪᠠᠷ ᠪᠠᠶᠢᠭᠤᠯᠵᠣ᠂ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠣᠨ ᠤ ᠠᠵᠢᠯ ᠣᠯᠣᠭᠰᠠᠳ | 2272 ᠬᠦᠮᠦᠨ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠣᠷᠢ ᠬᠦᠴᠦᠨ ᠢ ᠰᠢᠯᠵᠢᠬᠦᠯᠦᠨ ᠠᠵᠢᠯ ᠣᠯᠭᠤᠭᠰᠠᠨ | ᠨᠢ 3.6 ᠲᠦᠮᠨᠨ ᠬᠦᠮᠦᠨ᠂ ᠠᠳᠠᠯ ᠪᠣᠰᠬᠠᠬᠤ ᠪᠠᠭ᠎ᠠ ᠬᠡᠮᠵᠢᠶᠡᠨ ᠤ ᠬᠦᠦ ᠦᠬᠡᠢ ᠵᠢᠬᠡᠯᠡᠯᠬᠡ ᠶᠢ 1086 ᠲᠦᠮᠡᠨ | ᠲᠦᠬᠦᠷᠢᠭ ᠲᠠᠷᠬᠠᠭᠠᠵᠣ᠂ ︽ᠠᠵᠢᠯ ᠦᠬᠡᠢ ᠬᠡᠷ ᠪᠦᠯᠢ︾ ᠳᠤ ᠬᠦᠳᠡᠯᠦᠩᠬᠦᠢ ᠪᠠᠷ ᠠᠵᠢᠯ ᠣᠯᠭᠤᠭᠰᠠᠨ ᠪᠠᠶᠢᠨ᠎ᠠ᠃ | ᠬᠤᠳᠠ ᠬᠦᠳᠡᠭᠡ ᠶᠢᠨ ᠨᠠᠭᠠᠳᠣ ᠵᠠᠬ᠎ᠠ ᠶᠢᠨ ᠠᠮᠢᠳᠣᠷᠠᠯ ᠤᠨ ᠪᠠᠳᠣᠯᠠᠭ᠎ᠠ ᠲᠠᠢ ᠡᠷᠦᠬᠡ ᠶᠢ ᠲᠠᠩᠰᠠᠯᠠᠨ ᠬᠠᠷᠭᠤᠭᠤᠯᠬᠤ | ᠠᠵᠢᠯ ᠢ ᠪᠦᠬᠦᠨ ᠢ ᠪᠡᠶᠡᠯᠡᠬᠦᠯᠵᠣ᠂ ᠡᠯ᠎ᠡ ᠲᠦᠷᠦᠯ ᠤᠨ ᠪᠠᠳᠣᠯᠠᠭ᠎ᠠ ᠪᠠ ᠠᠪᠣᠷᠠᠨ ᠲᠣᠰᠠᠯᠠᠬᠤ ᠪᠡᠯᠡ ᠮᠦᠩᠬᠦ ᠶᠢ | ᠨᠡᠶᠢᠳᠡ 1.03 ᠳ᠋ᠦᠩᠰᠢᠭᠤᠷ ᠲᠦᠬᠦᠷᠢᠭ ᠲᠠᠷᠬᠠᠭᠠᠭᠰᠠᠨ ᠪᠠᠶᠢᠨ᠎ᠠ᠃ ᠡᠯ᠎ᠡ ᠲᠦᠷᠦᠯ ᠤᠨ ᠨᠡᠶᠢᠬᠡᠮ ᠤᠨ ᠲᠠᠭᠠᠳᠬᠠᠯ | ᠳᠤ ᠣᠷᠣᠯᠴᠠᠭᠰᠠᠳ ᠨᠡᠶᠢᠳᠡ 19.3 ᠲᠦᠮᠡᠨ ᠬᠦᠮᠦᠨ ᠣᠳᠠᠭ᠎ᠠ ᠳᠤ ᠬᠦᠷᠴᠦ᠂ 3.43 ᠳ᠋ᠦᠩᠰᠢᠭᠤᠷ ᠲᠦᠭᠦᠷᠢᠭ | ᠤᠨ ᠰᠠᠭᠤᠷᠢ ᠮᠦᠩᠬᠦ ᠲᠣᠰᠢᠶᠠᠪᠠ᠃ ᠰᠢᠨ᠎ᠡ ᠮᠠᠯᠵᠢᠬᠤ ᠲᠠᠷᠢᠶᠠᠯᠠᠬᠤ ᠣᠷᠣᠨ ᠪᠣᠯᠣᠨ ᠬᠤᠳᠠ ᠪᠠᠯᠭᠠᠰᠣ ᠶᠢᠨ | ᠰᠠᠭᠤᠭᠠᠯᠢ ᠠᠷᠠᠳ ᠤᠨ ᠦᠨᠳᠦᠰᠦᠨ ᠨᠠᠰᠣᠵᠢᠯ ᠤᠨ ᠲᠠᠭᠠᠳᠬᠠᠯ ᠤᠨ ᠮᠦᠩᠬᠦ ᠶᠢ 2439 ᠲᠦᠮᠡᠨ ᠲᠦᠬᠦᠷᠢᠭ᠂ | ᠪᠣᠰᠣᠳ ᠲᠠᠭᠠᠳᠬᠠᠯ ᠤᠨ ᠪᠠᠳᠣᠯᠠᠭ᠎ᠠ ᠶᠢᠨ ᠮᠦᠩᠬᠦ 2.76 ᠳ᠋ᠦᠩᠰᠢᠭᠤᠷ ᠲᠦᠬᠦᠷᠢᠭ ᠲᠠᠷᠬᠠᠭᠠᠪᠠ᠃ ᠰᠢᠨ᠎ᠡ | ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠡᠮᠨᠡᠯᠬᠡ ᠳᠤ ᠣᠷᠣᠯᠴᠠᠭᠰᠠᠨ ᠬᠦᠮᠦᠨ ᠤ ᠲᠤᠭ᠎ᠠ 17.9 ᠲᠦᠮᠡᠨ | ᠬᠦᠮᠦᠨ ᠳᠤ ᠬᠦᠷᠴᠦ᠂ ᠡᠮ ᠡᠮᠨᠡᠯᠬᠡ ᠶᠢᠨ ᠰᠦᠢᠳᠬᠡᠯ ᠢ 6523.34 ᠲᠦᠮᠡᠨ ᠲᠦᠬᠦᠷᠢᠭ ᠲᠠᠩᠰᠠᠨ ᠠᠴᠠ | ᠲᠠᠶᠢᠯᠠᠭᠰᠠᠨ ᠪᠠᠶᠢᠨ᠎ᠠ᠃ ᠶᠠᠳᠠᠭᠤ ᠶᠢ ᠲᠡᠳᠬᠦᠵᠣ ᠨᠡᠬᠡᠬᠡᠨ ᠬᠦᠭᠵᠢᠬᠦᠯᠬᠦ ᠳᠤ 2313 ᠲᠦᠮᠡᠨ ᠲᠦᠬᠦᠷᠢᠭ ᠂ | ᠮᠦᠩᠬᠦᠨ ᠬᠦᠢᠯᠬᠡᠬᠡᠨ ᠤ ᠶᠠᠳᠠᠭᠤ ᠶᠢ ᠲᠡᠳᠬᠦᠬᠦ ᠵᠢᠬᠡᠯᠡᠯᠬᠡ ᠶᠢᠨ ᠪᠠᠳᠣᠯᠠᠭ᠎ᠠ ᠳᠤ 2000 ᠲᠦᠮᠡᠨ ᠲᠦᠬᠦᠷᠢᠭ | ᠤᠨ ᠪᠡᠯᠡ ᠣᠷᠣᠭᠤᠯᠵᠣ᠂ 2917 ᠶᠠᠳᠠᠭᠤ ᠬᠦᠴᠢᠷᠳᠡᠢ ᠬᠦᠮᠦᠰ ᠢ ᠲᠡᠳᠬᠦᠭᠰᠡᠨ ᠪᠠᠶᠢᠨ᠎ᠠ᠃ ᠠᠮᠢ ᠠᠬᠤᠢ | ᠬᠡᠪᠡᠷᠡᠭ ᠣᠷᠣᠨ ᠤ ᠠᠷᠠᠳ ᠢ ᠨᠡᠬᠦᠯᠬᠡᠵᠣ ᠶᠠᠳᠠᠭᠤ ᠶᠢ ᠲᠡᠳᠬᠦᠭᠰᠡᠨ ᠨᠢ 171 ᠡᠷᠦᠬᠡ᠂ 586 ᠬᠦᠮᠦᠨ᠃ | ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠶᠣᠯᠬᠦᠢ ᠶᠢᠨ ᠢᠨᠵᠧᠨᠧᠷᠢᠩ ᠢ 160 ᠴᠢᠭ᠋ ᠲᠤ | ᠬᠡᠷᠡᠭᠵᠢᠬᠦᠯᠵᠣ᠂ ᠭᠠᠴᠠᠭ᠎ᠠ ᠲᠣᠰᠬᠤᠨ ᠤ ᠵᠡᠬᠡᠯᠢ ᠭᠤᠳᠣᠮᠵᠢ ᠶᠢ ᠬᠠᠳᠠᠭᠤᠷᠠᠭᠤᠯᠤᠭᠰᠠᠨ ᠨᠢ 63 ᠺᠢᠯᠣᠮᠧᠲᠷ᠃ ︽ | ᠠᠷᠪᠠ ᠶᠢ ᠪᠦᠷᠢᠳᠦᠬᠦᠯᠬᠦ︾ ᠢᠨᠵᠧᠨᠧᠷᠢᠩ ᠳᠤ 1.38 ᠳ᠋ᠦᠩᠰᠢᠭᠤᠷ ᠲᠦᠬᠦᠷᠢᠭ ᠤᠨ ᠪᠡᠯᠡ ᠣᠷᠣᠭᠤᠯᠵᠣ᠂ | ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠣᠷᠠᠬᠤ ᠣᠷᠴᠢᠨ ᠢᠯᠡᠳᠳᠡ ᠰᠠᠶᠢᠵᠢᠷᠠᠪᠠ᠃ ᠬᠤᠳᠠ ᠪᠠᠯᠭᠠᠰᠣ | ᠪᠠ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠮᠦᠨ ᠲᠣᠮᠳᠠᠴᠢ ᠶᠢᠨ ᠵᠠᠷᠣᠴᠠᠭᠤᠯᠵᠣ ᠪᠣᠯᠬᠤ | ᠣᠷᠣᠯᠭ᠎ᠠ ᠲᠦᠰᠦᠪᠯᠡᠭᠰᠡᠨ ᠢᠶᠠᠷ ᠲᠣᠰᠪᠣᠷᠢ 21435 ᠲᠦᠬᠦᠷᠢᠭ ᠪᠣᠯᠣᠨ 8068 ᠲᠦᠬᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 11% ᠪᠠ 11.5% ᠪᠠᠷ ᠨᠡᠮᠡᠭᠳᠡᠪᠡ᠃ | ︵ᠵᠢᠷᠭᠤᠭ᠎ᠠ︶ ᠨᠡᠶᠢᠬᠡᠮ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠪᠡ᠃ ᠰᠣᠷᠭᠠᠨ ᠬᠦᠮᠦᠵᠢᠯ ᠢᠶᠠᠷ | ᠠᠷᠠᠳ ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠣᠳᠣᠯᠭ᠎ᠠ ᠶᠢᠨ ᠪᠡᠯᠡ ᠮᠦᠩᠬᠦ 3799 ᠲᠦᠮᠡᠨ ᠲᠦᠬᠦᠷᠢᠭ᠂ | ᠣᠯᠣᠰ ᠤᠨ ᠡᠩ ᠤᠨ ᠲᠡᠭᠡᠳᠣ ᠰᠣᠷᠭᠠᠭᠤᠯᠢ ᠶᠢᠨ ᠰᠣᠷᠣᠭᠴᠢ ᠶᠢᠨ ᠢᠷᠡᠯᠳᠡ ᠣᠷᠣᠨ ᠤ ᠰᠣᠷᠣᠯᠭ᠎ᠠ ᠶᠢᠨ | ᠲᠡᠳᠬᠦᠮᠵᠢ ᠶᠢᠨ ᠵᠢᠬᠡᠯᠡᠯᠬᠡ 886 ᠲᠦᠮᠡᠨ ᠲᠦᠭᠦᠷᠢᠭ ᠢ ᠲᠣᠰ ᠲᠣᠰ ᠨᠠᠶᠢᠳᠠᠪᠣᠷᠢᠵᠢᠭᠤᠯᠪᠠ᠃ 1.3 ᠲᠦᠮᠡᠨ | ᠲᠡᠭᠰᠢ ᠲᠦᠷᠪᠡᠯᠵᠢᠨ ᠮᠧᠲᠷ ᠤᠨ ᠰᠣᠷᠭᠠᠨ ᠬᠦᠮᠦᠵᠢᠯ ᠳᠤ ᠬᠡᠷᠡᠭᠯᠡᠬᠦ ᠬᠡᠷ ᠂ 6470 ᠲᠡᠭᠰᠢ ᠲᠦᠷᠪᠡᠯᠵᠢᠨ ᠮᠧᠲᠷ | ᠤᠨ ᠡᠷᠡᠬᠦᠯ ᠬᠠᠮᠠᠭᠠᠯᠠᠯ ᠳᠤ ᠬᠡᠷᠡᠭᠯᠡᠬᠦ ᠬᠡᠷ ᠢ ᠰᠢᠨ᠎ᠡ ᠪᠠᠷ ᠪᠠᠶᠢᠭᠤᠯᠣᠭᠰᠠᠨ ᠪᠣᠶᠣ ᠦᠬᠡᠷᠡᠴᠢᠯᠡᠨ ᠵᠠᠰᠠᠪᠠ᠃ ᠪᠢᠷᠠᠭᠤ | ᠳᠠᠬᠢ ᠮᠣᠩᠭᠤᠯ ᠪᠠᠭ᠎ᠠ ᠰᠣᠷᠭᠠᠭᠤᠯᠢ ᠶᠢᠨ ᠲᠠᠮᠢᠷ ᠤᠨ ᠲᠠᠯᠠᠪᠠᠢ ᠪᠠ ᡁᠢ ᠿᠦᠢ ᠵᠡᠷᠭᠡ 3 ᠭᠠᠵᠠᠷ ᠤᠨ ᠮᠠᠯᠴᠢᠨ | ᠲᠠᠷᠢᠶᠠᠴᠢᠨ ᠤ ᠪᠠᠶ᠎ᠠ ᠴᠢᠬᠢᠷᠠᠭᠵᠢᠭᠤᠯᠬᠤ ᠲᠠᠮᠢᠷ ᠤᠨ ᠲᠠᠯᠠᠪᠠᠢ ᠪᠠᠷᠢᠯᠭ᠎ᠠ ᠲᠠᠭᠤᠰᠣᠨ ᠠᠰᠢᠭᠯᠠᠯᠳᠠ ᠳᠤ ᠣᠷᠣᠪᠠ᠃ | ᠮᠣᠩᠭᠤᠯ ᠤᠨ ᠬᠤᠩᠬᠢᠷᠠᠳ ᠠᠶᠢᠮᠠᠭ ᠬᠢᠬᠡᠳ ᠬᠡᠰᠢᠭᠳᠡᠨ ᠤ ᠰᠣᠶᠣᠯ ᠲᠡᠣᠬᠡ ᠶᠢᠨ ᠲᠡᠭᠡᠳᠣ ᠵᠢᠩᠳᠠᠭᠠᠨ ᠤ | ᠰᠣᠳᠣᠯᠣᠨ ᠶᠠᠷᠢᠯᠴᠠᠬᠤ ᠬᠤᠷᠠᠯ ᠢ ᠠᠮᠵᠢᠯᠳᠠ ᠲᠠᠢ ᠡᠷᠬᠢᠯᠡᠭᠰᠡᠨ ᠪᠠᠶᠢᠨ᠎ᠠ᠂ ︽ᠲᠣᠮᠳᠠᠳᠣ ᠣᠯᠣᠰ ᠤᠨ ᠠᠷᠠᠳ ᠤᠨ | ᠰᠣᠶᠣᠯ ᠣᠷᠠᠯᠢᠭ ᠤᠨ ᠨᠣᠳᠤᠭ︾ ᠢᠶᠠᠷ ᠴᠣᠯᠠᠯᠠᠭᠳᠠᠪᠠ᠃ ︽ᠬᠦᠮᠦᠨ ᠤ ᠭᠠᠭᠴᠠ ᠬᠡᠣᠬᠡᠳ ᠬᠤᠶᠠᠷ ᠬᠡᠣᠬᠡᠳ | ᠠᠪᠴᠣ ᠪᠣᠯᠬᠤ︾ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ᠷᠠᠳᠢᠣ᠋ ᠲᠧᠯᠸᠢᠰ ᠤᠨ ︽ | ᠡᠷᠦᠬᠡ ᠪᠣᠯᠭᠠᠨ ᠳᠤ ᠨᠡᠪᠳᠡᠷᠡᠬᠦ︾ ᠶᠢ 13040 ᠢᠵᠢ ᠪᠡᠶᠡᠯᠡᠬᠦᠯᠪᠡ᠃ ᠰᠢᠨᠵᠢᠯᠡᠭᠡ ᠮᠡᠷᠬᠡᠵᠢᠯ ᠢ ᠬᠦᠳᠡᠭᠡ | ᠪᠠᠭᠤᠯᠭᠠᠬᠤ ᠪᠣᠯᠪᠠᠰᠣᠷᠠᠯ ᠢ 146 ᠬᠤᠭᠤᠴᠠᠭ᠎ᠠ᠂ ᠬᠦᠳᠡᠭᠡ ᠲᠣᠰᠬᠤᠨ ᠳᠤ ᠬᠦᠷᠴᠦ ᠵᠢᠯᠣᠭᠤᠳᠬᠤ ᠠᠵᠢᠯᠯᠠᠭ᠎ᠠ | ᠶᠢ 242 ᠣᠳᠠᠭ᠎ᠠ ᠦᠷᠨᠢᠬᠦᠯᠪᠡ᠃ ᠡᠯ᠎ᠡ ᠲᠦᠷᠦᠯ ᠤᠨ ᠴᠢᠳᠠᠪᠣᠷᠢᠳᠠᠨ 355 ᠬᠦᠮᠦᠨ ᠢ ᠢᠯᠡ ᠪᠠᠷ ᠡᠯᠰᠡᠨ | ᠠᠵᠢᠯ ᠲᠣᠬᠢᠷᠠᠭᠤᠯᠪᠠ᠃ ︽ᠵᠢᠷᠭᠤᠭ᠎ᠠ ᠲᠠᠪᠤ ᠶᠢᠨ ᠬᠠᠣᠯᠢ ᠲᠦᠬᠡᠮᠡᠯᠵᠢᠬᠦᠯᠬᠦ︾ ᠪᠣᠯᠣᠨ ︽ᠠᠮᠣᠷ ᠲᠣᠭᠳᠠᠭᠤᠨ | ᠬᠡᠰᠢᠭᠳᠡᠨ ᠬᠤᠰᠢᠭᠤ︾ ᠶᠢᠨ ᠪᠦᠳᠦᠬᠡᠨ ᠪᠠᠶᠢᠭᠤᠯᠣᠯᠳᠠ ᠶᠢ ᠬᠦᠨᠵᠡᠬᠡᠢ ᠦᠷᠨᠢᠬᠦᠯᠪᠡ᠃ ᠵᠠᠬᠢᠳᠠᠯ ᠰᠣᠷᠪᠣᠯᠵᠢᠯᠠᠭ᠎ᠠ | ᠶᠢᠨ ᠡᠮᠬᠢ ᠲᠢᠭᠯᠢᠮ ᠢᠯᠡᠳᠳᠡ ᠰᠠᠶᠢᠵᠢᠷᠠᠪᠠ᠃ ᠠᠶᠣᠯᠬᠦᠢ ᠦᠢᠯᠡᠳᠪᠣᠷᠢᠯᠡᠯ ᠤᠨ ᠪᠠᠶᠢᠳᠠᠯ ᠲᠣᠭᠳᠠᠪᠣᠷᠢᠳᠠᠢ᠃ | ᠢᠳᠡᠬᠡᠨ ᠤ ᠵᠦᠢᠯ ᠡᠮ ᠤᠨ ᠵᠦᠢᠯ ᠤᠨ ᠠᠮᠣᠷ ᠲᠦᠪᠰᠢᠨ ᠤ ᠪᠠᠳᠣᠯᠠᠭ᠎ᠠ ᠶᠢᠨ ᠬᠢᠷᠢ ᠲᠦᠪᠰᠢᠨ ᠣᠯᠠᠮ ᠨᠢᠬᠡ | ᠠᠯᠬᠤᠮ ᠲᠡᠭᠡᠭᠰᠢᠯᠡᠪᠡ᠃ ᠲᠤᠭ᠎ᠠ ᠪᠦᠷᠢᠳᠬᠡᠯ᠂ ᠲᠠᠩᠰᠠ ᠡᠪᠬᠡᠮᠡᠯ᠂ ᠵᠡᠮᠳᠡᠭᠴᠣᠳ ᠵᠡᠷᠭᠡ ᠡᠯ᠎ᠡ ᠲᠦᠷᠦᠯ ᠤᠨ ᠠᠵᠢᠯ | ᠦᠢᠯᠡᠰ ᠰᠢᠨ᠎ᠡ ᠠᠬᠢᠯᠳᠠ ᠲᠠᠢ ᠪᠣᠯᠵᠠᠢ᠃ | ︵ᠲᠣᠯᠤᠭ᠎ᠠ︶ ᠵᠠᠰᠠᠭ ᠤᠨ ᠣᠷᠳᠣᠨ ᠤ ᠨᠡᠶᠢᠳᠡ ᠶᠢᠨ ᠢᠳᠡᠬᠡᠮᠵᠢ ᠶᠢᠨ ᠬᠦᠴᠦᠨ ᠢᠯᠡᠳᠳᠡ ᠲᠡᠭᠡᠭᠰᠢᠯᠡᠪᠡ᠃ | ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠢ ᠪᠠᠳᠣᠳᠠᠢ ᠦᠷᠨᠢᠬᠦᠯᠵᠣ᠂ | ︽ᠲᠦᠷᠪᠡᠨ ᠰᠣᠷᠳᠠᠯ︾ ᠤᠨ ᠲᠣᠪᠣᠶᠢᠮ᠎ᠠ ᠠᠰᠠᠭᠤᠳᠠᠯ ᠢ ᠲᠦᠪᠯᠡᠷᠡᠬᠦᠯᠦᠨ ᠰᠢᠢᠳᠪᠣᠷᠢᠯᠡᠵᠣ᠂ ᠺᠠᠳ᠋ᠷ ᠣᠯᠠᠨ | ᠲᠦᠮᠡᠨ ᠤ ᠬᠠᠷᠢᠴᠠᠭ᠎ᠠ ᠨᠢᠭᠳᠠᠷᠠᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮᠵᠢᠯ | ᠳᠤ ᠵᠠᠰᠠᠪᠣᠷᠢ ᠣᠷᠣᠭᠤᠯᠪᠠ᠃ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ ᠶᠢᠨ | ᠵᠦᠪᠯᠡᠯᠬᠡᠨ ᠪᠣᠯᠣᠨ ᠨᠡᠶᠢᠬᠡᠮ ᠤᠨ ᠬᠢᠨᠠᠯᠳᠠ ᠶᠢ ᠣᠬᠠᠮᠰᠠᠷ ᠠᠴᠠ ᠪᠠᠨ ᠬᠦᠯᠢᠶᠡᠵᠣ᠂ ᠠᠷᠠᠳ ᠤᠨ ᠲᠦᠯᠦᠬᠡᠯᠡᠭᠴᠢᠳ | ᠤᠨ ᠶᠡᠭᠡ ᠬᠤᠷᠠᠯ ᠤᠨ ᠲᠦᠯᠦᠬᠡᠯᠡᠭᠴᠢᠳ ᠤᠨ ᠰᠠᠨᠠᠭᠤᠯᠭ᠎ᠠ᠂ ᠰᠢᠬᠦᠮᠵᠢᠯᠡᠯ᠂ ᠰᠠᠨᠠᠯ ᠢ 29 ᠬᠤᠪᠢ ᠬᠦᠢᠴᠡᠳᠬᠡᠵᠣ | ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠵᠦᠪᠯᠡᠯᠬᠡ ᠶᠢ 35 ᠬᠤᠪᠢ ᠬᠦᠢᠴᠡᠳᠬᠡᠵᠣ᠂ | ᠰᠢᠢᠳᠪᠣᠷᠢᠯᠡᠨ ᠲᠠᠭᠤᠰᠬᠠᠭᠰᠠᠨ ᠨᠣᠷᠮ᠎ᠠ ᠨᠢ 100% ᠳᠤ ᠬᠦᠷᠦᠭᠰᠡᠨ ᠪᠠᠶᠢᠨ᠎ᠠ᠃ ᠪᠦᠳᠦᠬᠡᠨ ᠪᠠᠶᠢᠭᠤᠯᠣᠯᠳᠠ | ᠶᠢᠨ ᠲᠦᠷᠦᠯ ᠵᠦᠢᠯ ᠢ ᠬᠤᠯᠪᠣᠭᠠᠯᠠᠨ ᠬᠢᠨᠠᠨ ᠵᠦᠪᠰᠢᠶᠡᠷᠡᠬᠦ ᠶᠢ ᠴᠢᠷᠮᠠᠶᠢᠨ ᠠᠬᠢᠭᠤᠯᠪᠠ᠃ ᠵᠠᠰᠠᠭ ᠤᠨ ᠶᠠᠪᠣᠳᠠᠯ ᠤᠨ | ᠦᠢᠯᠡᠴᠢᠯᠡᠬᠡᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠲᠦᠷᠦᠯ ᠤᠨ ᠦᠢᠯᠡᠴᠢᠯᠡᠬᠡᠨ ᠤ | ᠲᠦᠪ ᠲᠤ ᠰᠢᠯᠵᠢᠨ ᠣᠷᠣᠭᠰᠠᠨ ᠨᠣᠷᠮ᠎ᠠ ᠨᠢ 10% ᠪᠠᠷ ᠨᠡᠮᠡᠭᠳᠡᠵᠣ᠂ 13.8 ᠲᠦᠮᠡᠨ ᠬᠤᠪᠢ ᠦᠢᠯᠡᠴᠢᠯᠡᠬᠡᠨ | ᠤ ᠵᠦᠢᠯ ᠢ ᠲᠦᠪᠯᠡᠷᠡᠬᠦᠯᠦᠨ ᠬᠢᠨᠠᠨ ᠵᠦᠪᠰᠢᠶᠡᠷᠡᠪᠡ᠃ ᠪᠠᠷᠢᠯᠭ᠎ᠠ ᠶᠢᠨ ᠲᠦᠰᠦᠪ᠂ ᠡᠳ᠋ ᠬᠦᠷᠦᠩᠬᠡ ᠶᠢᠨ ᠦᠨᠡᠯᠡᠯᠳᠡ | ᠵᠡᠷᠭᠡ 8 ᠨᠡᠶᠢᠬᠡᠮ ᠤᠨ ᠵᠠᠭᠤᠴᠢ ᠦᠢᠯᠡᠴᠢᠯᠡᠭᠡ ᠶᠢᠨ ᠲᠦᠷᠦᠯ ᠵᠦᠢᠯ ᠢ ᠲᠠᠭᠠᠭᠠᠴᠢᠯᠠᠯᠳᠠ ᠵᠠᠷᠯᠠᠵᠣ ᠲᠠᠭᠠᠭᠠᠴᠢᠯᠠᠯᠳᠠ | ᠬᠦᠯᠢᠶᠡᠬᠦ ᠬᠡᠪᠴᠢᠶᠡᠨ ᠳᠤ ᠣᠷᠣᠭᠤᠯᠪᠠ᠃ ᠠᠯᠪᠠᠨ ᠵᠠᠷᠣᠳᠠᠯ 17.9% ᠪᠠᠷ ᠪᠠᠭᠤᠷᠠᠵᠣ᠂ ᠠᠯᠪᠠᠨ ᠬᠡᠷ ᠢ | ᠪᠠᠭᠠᠰᠬᠠᠬᠤ ᠪᠣᠯᠣᠨ ᠠᠯᠪᠠᠨ ᠲᠡᠷᠭᠡ ᠶᠢ ᠴᠡᠭᠴᠡᠯᠡᠬᠦ ᠠᠵᠢᠯ ᠤᠨ ᠦᠷ᠎ᠡ ᠪᠦᠳᠦᠮᠵᠢ ᠢᠯᠡᠷᠬᠡᠢ᠃ | ᠲᠦᠯᠦᠬᠡᠯᠡᠭᠴᠢᠳ ᠡ︕ ᠲᠡᠭᠡᠷ᠎ᠡ ᠲᠣᠷᠠᠳᠣᠭᠰᠠᠨ ᠠᠮᠵᠢᠯᠳᠠ ᠨᠢ᠂ ᠲᠡᠭᠡᠳᠣ ᠱᠠᠳᠣᠨ ᠤ ᠨᠠᠮ ᠤᠨ ᠬᠤᠷᠢᠶ᠎ᠠ | ᠂ ᠵᠠᠰᠠᠭ ᠤᠨ ᠣᠷᠳᠣᠨ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠰᠢᠭᠤᠳ ᠵᠢᠯᠣᠭᠤᠳᠣᠯᠭ᠎ᠠ ᠪᠠ ᠬᠦᠨ | ᠬᠠᠯᠠᠮᠵᠢᠯᠠᠯ ᠢ ᠠᠬᠤᠭᠤᠯᠵᠤ ᠪᠠᠶᠢᠭ᠎ᠠ ᠶᠣᠮ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠣᠯᠣᠰ ᠲᠦᠷᠦ | ᠶᠢᠨ ᠵᠦᠪᠯᠡᠯᠬᠡᠨ ᠤ ᠪᠦᠳᠦᠮᠵᠢᠳᠡᠢ ᠬᠢᠨᠠᠯᠳᠠ ᠪᠠ ᠬᠦᠴᠦᠳᠡᠢ ᠲᠡᠮᠵᠢᠯᠬᠡ ᠶᠢ ᠲᠣᠰᠬᠠᠵᠣ ᠪᠠᠶᠢᠭ᠎ᠠ ᠮᠦᠷᠳᠡᠬᠡᠨ ᠪᠦᠬᠦ | ᠬᠤᠰᠢᠭᠤᠨ ᠤ ᠠᠷᠠᠳ ᠲᠦᠮᠡᠨ ᠤ ᠣᠶᠣᠨ ᠴᠢᠳᠠᠯ ᠬᠦᠴᠦ ᠬᠦᠳᠡᠯᠮᠣᠷᠢ ᠶᠢ ᠨᠢᠭᠳᠠᠷᠠᠭᠤᠯᠵᠣ ᠪᠠᠶᠢᠭ᠎ᠠ ᠶᠣᠮ᠃ | ᠠᠳᠡ ᠪᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠬᠡᠯᠡᠵᠣ᠂ ᠪᠦᠬᠦ ᠬᠤᠰᠢᠭᠤᠨ ᠤ ᠠᠷᠠᠳ | ᠲᠦᠮᠡᠨ ᠪᠣᠯᠣᠨ ᠬᠡᠰᠢᠭᠳᠡᠨ ᠬᠤᠰᠢᠭᠤᠨ ᠤ ᠦᠬᠡᠷᠡᠴᠢᠯᠡᠯᠳᠡ ᠬᠦᠭᠵᠢᠯᠳᠡ ᠪᠦᠳᠦᠬᠡᠨ ᠪᠠᠶᠢᠭᠤᠯᠣᠯᠳᠠ ᠳᠤ ᠬᠦᠴᠦᠨ | ᠢᠶᠠᠨ ᠡᠷᠬᠦᠵᠣ ᠣᠶᠣᠨ ᠢᠶᠠᠨ ᠰᠢᠪᠬᠠᠭᠰᠠᠨ ᠨᠡᠶᠢᠬᠡᠮ ᠤᠨ ᠡᠯ᠎ᠡ ᠡᠳᠡᠭᠡᠳ ᠤᠨ ᠬᠢᠨ ᠳᠤ ᠡᠷᠬᠢᠮ ᠬᠦᠨᠳᠦᠳᠬᠡᠯ ᠴᠢᠩ | ᠰᠡᠳᠬᠢᠯ ᠤᠨ ᠲᠠᠯᠠᠷᠬᠠᠯ ᠲᠡᠪᠰᠢᠬᠦᠯᠵᠣ ᠪᠠᠶᠢᠨ᠎ᠠ︕ | ᠨᠢᠬᠡ ᠵᠢᠯ ᠤᠨ ᠲᠣᠷᠰᠢ᠂ ᠬᠡᠳᠦᠶᠢᠪᠡᠷ ᠡᠯ᠎ᠡ ᠲᠦᠷᠦᠯ ᠤᠨ ᠠᠵᠢᠯ ᠵᠣᠬᠢᠬᠤ ᠠᠮᠵᠢᠯᠳᠠ ᠣᠯᠣᠭᠰᠠᠨ ᠪᠣᠯᠪᠠᠴᠣ | ᠂ ᠠᠵᠣ ᠠᠬᠤᠢ ᠨᠡᠶᠢᠬᠡᠮ ᠤᠨ ᠬᠦᠭᠵᠢᠯᠳᠡ ᠳᠤ ᠮᠦᠨ ᠮᠠᠰᠢ ᠣᠯᠠᠨ ᠬᠦᠴᠢᠷᠳᠡᠯ ᠪᠣᠯᠣᠨ ᠦᠷᠢᠰᠦᠯᠳᠦᠬᠡᠨ | ᠲᠣᠯᠭᠠᠷᠠᠵᠣ ᠪᠠᠶᠢᠬᠤ ᠶᠢ ᠰᠡᠷᠭᠡᠭ ᠢᠶᠠᠷ ᠲᠠᠨᠢᠵᠣ ᠣᠯᠬᠤ ᠬᠡᠷᠡᠭᠳᠡᠢ᠃ ᠨᠢᠬᠡ ᠳᠤ ᠡᠳ᠋ ᠤᠨ ᠵᠠᠰᠠᠭ ᠤᠨ ᠣᠷᠣᠯᠭ᠎ᠠ | ᠵᠠᠷᠣᠯᠭ᠎ᠠ ᠶᠢᠨ ᠵᠦᠷᠢᠴᠡᠯ ᠬᠤᠷᠴᠠᠳᠪᠠ᠃ ᠦᠷᠢ ᠶᠢᠨ ᠲᠠᠷᠣᠭᠠᠰᠣ ᠲᠣᠶᠢᠯ ᠤᠨ ᠬᠦᠨᠳᠣ ᠨᠣᠴᠢᠳᠠᠢ ᠪᠣᠯᠵᠣ᠂ ᠡᠳ᠋ | ᠤᠨ ᠵᠠᠰᠠᠭ ᠤᠨ ᠣᠷᠣᠯᠭ᠎ᠠ ᠨᠡᠮᠡᠭᠳᠡᠬᠦᠯᠬᠦ ᠠᠬᠢᠴᠠ ᠣᠳᠠᠭᠠᠰᠢᠷᠠᠵᠣ᠂ ᠬᠢᠵᠠᠭᠠᠷ ᠲᠠᠢ ᠡᠳ᠋ ᠤᠨ ᠬᠦᠴᠦᠨ ᠨᠢ ᠣᠯᠠᠨ | ᠨᠡᠶᠢᠳᠡ ᠶᠢᠨ ᠦᠢᠯᠡᠴᠢᠯᠡᠭᠡ᠂ ᠲᠦᠷᠦᠯ ᠵᠦᠢᠯ ᠤᠨ ᠵᠠᠷᠣᠯᠭ᠎ᠠ ᠵᠡᠷᠬᠡ ᠲᠣᠯᠭᠠᠮ᠎ᠠ ᠱᠠᠭᠠᠷᠳᠠᠯᠭ᠎ᠠ ᠶᠢ ᠬᠠᠩᠭᠠᠬᠤ ᠳᠤ | ᠬᠦᠴᠢᠷᠳᠡᠵᠣ᠂ ᠡᠳ᠋ ᠤᠨ ᠵᠠᠰᠠᠭ ᠤᠨ ᠡᠷᠬᠢᠯᠳᠡ ᠲᠣᠶᠢᠯ ᠤᠨ ᠬᠦᠴᠢᠷᠳᠡᠯᠳᠡᠢ ᠪᠠᠶᠢᠨ᠎ᠠ᠃ ᠬᠤᠶᠠᠷ ᠲᠤ ᠠᠮᠢ ᠠᠬᠤᠢ | ᠶᠢᠨ ᠬᠠᠮᠠᠭᠠᠯᠠᠯᠳᠠ ᠶᠢ ᠮᠦᠨᠬᠦ ᠴᠢᠩᠭᠠᠳᠬᠠᠬᠤ ᠴᠢᠬᠤᠯᠠᠳᠠᠢ ᠪᠠᠶᠢᠨ᠎ᠠ᠃ ᠣᠨᠴᠠ ᠵᠠᠷᠢᠮ ᠣᠷᠣᠨ ᠤ ᠮᠠᠯ ᠪᠡᠯᠴᠢᠬᠡᠷ ᠢ | ᠲᠡᠩᠴᠡᠭᠦᠷᠢᠳᠡᠢ ᠪᠠᠶᠢᠯᠭᠠᠬᠤ ᠲᠦᠷᠢᠮ ᠢ ᠬᠡᠷᠡᠭᠵᠢᠬᠦᠯᠦᠭᠰᠡᠨ ᠨᠢ ᠲᠣᠣᠱᠳᠠᠢ ᠪᠢᠰᠢ᠂ ᠲᠠᠭᠠᠭᠠᠴᠠ ᠠᠴᠠ | ᠬᠡᠳᠦᠷᠡᠬᠦᠯᠦᠨ ᠮᠠᠯᠵᠢᠬᠤ᠂ ᠪᠡᠯᠴᠢᠬᠡᠷ ᠵᠢᠬᠡᠯᠡᠨ ᠮᠠᠯᠵᠢᠬᠤ᠂ ᠨᠢᠭᠤᠨ ᠪᠡᠯᠴᠢᠬᠡᠷᠯᠡᠬᠦᠯᠬᠦ ᠰᠦᠨᠢ ᠪᠡᠯᠴᠢᠬᠡᠷᠯᠡᠬᠦᠯᠬᠦ ᠵᠡᠷᠭᠡ | ᠦᠵᠡᠭᠳᠡᠯ ᠮᠦᠨᠬᠦ ᠣᠷᠣᠰᠢᠵᠣ᠂ ᠰᠡᠬᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠨᠢ ᠠᠮᠢ ᠠᠬᠤᠢ ᠶᠢᠨ | ᠵᠠᠰᠠᠨ ᠴᠡᠭᠴᠡᠯᠡᠯᠳᠡ ᠶᠢᠨ ᠠᠬᠢᠴᠠ ᠠᠴᠠ ᠬᠤᠴᠣᠷᠴᠣ᠂ ᠠᠮᠢ ᠠᠬᠤᠢ ᠮᠠᠭᠤᠳᠠᠬᠤ ᠬᠠᠨᠳᠣᠰᠢ ᠶᠢ ᠦᠨᠳᠦᠰᠦᠨ ᠠᠴᠠ | ᠨᠢ ᠰᠠᠶᠢᠵᠢᠷᠠᠭᠤᠯᠵᠣ ᠲᠠᠶᠢᠯᠬᠦ ᠦᠬᠡᠢ ᠪᠠᠶᠢᠨ᠎ᠠ᠃ ᠭᠤᠷᠪᠠ ᠳᠤ᠂ ᠬᠦᠭᠵᠢᠯᠳᠡ ᠶᠢ ᠬᠢᠵᠠᠭᠠᠷᠯᠠᠬᠤ ᠬᠦᠴᠦᠨ ᠵᠦᠢᠯ | ᠨᠡᠮᠡᠭᠳᠡᠵᠣ ᠪᠠᠶᠢᠨ᠎ᠠ᠃ ᠭᠠᠵᠠᠷ ᠰᠢᠷᠣᠢ᠂ ᠣᠷᠴᠢᠨ ᠲᠣᠭᠤᠷᠢᠨ ᠤ ᠬᠠᠮᠠᠭᠠᠯᠠᠯᠳᠠ ᠵᠡᠷᠬᠡ ᠡᠬᠢ ᠪᠠᠶᠠᠯᠢᠭ ᠡᠨᠧᠷᠬᠢ ᠶᠢᠨ | ᠬᠢᠵᠠᠭᠠᠷᠯᠠᠯ ᠡᠳᠦᠷ ᠢᠷᠡᠭᠦᠶ᠎ᠡ ᠴᠢᠩᠭᠠᠷᠠᠵᠣ᠂ ᠨᠡᠶᠢᠬᠡᠮ ᠤᠨ ᠬᠤᠪᠢᠷᠠᠯᠳᠠ ᠶᠢᠨ ᠶᠠᠪᠣᠴᠠ ᠳᠤ ᠬᠤᠷᠠᠮᠳᠣᠭᠰᠠᠨ ᠬᠦᠨ | ᠲᠠᠪᠬᠤᠷᠭ᠎ᠠ ᠶᠢᠨ ᠵᠦᠷᠢᠴᠡᠯ ᠬᠢᠬᠡᠳ ᠠᠰᠠᠭᠤᠳᠠᠯ ᠢᠳᠡᠭ ᠠᠯᠬᠤᠮ ᠢᠶᠠᠷ ᠢᠯᠡᠷᠡᠵᠣ᠂ ᠭᠤᠣᠯᠳᠠᠯᠭᠠᠳᠣ ᠲᠦᠷᠦᠯ | ᠵᠦᠢᠯ ᠤᠨ ᠪᠦᠳᠦᠬᠡᠨ ᠪᠠᠶᠢᠭᠤᠯᠣᠯᠳᠠ ᠶᠢᠨ ᠡᠮᠬᠢ ᠲᠢᠭᠯᠢᠮ ᠤᠨ ᠬᠦᠴᠢᠷᠳᠡᠯ ᠨᠡᠮᠡᠭᠳᠡᠵᠣ᠂ ᠨᠡᠶᠢᠬᠡᠮ ᠤᠨ ᠵᠠᠰᠠᠨ | ᠴᠡᠭᠴᠡᠯᠡᠯᠳᠡ᠂ ᠲᠣᠭᠳᠠᠭᠤᠨ ᠢ ᠬᠠᠮᠠᠭᠠᠯᠠᠬᠤ ᠡᠬᠦᠷᠬᠡ ᠡᠳᠦᠷ ᠢᠷᠡᠬᠦᠶ᠎ᠡ ᠬᠦᠨᠳᠦᠷᠡᠵᠣ ᠪᠠᠶᠢᠨ᠎ᠠ᠃ ᠲᠦᠷᠪᠡ ᠳᠤ | ᠰᠣᠷᠳᠠᠯ ᠤᠨ ᠪᠠᠶᠢᠭᠤᠯᠣᠯᠳᠠ ᠶᠢ ᠮᠦᠨᠬᠦ ᠬᠦᠨᠵᠡᠬᠡᠶᠢᠷᠡᠬᠦᠯᠬᠦ ᠴᠢᠬᠤᠯᠠᠳᠠᠢ᠃ ᠬᠡᠰᠡᠭ ᠠᠯᠪᠠᠨ ᠠᠵᠢᠯᠳᠠᠳ ᠤᠨ ᠰᠢᠨ᠎ᠡ | ᠶᠢ ᠡᠬᠦᠳᠬᠦ ᠣᠬᠠᠮᠰᠠᠷ ᠴᠢᠩᠭ᠎ᠠ ᠪᠢᠰᠢ᠂ ᠬᠡᠷᠡᠭᠵᠢᠬᠦᠯᠬᠦ ᠬᠦᠴᠦᠨ ᠬᠦᠷᠦᠯᠴᠡᠬᠦ ᠦᠬᠡᠢ᠂ ᠣᠳᠠᠭᠠᠰᠢᠷᠠᠭᠤᠯᠵᠣ | ᠬᠠᠷᠢᠭᠤᠴᠠᠯᠭ᠎ᠠ ᠠᠴᠠ ᠵᠠᠶᠢᠯᠠᠬᠤ᠂ ᠲᠣᠰᠢᠶᠠᠯ ᠬᠠᠷᠢᠭᠤᠴᠠᠯᠭ᠎ᠠ ᠪᠠᠨ ᠴᠢᠩᠭ᠎ᠠ ᠬᠡᠷᠡᠭᠵᠢᠬᠦᠯᠬᠦ ᠦᠬᠡᠢ ᠦᠵᠡᠭᠳᠡᠯ | ᠠᠳᠠᠯᠢ ᠪᠣᠰᠣ ᠬᠡᠮᠵᠢᠶ᠎ᠡ ᠪᠠᠷ ᠣᠷᠣᠰᠢᠵᠣ ᠪᠠᠶᠢᠨ᠎ᠠ᠃ ᠲᠡᠭᠡᠷ᠎ᠡ ᠲᠣᠷᠠᠳᠣᠭᠰᠠᠨ ᠠᠰᠠᠭᠤᠳᠠᠯ ᠪᠠ ᠬᠦᠷᠦᠯᠴᠡᠬᠦ ᠦᠬᠡᠢ | ᠵᠦᠢᠯ ᠢ ᠪᠢᠳᠡ ᠡᠷᠬᠡᠪᠰᠢ ᠲᠡᠭᠡᠳᠣ ᠬᠡᠮᠵᠢᠶ᠎ᠡ ᠪᠠᠷ ᠴᠢᠬᠤᠯᠠᠴᠢᠯᠠᠨ ᠦᠵᠡᠵᠣ᠂ ᠦᠨᠡᠩᠬᠦ ᠰᠠᠶᠢᠳᠣᠷ ᠰᠢᠢᠳᠪᠣᠷᠢᠯᠡᠬᠦ | ᠬᠡᠷᠡᠭᠳᠡᠢ᠃ | |