ᠬᠤᠶᠠᠷ᠂ 2015 ᠣᠨ ᠤ ᠠᠵᠢᠯ ᠤᠨ ᠲᠣᠬᠢᠷᠠᠭᠤᠯᠣᠯᠳᠠ | | 2015 ᠣᠨ ᠤ ᠠᠵᠢᠯ ᠢ ᠰᠠᠶᠢᠳᠣᠷ ᠬᠢᠬᠦ ᠳᠤ ᠡᠷᠬᠡᠪᠰᠢ ᠣᠳᠣᠬᠠᠨ ᠤ ᠪᠠᠶᠢᠳᠠᠯ ᠢ ᠰᠢᠨᠵᠢᠯᠡᠬᠦ ᠣᠬᠠᠭᠠᠨᠴᠢ | ᠪᠠᠷ ᠰᠣᠳᠣᠯᠣᠨ ᠮᠠᠭᠠᠳᠯᠠᠵᠣ᠂ ᠬᠡᠰᠢᠭᠳᠡᠨ ᠬᠤᠰᠢᠭᠤ ᠶᠢ ᠣᠬᠠᠮᠰᠠᠷ ᠠᠴᠠ ᠪᠠᠨ ᠪᠦᠬᠦ ᠬᠤᠳᠠ᠂ ᠪᠦᠬᠦ ᠣᠷᠣᠨ᠂ | ᠪᠦᠬᠦ ᠣᠯᠣᠰ ᠤᠨ ᠬᠦᠭᠵᠢᠯᠳᠡ ᠶᠢᠨ ᠶᠡᠭᠡ ᠲᠠᠯ᠎ᠠ ᠳᠤ ᠨᠡᠶᠢᠯᠡᠬᠦᠯᠦᠨ᠂ ᠠᠵᠣ ᠠᠬᠤᠢ ᠶᠢᠨ ᠭᠦᠭᠵᠢᠯᠳᠡ ᠶᠢᠨ ᠰᠢᠨ᠎ᠡ | ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠯᠳᠣᠬᠤ ᠬᠡᠷᠡᠭᠳᠡᠢ︔ ᠡᠷᠬᠡᠪᠰᠢ ᠲᠠᠪᠠᠭᠤᠯᠢᠭ ᠢᠶᠠᠨ | ᠪᠠᠳᠠᠷᠠᠭᠤᠯᠬᠤ ᠶᠢ ᠴᠢᠬᠤᠯᠠᠴᠢᠯᠠᠨ᠂ ᠢᠳᠡᠬᠡᠯ ᠢᠶᠠᠨ ᠨᠡᠮᠡᠭᠳᠡᠬᠦᠯᠦᠨ᠂ ᠣᠷᠢᠳᠠᠬᠢ ᠶᠢ ᠵᠠᠯᠭᠠᠮᠵᠢᠯᠠᠨ ᠢᠷᠡᠭᠡᠳᠦᠢ ᠳᠤ | ᠵᠠᠮ ᠨᠡᠬᠡᠬᠡᠨ ᠣᠷᠣᠭᠰᠢᠯᠠᠵᠣ᠂ ᠬᠡᠰᠢᠭᠳᠡᠨ ᠬᠤᠰᠢᠭᠤᠨ ᠤ ᠬᠦᠭᠵᠢᠯᠳᠡ ᠶᠢ ᠲᠦᠷᠬᠡᠳᠬᠡᠬᠦ ᠬᠦᠨᠳᠣ ᠡᠬᠦᠷᠬᠡ ᠶᠢ | ᠦᠨᠡᠩᠬᠦ ᠡᠬᠦᠷᠬᠡᠯᠡᠬᠦ ᠬᠡᠷᠡᠭᠳᠡᠢ︔ ᠡᠷᠬᠡᠪᠰᠢ ᠡᠳ᠋ ᠤᠨ ᠢᠷᠡᠯᠳᠡ ᠶᠢᠨ ᠪᠦᠳᠦᠬᠡᠨ ᠪᠠᠶᠢᠭᠤᠯᠣᠯᠳᠠ ᠶᠢᠨ ᠲᠣᠭᠤᠷᠢᠨ | ᠳᠤ᠂ ᠣᠳᠣᠬᠠᠨ ᠳᠤ ᠠᠰᠢᠭᠳᠠᠢ ᠮᠦᠷᠳᠡᠬᠡᠨ ᠠᠯᠣᠰ ᠬᠡᠳᠣ ᠶᠢᠨ ᠠᠴᠢ ᠬᠤᠯᠪᠣᠭᠳᠠᠯ ᠲᠠᠢ ᠲᠣᠮᠣ ᠲᠦᠷᠦᠯ ᠵᠦᠢᠯ ᠢ | ᠲᠡᠮᠡᠴᠡᠨ ᠣᠯᠵᠣ ᠪᠦᠳᠦᠬᠡᠨ ᠪᠠᠶᠢᠭᠤᠯᠬᠤ ᠬᠡᠷᠡᠭᠳᠡᠢ︔ ᠡᠷᠬᠡᠪᠰᠢ ᠲᠦᠷᠢᠮᠵᠢᠯ ᠤᠨ ᠣᠬᠠᠮᠰᠠᠷ ᠪᠠ ᠲᠡᠰ ᠲᠠᠷᠠᠭᠠᠯᠠᠯ | ᠤᠨ ᠣᠬᠠᠮᠰᠠᠷ ᠢ ᠪᠣᠢ ᠪᠣᠯᠭᠠᠵᠣ᠂ ᠬᠠᠣᠯᠢ ᠪᠠᠷ ᠬᠤᠰᠢᠭᠤ ᠪᠠᠨ ᠵᠠᠰᠠᠬᠤ ᠶᠢ ᠲᠦᠯᠬᠢᠨ ᠠᠬᠢᠭᠤᠯᠵᠣ᠂ ᠵᠠᠰᠠᠭ ᠤᠨ | ᠣᠷᠳᠣᠨ ᠤ ᠵᠠᠰᠠᠭ ᠤᠨ ᠡᠷᠬᠡ ᠶᠢ ᠬᠠᠣᠯᠢ ᠴᠠᠭᠠᠵᠠ ᠪᠡ ᠠᠷᠠᠳ ᠲᠦᠮᠡᠨ ᠤ ᠬᠢᠨᠠᠯᠳᠠ ᠲᠣᠣᠷ᠎ᠠ ᠶᠠᠪᠣᠭᠤᠯᠬᠤ | ᠬᠡᠷᠡᠭᠳᠡᠢ᠃ | 2015 ᠣᠨ ᠤ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠲᠦᠪ᠂ | ᠦᠪᠡᠷᠳᠡᠬᠡᠨ ᠵᠠᠰᠠᠬᠤ ᠣᠷᠣᠨ ᠤ ᠠᠵᠣ ᠠᠬᠤᠢ ᠶᠢᠨ ᠠᠵᠢᠯ ᠤᠨ ᠬᠤᠷᠠᠯᠳᠣᠭᠠᠨ ᠪᠡ ᠬᠤᠳᠠ ᠶᠢᠨ ᠨᠠᠮ ᠤᠨ | ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠦᠬᠦᠳᠡ ᠬᠤᠷᠠᠯᠳᠣᠭᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠲᠣᠣᠱᠯᠠᠭᠤᠯᠵᠣ᠂ ᠲᠣᠭᠳᠠᠭᠤᠨ ᠤ ᠲᠣᠮᠳᠠ ᠣᠷᠣᠭᠰᠢᠯᠠᠬᠤ ᠠᠵᠢᠯ ᠤᠨ ᠦᠨᠳᠦᠰᠦᠨ ᠵᠠᠷᠴᠢᠮ ᠢ | ᠪᠠᠷᠢᠮᠳᠠᠯᠠᠵᠣ᠂ ᠠᠰᠠᠭᠤᠳᠠᠯ ᠤᠨ ᠣᠳᠣᠷᠢᠳᠣᠮᠵᠢ ᠶᠢᠨ ᠰᠠᠳᠬᠢᠬᠦᠢ ᠶᠢ ᠪᠠᠳᠣ ᠪᠠᠬᠢ ᠪᠣᠢ ᠪᠣᠯᠭᠠᠵᠣ᠂ ᠠᠵᠣ ᠠᠬᠤᠢ | ᠶᠢᠨ ᠬᠦᠭᠵᠢᠯᠳᠡ ᠶᠢᠨ ᠶᠠᠰᠣ ᠴᠢᠨᠠᠷ ᠪᠡ ᠦᠷ᠎ᠡ ᠠᠰᠢᠭ ᠢᠶᠠᠷ ᠭᠤᠣᠯᠳᠠᠯᠭ᠎ᠠ ᠪᠣᠯᠭᠠᠨ᠂ ᠬᠡᠯᠪᠡᠷᠢ ᠶᠢ ᠬᠤᠪᠢᠷᠠᠭᠤᠯᠣᠨ | ᠪᠦᠳᠦᠴᠡ ᠶᠢ ᠲᠣᠬᠢᠷᠠᠭᠤᠯᠬᠤ ᠭᠤᠣᠯ ᠱᠣᠭᠤᠮ ᠤᠨ ᠲᠣᠭᠤᠷᠢᠨ ᠳᠤ᠂ ︽ᠲᠠᠪᠣᠨ ᠰᠠᠭᠤᠷᠢᠨ ᠭᠠᠵᠠᠷ︾ ᠢᠶᠠᠷ | ᠲᠣᠯᠭᠠᠭᠤᠷᠢᠯᠠᠵᠣ ︽ᠬᠤᠶᠠᠷ ᠲᠣᠭᠤᠷᠢᠭ ᠨᠢᠬᠡ ᠪᠦᠰᠡ︾ ᠶᠢ ᠪᠦᠳᠦᠬᠡᠨ ᠪᠠᠶᠢᠭᠤᠯᠵᠣ᠂ ᠠᠮᠢ ᠠᠬᠤᠢ ᠶᠢᠨ | ᠪᠣᠯᠪᠠᠰᠣᠨ ᠤ ᠪᠦᠳᠦᠬᠡᠨ ᠪᠠᠶᠢᠭᠤᠯᠣᠯᠳᠠ ᠶᠢ ᠨᠡᠩ ᠴᠢᠬᠤᠯᠠᠴᠢᠯᠠᠨ᠂ ᠠᠵᠣ ᠠᠬᠤᠢ ᠶᠢᠨ ᠲᠣᠭᠳᠠᠭᠤᠨ ᠦᠰᠦᠯᠳᠡ | ᠶᠢ ᠴᠢᠷᠮᠠᠶᠢᠨ ᠪᠠᠳᠣᠯᠠᠵᠣ᠂ ᠬᠤᠳᠠ ᠬᠦᠳᠡᠭᠡ ᠶᠢᠨ ᠵᠣᠬᠢᠴᠠᠩᠭᠤᠢ ᠬᠦᠭᠵᠢᠯᠳᠡ ᠶᠢ ᠢᠳᠡᠪᠬᠢᠳᠡᠢ ᠲᠦᠯᠦᠪᠵᠢᠬᠦᠯᠵᠣ᠂ | ᠦᠬᠡᠷᠡᠴᠢᠯᠡᠯᠳᠡ ᠨᠡᠬᠡᠬᠡᠯᠳᠡ ᠶᠢ ᠲᠦᠷᠭᠡᠳᠬᠡᠨ ᠠᠬᠢᠭᠤᠯᠵᠣ᠂ ᠠᠷᠠᠳ ᠤᠨ ᠠᠮᠢᠳᠣᠷᠠᠯ ᠢ ᠪᠠᠳᠣᠯᠠᠬᠤ ᠪᠠ | ᠰᠠᠶᠢᠵᠢᠷᠠᠭᠤᠯᠬᠤ ᠶᠢ ᠴᠢᠩᠭᠠᠳᠬᠠᠵᠣ᠂ ᠨᠡᠶᠢᠬᠡᠮ ᠤᠨ ᠡᠶ᠎ᠡ ᠵᠣᠬᠢᠴᠠᠯ ᠲᠣᠭᠳᠠᠭᠤᠨ ᠢ ᠠᠬᠢᠭᠤᠯᠵᠣ᠂ ᠣᠯᠣᠰ ᠤᠨ | ᠠᠮᠢ ᠠᠬᠤᠢ ᠶᠢᠨ ᠬᠤᠰᠢᠭᠤ ᠶᠢ ᠦᠨᠳᠦᠰᠦᠨ ᠳᠡᠭᠡᠨ ᠪᠠᠶᠢᠭᠤᠯᠵᠣ᠂ ︽12.5︾ ᠶᠢᠨ ᠲᠦᠯᠦᠪᠵᠢᠬᠦᠯᠬᠡ ᠶᠢ | ᠲᠡᠭᠦᠰ ᠠᠮᠵᠢᠯᠳᠠ ᠲᠠᠢ ᠪᠠᠶᠡᠯᠡᠬᠦᠯᠬᠦ ᠶᠠᠪᠣᠳᠠᠯ ᠪᠣᠯᠣᠨ᠎ᠠ᠃ | ᠭᠤᠣᠯ ᠪᠣᠯᠬᠤ ᠲᠦᠰᠦᠪᠯᠡᠭᠰᠨᠨ ᠬᠠᠷᠠᠯᠳᠠ ᠪᠣᠯ᠄ ᠭᠠᠵᠠᠷ ᠣᠷᠣᠨ ᠤ ᠦᠢᠯᠡᠳᠪᠣᠷᠢᠯᠡᠯ ᠤᠨ ᠶᠡᠷᠦᠩᠬᠡᠢ | ᠦᠷᠳᠡᠭ ᠢ 8% ᠪᠠᠷ ᠨᠡᠮᠡᠭᠳᠡᠬᠦᠯᠵᠣ᠂ ᠣᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ | ᠲᠣᠬᠢᠷᠠᠮᠵᠢᠳᠠᠢ ᠨᠡᠮᠡᠭᠳᠡᠬᠦᠯᠦᠨ᠂ ᠬᠡᠪᠴᠢᠶᠡᠵᠢᠯ ᠠᠴᠠ ᠲᠡᠭᠡᠭᠰᠢᠬᠢ ᠲᠣᠭᠳᠠᠮᠠᠯ ᠬᠦᠷᠦᠩᠬᠡ ᠶᠢᠨ ᠪᠡᠯᠡ ᠣᠷᠣᠭᠤᠯᠣᠯᠳᠠ | ᠶᠢ 13% ᠪᠠᠷ ᠨᠡᠮᠡᠭᠳᠡᠬᠦᠯᠵᠣ᠂ ᠨᠡᠶᠢᠬᠡᠮ ᠤᠨ ᠬᠡᠷᠡᠭᠯᠡᠬᠡᠨ ᠤ ᠲᠠᠸᠠᠷ ᠤᠨ ᠵᠢᠵᠢᠭᠯᠡᠨ ᠬᠤᠳᠠᠯᠳᠣᠬᠤ ᠶᠡᠷᠦᠩᠬᠡᠢ | ᠬᠡᠮᠵᠢᠶ᠎ᠡ ᠶᠢ 11% ᠪᠠᠷ ᠨᠡᠮᠡᠭᠳᠡᠬᠦᠯᠦᠨ᠂ ᠬᠤᠳᠠ ᠪᠠᠯᠭᠠᠰᠣ ᠪᠡ ᠮᠠᠯᠵᠢᠬᠤ ᠲᠠᠷᠢᠶᠠᠯᠠᠬᠤ ᠣᠷᠣᠨ ᠤᠨ ᠰᠠᠭᠤᠭᠠᠯᠢ | ᠠᠷᠠᠳ ᠤᠨ ᠬᠦᠮᠦᠨ ᠲᠣᠮᠳᠠᠴᠢ ᠶᠢᠨ ᠡᠵᠡᠮᠳᠡᠵᠣ ᠪᠣᠯᠬᠤ ᠣᠷᠣᠯᠭ᠎ᠠ ᠶᠢ ᠲᠣᠰ ᠲᠣᠰ 10% ᠪᠡ 11% ᠪᠠᠷ | ᠨᠡᠮᠡᠭᠳᠡᠬᠦᠯᠦᠨ᠎ᠡ᠃ ᠵᠢᠯ ᠤᠨ ᠡᠨᠧᠷᠬᠢ ᠠᠷᠪᠢᠯᠠᠵᠣ ᠪᠣᠬᠢᠷᠳᠣᠯ ᠢ ᠪᠠᠭᠠᠰᠬᠠᠬᠤ ᠡᠬᠦᠷᠬᠡ ᠶᠢ ᠪᠡᠶᠡᠯᠡᠬᠦᠯᠦᠨ᠎ᠡ᠃ | ᠲᠡᠭᠡᠷ᠎ᠡ ᠲᠣᠷᠠᠳᠣᠭᠰᠠᠨ ᠬᠠᠷᠠᠯᠳᠠ ᠡᠬᠦᠷᠬᠡ ᠶᠢ ᠪᠡᠶᠡᠯᠡᠬᠦᠯᠬᠦ ᠳᠤ᠂ ᠲᠣᠣᠷᠠᠬᠢ ᠬᠡᠳᠣᠨ ᠲᠠᠯ᠎ᠠ ᠶᠢᠨ ᠠᠵᠢᠯ ᠢ | ᠰᠠᠶᠢᠳᠣᠷ ᠴᠢᠬᠤᠯᠠᠴᠢᠯᠠᠨ ᠬᠢᠬᠦ ᠬᠡᠷᠡᠭᠳᠡᠢ᠄ | ︵ᠨᠢᠬᠡ︶ ᠠᠮᠢ ᠠᠬᠤᠢ ᠶᠢᠨ ᠣᠷᠴᠢᠨ ᠲᠣᠭᠤᠷᠢᠨ ᠢ ᠯᠠᠪᠳᠠᠭᠤᠨ ᠢᠶᠠᠷ ᠰᠠᠶᠢᠵᠢᠷᠠᠭᠤᠯᠬᠤ ᠶᠢ ᠲᠦᠯᠬᠢᠨ | ᠠᠬᠢᠭᠤᠯᠵᠣ᠂ ᠬᠦᠭᠵᠢᠯᠳᠡ ᠶᠢᠨ ᠲᠠᠭᠠᠭᠠᠴᠠ ᠶᠢ ᠬᠦᠴᠦᠯᠡᠨ ᠨᠡᠮᠡᠭᠳᠡᠬᠦᠯᠬᠦ ᠬᠡᠷᠡᠭᠳᠡᠢ᠃ | ︽ᠬᠦᠬᠡᠮᠳᠦᠭ ᠠᠭᠤᠯᠠ ᠨᠣᠭᠤᠭᠠᠨ ᠲᠠᠯ᠎ᠠ︾ ᠪᠣᠯ ᠲᠠᠷᠣᠢ ︽ᠬᠦᠷᠦᠩᠬᠡ ᠬᠤᠭᠰᠢᠯ ︾ ᠬᠡᠬᠦ ᠬᠦᠭᠵᠢᠯᠳᠡ ᠶᠢᠨ | ᠣᠶᠢᠯᠠᠭᠠᠭᠳᠠᠬᠤᠨ ᠢ ᠪᠠᠳᠣ ᠪᠠᠬᠢ ᠪᠣᠢ ᠪᠣᠯᠭᠠᠨ᠂ ᠠᠮᠢ ᠠᠬᠤᠢ ᠶᠢᠨ ᠬᠠᠮᠠᠭᠠᠯᠠᠯᠳᠠ᠂ ᠠᠮᠢ ᠠᠬᠤᠢ ᠶᠢᠨ ᠵᠠᠰᠠᠯᠳᠠ | ᠶᠢ ᠴᠢᠩᠭ᠎ᠠ ᠠᠳᠬᠤᠨ᠂ ᠠᠯᠢ ᠴᠢᠳᠠᠬᠤ ᠪᠠᠷ ᠠᠮᠢ ᠠᠬᠤᠢ ᠶᠢᠨ ᠬᠦᠷᠦᠩᠬᠡ ᠶᠢ ᠨᠡᠮᠡᠭᠳᠡᠬᠦᠯᠦᠨ᠂ ᠠᠮᠢ ᠠᠬᠤᠢ ᠶᠢᠨ | ᠰᠠᠶᠢᠨ ᠰᠠᠶᠢᠬᠠᠨ ᠪᠣᠯᠣᠨ ᠬᠦᠭᠵᠢᠯᠳᠡ ᠶᠢᠨ ᠦᠷ᠎ᠡ ᠪᠦᠳᠦᠬᠡᠯ ᠢ ᠬᠠᠮᠳᠣᠪᠡᠷ ᠡᠳ᠋ᠯᠡᠬᠦ ᠶᠢ ᠪᠡᠶᠡᠯᠡᠬᠦᠯᠬᠦ ᠬᠡᠷᠡᠭᠳᠡᠢ᠃ | ᠠᠮᠢ ᠠᠬᠤᠢ ᠶᠢᠨ ᠬᠠᠮᠠᠭᠠᠯᠠᠯᠳᠠ ᠬᠢᠬᠡᠳ ᠪᠦᠳᠦᠬᠡᠨ ᠪᠠᠶᠢᠭᠤᠯᠣᠯᠳᠠ ᠶᠢᠨ ᠬᠦᠴᠦᠯᠡᠴᠡ ᠶᠢ ᠨᠡᠮᠡᠭᠳᠡᠬᠦᠯᠬᠦ | ᠬᠡᠷᠡᠭᠳᠡᠢ᠃ ᠮᠠᠯ ᠪᠡᠯᠴᠢᠬᠡᠷ ᠢ ᠲᠡᠩᠴᠡᠬᠦᠷᠢᠳᠡᠢ ᠪᠠᠶᠢᠯᠭᠠᠬᠤ ᠪᠠ ᠪᠡᠯᠴᠢᠬᠡᠷᠯᠡᠬᠦᠯᠬᠦ ᠶᠢ ᠴᠠᠭᠠᠵᠠᠯᠠᠬᠤ ᠰᠡᠯᠬᠦᠨ | ᠮᠠᠯᠵᠢᠬᠤ ᠲᠦᠷᠢᠮ ᠢ ᠴᠢᠩᠭ᠎ᠠ ᠬᠡᠷᠡᠭᠵᠢᠬᠦᠯᠵᠣ᠂ ᠲᠣᠷ᠎ᠠ ᠪᠠᠷ ᠣᠭᠳᠣᠯᠵᠣ ᠲᠣᠷ᠎ᠠ ᠪᠠᠷ ᠮᠠᠯᠳᠠᠬᠤ᠂ ᠨᠢᠭᠤᠴᠠ ᠪᠠᠷ | ᠠᠩᠨᠠᠬᠤ ᠵᠡᠷᠭᠡ ᠠᠮᠢ ᠠᠬᠤᠢ ᠶᠢ ᠡᠪᠳᠡᠭᠰᠡᠨ ᠠᠵᠢᠯᠯᠠᠭ᠎ᠠ ᠳᠤ ᠡᠷᠡᠰ ᠴᠣᠬᠢᠯᠳᠠ ᠦᠭᠬᠦ ᠬᠡᠷᠡᠭᠳᠡᠢ᠃ ᠪᠡᠬᠡᠵᠢᠩ | ᠲᠢᠶᠡᠨᠵᠢᠨ ᠤ ᠰᠠᠯᠬᠢ ᠡᠯᠡᠰᠣᠨ ᠤ ᠡᠬᠦᠰᠦᠯ ᠢ ᠵᠠᠰᠠᠬᠤ᠂ ᠲᠠᠷᠢᠶᠠᠯᠠᠬᠤ ᠶᠢ ᠵᠣᠭᠰᠣᠭᠠᠨ ᠡᠪᠡᠰᠣ ᠮᠣᠳᠣ ᠲᠠᠷᠢᠬᠤ | ᠵᠡᠷᠭᠡ ᠢᠨᠵᠧᠨᠧᠷᠢᠩ ᠳᠤ ᠲᠦᠰᠢᠭᠯᠡᠵᠣ᠂ ᠰᠢᠷᠠᠮᠦ᠋ᠷᠡᠨ ᠤ ᠬᠦᠪᠡᠭᠡ ᠲᠠᠭᠠᠤ᠂ ᠲᠠᠯᠠᠢ ᠨᠠᠭᠤᠷ ᠤᠨ ᠡᠷᠬᠢᠨ ᠲᠣᠭᠤᠷᠢᠨ | ᠂ ᠠᠭᠤᠷᠬᠠᠢ ᠶᠢᠨ ᠣᠷᠭᠤᠮᠠᠯ ᠤᠨ ᠪᠦᠷᠬᠦᠴᠡ ᠵᠡᠷᠭᠡ 10 ᠭᠤᠣᠯᠳᠠᠯᠭᠠᠳᠣ ᠠᠮᠢ ᠠᠬᠤᠢ ᠶᠢᠨ ᠲᠦᠷᠦᠯ ᠵᠦᠢᠯ ᠢ | ᠬᠡᠷᠡᠭᠵᠢᠬᠦᠯᠵᠣ᠂ ᠪᠢᠳᠡᠬᠦᠮᠵᠢᠯᠡᠨ ᠣᠷᠭᠤᠭᠤᠯᠬᠤ ᠪᠡᠯᠴᠢᠬᠡᠷᠯᠡᠬᠦᠯᠬᠦ ᠶᠢ ᠴᠠᠭᠠᠵᠠᠯᠠᠬᠤ ᠬᠦᠴᠦᠯᠡᠴᠡ ᠪᠠᠨ ᠨᠡᠮᠡᠭᠳᠡᠬᠦᠯᠵᠣ | ᠂ ᠣᠢ ᠰᠢᠭᠤᠢ ᠨᠣᠳᠤᠭ ᠪᠡᠯᠴᠢᠬᠡᠷ ᠤᠨ ᠠᠮᠢ ᠠᠬᠤᠢ ᠶᠢᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠳᠡᠢ᠃ | ᠲᠣᠰ ᠵᠢᠯ ᠳᠤ ᠠᠮᠢ ᠠᠬᠤᠢ ᠶᠢᠨ ᠪᠦᠳᠦᠬᠡᠨ ᠪᠠᠶᠢᠭᠤᠯᠣᠯᠳᠠ ᠶᠢ 16.8 ᠲᠦᠮᠡᠨ ᠮᠣ᠋᠂ ᠠᠮᠢ ᠠᠬᠤᠢ ᠶᠢᠨ | ᠬᠠᠮᠠᠭᠠᠯᠠᠯᠳᠠ ᠶᠢ 907.3 ᠲᠦᠮᠡᠨ ᠮᠣ᠋ ᠪᠡᠶᠡᠯᠡᠬᠦᠯᠬᠦ ᠬᠡᠷᠡᠭᠳᠡᠢ᠃ ᠯᠣᠸᠠᠨᠾᠧ ᠭᠤᠣᠯ ᠤᠨ ᠣᠷᠣᠰᠬᠠᠯ ᠤᠨ | ᠨᠢᠬᠡᠳᠣᠬᠡᠷ ᠲᠡᠰ ᠤᠨ ᠵᠠᠰᠠᠯᠳᠠ ᠪᠡ ᠬᠠᠮᠠᠭᠠᠯᠠᠯᠳᠠ ᠶᠢᠨ ᠢᠨᠵᠧᠨᠧᠷᠢᠩ ᠢ ᠡᠬᠢᠯᠡᠬᠦᠯᠬᠦ ᠬᠡᠷᠡᠭᠳᠡᠢ᠃ ᠨᠣᠳᠤᠭ | ᠪᠡᠯᠴᠢᠬᠡᠷ ᠤᠨ ᠡᠷᠬᠡ ᠶᠢ ᠲᠣᠭᠳᠠᠭᠠᠨ ᠲᠠᠭᠠᠭᠠᠴᠢᠯᠠᠭᠤᠯᠬᠤ ᠲᠣᠷᠰᠢᠯᠳᠠ ᠶᠢᠨ ᠴᠢᠭ᠋ ᠤᠨ ᠠᠵᠢᠯ ᠢ ᠪᠦᠬᠦᠨ ᠢ | ᠪᠡᠶᠡᠯᠡᠬᠦᠯᠬᠦ ᠬᠡᠷᠡᠭᠳᠡᠢ᠃ ᠮᠠᠯ ᠠᠵᠣ ᠠᠬᠤᠢ ᠲᠠᠷᠢᠶᠠᠯᠠᠩ ᠤᠨ ᠬᠦᠭᠵᠢᠯᠳᠡ ᠶᠢᠨ ᠬᠡᠯᠪᠡᠷᠢ ᠶᠢ ᠲᠦᠷᠭᠡᠳᠬᠡᠨ | ᠬᠤᠪᠢᠷᠠᠭᠤᠯᠵᠣ᠂ ᠬᠡᠪᠴᠢᠶᠡᠵᠢᠭᠰᠡᠨ᠂ ᠡᠷᠴᠢᠮᠵᠢᠭᠰᠡᠨ ᠮᠠᠰᠢᠨᠴᠢᠯᠠᠭᠰᠠᠨ ᠡᠵᠡᠩᠨᠡᠯᠳᠡ ᠶᠢ ᠬᠦᠴᠦᠯᠡᠨ ᠠᠬᠢᠭᠤᠯᠵᠣ᠂ | ᠮᠠᠯᠴᠢᠨ ᠲᠠᠷᠢᠶᠠᠴᠢᠳ ᠢ ᠴᠢᠳᠠᠬᠤ ᠶᠢᠨ ᠴᠢᠨᠡᠬᠡᠨ ᠳᠤ ᠭᠠᠵᠠᠷ ᠰᠢᠷᠣᠢ᠂ ᠬᠠᠳᠣᠯᠠᠩ ᠪᠡᠯᠴᠢᠬᠡᠷ ᠠᠴᠠ ᠰᠢᠯᠵᠢᠬᠦᠯᠦᠨ | ᠂ ᠠᠮᠢ ᠠᠬᠤᠢ ᠶᠢᠨ ᠬᠠᠮᠠᠭᠠᠯᠠᠯᠳᠠ ᠬᠢᠬᠡᠳ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠬᠤᠣᠰ ᠠᠮᠵᠢᠯᠳᠠ | ᠣᠯᠬᠤ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ᠃ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠬᠤ ᠬᠡᠷᠡᠭᠳᠡᠢ᠃ ︽ᠣᠷᠴᠢᠨ ᠲᠣᠭᠤᠷᠢᠨ ᠤ | ᠬᠠᠮᠠᠭᠠᠯᠠᠯᠳᠠ ᠶᠢᠨ ᠬᠠᠣᠯᠢ︾ ᠶᠢ ᠨᠠᠷᠢᠨ ᠬᠢᠨᠠᠮᠠᠭᠠᠢ ᠬᠡᠷᠡᠭᠵᠢᠬᠦᠯᠵᠣ᠂ ᠶᠡᠷᠦᠩᠬᠡᠢ ᠬᠡᠮᠵᠢᠶ᠎ᠡ ᠶᠢ ᠡᠵᠡᠮᠳᠡᠬᠦ | ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠣ᠂ ᠣᠬᠢᠶᠠᠯᠭ᠎ᠠ ᠶᠢᠨ ᠭᠠᠵᠠᠷ ᠤᠨᠨᠡᠬᠦᠷᠡᠰᠣ ᠰᠢᠳᠠᠭᠠᠬᠤ ᠵᠣᠤᠬ᠎ᠠ ᠪᠡ | ᠪᠠᠶᠢᠰᠢᠩ ᠬᠡᠷ ᠤᠨ ᠨᠡᠬᠦᠷᠡᠰᠣᠨ ᠵᠣᠤᠬ᠎ᠠ ᠶᠢ ᠦᠬᠡᠶᠢᠰᠬᠡᠬᠦ ᠲᠣᠷᠰᠢᠯᠳᠠ ᠶᠢᠨ ᠴᠢᠭ᠋ ᠤᠨ ᠠᠵᠢᠯ ᠢ ᠲᠦᠷᠬᠡᠳᠬᠡᠨ | ᠠᠬᠢᠭᠤᠯᠵᠣ᠂ ᠪᠣᠵᠠᠷ ᠣᠰᠣ ᠰᠢᠢᠳᠪᠣᠷᠢᠯᠡᠬᠦ ᠦᠢᠯᠡᠳᠪᠣᠷᠢ ᠶᠢᠨ ᠣᠰᠣ ᠶᠢ ᠪᠣᠴᠠᠭᠠᠨ ᠠᠰᠢᠭᠯᠠᠬᠤ᠂ ᠬᠠᠶᠠᠭᠳᠠᠮᠠᠯ | ᠱᠦᠢᠨᠢ ᠶᠢ ᠰᠢᠢᠳᠪᠣᠷᠢᠯᠡᠬᠦ ᠲᠦᠷᠦᠯ ᠵᠦᠢᠯ ᠢ ᠪᠠᠶᠢᠭᠤᠯᠣᠨ ᠠᠵᠢᠯᠯᠠᠭᠤᠯᠬᠤ ᠶᠢ ᠴᠢᠷᠮᠠᠶᠢᠨ ᠠᠬᠢᠭᠤᠯᠬᠤ ᠬᠡᠷᠡᠭᠳᠡᠢ᠃ | ᠣᠷᠴᠢᠨ ᠲᠣᠭᠤᠷᠢᠨ ᠤ ᠬᠠᠮᠠᠭᠠᠯᠠᠯᠳᠠ ᠶᠢᠨ ︽ᠭᠤᠷᠪᠠ ᠶᠢ ᠵᠡᠷᠭᠡᠪᠡᠷ ᠶᠠᠪᠣᠭᠤᠯᠬᠤ︾ ᠲᠦᠷᠢᠮ ᠢ ᠴᠢᠩᠭ᠎ᠠ | ᠬᠡᠷᠡᠭᠵᠢᠬᠦᠯᠵᠣ᠂ ᠪᠣᠬᠢᠷᠳᠣᠯ ᠦᠬᠡᠢ ᠠᠭᠤᠷᠬᠠᠢ ᠶᠢᠨ ᠪᠦᠳᠦᠬᠡᠨ ᠪᠠᠶᠢᠭᠤᠯᠣᠯᠳᠠ ᠶᠢ ᠯᠠᠪᠳᠠᠭᠤᠨ ᠢᠶᠠᠷ ᠠᠬᠢᠭᠤᠯᠬᠤ | ᠬᠡᠷᠡᠭᠳᠡᠢ᠃ ᠬᠦᠨᠳᠣ ᠲᠡᠮᠦᠷᠯᠢᠭ ᠲᠠᠢ ᠬᠤᠯᠪᠣᠭᠳᠠᠭᠰᠠᠨ ᠠᠵᠣ ᠠᠬᠤᠶᠢᠯᠠᠯ ᠤᠨ ᠬᠢᠨᠠᠨ ᠬᠠᠮᠢᠶᠠᠷᠣᠯᠳᠠ ᠶᠢ | ᠴᠢᠩᠭᠠᠳᠬᠠᠵᠣ᠂ ᠪᠠᠷᠢᠮᠵᠢᠶ᠎ᠠ ᠠᠴᠠ ᠬᠡᠳᠦᠷᠡᠬᠦᠯᠦᠨ ᠭᠠᠳᠠᠭᠰᠢᠯᠠᠭᠤᠯᠬᠤ᠂ ᠪᠣᠵᠠᠷ ᠣᠰᠣ ᠶᠢ ᠨᠢᠭᠤᠨ ᠲᠠᠯᠳᠠᠯᠠᠵᠣ | ᠴᠢᠳᠬᠤᠬᠤ᠂ ᠰᠢᠭᠠᠷᠣ ᠪᠣᠳᠠᠰ ᠢ ᠠᠳᠡ ᠲᠡᠨᠳᠡ ᠦᠬᠡᠢ ᠬᠠᠶᠠᠬᠤ ᠵᠡᠷᠬᠡ ᠬᠠᠣᠯᠢ ᠶᠢ ᠵᠦᠷᠢᠴᠡᠭᠰᠡᠨ ᠠᠵᠢᠯᠯᠠᠭ᠎ᠠ ᠶᠢ | ᠡᠷᠡᠰ ᠪᠠᠶᠢᠴᠠᠭᠠᠨ ᠭᠠᠷᠭᠠᠵᠣ᠂ ᠰᠢᠨᠵᠢ ᠴᠢᠨᠡᠷ ᠨᠢ ᠬᠤᠪᠢᠷᠠᠵᠣ᠂ ᠪᠠᠶᠢᠭᠠᠯᠢ ᠶᠢ ᠬᠤᠬᠢᠷᠠᠭᠤᠯᠣᠭᠰᠠᠨ GDP ᠶᠢ | ᠶᠠᠭᠠᠬᠢᠭᠰᠠᠨ ᠴᠣ᠋ ᠪᠦᠳᠦᠬᠡᠵᠣ ᠪᠣᠯᠬᠤ ᠦᠬᠡᠢ᠃ ᠬᠡᠷᠡᠭᠴᠡᠭᠡ ᠶᠢ ᠦᠨᠳᠦᠰᠦᠯᠡᠨ ᠬᠠᠮᠢᠶᠠᠷᠬᠤ᠂ ᠲᠠᠷᠢᠶᠠᠨ ᠭᠠᠵᠠᠷ ᠢ | ᠬᠠᠮᠠᠭᠠᠯᠠᠬᠤ ᠪᠠ ᠭᠠᠵᠠᠷ ᠰᠢᠷᠤᠢ ᠶᠢ ᠠᠷᠪᠢᠯᠠᠨ ᠡᠷᠴᠢᠮᠵᠢᠬᠦᠯᠵᠤ ᠬᠡᠷᠡᠭᠯᠡᠬᠦ ᠲᠦᠷᠢᠮ ᠢ ᠴᠢᠩᠭᠠᠳᠬᠠᠵᠤ᠂ | ᠲᠦᠪᠯᠡᠷᠡᠭᠰᠡᠨ ᠬᠡᠯᠪᠡᠷᠢ ᠶᠢᠨ ᠤᠰᠤᠨ ᠰᠤᠷᠪᠤᠯᠵᠢ ᠶᠢᠨ ᠤᠷᠤᠨ ᠢ ᠬᠠᠮᠠᠭᠠᠯᠠᠬᠤ ᠪᠠᠨ ᠴᠢᠩᠭᠠᠳᠬᠠᠨ᠂ ᠭᠠᠵᠠᠷ | ᠲᠤᠤᠷᠠᠬᠢ ᠤᠰᠤ ᠶᠢ ᠨᠡᠭᠡᠭᠡᠬᠦ ᠶᠢ ᠴᠢᠩᠭ᠎ᠠ ᠬᠢᠵᠠᠭᠠᠷᠯᠠᠵᠤ᠂ ᠤᠰᠤᠯᠠᠯᠳᠠ ᠳᠤ ᠶᠡᠭᠡᠪᠡᠷ ᠪᠦᠷᠢᠯᠭᠡᠬᠦ ᠪᠠ ᠡᠮᠬᠢ | ᠵᠠᠮᠪᠠᠷᠠᠭ᠎ᠠ ᠦᠭᠡᠢ ᠤᠰᠤ ᠬᠡᠷᠡᠭᠯᠡᠬᠦ ᠶᠢ ᠡᠷᠡᠰ ᠲᠡᠪᠴᠢᠬᠦ ᠬᠡᠷᠡᠭᠳᠠᠢ᠃ ᠮᠠᠯᠵᠢᠬᠤ ᠲᠠᠷᠢᠶᠠᠯᠠᠬᠤ ᠤᠷᠤᠨ ᠤ ᠤᠷᠴᠢᠨ | ᠠᠬᠤᠢ ᠶᠢ ᠶᠡᠷᠦᠩᠭᠡᠶᠢᠯᠡᠨ ᠴᠡᠭᠴᠡᠯᠡᠵᠤ᠂ ᠤᠰᠤ᠂ ᠠᠭᠠᠷ᠂ ᠬᠦᠷᠦᠰᠤ ᠰᠢᠷᠤᠢ ᠵᠡᠷᠭᠡ ᠤᠷᠴᠢᠨ ᠠᠬᠤᠢ ᠶᠢᠨ | ᠶᠡᠷᠦᠩᠭᠡᠶᠢᠯᠡᠭᠰᠡᠨ ᠴᠡᠭᠴᠡᠯᠡᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠲᠤᠰ ᠵᠢᠯ ᠳᠡᠭᠡᠨ ᠤᠯᠤᠰ ᠤᠨ | ᠠᠮᠢ ᠠᠬᠤᠢ ᠶᠢᠨ ᠬᠤᠰᠢᠭᠤᠨ ᠤ ᠬᠢᠨᠠᠨ ᠰᠢᠯᠭᠠᠯᠳᠠ ᠶᠢ ᠲᠠᠪᠠᠭ᠋ᠤ ᠪᠠᠷ ᠴᠢᠷᠮᠠᠶᠢᠬᠤ ᠬᠡᠷᠡᠭᠳᠠᠢ᠃ | ︵ᠬᠤᠶᠠᠷ︶ ᠠᠵᠤ ᠦᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ | ᠶᠢ ᠲᠦᠷᠭᠡᠳᠭᠡᠨ᠂ ᠬᠦᠭᠵᠢᠯᠳᠠ ᠶᠢᠨ ᠲᠠᠶᠢᠴᠢᠯᠠᠬᠤ ᠬᠦᠴᠦᠨ ᠢ ᠴᠢᠷᠮᠠᠶᠢᠨ ᠨᠡᠮᠡᠭᠳᠡᠬᠦᠯᠬᠦ ᠬᠡᠷᠡᠭᠳᠠᠢ᠃ ᠠᠵᠤ | ᠦᠢᠯᠡᠳᠪᠤᠷᠢ ᠶᠢᠨ ᠠᠵᠤ ᠠᠬᠤᠢ ᠪᠠᠷ ᠭᠤᠤᠯᠯᠠᠨ ᠤᠳᠤᠷᠢᠳᠤᠭᠤᠯᠬᠤ ᠶᠢ ᠪᠠᠷᠢᠮᠳᠠᠯᠠᠨ᠂ ︽ᠬᠤᠶᠠᠷ ᠲᠤᠭᠤᠷᠢᠭ︾ | ᠤᠨ ᠪᠦᠳᠦᠭᠡᠨ ᠪᠠᠶᠢᠭᠤᠯᠤᠯᠳᠠ ᠪᠠᠷ ᠠᠴᠢᠶᠠᠯᠠᠪᠤᠷᠢ ᠪᠤᠯᠭᠠᠨ᠂ ᠪᠦᠳᠦᠴᠨ ᠰᠢᠯᠢᠳᠡᠭᠵᠢᠭᠰᠡᠨ᠂ ᠠᠵᠤ ᠦᠢᠯᠡᠰ ᠤᠯᠠᠨ | ᠡᠰᠢᠳᠤ᠂ ᠲᠤᠯᠭᠠᠭᠤᠷᠢᠯᠠᠬᠤ ᠬᠦᠴᠦᠨ ᠢᠶᠠᠷ ᠴᠢᠩᠭ᠎ᠠ ᠤᠳᠤ ᠦᠶ᠎ᠠ ᠶᠢᠨ ᠠᠵᠤ ᠦᠢᠯᠡᠳᠪᠤᠷᠢ ᠶᠢᠨ ᠲᠤᠭᠳᠠᠯᠴᠠᠭ᠎ᠠ | ᠶᠢ ᠴᠢᠷᠮᠠᠶᠢᠨ ᠴᠤᠭᠴᠠᠯᠠᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠨ ᠶᠢ ᠪᠦᠬᠦ ᠲᠠᠯ᠎ᠠ ᠪᠠᠷ | ᠲᠦᠷᠭᠡᠳᠭᠡᠬᠦ ᠬᠡᠷᠡᠭᠳᠠᠢ᠃ | ᠠᠵᠤ ᠦᠢᠯᠡᠳᠪᠤᠷᠢ ᠶᠢᠨ ᠪᠦᠳᠦᠴᠨ ᠶᠢ ᠲᠤᠬᠢᠷᠠᠭᠤᠯᠤᠨ ᠰᠢᠯᠢᠳᠡᠭᠵᠢᠬᠦᠯᠬᠦ ᠬᠡᠷᠡᠭᠳᠠᠢ᠃ ᠭᠤᠤᠯᠳᠠᠯᠭᠠᠳᠤ | ᠠᠵᠤ ᠦᠢᠯᠡᠳᠪᠤᠷᠢ ᠶᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠬᠤ ᠪᠠ | ᠵᠤᠬᠢᠴᠠᠭᠤᠯᠤᠨ ᠦᠢᠯᠡᠴᠢᠯᠡᠬᠦ ᠬᠦᠴᠦᠯᠡᠴᠨ ᠶᠢ ᠦᠨᠡᠩᠬᠦ ᠨᠡᠮᠡᠭᠳᠡᠬᠦᠯᠦᠨ᠂ ᠭᠠᠵᠠᠷ ᠰᠢᠷᠤᠢ ᠶᠢ ᠲᠠᠳᠠᠪᠤᠷᠢᠯᠠᠨ | ᠬᠤᠷᠢᠶᠠᠬᠤ᠂ ᠠᠶᠤᠯᠬᠦᠢ ᠦᠢᠯᠡᠳᠪᠤᠷᠢᠯᠡᠯ᠂ ᠤᠷᠴᠢᠨ ᠠᠬᠤᠢ ᠶᠢᠨ ᠬᠠᠮᠠᠭᠠᠯᠠᠯᠳᠠ ᠵᠡᠷᠭᠡ ᠬᠦᠷᠢᠶ᠎ᠠ ᠬᠡᠪᠴᠢᠶᠡᠨ ᠤ | ᠲᠤᠪᠤᠶᠢᠮ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠤᠷᠢᠯᠡᠬᠦ ᠬᠡᠷᠡᠭᠳᠠᠢ᠃ ᠳ᠋ᠠ ᠲᠠᠩ ᠤᠨ ᠤᠯᠠᠨ ᠤᠯᠤᠰ ᠤᠨ | ᠨᠡᠬᠦᠷᠡᠰᠤ ᠶᠢ ᠬᠡᠶᠢᠵᠢᠬᠦᠯᠬᠦ ᠺᠤᠮᠫᠠᠨᠢ ᠶᠢᠨ Ⅰ ᠰᠢᠷᠢᠰ ᠤᠨ ᠬᠦᠢᠴᠡᠳ ᠲᠠᠭᠠᠭᠠᠴᠨ ᠪᠠᠷ ᠦᠢᠯᠡᠳᠪᠤᠷᠢᠯᠡᠬᠦ ᠶᠢ | ᠠᠬᠢᠭᠤᠯᠤᠨ᠂ Ⅱ ᠰᠢᠷᠢᠰ ᠪᠠ ᠪᠦᠸᠧ ᠶᠤᠸᠠᠨ ᠰᠢᠨᠵᠢᠯᠡᠭᠡ ᠮᠡᠷᠭᠡᠵᠢᠯ ᠤᠨ ᠰᠢᠷᠢᠰ ᠲᠦᠷᠦᠯ ᠵᠦᠢᠯ ᠤᠨ | ᠠᠰᠢᠭᠯᠠᠯᠳᠠ ᠳᠤ ᠤᠷᠤᠵᠤ ᠡᠵᠡᠩᠨᠡᠯᠳᠠ ᠪᠠᠨ ᠡᠬᠢᠯᠡᠬᠦᠯᠬᠦ ᠶᠢ ᠪᠠᠳᠤᠯᠠᠬᠤ ᠬᠡᠷᠡᠭᠳᠠᠢ᠃ ᠳ᠋ᠠ ᠲᠠᠩ ᠤᠨ 2×66 | ᠲᠦᠮᠡᠨ ᠺᠢᠯᠤᠸᠠᠲ ᠶᠢᠨ ᠢᠯᠴᠢ ᠶᠢᠨ ᠴᠠᠬᠢᠯᠭᠠᠨ ᠵᠡᠷᠭᠡ ᠬᠤᠯᠪᠤᠭᠳᠠᠯᠳᠤ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠨ ᠠᠬᠢᠴᠨ ᠶᠢ ᠲᠦᠷᠭᠡᠳᠭᠡᠨ᠂ ᠨᠡᠬᠦᠷᠡᠰᠤ ᠬᠢᠮᠢ ᠶᠢᠨ ᠠᠵᠤ ᠦᠢᠯᠡᠰ ᠤᠨ ᠬᠦᠨᠳᠡᠯᠡᠨ | ᠭᠤᠯᠳᠤ ᠬᠤᠯᠪᠤᠭᠠᠰᠤ ᠪᠠᠷ ᠵᠠᠯᠭᠠᠯᠳᠤᠨ᠂ ᠡᠮᠦᠨ᠎ᠠ ᠬᠤᠶᠢᠨᠠᠬᠢ ᠨᠢ ᠨᠢᠭᠡ ᠴᠤᠭᠴᠠᠵᠢᠭᠰᠠᠨ ᠡᠷᠬᠢᠯᠳᠡᠳᠤ ᠬᠦᠭᠵᠢᠯᠳᠠ | ᠶᠢ ᠲᠦᠯᠬᠢᠨ ᠤᠷᠤᠭᠰᠢᠯᠠᠭᠤᠯᠬᠤ ᠬᠡᠷᠡᠭᠳᠠᠢ᠃ ᠬᠤᠩᠭᠤ ᠶᠢᠨ ᠲᠠᠪᠠᠭ᠎ᠠ ᠶᠢᠨ ᠠᠭᠤᠷᠬᠠᠢ ᠶᠢᠨ ᠦᠢᠯᠡᠰ ᠤᠨ ᠺᠤᠮᠫᠠᠨᠢ | ᠶᠢᠨ ᠡᠷᠳᠡᠭᠡᠨ ᠵᠠᠬ᠎ᠠ ᠲᠡᠯᠭᠡᠬᠦᠷ ᠲᠤ ᠭᠠᠷᠬᠤ ᠶᠢ ᠢᠳᠡᠪᠬᠢᠳᠠᠢ ᠲᠦᠯᠬᠢᠨ ᠠᠬᠢᠭᠤᠯᠬᠤ ᠬᠡᠷᠡᠭᠳᠠᠢ᠃ ᠬᠢᠩᠭᠠᠨ ᠤ | ᠮᠦᠩᠬᠦ ᠬᠠᠷ᠎ᠠ ᠲᠤᠭᠤᠯᠭ᠎ᠠ ᠬᠠᠶᠢᠯᠤᠭᠤᠯᠤᠨ ᠪᠤᠯᠪᠠᠰᠤᠷᠠᠭᠤᠯᠬᠤ ᠦᠢᠯᠡᠳᠪᠤᠷᠢ ᠶᠢᠨ ᠲᠠᠬᠢᠨ ᠡᠬᠦᠰᠬᠦᠶᠢᠴᠨ | ᠲᠤᠭᠤᠯᠭ᠎ᠠ ᠶᠢᠨ ᠡᠬᠢ ᠪᠠᠶᠠᠯᠢᠭ ᠢ ᠬᠤᠷᠢᠶᠠᠨ ᠠᠪᠴᠤ ᠠᠰᠢᠭᠯᠠᠬᠤ᠂ ᠤᠯᠢᠶᠠᠰᠤᠳᠠᠢ ᠠᠭᠤᠷᠬᠠᠢ ᠶᠢᠨ ᠬᠦᠨ | ᠲᠠᠪᠬᠤᠷᠭ᠎ᠠ ᠳᠠᠬᠢ ᠬᠤᠳᠳᠤᠭ ᠤᠨ ᠮᠡᠷᠭᠡᠵᠢᠯ ᠤᠨ ᠦᠭᠡᠷᠡᠴᠢᠯᠡᠯᠳᠠ ᠶᠢᠨ ᠲᠦᠷᠦᠯ ᠵᠦᠢᠯ ᠢ ᠡᠬᠢᠯᠡᠨ ᠪᠠᠶᠢᠭᠤᠯᠵᠤ᠂ | ᠬᠤᠩᠭᠤ ᠶᠢᠨ ᠲᠠᠪᠠᠭ᠎ᠠ ᠠᠭᠤᠷᠬᠠᠢ ᠶᠢᠨ Ⅲ ᠲᠤᠭᠤᠷᠢᠭ ᠤᠨ ᠦᠯᠡᠳᠡᠭᠳᠡᠯ ᠬᠦᠳᠡᠷ ᠢ ᠪᠤᠴᠠᠭᠠᠨ ᠠᠰᠢᠭᠯᠠᠬᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠪᠡᠶᠡᠯᠡᠬᠦᠯᠬᠦ ᠬᠡᠷᠡᠭᠳᠠᠢ᠃ ᠶᠢᠨ ᠳ᠋ᠦ᠋ ᠺᠤᠮᠫᠠᠨᠢ | ᠶᠢᠨ ᠱᠢ ᠳ᠋ᠢ ᠳᠠᠬᠢ ᠠᠭᠤᠷᠬᠠᠢ᠂ ᠭᠤᠸᠠᠩ ᠳ᠋ᠠ ᠺᠤᠮᠫᠠᠨᠢ ᠶᠢᠨ ᠳ᠋ᠠ ᠳ᠋ᠢ ᠳᠠᠬᠢ ᠠᠭᠤᠷᠬᠠᠢ᠂ ᠢᠦᠢ ᠪᠤᠤ ᠺᠤᠮᠫᠠᠨᠢ ᠶᠢᠨ | ᠨᠠᠷᠠᠰᠤᠳᠠᠢ ᠠᠭᠤᠷᠬᠠᠢ᠂ ᠿᠦᠩ ᠪᠠᠩ ᠤᠨ ᠲᠤᠰᠤᠨ ᠭᠡᠷ ᠤᠨ ᠪᠠᠷᠠᠭᠤᠨᠳᠠᠬᠢ ᠲᠤᠭᠤᠯᠭ᠎ᠠ ᠴᠠᠶᠢᠷ ᠤᠨ ᠠᠭᠤᠷᠬᠠᠢ᠂ | ᠶᠦᠩ ᠰᠢᠩ ᠤᠨ ᠵᠡᠰ ᠤᠨ ᠠᠭᠤᠷᠬᠠᠢ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠠᠬᠢᠴᠨ | ᠶᠢ ᠦᠨᠡᠩᠬᠦ ᠲᠦᠷᠭᠡᠳᠭᠡᠵᠤ᠂ ᠲᠢᠶᠠᠨ ᠿᠦᠨ ᠰᠢᠨ ᠨᠧᠩ ᠤᠨ 4.8 ᠲᠦᠮᠡᠨ ᠺᠢᠯᠤᠸᠠᠲ᠂ ᠯᠠᠩ ᠴᠧᠩ ᠿᠦᠢ | ᠹᠧᠩ ᠤᠨ 9.9 ᠲᠦᠮᠡᠨ ᠺᠢᠯᠤᠸᠠᠲ᠂ ᠬᠤᠸᠠ ᠨᠧᠩ ᠤᠨ ᠱᠤ᠋ ᠱᠧᠩ ᠳᠠᠬᠢ Ⅱ ᠬᠤᠭᠤᠴᠠᠭᠠᠨ ᠤ 20 ᠲᠦᠮᠡᠨ | ᠺᠢᠯᠤᠸᠠᠲ ᠰᠠᠯᠬᠢᠨ ᠴᠠᠬᠢᠯᠭᠠᠨ᠂ ᠫᠦ᠋ ᠭᠤᠸᠠᠩ ᠰᠢᠨᠵᠢᠯᠡᠭᠡ ᠮᠡᠷᠭᠡᠵᠢᠯ ᠤᠨ 4 ᠲᠦᠮᠡᠨ ᠺᠢᠯᠤᠸᠠᠲ᠂ ᠬᠤᠸᠠᠩ ᠨᠧᠩ | ᠤᠨ 1 ᠲᠦᠮᠡᠨ ᠺᠢᠯᠤᠸᠠᠲ᠂ ᠵᠦᠸᠧ ᠵᠢᠶᠦ᠋ᠨ ᠤ 10 ᠲᠦᠮᠡᠨ ᠺᠢᠯᠤᠸᠠᠲ ᠶᠢᠨ ᠨᠠᠷᠠᠨ ᠤ ᠬᠡᠷᠡᠯ ᠢᠶᠠᠷ ᠴᠠᠬᠢᠯᠭᠠᠨ | ᠡᠬᠦᠰᠭᠡᠬᠦ ᠪᠠ ᠤᠯᠤᠰ ᠤᠨ ᠲᠤᠤᠷᠵᠢᠯ ᠤᠨ ᠰᠢᠨ ᠶᠤᠸᠠᠨ ᠤ 120 ᠲᠦᠮᠡᠨ ᠺᠢᠯᠤᠸᠠᠲ ᠶᠢᠨ ᠤᠰᠤ ᠲᠠᠳᠠᠨ | ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡᠨ ᠤ ᠲᠦᠷᠦᠯ ᠵᠦᠢᠯ ᠤᠨ ᠡᠮᠦᠨᠡᠭᠢ ᠬᠤᠭᠤᠴᠠᠭᠠᠨ ᠤ ᠠᠵᠢᠯ ᠢ | ᠯᠠᠪᠳᠠᠭᠤᠨ ᠪᠠᠳᠤᠳᠠᠢ ᠰᠠᠶᠢᠳᠤᠷ ᠪᠡᠶᠡᠯᠡᠬᠦᠯᠵᠤ᠂ ᠰᠠᠯᠬᠢᠨ ᠴᠠᠬᠢᠯᠭᠠᠨ ᠢ ᠭᠠᠳᠠᠭᠰᠢ ᠲᠠᠮᠵᠢᠭᠤᠯᠬᠤ ᠰᠠᠭᠠᠳ ᠦᠭᠡᠢ | ᠵᠠᠮ ᠢ ᠢᠳᠡᠪᠬᠢᠳᠠᠢ ᠪᠠᠶᠢᠭᠤᠯᠤᠨ᠂ ᠰᠠᠯᠬᠢᠨ ᠴᠠᠬᠢᠯᠭᠠᠨ ᠢ ᠲᠤᠤᠷᠵᠢᠯ ᠳᠤ 60 ᠲᠦᠮᠡᠨ ᠺᠢᠯᠤᠸᠠᠲ ᠨᠡᠶᠢᠯᠡᠬᠦᠯᠬᠦ ᠶᠢ | ᠪᠠᠳᠤᠯᠠᠬᠤ ᠬᠡᠷᠡᠭᠳᠠᠢ᠃ | ︽ᠬᠤᠶᠠᠷ ᠲᠤᠭᠤᠷᠢᠭ︾ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠬᠡᠷᠡᠭᠳᠠᠢ᠃ ᠡᠷᠬᠢᠯᠳᠡᠳᠤ | ᠠᠵᠤ ᠠᠬᠤᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠡᠷᠴᠢᠮᠵᠢᠬᠦᠯᠦᠭᠰᠡᠨ ᠪᠦᠳᠦᠭᠡᠨ | ᠪᠠᠶᠢᠭᠤᠯᠤᠯᠳᠠ ᠶᠢ ᠬᠦᠨᠵᠡᠭᠡᠢ ᠬᠡᠷᠡᠭᠵᠢᠬᠦᠯᠵᠤ᠂ ᠬᠦᠷᠢᠶᠡᠯᠡᠩ ᠲᠤᠭᠤᠷᠢᠭ ᠤᠨ ᠡᠷᠬᠢᠯᠳᠡᠳᠤ ᠠᠵᠤ ᠦᠢᠯᠡᠰ ᠤᠨ | ᠲᠤᠭᠳᠠᠯᠴᠠᠭ᠎ᠠ ᠶᠢ ᠲᠡᠬᠦᠯᠳᠡᠷᠵᠢᠬᠦᠯᠦᠨ᠂ ᠴᠢᠳᠠᠪᠬᠢᠳᠤ ᠬᠤᠪᠢᠶᠠᠷᠢ ᠲᠤᠭᠤᠷᠢᠭ ᠢ ᠵᠤᠬᠢᠰᠳᠠᠢ ᠲᠤᠬᠢᠷᠠᠭᠤᠯᠵᠤ᠂ | ᠭᠠᠵᠠᠷ ᠰᠢᠷᠤᠢ᠂ ᠡᠨᠧᠷᠬᠢ ᠠᠷᠪᠢᠯᠠᠨ ᠤᠷᠴᠢᠨ ᠠᠬᠤᠢ ᠶᠢ ᠬᠠᠮᠠᠭᠠᠯᠠᠬᠤ᠂ ᠰᠠᠭᠤᠷᠢ ᠲᠦᠬᠦᠭᠡᠷᠦᠮᠵᠢ ᠶᠢᠨ | ᠶᠡᠷᠦᠩᠭᠡᠶᠢᠯᠡᠨ ᠠᠰᠢᠭᠯᠠᠬᠤ ᠬᠢᠷᠢ ᠲᠦᠪᠰᠢᠨ ᠢ ᠦᠨᠡᠩᠬᠦ ᠲᠡᠭᠡᠭᠰᠢᠯᠡᠬᠦᠯᠦᠨ᠂ ᠬᠦᠷᠢᠶᠡᠯᠡᠩ ᠲᠤᠭᠤᠷᠢᠭ ᠤᠨ ᠶᠡᠷᠦᠩᠭᠡᠢ | ᠲᠦᠯᠦᠪᠵᠢᠬᠦᠯᠭᠡ ᠶᠢ ᠨᠠᠶᠢᠷᠠᠭᠤᠯᠵᠤ ᠲᠠᠭᠤᠰᠬᠠᠬᠤ ᠬᠡᠷᠡᠭᠳᠠᠢ᠃ ᠬᠦᠷᠢᠶᠡᠯᠡᠩ ᠲᠤᠭᠤᠷᠢᠭ ᠪᠠ ᠮᠠᠯᠵᠢᠬᠤ ᠲᠠᠷᠢᠶᠠᠯᠠᠬᠤ | ᠤᠷᠤᠨ ᠢ ᠨᠢᠭᠡᠳᠦᠯᠳᠠᠢ ᠲᠦᠯᠦᠪᠯᠡᠨ ᠬᠦᠭᠵᠢᠬᠦᠯᠬᠦ ᠲᠤᠷᠰᠢᠯᠳᠠ ᠶᠢᠨ ᠴᠢᠭ᠋ ᠤᠨ ᠠᠵᠢᠯ ᠢ ᠡᠬᠢᠯᠡᠬᠦᠯᠬᠦ ᠬᠡᠷᠡᠭᠳᠠᠢ᠃ | ᠤᠷᠤᠨ ᠨᠤᠳᠤᠭ ᠪᠠ ᠠᠵᠤ ᠠᠬᠤᠶᠢᠯᠠᠯ ᠢ ᠬᠠᠮᠳᠤᠪᠡᠷ ᠪᠠᠶᠢᠭᠤᠯᠬᠤ ᠠᠬᠢᠴᠨ ᠶᠢ ᠲᠦᠷᠭᠡᠳᠭᠡᠨ᠂ ᠨᠡᠶᠢᠭᠡᠮ ᠤᠨ | ᠬᠦᠷᠦᠩᠭᠡ ᠶᠢ ᠦᠷᠬᠦᠯᠵᠢᠯᠡᠨ ᠠᠰᠢᠭᠯᠠᠵᠤ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠬᠤᠴᠤᠷᠤᠩᠭᠤᠢ | ᠪᠠᠶᠢᠬᠤ ᠬᠦᠴᠢᠷ ᠠᠰᠠᠭᠤᠳᠠᠯ ᠢ ᠪᠦᠳᠦᠮᠵᠢᠳᠠᠢ ᠰᠢᠢᠳᠪᠤᠷᠢᠯᠡᠵᠤ᠂ ᠲᠦᠭᠡᠭᠡᠯ ᠤᠰᠤᠨ ᠤ ᠦᠢᠯᠡᠳᠪᠤᠷᠢ᠂ ᠪᠣᠵᠠᠷ | ᠤᠰᠤ ᠶᠢ ᠰᠢᠢᠳᠪᠤᠷᠢᠯᠡᠬᠦ ᠦᠢᠯᠡᠳᠪᠤᠷᠢ᠂ ᠬᠤᠭ ᠨᠤᠪᠰᠢ ᠬᠠᠶᠠᠬᠤ ᠲᠠᠯᠠᠪᠤᠷ ᠲᠤᠰ ᠲᠤᠰ 1 ᠶᠢ ᠰᠢᠨ᠎ᠠ ᠪᠠᠷ | ᠪᠠᠶᠢᠭᠤᠯᠤᠨ᠂ 7.8 ᠺᠢᠯᠤᠮᠧᠲᠷ ᠤᠨ ᠵᠠᠮ᠂ 4 ᠺᠢᠯᠤᠮᠧᠲᠷ ᠤᠨ ᠲᠤᠯᠠᠭᠠᠯᠭ᠎ᠠ ᠶᠢᠨ ᠬᠤᠭᠤᠯᠠᠢ ᠶᠢ ᠪᠠᠶᠢᠭᠤᠯᠵᠤ | ᠲᠠᠭᠤᠰᠬᠠᠬᠤ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠠᠵᠤ | ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠤᠨ ᠡᠩᠨᠡᠭᠡᠨ ᠳᠤ ᠲᠠᠪᠰᠢᠨ ᠤᠷᠤᠵᠤ᠂ ᠵᠠᠭᠤᠨ ᠳ᠋ᠦᠩᠰᠢᠭᠤᠷ | ᠤᠨ ᠬᠦᠷᠢᠶᠡᠯᠡᠩ ᠲᠤᠭᠤᠷᠢᠭ ᠤᠨ ᠡᠩᠨᠡᠭᠡᠨ ᠳᠤ ᠤᠷᠤᠬᠤ ᠪᠠᠷ ᠴᠢᠷᠮᠠᠶᠢᠬᠤ ᠬᠡᠷᠡᠭᠳᠠᠢ᠃ ᠪᠤᠬᠢᠷᠳᠤᠯ ᠦᠭᠡᠢ | ᠠᠭᠤᠷᠬᠠᠢ ᠶᠢᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠦᠨᠵᠡᠭᠡᠢ ᠬᠡᠷᠡᠭᠵᠢᠬᠦᠯᠬᠦ ᠬᠡᠷᠡᠭᠳᠠᠢ᠃ ᠠᠭᠤᠷᠬᠠᠢ | ᠶᠢᠨ ᠦᠢᠯᠡᠰ ᠢ ᠨᠡᠭᠡᠭᠡᠨ ᠠᠰᠢᠭᠯᠠᠬᠤ ᠡᠮᠬᠢ ᠵᠢᠷᠦᠮ ᠢ ᠴᠡᠭᠴᠡᠯᠡᠬᠦ ᠬᠦᠴᠦᠯᠡᠴᠨ ᠪᠠᠨ ᠴᠢᠩᠭᠠᠳᠬᠠᠨ᠂ ᠡᠬᠢ | ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠣ᠂ ᠡᠬᠢ ᠪᠠᠶᠠᠯᠢᠭ ᠢ ᠨᠢᠭᠡᠳᠦᠬᠦᠯᠬᠦ ᠶᠢ ᠡᠷᠴᠢᠮᠵᠢᠬᠦᠯᠦᠨ᠂ | ᠠᠭᠤᠷᠬᠠᠢ ᠶᠢᠨ ᠦᠢᠯᠡᠰ ᠤᠨ ᠬᠡᠪᠴᠢᠶᠡᠵᠢᠬᠦᠯᠦᠭᠰᠡᠨ ᠨᠡᠭᠡᠭᠡᠨ ᠠᠰᠢᠭᠯᠠᠯᠳᠠ ᠪᠠ ᠡᠷᠴᠢᠮᠵᠢᠬᠦᠯᠦᠭᠰᠡᠨ ᠡᠵᠡᠩᠨᠡᠯᠳᠠ ᠶᠢ | ᠠᠬᠢᠭᠤᠯᠵᠤ᠂ ᠪᠤᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠳᠠ ᠶᠢᠨ ᠦᠷ᠎ᠠ ᠪᠦᠳᠦᠭᠡᠯ ᠢ ᠨᠡᠮᠡᠭᠳᠡᠬᠦᠯᠬᠦ | ᠬᠡᠷᠡᠭᠳᠠᠢ᠃ ᠤᠳᠤ ᠪᠠᠶᠢᠭ᠎ᠠ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠳᠠ ᠪᠠᠨ ᠲᠦᠷᠭᠡᠳᠭᠡᠬᠦ ᠶᠢ ᠲᠡᠮᠵᠢᠨ | ᠂ ᠨᠠᠷᠢᠯᠢᠭ ᠬᠦᠨᠵᠡᠭᠡᠢ ᠪᠤᠯᠪᠠᠰᠤᠷᠠᠭᠤᠯᠬᠤ ᠬᠠᠷᠢᠴᠠᠯ ᠢ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠠᠢ᠃ | ᠲᠠᠪᠠᠭᠤᠯᠢᠭ ᠠᠭᠤᠷᠬᠠᠢ ᠶᠢᠨ ᠭᠠᠷᠤᠯᠳᠠ ᠶᠢᠨ ᠡᠬᠢ ᠪᠠᠶᠠᠯᠢᠭ ᠢ ᠪᠡᠯᠨ ᠮᠦᠩᠬᠦ᠂ ᠮᠡᠷᠭᠡᠵᠢᠯ᠂ ᠪᠤᠳᠠᠳᠤ ᠬᠦᠴᠦᠨ | ᠢᠶᠠᠷ ᠬᠦᠴᠦᠷᠭᠡᠭ᠂ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠳᠠᠢ ᠪᠡᠶᠡᠯᠡᠬᠦᠯᠵᠤ᠂ ᠤᠷᠴᠢᠨ ᠠᠬᠤᠢ ᠮᠦᠩᠬᠦᠨ | ᠬᠦᠢᠯᠭᠡᠭᠡᠨ ᠤ ᠲᠦᠭᠰᠢᠬᠦᠷᠢ ᠶᠢ ᠪᠦᠳᠦᠮᠵᠢᠳᠠᠢ ᠬᠤᠷᠢᠭᠯᠠᠨ ᠰᠡᠷᠭᠡᠶᠢᠯᠡᠵᠤ ᠲᠠᠶᠢᠯᠳᠡᠭ ᠲᠤᠮᠤ ᠠᠵᠤ ᠠᠬᠤᠶᠢᠯᠠᠯ᠂ | ᠲᠤᠮᠤ ᠪᠦᠯᠦᠭᠯᠡᠯ ᠳᠤ ᠲᠦᠪᠯᠡᠷᠡᠬᠦ ᠶᠢ ᠬᠦᠴᠦᠯᠡᠨ ᠠᠬᠢᠭᠤᠯᠵᠤ᠂ ᠬᠠᠶᠢᠬᠤ᠂ ᠮᠠᠯᠳᠠᠬᠤ᠂ ᠰᠤᠩᠭᠤᠬᠤ᠂ | ᠬᠠᠶᠢᠯᠤᠭᠤᠯᠬᠤ᠂ ᠪᠤᠯᠪᠠᠰᠤᠷᠠᠭᠤᠯᠬᠤ ᠴᠦᠷᠬᠦᠯᠡᠭᠡ ᠬᠦᠭᠵᠢᠯᠳᠠ ᠶᠢ ᠲᠦᠯᠬᠢᠨ ᠠᠬᠢᠭᠤᠯᠵᠤ᠂ ᠠᠭᠤᠷᠬᠠᠢ ᠶᠢᠨ | ᠭᠠᠷᠤᠯᠳᠠ ᠶᠢᠨ ᠡᠬᠢ ᠪᠠᠶᠠᠯᠢᠭ ᠤᠨ ᠦᠷ᠎ᠠ ᠠᠰᠢᠭ ᠢ ᠬᠠᠮᠤᠭ ᠲᠡᠭᠡᠳᠤ ᠬᠡᠮᠵᠢᠶᠡᠨ ᠳᠤ ᠬᠦᠷᠭᠡᠬᠦ ᠪᠠᠷ ᠴᠢᠷᠮᠠᠶᠢᠬᠤ | ᠬᠡᠷᠡᠭᠳᠠᠢ᠃ | ︵ᠭᠤᠷᠪᠠ︶ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠶᠢᠨ ᠴᠢᠭᠯᠡᠯ ᠢ ᠪᠠᠷᠢᠮᠳᠠᠯᠠᠨ᠂ | ᠬᠦᠭᠵᠢᠯᠳᠠ ᠶᠢᠨ ᠲᠤᠯᠭᠠᠭᠤᠷᠢᠯᠠᠬᠤ ᠬᠦᠴᠦᠨ ᠢ ᠬᠦᠴᠦᠯᠡᠨ ᠨᠡᠮᠡᠭᠳᠡᠬᠦᠯᠬᠦ ᠬᠡᠷᠡᠭᠳᠠᠢ᠃ ᠮᠠᠯ ᠠᠵᠤ ᠠᠬᠤᠢ | ᠲᠠᠷᠢᠶᠠᠯᠠᠩ ᠤᠨ ᠦᠷ᠎ᠠ ᠠᠰᠢᠭ ᠢ ᠲᠡᠭᠡᠭᠰᠢᠯᠡᠬᠦᠯᠬᠦ ᠪᠠ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠬᠦ ᠪᠠᠷ | ᠭᠤᠤᠯ ᠪᠤᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠶᠢ | ᠲᠦᠷᠭᠡᠳᠭᠡᠨ᠂ ᠭᠠᠷᠤᠯᠳᠠ ᠦᠨᠳᠦᠷ᠂ ᠪᠦᠳᠦᠭᠡᠭᠳᠡᠬᠦᠨ ᠠᠶᠤᠯᠬᠦᠢ᠂ ᠡᠬᠢ ᠪᠠᠶᠠᠯᠢᠭ ᠲᠤ ᠠᠷᠪᠢᠳᠠᠢ᠂ ᠤᠷᠴᠢᠨ | ᠠᠬᠤᠢ ᠨᠦᠬᠦᠷᠰᠡᠭ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢᠨ ᠵᠠᠮ ᠢᠶᠠᠷ ᠵᠠᠮᠨᠠᠬᠤ | ᠬᠡᠷᠡᠭᠳᠠᠢ᠃ | ᠮᠠᠯ ᠠᠵᠤ ᠠᠬᠤᠢ ᠲᠠᠷᠢᠶᠠᠯᠠᠩ ᠤᠨ ᠲᠤᠳᠤᠭᠠᠳᠤ ᠪᠦᠳᠦᠴᠨ ᠶᠢᠨ ᠲᠤᠬᠢᠷᠠᠭᠤᠯᠤᠯᠳᠠ ᠶᠢ ᠬᠦᠨᠵᠡᠭᠡᠶᠢᠷᠡᠬᠦᠯᠬᠦ | ᠬᠡᠷᠡᠭᠳᠠᠢ᠃ ᠲᠠᠪᠤᠨ ᠶᠡᠭᠡ ᠭᠤᠤᠯᠯᠠᠬᠤ ᠠᠵᠤ ᠦᠢᠯᠡᠰ ᠢ ᠲᠤᠭᠳᠠᠭᠤᠨ ᠢᠶᠠᠷ ᠬᠦᠭᠵᠢᠬᠦᠯᠦᠨ᠂ ᠠᠵᠤ ᠠᠬᠤᠢ ᠶᠢᠨ | ᠲᠠᠷᠢᠮᠠᠯ ᠪᠠ ᠲᠦᠬᠦᠭᠡᠷᠦᠮᠵᠢᠳᠤ ᠲᠠᠷᠢᠶᠠᠯᠠᠩ ᠤᠨ ᠬᠠᠷᠢᠴᠠᠯ ᠢ ᠲᠡᠭᠡᠭᠰᠢᠯᠡᠬᠦᠯᠬᠦ ᠬᠡᠷᠡᠭᠳᠠᠢ᠃ ︽ᠵᠠᠭᠤᠨ ᠭᠠᠴᠠᠭ᠎ᠠ | ᠮᠢᠩᠭᠠᠨ ᠡᠷᠦᠭᠡ︾ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠢᠱᠢᠶ᠎ᠠ ᠦᠵᠡᠬᠦᠯᠦᠨ ᠲᠠᠭᠠᠭᠤᠯᠬᠤ ᠢᠨᠵᠧᠨᠧᠷᠢᠩ ᠢ | ᠬᠦᠨᠵᠡᠭᠡᠢ ᠬᠡᠷᠡᠭᠵᠢᠬᠦᠯᠦᠨ᠂ ᠲᠦᠮᠤᠰᠤ᠂ ᠨᠠᠷᠢᠮᠤ᠂ ᠨᠠᠷᠠᠨ ᠬᠤᠸᠠᠷ ᠵᠡᠷᠭᠡ ᠲᠠᠷᠢᠮᠠᠯ ᠢ 38 ᠲᠦᠮᠡᠨ ᠮᠤ᠋ ᠲᠠᠷᠢᠬᠤ | ᠬᠡᠷᠡᠭᠳᠠᠢ᠃ ᠲᠠᠷᠢᠮᠠᠯ ᠤᠨ ᠵᠦᠢᠯᠡᠰ ᠲᠠᠷᠢᠬᠤ ᠲᠠᠯᠠᠪᠠᠢ ᠶᠢ 130 ᠲᠦᠮᠡᠨ ᠮᠤ᠋ ᠶᠢᠨ ᠤᠷᠴᠢᠮ ᠳᠤ | ᠲᠤᠭᠳᠠᠪᠤᠷᠢᠵᠢᠭᠤᠯᠤᠨ᠂ ᠠᠮᠤ ᠪᠤᠳᠠᠭᠠᠨ ᠤ ᠶᠡᠷᠦᠩᠭᠡᠢ ᠣᠨᠠᠯᠳᠠ ᠶᠢ 6 ᠳ᠋ᠦᠩᠰᠢᠭᠤᠷ ᠵᠢᠩ ᠳᠤ ᠬᠦᠷᠭᠡᠬᠦ ᠬᠡᠷᠡᠭᠳᠠᠢ᠃ | ᠤᠳᠤ ᠦᠶ᠎ᠠ ᠶᠢᠨ ᠮᠠᠯ ᠠᠵᠤ ᠠᠬᠤᠢ ᠶᠢ ᠢᠳᠡᠪᠬᠢᠳᠠᠢ ᠬᠦᠭᠵᠢᠬᠦᠯᠦᠨ᠂ ᠭᠠᠯᠠᠭᠤ᠂ ᠲᠠᠤᠯᠠᠢ ᠶᠢ ᠠᠷᠠᠴᠢᠯᠠᠨ | ᠲᠡᠵᠢᠭᠡᠬᠦ ᠬᠡᠪᠴᠢᠶ᠎ᠡ ᠶᠢ ᠦᠷᠭᠡᠳᠭᠡᠵᠤ᠂ ᠵᠤᠤ ᠤᠳᠠ ᠶᠢᠨ ᠠᠯᠠᠰᠢᠨ ᠬᠤᠨᠢ ᠶᠢ ᠠᠷᠠᠴᠢᠯᠠᠨ ᠲᠡᠵᠢᠭᠡᠬᠦ ᠬᠡᠪᠴᠢᠶ᠎ᠠ ᠶᠢ | 80 ᠲᠦᠮᠡᠨ ᠲᠤᠯᠤᠭᠠᠢ ᠶᠢ ᠲᠠᠪᠠᠭᠤᠯᠬᠤ ᠬᠡᠷᠡᠭᠳᠠᠢ᠃ 14 ᠲᠦᠮᠡᠨ ᠦᠭᠡᠷ᠂ 110 ᠲᠦᠮᠡᠨ ᠬᠤᠨᠢ ᠬᠤᠳᠠᠯᠳᠤᠨ | ᠂ ᠬᠦᠮᠦᠨ ᠤ ᠬᠦᠴᠤ ᠪᠠᠷ ᠡᠪᠡᠰᠤ ᠲᠠᠷᠢᠬᠤ ᠶᠢ 63.5 ᠲᠦᠮᠡᠨ ᠮᠤ᠋ ᠬᠡᠷᠡᠭᠵᠢᠬᠦᠯᠬᠦ ᠬᠡᠷᠡᠭᠳᠠᠢ᠃ ᠰᠡᠯᠡᠬᠦᠴᠡᠯ ᠤᠨ | ᠮᠠᠯ ᠠᠵᠤ ᠠᠬᠤᠢ ᠲᠠᠷᠢᠶᠠᠯᠠᠩ᠂ ᠦᠵᠡᠮᠦᠷᠢ ᠶᠢᠨ ᠮᠠᠯ ᠠᠵᠤ ᠠᠬᠤᠢ ᠲᠠᠷᠢᠶᠠᠯᠠᠩ ᠢ ᠬᠦᠭᠵᠢᠬᠦᠯᠬᠦ ᠠᠯᠬᠤᠴᠨ ᠪᠠᠨ | ᠲᠦᠷᠭᠡᠳᠭᠡᠵᠤ᠂ ᠤᠢ ᠰᠢᠭᠤᠢ ᠲᠤᠳᠤᠷᠠᠬᠢ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠠᠷᠭ᠎ᠠ ᠵᠠᠮ ᠢ | ᠢᠳᠡᠪᠬᠢᠳᠠᠢ ᠡᠷᠢᠯᠬᠢᠯᠡᠨ᠂ ᠮᠠᠯᠴᠢᠨ ᠲᠠᠷᠢᠶᠠᠴᠢᠨ ᠤ ᠤᠷᠤᠯᠭ᠎ᠠ ᠨᠡᠮᠡᠭᠳᠡᠬᠦᠯᠬᠦ ᠠᠷᠭ᠎ᠠ ᠵᠠᠮ ᠢ ᠲᠠᠰᠤᠷᠠᠯᠳᠠ ᠦᠭᠡᠢ | ᠦᠷᠭᠡᠳᠭᠡᠬᠦ ᠬᠡᠷᠡᠭᠳᠠᠢ᠃ ᠬᠠᠭᠤᠷᠠᠢ ᠬᠦᠷᠢᠶ᠎ᠠ ᠶᠢᠨ ᠮᠠᠯ ᠠᠷᠠᠴᠢᠯᠠᠵᠤ ᠠᠷᠠᠯᠵᠢᠶᠠᠯᠠᠬᠤ ᠬᠦᠷᠢᠶᠡᠯᠡᠩ ᠲᠤᠭᠤᠷᠢᠭ ᠤᠨ | Ⅱ ᠬᠤᠭᠤᠴᠠᠭᠠᠨ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠠᠭᠤᠰᠬᠠᠬᠤ ᠬᠡᠷᠡᠭᠳᠠᠢ᠃ ᠢᠦᠢ ᠿᠦᠨ | ᠢᠳᠡᠭᠡᠨ ᠤ ᠵᠦᠢᠯ ᠪᠤᠯᠪᠠᠰᠤᠷᠠᠭᠤᠯᠬᠤ ᠲᠦᠷᠦᠯ ᠵᠦᠢᠯ ᠳᠤ ᠲᠦᠰᠢᠭᠯᠡᠨ᠂ ᠢᠳᠡᠭᠡᠨ ᠪᠤᠯᠪᠠᠰᠤᠷᠠᠭᠤᠯᠬᠤ ᠠᠵᠤ | ᠠᠬᠤᠶᠢᠯᠠᠯ ᠤᠨ ᠢᠳᠡᠭᠡᠨ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠲᠡᠰᠢ ᠰᠢᠯᠵᠢᠬᠦ ᠠᠬᠢᠴᠨ ᠶᠢ ᠲᠦᠷᠭᠡᠳᠭᠡᠨ᠂ | ᠦᠢᠯᠡᠳᠪᠤᠷᠢᠯᠡᠬᠦ᠂ ᠪᠤᠯᠪᠠᠰᠤᠷᠠᠭᠤᠯᠬᠤ᠂ ᠬᠠᠳᠠᠭᠠᠯᠠᠬᠤ᠂ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠠᠵᠤ | ᠦᠢᠯᠡᠰ ᠤᠨ ᠬᠡᠯᠬᠢᠶᠡᠰᠤ ᠶᠢ ᠲᠡᠬᠦᠯᠳᠡᠷᠵᠢᠬᠦᠯᠦᠨ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠬᠢᠭᠡᠳ | ᠬᠤᠶᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠳᠠᠢ᠃ ᠶᠢᠨ | ᠹᠧᠩ᠂ ᠳ᠋ᠧ ᠮᠸᠢ᠂ ᠡᠾᠧ ᠰᠢᠶᠠᠩ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠪᠠ ᠶᠦᠩ ᠱᠧᠩ ᠵᠡᠷᠭᠡ ᠲᠤᠰᠬᠠᠢ | ᠬᠤᠷᠰᠢᠭᠰᠠᠨ ᠵᠤᠬᠢᠶᠠᠨ ᠪᠠᠶᠢᠭᠤᠯᠤᠯᠳᠠ ᠶᠢ ᠵᠤᠷᠢᠭᠵᠢᠭᠤᠯᠤᠨ ᠲᠡᠮᠵᠢᠵᠤ᠂ ︽ᠭᠤᠷᠪᠠᠨ ᠪᠦᠳᠦᠭᠡᠭᠳᠡᠬᠦᠨ ᠨᠢᠭᠡ | ᠲᠡᠮᠳᠡᠭ︾ ᠲᠠᠢ ᠮᠠᠯ ᠠᠵᠤ ᠠᠬᠤᠢ ᠲᠠᠷᠢᠶᠠᠯᠠᠩ ᠤᠨ ᠪᠦᠳᠦᠭᠡᠭᠳᠡᠬᠦᠨ ᠢ ᠬᠦᠭᠵᠢᠬᠦᠯᠦᠨ᠂ ᠮᠠᠯ ᠠᠵᠤ ᠠᠬᠤᠢ | ᠲᠠᠷᠢᠶᠠᠯᠠᠩ ᠤᠨ ᠠᠵᠤ ᠦᠢᠯᠡᠰᠵᠢᠯᠳᠠ᠂ ᠵᠠᠬ᠎ᠠ ᠲᠡᠯᠭᠡᠬᠦᠷᠵᠢᠯᠳᠠ᠂ ᠡᠷᠴᠢᠮᠴᠢᠯᠳᠠ ᠶᠢᠨ ᠬᠢᠷᠢ ᠲᠦᠪᠰᠢᠨ ᠢ ᠦᠨᠡᠩᠬᠦ | ᠲᠡᠭᠡᠭᠰᠢᠯᠡᠬᠦᠯᠦᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠬᠡᠷᠡᠭᠳᠠᠢ᠃ | ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠠᠢ᠃ | ᠦᠨᠳᠦᠷ ᠦᠷ᠎ᠠ ᠠᠰᠢᠭᠳᠤ ᠤᠰᠤᠨ ᠳᠤ ᠠᠷᠪᠢᠳᠠᠢ ᠮᠠᠯ ᠠᠵᠤ ᠠᠬᠤᠢ ᠲᠠᠷᠢᠶᠠᠯᠠᠩ ᠢ ᠶᠡᠭᠡᠪᠡᠷ ᠬᠦᠭᠵᠢᠬᠦᠯᠦᠨ᠂ | ᠲᠠᠪᠦ ᠨᠢᠭᠡ ᠲᠤᠮᠳᠠ ᠬᠡᠯᠪᠡᠷᠢ ᠶᠢᠨ ᠤᠰᠤᠯᠠᠯᠳᠠ ᠶᠢᠨ ᠲᠤᠭᠤᠷᠢᠭ ᠤᠨ ᠤᠰᠤ ᠠᠷᠪᠢᠯᠠᠬᠤ ᠲᠦᠬᠦᠷᠵᠢᠬᠦᠯᠦᠨ | ᠦᠭᠡᠷᠡᠴᠢᠯᠡᠬᠦ ᠢᠨᠵᠧᠨᠧᠷᠢᠩ ᠢ ᠡᠬᠢᠯᠡᠬᠦᠯᠬᠦ ᠬᠡᠷᠡᠭᠳᠠᠢ᠃ ᠤᠰᠤ ᠠᠷᠪᠢᠯᠠᠵᠤ ᠭᠠᠷᠤᠯᠳᠠ ᠨᠡᠮᠡᠭᠳᠡᠬᠦᠯᠬᠦ ᠲᠠᠯᠠᠪᠠᠢ ᠶᠢ 4. | 56 ᠲᠦᠮᠡᠨ ᠮᠤ᠋᠂ ᠮᠠᠯᠵᠢᠬᠤ ᠤᠷᠤᠨ ᠤ ᠤᠰᠤ ᠠᠷᠪᠢᠯᠠᠬᠤ ᠡᠪᠡᠰᠤ ᠪᠤᠷᠳᠤᠭᠠᠨ ᠤ ᠰᠠᠭᠤᠷᠢᠨ ᠭᠠᠵᠠᠷ ᠢ 1.53 | ᠲᠦᠮᠡᠨ ᠮᠤ᠋᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ 1.2 ᠲᠦᠮᠡᠨ ᠮᠤ᠋ | ᠬᠡᠷᠡᠭᠵᠢᠬᠦᠯᠬᠦ ᠬᠡᠷᠡᠭᠳᠠᠢ᠃ ᠲᠦᠬᠦᠭᠡᠷᠦᠮᠵᠢᠳᠤ ᠲᠠᠷᠢᠶᠠᠯᠠᠩ ᠢ 2000 ᠮᠤ᠋᠂ ᠬᠠᠮᠠᠭᠠᠯᠠᠯᠳᠠ ᠶᠢᠨ ᠴᠢᠨᠠᠷᠳᠠᠢ | ᠲᠠᠷᠢᠶᠠᠯᠠᠬᠤ ᠶᠢ 1 ᠲᠦᠮᠡᠨ ᠮᠤ᠋ ᠰᠢᠨ᠎ᠠ ᠪᠠᠷ ᠨᠡᠮᠡᠭᠳᠡᠬᠦᠯᠦᠨ᠂ ᠬᠦᠷᠦᠰᠤ ᠶᠢ ᠨᠢ ᠰᠢᠯᠭᠠᠨ ᠪᠤᠷᠳᠤᠭᠤᠷ | ᠲᠤᠬᠢᠷᠠᠭᠤᠯᠬᠤ ᠶᠢ 40 ᠲᠦᠮᠡᠨ ᠮᠤ᠋ ᠲᠡᠯᠭᠡᠷᠡᠬᠦᠯᠬᠦ ᠬᠡᠷᠡᠭᠳᠠᠢ᠃ ᠮᠠᠯ ᠠᠵᠤ ᠠᠬᠤᠢ ᠲᠠᠷᠢᠶᠠᠯᠠᠩ ᠤᠨ | ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠵᠤ᠂ ᠭᠤᠤᠯᠳᠠᠯᠭ᠎ᠠ ᠲᠠᠢ | ᠠᠵᠤ ᠦᠢᠯᠡᠰ ᠪᠠ ᠵᠠᠩᠬᠢᠯᠠᠭ᠎ᠠ ᠶᠢᠨ ᠭᠤᠭᠴᠤᠭᠠᠨ ᠤ ᠠᠵᠢᠯ ᠤᠨ ᠮᠠᠰᠢᠨᠴᠢᠯᠠᠭᠰᠠᠨ ᠬᠢᠷᠢ ᠲᠦᠪᠰᠢᠨ ᠢ 80% ᠳᠤ | ᠬᠦᠷᠬᠡᠬᠦ ᠬᠡᠷᠡᠭᠳᠠᠢ᠃ 20 ᠡᠬᠦᠯᠳᠡᠷ ᠰᠠᠶᠢᠵᠢᠷᠠᠭᠤᠯᠬᠤ ᠦᠷᠳᠡᠭᠡ ᠴᠢᠭ᠋᠂ 15 ᠬᠡᠪᠴᠢᠶᠡᠵᠢᠭᠰᠡᠨ ᠲᠡᠵᠢᠭᠡᠨ | ᠦᠷᠡᠵᠢᠬᠦᠯᠬᠦ ᠲᠠᠯᠠᠪᠠᠢ ᠪᠠ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠡᠯᠠᠪᠠᠢ᠂ 3 ᠲᠤᠰᠬᠠᠢ ᠲᠡᠵᠢᠭᠡᠨ | ᠦᠷᠡᠵᠢᠬᠦᠯᠬᠦ ᠲᠤᠰᠬᠤᠨ᠂ 11.1 ᠲᠦᠮᠡᠨ ᠲᠡᠭᠰᠢ ᠲᠦᠷᠪᠡᠯᠵᠢᠨ ᠮᠧᠲᠷ ᠬᠠᠰᠢᠶ᠎ᠠ ᠰᠠᠷᠠᠪᠴᠢ ᠶᠢ ᠰᠢᠨ᠎ᠠ ᠪᠠᠷ | ᠪᠠᠶᠢᠭᠤᠯᠬᠤ ᠬᠡᠷᠡᠭᠳᠠᠢ᠃ ᠠᠮᠢᠳᠠᠨ ᠤ ᠬᠦᠨᠳᠤ ᠬᠢᠵᠢᠭ ᠢ ᠰᠡᠷᠭᠡᠶᠢᠯᠡᠭᠰᠡᠨ ᠨᠢᠬᠳᠠᠴᠨ ᠶᠢ 100% ᠳᠤ ᠬᠦᠷᠭᠡᠵᠤ᠂ | ᠮᠠᠯ ᠠᠵᠤ ᠠᠬᠤᠢ ᠲᠠᠷᠢᠶᠠᠯᠠᠩ ᠤᠨ ᠪᠦᠳᠦᠭᠡᠭᠳᠡᠬᠦᠨ ᠤ ᠴᠢᠨᠠᠷ ᠪᠠ ᠢᠳᠡᠭᠡᠨ ᠤ ᠠᠶᠤᠯᠬᠦᠢ ᠶᠢ ᠪᠦᠳᠦᠮᠵᠢᠳᠠᠢ | ᠪᠠᠳᠤᠯᠠᠬᠤ ᠬᠡᠷᠡᠭᠳᠠᠢ᠃ | ︵ᠲᠦᠷᠪᠡ︶ ᠭᠤᠷᠪᠠᠳᠤᠭᠠᠷ ᠠᠵᠤ ᠦᠢᠯᠡᠰ ᠤᠨ ᠪᠦᠬᠦ ᠲᠠᠯ᠎ᠠ ᠪᠠᠷ ᠴᠡᠴᠡᠭᠯᠡᠨ ᠬᠦᠭᠵᠢᠬᠦ ᠶᠢ ᠠᠬᠢᠭᠤᠯᠤᠨ᠂ | ᠬᠦᠭᠵᠢᠯᠳᠠ ᠶᠢᠨ ᠦᠷᠢᠰᠦᠯᠳᠦᠬᠦ ᠬᠦᠴᠦᠨ ᠢ ᠬᠦᠴᠦᠯᠡᠨ ᠴᠢᠩᠭᠠᠷᠠᠭᠤᠯᠬᠤ ᠬᠡᠷᠡᠭᠳᠠᠢ᠃ ᠵᠢᠭᠤᠯᠴᠢᠯᠠᠯ ᠤᠨ ᠦᠢᠯᠡᠰ | ᠤᠨ ᠲᠠᠭᠠᠭᠤᠯᠤᠨ ᠲᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ᠂ ᠤᠳᠤ ᠦᠶ᠎ᠠ ᠶᠢᠨ ᠦᠢᠯᠡᠴᠢᠯᠡᠭᠡᠨ ᠤ | ᠲᠤᠭᠳᠠᠯᠴᠠᠭ᠎ᠠ ᠶᠢ ᠲᠦᠷᠭᠡᠳᠭᠡᠨ ᠴᠤᠭᠴᠠᠯᠠᠵᠤ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠠ ᠶᠢᠨ ᠬᠤᠷᠳᠤᠴᠨ | ᠶᠢᠨ ᠨᠡᠮᠡᠭᠳᠡᠯ᠂ ᠪᠦᠳᠦᠴᠨ ᠶᠢᠨ ᠰᠢᠯᠢᠳᠡᠭᠵᠢᠯᠳᠠ᠂ ᠬᠠᠷᠢᠴᠠᠯ ᠤᠨ ᠲᠡᠭᠡᠭᠰᠢᠯᠡᠯᠳᠠ ᠶᠢ ᠲᠦᠯᠬᠢᠨ ᠠᠬᠢᠭᠤᠯᠬᠤ | ᠬᠡᠷᠡᠭᠳᠠᠢ᠃ | ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠲᠦᠷᠢᠮᠵᠢᠬᠦᠯᠬᠦ ᠬᠡᠷᠡᠭᠳᠠᠢ᠃ 5A ᠲᠡᠰ ᠤᠨ ᠦᠵᠡᠮᠵᠢ | ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠂ ᠠᠰᠬᠠᠳᠤ ᠶᠢᠨ ᠴᠢᠯᠠᠭᠤᠨ ᠤᠢ ᠵᠡᠷᠭᠡ 7 ᠦᠵᠡᠮᠵᠢ | ᠶᠢᠨ ᠤᠷᠤᠨ ᠤ ᠵᠠᠮ᠂ ᠲᠤᠳᠤᠷᠬᠠᠶᠢᠯᠠᠬᠤ ᠲᠡᠮᠳᠡᠭ᠂ ᠵᠢᠭᠤᠯᠴᠢᠯᠠᠯ ᠤᠨ ᠵᠤᠷᠯᠤᠩ᠂ ᠠᠮᠢ ᠠᠬᠤᠢ ᠳᠤ ᠵᠤᠬᠢᠴᠠᠭᠰᠠᠨ | ᠲᠡᠷᠭᠡᠨ ᠵᠤᠭᠰᠤᠭᠠᠯ᠂ ᠵᠢᠭᠤᠯᠴᠢᠯᠠᠭᠰᠠᠳ ᠢ ᠬᠦᠯᠢᠶᠡᠨ ᠠᠪᠬᠤ ᠲᠦᠪ ᠵᠡᠷᠭᠡ ᠰᠠᠭᠤᠷᠢ ᠲᠦᠬᠦᠭᠡᠷᠦᠮᠵᠢ ᠶᠢ | ᠰᠢᠨᠡᠳᠭᠡᠨ ᠦᠭᠡᠷᠡᠴᠢᠯᠡᠵᠤ ᠨᠡᠮᠡᠭᠳᠡᠬᠦᠯᠬᠦ ᠪᠠ ᠦᠢᠯᠡᠳᠦᠯ ᠢ ᠲᠡᠬᠦᠯᠳᠡᠷᠵᠢᠬᠦᠯᠬᠦ ᠠᠵᠢᠯ ᠢ ᠪᠦᠬᠦ ᠲᠠᠯ᠎ᠠ ᠪᠠᠷ | ᠪᠡᠶᠡᠯᠡᠬᠦᠯᠦᠨ᠂ ᠦᠪᠡᠷᠳᠡᠭᠡᠨ ᠵᠠᠰᠠᠬᠤ ᠤᠷᠤᠨ ᠤ ᠬᠢᠨᠠᠨ ᠰᠢᠯᠭᠠᠯᠳᠠ ᠶᠢ ᠲᠠᠪᠠᠭ᠋ᠤ ᠪᠠᠷ ᠮᠡᠷᠡᠶᠢᠬᠦ ᠬᠡᠷᠡᠭᠳᠠᠢ᠃ ᠪᠦᠬᠦ | ᠤᠯᠤᠰ ᠤᠨ ᠲᠠᠯ᠎ᠠ ᠨᠤᠳᠤᠭ ᠤᠨ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠤᠨ ᠨᠡᠷᠡᠳᠤ ᠲᠡᠮᠳᠡᠭ ᠤᠨ ᠵᠢᠱᠢᠶ᠎ᠠ | ᠦᠵᠡᠬᠦᠯᠬᠦ ᠲᠤᠭᠤᠷᠢᠭ ᠢ ᠴᠤᠭᠴᠠᠯᠠᠨ ᠪᠠᠶᠢᠭᠤᠯᠬᠤ ᠠᠵᠢᠯ ᠢ ᠡᠮᠬᠢ ᠲᠠᠷᠠᠭ᠎ᠠ ᠲᠠᠢ ᠲᠦᠯᠬᠢᠨ ᠠᠬᠢᠭᠤᠯᠬᠤ ᠬᠡᠷᠡᠭᠳᠠᠢ᠃ | ᠠᠰᠬᠠᠳᠤ ᠶᠢᠨ ᠴᠢᠯᠠᠭᠤᠨ ᠤᠢ ᠪᠠ ᠤᠯᠠᠭᠠᠨᠪᠤᠳᠤᠩ ᠤᠨ ᠦᠵᠡᠮᠵᠢ ᠶᠢᠨ ᠤᠷᠤᠨ ᠤ ᠡᠵᠡᠩᠨᠡᠨ ᠬᠠᠮᠢᠶᠠᠷᠤᠯᠳᠠ ᠶᠢᠨ | ᠪᠠᠶᠢᠭᠤᠯᠤᠯ ᠢ ᠰᠢᠯᠤᠭᠤᠳᠬᠠᠬᠤ ᠬᠡᠷᠡᠭᠳᠠᠢ᠃ ᠰᠢᠷᠠᠮᠦ᠋ᠷᠡᠨ — ᠬᠤᠯᠠᠨ ᠰᠢᠷᠭ᠎ᠠ ᠲᠠᠭ᠎ᠠ ᠶᠢᠨ ᠡᠯᠡᠰᠦᠨ ᠤ | ᠵᠢᠭᠤᠯᠴᠢᠯᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠡᠬᠢᠯᠡᠬᠦᠯᠵᠤ᠂ ᠬᠤᠩᠭᠤ ᠶᠢᠨ ᠲᠠᠪᠠᠭᠠᠨ ᠤ | ᠤᠯᠠᠨ ᠤᠯᠤᠰ ᠤᠨ ᠰᠡᠯᠡᠬᠦᠴᠡᠯ ᠵᠢᠭᠤᠯᠴᠢᠯᠠᠯ ᠤᠨ ᠲᠤᠭᠤᠷᠢᠭ᠂ ᠭᠠᠯᠳᠠᠰᠤᠳᠠᠢ ᠷᠠᠰᠢᠶᠠᠨ ᠨᠡᠭᠡᠭᠡᠯᠳᠠ ᠶᠢᠨ ᠤᠷᠤᠨ | ᠤ ᠭᠤᠤᠯ ᠤᠨ ᠡᠮᠦᠨ᠎ᠠ ᠬᠦᠪᠡᠭᠡᠨ ᠳᠠᠬᠢ ᠭᠠᠯᠳᠠᠰᠤᠳᠠᠢ ᠬᠠᠯᠠᠭᠤᠨ ᠷᠠᠰᠢᠶᠠᠨ ᠵᠢᠭᠤᠯᠴᠢᠯᠠᠯ ᠤᠨ ᠠᠮᠠᠷᠠᠯᠳᠠ ᠶᠢᠨ | ᠲᠤᠭᠤᠷᠢᠭ ᠪᠠ ᠵᠢᠭᠤᠯᠴᠢᠯᠠᠭᠰᠠᠳ ᠢ ᠬᠦᠯᠢᠶᠡᠨ ᠠᠪᠬᠤ ᠲᠦᠪ ᠤᠨ ᠡᠵᠡᠩᠨᠡᠯᠳᠠ ᠪᠠᠨ ᠡᠬᠢᠯᠡᠬᠦᠯᠬᠦ ᠶᠢ ᠪᠠᠳᠤᠯᠠᠬᠤ | ᠬᠡᠷᠡᠭᠳᠠᠢ᠃ ᠤᠬᠠᠭᠤᠯᠤᠨ ᠪᠤᠷᠤᠯᠠᠭᠤᠯᠬᠤ ᠪᠡᠯᠨ ᠮᠦᠩᠬᠦ ᠪᠠᠨ ᠨᠢᠭᠡᠳᠦᠬᠦᠯᠵᠤ᠂ ᠳ᠋ᠠᠯᠢᠶᠠᠨ — ᠬᠡᠰᠢᠭᠳᠡᠨ ᠬᠤᠰᠢᠭᠤ᠂ | ᠪᠤᠭᠤᠳᠤ — ᠬᠡᠰᠢᠭᠳᠡᠨ ᠬᠤᠰᠢᠭᠤ ᠬᠦᠷᠬᠦ ᠵᠢᠭᠤᠯᠴᠢᠯᠠᠯ ᠤᠨ ᠲᠤᠰᠬᠠᠢ ᠭᠠᠯᠳᠤ ᠲᠡᠷᠭᠡ ᠶᠢ ᠨᠡᠪᠳᠡᠷᠡᠬᠦᠯᠵᠤ᠂ | ᠰᠤᠶᠤᠯ ᠤᠨ ᠲᠠᠸᠠᠷ ᠤᠨ ᠴᠤᠭᠯᠠᠭ᠎ᠠ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ ᠶᠢ | ᠰᠠᠶᠢᠳᠤᠷ ᠡᠷᠬᠢᠯᠡᠨ᠂ ᠲᠦᠷᠪᠡᠨ ᠤᠯᠠᠷᠢᠯ ᠤᠨ ᠵᠢᠭᠤᠯᠴᠢᠯᠠᠯ ᠤᠨ ᠰᠢᠨ᠎ᠠ ᠬᠢᠯᠠᠰ ᠴᠢᠭ᠋ ᠢ ᠡᠬᠦᠳᠬᠦ ᠬᠡᠷᠡᠭᠳᠠᠢ᠃ | ᠰᠤᠶᠤᠯ ᠪᠤᠯᠤᠨ ᠵᠢᠭᠤᠯᠴᠢᠯᠠᠯ ᠤᠨ ᠬᠦᠨ ᠠᠭᠤᠰᠤᠯᠴᠠᠯ ᠢ ᠠᠬᠢᠭᠤᠯᠤᠨ᠂ ᠰᠤᠶᠤᠯ ᠤᠨ ᠠᠵᠤ ᠦᠢᠯᠡᠰ ᠢ | ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠶᠢᠨ ᠠᠭᠤᠯᠤᠭᠳᠠᠬᠤᠨ ᠤ ᠲᠤᠯᠭᠠᠭᠤᠷᠢ ᠪᠤᠯᠭᠠᠵᠤ᠂ ᠤᠷᠤᠨ ᠨᠤᠳᠤᠭ | ᠤᠨ ᠦᠨᠳᠦᠰᠦᠳᠡᠨ ᠤ ᠲᠡᠦᠭᠡ ᠰᠤᠶᠤᠯ ᠢ ᠬᠦᠨᠵᠡᠭᠡᠢ ᠠᠭᠤᠳᠠᠯᠯᠠᠨ᠂ ᠰᠤᠶᠤᠯ ᠢ ᠵᠢᠭᠤᠯᠴᠢᠯᠠᠯ ᠳᠤ ᠠᠭᠤᠰᠬᠠᠨ᠂ | ᠵᠢᠭᠤᠯᠴᠢᠯᠠᠯ ᠢ ᠲᠡᠬᠦᠯᠳᠡᠷᠵᠢᠬᠦᠯᠵᠤ᠂ ᠵᠢᠭᠤᠯᠴᠢᠯᠠᠯ ᠢ ᠪᠠᠶᠠᠯᠢᠭᠵᠢᠭᠤᠯᠬᠤ ᠬᠡᠷᠡᠭᠳᠠᠢ᠃ ᠡᠮᠬᠢ ᠲᠦᠷᠢᠮ ᠲᠠᠢ ᠪᠠᠶᠢᠬᠤ | ᠪᠠ ᠦᠪᠡᠷᠮᠢᠴᠨ ᠤᠨᠴᠠᠯᠢᠭᠳᠤ ᠬᠦᠭᠵᠢᠯᠳᠠ ᠶᠢ ᠲᠤᠪᠤᠶᠢᠯᠭᠠᠨ᠂ ᠪᠦᠬᠦ ᠬᠤᠰᠢᠭᠤᠨ ᠤ ᠵᠢᠭᠤᠯᠴᠢᠯᠠᠯ ᠤᠨ ᠦᠢᠯᠡᠰ | ᠤᠨ ᠬᠦᠭᠵᠢᠯᠳᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠦᠵᠡᠮᠵᠢ ᠶᠢᠨ ᠤᠷᠤᠨ ᠤ ᠢᠵᠢᠯ ᠰᠢᠨᠵᠢ | ᠲᠠᠢ ᠪᠤᠯᠬᠤ ᠠᠴᠠ ᠴᠢᠳᠠᠬᠤ ᠶᠢᠨ ᠬᠢᠷᠢ ᠪᠠᠷ ᠵᠠᠶᠢᠯᠠᠰᠬᠢᠬᠤ ᠬᠡᠷᠡᠭᠳᠠᠢ᠃ ᠵᠢᠭᠤᠯᠴᠢᠯᠠᠯ ᠤᠨ ᠦᠢᠯᠡᠰ ᠤᠨ ᠬᠢᠨᠠᠨ | ᠬᠠᠮᠢᠶᠠᠷᠤᠯᠳᠠ ᠶᠢ ᠦᠨᠡᠩᠬᠦ ᠴᠢᠩᠭᠠᠳᠬᠠᠨ᠂ ᠵᠢᠭᠤᠯᠴᠢᠯᠠᠯ ᠤᠨ ᠵᠠᠬ᠎ᠠ ᠲᠡᠯᠭᠡᠬᠦᠷ ᠤᠨ ᠲᠤᠰᠬᠠᠢ ᠲᠦᠷᠦᠯ ᠤᠨ | ᠴᠡᠭᠴᠡᠯᠡᠯᠳᠠ ᠶᠢᠨ ᠠᠵᠢᠯᠯᠠᠭᠠᠨ ᠢ ᠢᠳᠡᠪᠬᠢᠳᠠᠢ ᠦᠷᠨᠢᠬᠦᠯᠵᠤ᠂ ᠪᠤᠯᠪᠠᠰᠤᠨ ᠨᠠᠶᠢᠷᠠᠮᠳᠠᠭᠤ ᠵᠢᠭᠤᠯᠴᠢᠯᠠᠯ ᠤᠨ | ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠳᠠᠢ᠃ ᠲᠤᠰ ᠵᠢᠯ ᠳᠤ ᠤᠯᠤᠰ ᠤᠨ ᠲᠤᠳᠤᠭᠠᠳᠤ ᠭᠠᠳᠠᠭᠠᠳᠤ ᠶᠢᠨ | ᠵᠢᠭᠤᠯᠴᠢᠯᠠᠭᠰᠠᠳ ᠢ 437 ᠲᠦᠮᠡᠨ ᠬᠦᠮᠦᠨ ᠤᠳᠠᠭ᠎ᠠ ᠬᠦᠯᠢᠶᠠᠨ ᠠᠪᠬᠤ ᠪᠠᠷ ᠮᠡᠷᠡᠶᠢᠨ᠂ ᠵᠢᠭᠤᠯᠴᠢᠯᠠᠯ ᠤᠨ | ᠶᠡᠷᠦᠩᠭᠡᠢ ᠤᠷᠤᠯᠭ᠎ᠠ ᠶᠢ 35 ᠳ᠋ᠦᠩᠰᠢᠭᠤᠷ ᠲᠦᠬᠦᠷᠢᠭ ᠪᠡᠶᠡᠯᠡᠬᠦᠯᠬᠦ ᠬᠡᠷᠡᠭᠳᠠᠢ᠃ | ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠲᠦᠷᠭᠡᠳᠭᠡᠨ ᠬᠦᠭᠵᠢᠬᠦᠯᠬᠦ ᠬᠡᠷᠡᠭᠳᠠᠢ᠃ ᠵᠢᠭᠤᠯᠴᠢᠯᠠᠯ ᠤᠨ | ᠠᠷᠠᠯᠵᠢᠶ᠎ᠠ ᠬᠤᠳᠠᠯᠳᠤᠭᠠᠨ ᠤ ᠲᠠᠯᠠᠪᠠᠢ᠂ ᠰᠢᠷᠠᠮᠦ᠋ᠷᠡᠨ ᠬᠤᠳᠠᠯᠳᠤᠭᠠᠨ ᠤ ᠲᠠᠯᠠᠪᠠᠢ ᠪᠠ ᠸᠧᠺᠲ᠋ᠤᠷᠢ ᠲᠠᠯᠠᠪᠠᠢ ᠵᠡᠷᠭᠡ ︽ | ᠭᠤᠷᠪᠠᠨ ᠲᠤᠮᠤ ᠬᠤᠳᠠᠯᠳᠤᠭᠠᠨ ᠤ ᠲᠤᠭᠤᠷᠢᠭ︾ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ | ᠦᠢᠯᠡᠴᠢᠯᠡᠭᠡᠨ ᠤ ᠲᠦᠷᠦᠯ ᠤᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠦᠨ᠂ ᠬᠤᠳᠠᠯᠳᠤᠨ ᠠᠪᠬᠤ ᠤᠷᠴᠢᠨ | ᠲᠤᠭᠤᠷᠢᠨ ᠢ ᠰᠠᠶᠢᠵᠢᠷᠠᠭᠤᠯᠵᠤ᠂ ᠡᠵᠡᠩᠨᠡᠯᠳᠠ ᠶᠢᠨ ᠲᠡᠰ ᠢ ᠲᠡᠪᠰᠢᠬᠦᠯᠦᠨ᠂ ᠬᠡᠷᠡᠭᠯᠡᠭᠡᠨ ᠤ ᠤᠯᠠᠨ ᠡᠰᠢᠵᠢᠭᠰᠡᠨ | ᠱᠠᠭᠠᠷᠳᠠᠯᠭ᠎ᠠ ᠶᠢ ᠬᠠᠩᠭᠠᠬᠤ ᠬᠡᠷᠡᠭᠳᠠᠢ᠃ ᠬᠤᠭᠤᠯᠨ ᠤᠮᠳᠠᠭᠠᠨ ᠬᠤᠨᠤᠵᠤ ᠠᠮᠠᠷᠠᠬᠤ᠂ ᠵᠠᠮ ᠬᠠᠷᠢᠯᠴᠠᠭ᠎ᠠ | ᠲᠡᠭᠡᠭᠡᠪᠤᠷᠢ ᠵᠡᠷᠭᠡ ᠤᠯᠠᠮᠵᠢᠯᠠᠯᠳᠤ ᠦᠢᠯᠡᠴᠢᠯᠡᠭᠡᠨ ᠤ ᠦᠢᠯᠡᠰ ᠢ ᠪᠠᠳᠤᠳᠬᠠᠨ ᠲᠡᠭᠡᠭᠰᠢᠯᠡᠬᠦᠯᠬᠦ ᠬᠡᠷᠡᠭᠳᠠᠢ︔ | ᠮᠦᠩᠬᠦᠨ ᠬᠦᠢᠯᠭᠡᠭᠡᠨ ᠤ ᠲᠠᠭᠠᠳᠬᠠᠯ᠂ ᠡᠳ᠋ ᠪᠠᠷᠠᠭᠠᠨ ᠤ ᠬᠦᠢᠯᠭᠡᠭᠡ᠂ ᠦᠢᠯᠡᠴᠢᠯᠡᠭᠡ ᠶᠢ ᠭᠠᠳᠠᠭᠰᠢ | ᠲᠠᠭᠠᠭᠠᠴᠢᠯᠠᠭᠤᠯᠬᠤ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠢ ᠶᠡᠭᠡᠪᠡᠷ ᠬᠦᠭᠵᠢᠬᠦᠯᠬᠦ ᠬᠡᠷᠡᠭᠳᠠᠢ︔ | ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠲᠡᠯᠭᠡᠬᠦᠷ᠂ ᠡᠷᠡᠬᠦᠯ ᠬᠠᠮᠠᠭᠠᠯᠠᠯ ᠤᠨ ᠭᠠᠵᠠᠷ᠂ ᠰᠤᠶᠤᠯ ᠲᠠᠮᠢᠷ | ᠤᠨ ᠦᠷᠳᠡᠭᠡ᠂ ᠵᠢᠵᠢᠭ ᠴᠢᠯᠦᠭᠡᠳᠤ ᠲᠡᠯᠭᠡᠬᠦᠷ ᠢ ᠨᠡᠶᠢᠭᠡᠮ ᠲᠤᠭᠤᠷᠢᠭ᠂ ᠬᠤᠷᠢᠶᠠᠯᠠᠯ ᠳᠤ ᠪᠠᠶᠢᠭᠤᠯᠬᠤ ᠶᠢ | ᠠᠬᠢᠭᠤᠯᠵᠤ᠂ ᠠᠳᠠᠯ ᠠᠬᠤᠢ ᠶᠢᠨ ᠦᠢᠯᠡᠴᠢᠯᠡᠭᠡ᠂ ᠡᠳᠦᠷ ᠲᠤᠳᠤᠮ ᠤᠨ ᠠᠰᠠᠷᠠᠵᠤ ᠬᠠᠷᠠᠭᠠᠯᠵᠠᠬᠤ᠂ ᠡᠪᠡᠳᠴᠢᠳᠡᠨ | ᠳᠤ ᠪᠠᠷ᠎ᠠ ᠪᠤᠯᠵᠤ ᠰᠤᠪᠢᠯᠠᠬᠤ ᠵᠡᠷᠭᠡ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠦᠢᠯᠡᠰ ᠢ ᠵᠤᠷᠢᠭᠵᠢᠭᠤᠯᠤᠨ | ᠬᠦᠭᠵᠢᠬᠦᠯᠬᠦ ᠬᠡᠷᠡᠭᠳᠠᠢ᠃ ᠨᠡᠶᠢᠭᠡᠮ ᠲᠤᠭᠤᠷᠢᠭ ᠤᠨ ᠠᠷᠠᠳ ᠲᠤ ᠲᠦᠬᠦᠮ ᠦᠵᠡᠬᠦᠯᠬᠦ ᠬᠢᠮᠳᠠ ᠢᠳᠡᠰᠢᠨ ᠨᠤᠭᠤᠭᠠᠨ | ᠤ ᠲᠡᠯᠭᠡᠬᠦᠷ ᠢ ᠪᠠᠶᠢᠭᠤᠯᠤᠭᠰᠠᠨ ᠦᠷ᠎ᠠ ᠪᠦᠳᠦᠭᠡᠯ ᠢ ᠪᠠᠳᠤᠳᠬᠠᠨ᠂ ᠰᠠᠶᠢᠬᠠᠨ ᠲᠠᠷᠢᠶᠠᠯᠠᠩ ᠤᠨ ᠲᠤᠰᠠᠯᠠᠬᠤ | ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠶᠢᠨ Ⅱ ᠬᠤᠭᠤᠴᠠᠭ᠎ᠠ ᠶᠢ ᠪᠠᠶᠢᠭᠤᠯᠤᠨ ᠲᠠᠭᠤᠰᠬᠠᠵᠤ ᠡᠵᠡᠩᠨᠡᠬᠦ ᠶᠢ | ᠲᠦᠯᠬᠢᠨ ᠠᠬᠢᠭᠤᠯᠬᠤ ᠬᠡᠷᠡᠭᠳᠠᠢ᠃ ᠰᠢᠨ᠎ᠠ ᠬᠦᠳᠡᠭᠡ ᠲᠤᠰᠬᠤᠨ ᠤ ᠤᠳᠤ ᠦᠶ᠎ᠠ ᠶᠢᠨ ᠬᠦᠢᠯᠭᠡᠭᠡᠨ ᠤ | ᠦᠢᠯᠡᠴᠢᠯᠡᠭᠡᠨ ᠤ ᠲᠤᠤᠷᠵᠢᠯ ᠤᠨ ᠢᠨᠵᠧᠨᠧᠷᠢᠩ ᠪᠠ ᠲᠠᠷᠢᠶᠠᠴᠢᠨ ᠬᠢᠭᠡᠳ ᠴᠢᠯᠦᠭᠡᠳᠤ ᠲᠡᠯᠭᠡᠬᠦᠷ ᠢ ᠬᠠᠷᠢᠯᠴᠠᠨ | ᠵᠤᠯᠭᠠᠭᠤᠯᠬᠤ ᠶᠢ ᠲᠤᠭᠳᠠᠭᠤᠨ ᠢᠶᠠᠷ ᠬᠡᠷᠡᠭᠵᠢᠬᠦᠯᠵᠤ᠂ 2 ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ | ᠬᠤᠷᠰᠢᠶ᠎ᠠ᠂ 37 ᠭᠠᠴᠠᠭᠠᠨ ᠲᠡᠰ ᠤᠨ ᠬᠤᠳᠠᠯᠳᠤᠭᠠᠨ ᠤ ᠦᠢᠯᠡᠴᠢᠯᠡᠭᠡᠨ ᠤ ᠲᠣᠣᠷᠵᠢᠯ ᠤᠨ ᠴᠢᠭ᠋ ᠢ ᠰᠢᠨ᠎ᠠ ᠪᠠᠷ | ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡᠨ ᠤ ᠵᠠᠬ᠎ᠠ ᠲᠡᠯᠭᠡᠬᠦᠷ ᠢ ᠪᠦᠳᠦᠮᠵᠢᠳᠠᠢ ᠦᠷᠭᠡᠳᠭᠡᠵᠤ᠂ | ᠦᠢᠯᠡᠴᠢᠯᠡᠭᠡᠨ ᠤ ᠦᠢᠯᠡᠰ ᠤᠨ ᠬᠦᠭᠵᠢᠯᠳᠠ ᠶᠢᠨ ᠪᠦᠬᠦᠶᠢᠯᠨ ᠬᠢᠷᠢ ᠲᠦᠪᠰᠢᠨ ᠢ ᠲᠡᠭᠡᠭᠰᠢᠯᠡᠬᠦᠯᠬᠦ ᠬᠡᠷᠡᠭᠳᠠᠢ᠃ | ︵ᠲᠠᠪᠤ︶ ᠰᠢᠷᠠᠮᠦ᠋ᠷᠡᠨ ᠤ ᠬᠦᠪᠡᠭᠡ ᠪᠠ ᠵᠠᠮ ᠲᠠᠭᠠᠤ ᠶᠡᠷᠦᠩᠭᠡᠶᠢᠯᠡᠭᠰᠡᠨ ᠠᠵᠤ ᠠᠬᠤᠢ ᠶᠢᠨ ᠪᠦᠰᠠ ᠶᠢ | ᠪᠠᠶᠢᠭᠤᠯᠵᠤ᠂ ᠬᠦᠭᠵᠢᠯᠳᠠ ᠶᠢᠨ ᠨᠢᠬᠳᠠᠷᠠᠯ ᠤᠨ ᠬᠦᠴᠦᠨ ᠢ ᠬᠦᠴᠦᠯᠡᠨ ᠴᠢᠩᠭᠠᠳᠬᠠᠬᠤ ᠬᠡᠷᠡᠭᠳᠠᠢ᠃ ᠬᠤᠯᠪᠤᠭᠠᠯᠠᠨ | ᠬᠦᠭᠵᠢᠬᠦ ᠤᠶᠢᠯᠠᠭᠠᠭᠳᠠᠬᠤᠨ ᠪᠠ ᠪᠦᠬᠦᠯᠢ ᠴᠤᠭᠴᠨ ᠶᠢᠨ ᠦᠵᠡᠯ ᠰᠠᠨᠠᠭ᠎ᠠ ᠶᠢ ᠪᠠᠳᠤ ᠪᠠᠬᠢ ᠪᠤᠢ ᠪᠤᠯᠭᠠᠵᠤ᠂ | ᠰᠢᠷᠠᠮᠦ᠋ᠷᠡᠨ ᠪᠠ ᠪᠡᠶᠡᠳᠤ ᠬᠡᠯᠪᠡᠷᠢ ᠶᠢᠨ ᠵᠠᠮ ᠬᠠᠷᠢᠯᠴᠠᠭᠠᠨ ᠤ ᠲᠤᠤᠷᠵᠢᠯ ᠢᠶᠠᠷ ᠠᠴᠢᠶᠠᠯᠠᠪᠤᠷᠢ ᠪᠤᠯᠭᠠᠨ᠂ ᠭᠤᠤᠯ ᠪᠠ | ᠵᠠᠮ ᠲᠠᠭᠠᠤ ᠶᠡᠷᠦᠩᠭᠡᠶᠢᠯᠡᠭᠰᠡᠨ ᠠᠵᠤ ᠠᠬᠤᠢ ᠶᠢᠨ ᠪᠦᠰᠠ ᠶᠢ ᠴᠤᠭᠴᠠᠯᠠᠵᠤ᠂ ᠬᠤᠰᠢᠭᠤ ᠬᠡᠪᠴᠢᠶᠡᠨ ᠤ ᠠᠵᠤ | ᠠᠬᠤᠢ ᠶᠢᠨ ᠲᠦᠷᠭᠡᠨ ᠬᠦᠭᠵᠢᠬᠦ ᠶᠢ ᠠᠬᠢᠭᠤᠯᠬᠤ ᠬᠡᠷᠡᠭᠳᠠᠢ᠃ | ᠪᠦᠬᠦᠯᠢ ᠴᠤᠭᠴᠨ ᠶᠢᠨ ᠲᠦᠯᠦᠪᠵᠢᠬᠦᠯᠭᠡ ᠶᠢ ᠰᠠᠶᠢᠳᠤᠷ ᠬᠢᠬᠦ ᠬᠡᠷᠡᠭᠳᠠᠢ᠃ ᠤᠷᠤᠨ ᠪᠦᠰᠠ ᠶᠢᠨ ᠵᠠᠭᠠᠭ | ᠬᠢᠵᠠᠭᠠᠷ ᠢ ᠦᠨᠡᠩᠬᠦ ᠡᠪᠳᠡᠵᠤ᠂ ᠰᠠᠭᠤᠷᠢ ᠲᠦᠬᠦᠭᠡᠷᠦᠮᠵᠢ ᠬᠠᠷᠢᠯᠴᠠᠨ ᠬᠤᠯᠪᠤᠭᠠᠯᠠᠵᠤ ᠬᠠᠷᠢᠯᠴᠠᠨ ᠨᠡᠪᠳᠡᠷᠡᠬᠦ ᠪᠠᠷ | ᠬᠤᠯᠪᠤᠭᠠᠰᠤ ᠪᠤᠯᠭᠠᠨ᠂ ᠠᠵᠤ ᠦᠢᠯᠡᠰ ᠬᠠᠷᠢᠯᠴᠠᠨ ᠨᠦᠬᠦᠪᠤᠷᠢᠯᠡᠵᠤ ᠬᠠᠷᠢᠯᠴᠠᠨ ᠬᠠᠩᠭᠠᠬᠤ ᠪᠠᠷ ᠭᠠᠷᠳᠠᠬᠤ ᠴᠢᠭ᠋ | ᠪᠤᠯᠭᠠᠵᠤ᠂ ᠠᠮᠢ ᠠᠬᠤᠢ ᠶᠢᠨ ᠦᠷ᠎ᠠ ᠠᠰᠢᠭ᠂ ᠠᠵᠤ ᠠᠬᠤᠢ ᠶᠢᠨ ᠦᠷ᠎ᠠ ᠠᠰᠢᠭ ᠪᠠ ᠨᠡᠶᠢᠭᠡᠮ ᠤᠨ ᠦᠷ᠎ᠠ ᠠᠰᠢᠭ | ᠢ ᠨᠢᠭᠡᠳᠦᠯᠳᠠᠢ ᠲᠦᠯᠦᠪᠯᠡᠨ᠂ ᠰᠢᠷᠠᠮᠦ᠋ᠷᠡᠨ ᠤ ᠡᠷᠬᠢ ᠪᠠ ᠵᠠᠮ ᠲᠠᠭᠠᠤ ᠤᠷᠤᠨ ᠤ ᠠᠮᠢ ᠠᠬᠤᠢ ᠶᠢ ᠬᠠᠮᠠᠭᠠᠯᠠᠬᠤ᠂ | ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠠᠬᠤᠢ ᠶᠢᠨ ᠬᠦᠭᠵᠢᠯᠳᠠ ᠶᠢᠨ ᠲᠦᠯᠦᠪᠵᠢᠬᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠬᠤ ᠬᠡᠷᠡᠭᠳᠠᠢ᠃ ᠲᠦᠯᠦᠪᠵᠢᠬᠦᠯᠭᠡ ᠶᠢᠨ ᠡᠷᠭᠡ ᠰᠦᠷᠳᠤ ᠴᠢᠨᠠᠷ ᠢ ᠡᠷᠴᠢᠮᠵᠢᠬᠦᠯᠦᠨ᠂ | ᠲᠦᠯᠦᠪᠵᠢᠬᠦᠯᠭᠡ ᠶᠢᠨ ᠴᠢᠩᠭ᠎ᠠ ᠬᠢᠵᠠᠭᠠᠷᠯᠠᠯ ᠢ ᠨᠡᠮᠡᠭᠳᠡᠬᠦᠯᠵᠤ᠂ ᠡᠪᠡᠰᠤᠳᠤ ᠭᠠᠵᠠᠷ᠂ ᠤᠶᠢᠳᠤ ᠭᠠᠵᠠᠷ᠂ ᠤᠰᠤᠳᠤ | ᠭᠠᠵᠠᠷ ᠵᠡᠷᠭᠡ ᠲᠠᠪᠠᠭᠤᠯᠢᠭᠳᠤ ᠡᠬᠢ ᠪᠠᠶᠠᠯᠢᠭ ᠢ ᠡᠷᠴᠢᠮᠳᠠᠢ᠂ ᠦᠨᠳᠦᠷ ᠦᠷ᠎ᠠ ᠠᠰᠢᠭ ᠲᠠᠢ ᠪᠠᠷ ᠲᠦᠬᠦᠷᠵᠢᠬᠦᠯᠦᠨ᠂ | ᠡᠬᠢ ᠪᠠᠶᠠᠯᠢᠭ ᠢ ᠬᠠᠮᠳᠤᠪᠡᠷ ᠡᠳ᠋ᠯᠡᠬᠦ᠂ ᠠᠵᠤ ᠦᠢᠯᠡᠰ ᠬᠠᠮᠳᠤᠪᠡᠷ ᠬᠤᠯᠪᠤᠭᠠᠯᠠᠨ ᠬᠠᠮᠳᠤᠪᠡᠷ ᠪᠠᠶᠢᠭᠤᠯᠬᠤ ᠶᠢ | ᠠᠬᠢᠭᠤᠯᠬᠤ ᠬᠡᠷᠡᠭᠳᠠᠢ᠃ | ᠠᠵᠤ ᠦᠢᠯᠡᠰ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠳᠠᠢ᠃ ᠰᠢᠷᠠᠮᠦ᠋ᠷᠡᠨ ᠤ ᠡᠯᠪᠡᠭ ᠪᠠᠶᠠᠯᠢᠭ | ᠤᠰᠤᠨ ᠰᠤᠷᠪᠤᠯᠵᠢ ᠪᠠ ᠮᠤᠵᠢ ᠶᠢᠨ ᠲᠡᠰ ᠤᠨ ᠵᠠᠰᠠᠮᠠᠯ ᠵᠠᠮ᠂ ᠳ᠋ᠠᠨᠳᠦ᠋ᠩ ᠠᠴᠠ ᠰᠢᠯᠢᠩᠬᠤᠳᠠ ᠬᠦᠷᠬᠦ ᠦᠨᠳᠦᠷ | ᠬᠤᠷᠳᠤᠴᠠᠳᠤ ᠵᠠᠰᠠᠮᠠᠯ ᠵᠠᠮ᠂ ᠪᠢᠷᠠᠭᠤ ᠠᠴᠠ ᠴᠧᠩᠳᠧ ᠬᠦᠷᠬᠦ ᠦᠨᠳᠦᠷ ᠬᠤᠷᠳᠤᠴᠠᠳᠤ ᠵᠠᠰᠠᠮᠠᠯ ᠵᠠᠮ᠂ ᠵᠢᠢ ᠲᠦᠩ | ᠲᠡᠮᠦᠷ ᠵᠠᠮ ᠤᠨ ᠲᠠᠪᠬᠤᠷ ᠱᠤᠭᠤᠮ᠂ ᠨᠡᠶᠢᠳᠡᠮ ᠤᠨ ᠬᠡᠷᠡᠭᠯᠡᠬᠡᠨ ᠤ ᠨᠢᠰᠭᠡᠯ ᠤᠨ ᠲᠠᠯᠠᠪᠠᠢ ᠵᠡᠷᠭᠡ ᠲᠡᠬᠦᠯᠳᠡᠷᠵᠢᠭᠰᠡᠨ | ᠵᠠᠮ ᠬᠠᠷᠢᠯᠴᠠᠭᠠᠨ ᠤ ᠲᠤᠤᠷᠵᠢᠯ ᠳᠤ ᠲᠦᠰᠢᠭᠯᠡᠨ᠂ ᠡᠯ᠎ᠠ ᠲᠦᠷᠦᠯ ᠤᠨ ᠲᠦᠷᠦᠯ ᠵᠦᠢᠯ ᠪᠠ ᠪᠡᠯᠨ ᠮᠦᠩᠬᠦ ᠶᠢ | ᠨᠢᠭᠡᠳᠦᠬᠦᠯᠵᠤ᠂ ᠬᠤᠳᠠᠯᠳᠤᠭᠠᠴᠢᠨ ᠤᠷᠢᠵᠤ ᠪᠡᠯᠨ ᠲᠠᠳᠠᠬᠤ ᠬᠦᠴᠦᠯᠡᠴᠨ ᠪᠠᠨ ᠨᠡᠮᠡᠭᠳᠡᠬᠦᠯᠬᠦ ᠬᠡᠷᠡᠭᠳᠠᠢ᠃ ᠵᠤᠤ | ᠤᠳᠠ ᠶᠢᠨ ᠠᠯᠠᠰᠢᠨ ᠬᠤᠨᠢ ᠶᠢ ᠲᠡᠵᠢᠭᠡᠨ ᠦᠷᠡᠵᠢᠬᠦᠯᠬᠦ᠂ ᠵᠢᠭᠠᠰᠤ ᠲᠡᠵᠢᠭᠡᠨ ᠦᠷᠡᠵᠢᠬᠦᠯᠬᠦ ᠦᠢᠯᠡᠰ᠂ | ᠲᠦᠬᠦᠭᠡᠷᠦᠮᠵᠢᠳᠤ ᠲᠠᠷᠢᠶᠠᠯᠠᠩ᠂ ᠤᠢ ᠮᠤᠳᠤ ᠴᠡᠴᠡᠭ ᠵᠢᠮᠢᠰ ᠲᠠᠷᠢᠵᠤ ᠤᠷᠭᠤᠭᠤᠯᠬᠤ ᠵᠡᠷᠭᠡ ᠪᠠᠷ | ᠭᠤᠤᠯᠯᠠᠭᠤᠯᠤᠭᠰᠠᠨ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠤᠨ ᠪᠦᠰᠠ ᠶᠢ ᠬᠦᠴᠦᠯᠡᠨ ᠪᠠᠶᠢᠭᠤᠯᠬᠤ | ᠬᠡᠷᠡᠭᠳᠠᠢ︔ ᠡᠷᠬᠢᠯᠳᠡᠳᠤ ᠠᠵᠤ ᠠᠬᠤᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ᠂ ᠤᠰᠤ ᠲᠠᠳᠠᠵᠤ | ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡᠨ ᠤ ᠪᠠᠶᠢᠭᠤᠯᠤᠯᠳᠠ᠂ ᠰᠠᠯᠬᠢᠨ ᠴᠠᠬᠢᠯᠭᠠᠨ ᠤᠰᠤᠨ ᠴᠠᠬᠢᠯᠭᠠᠨ ᠢ | ᠨᠡᠭᠡᠭᠡᠬᠦ᠂ ᠨᠠᠷᠠᠨ ᠤ ᠬᠡᠷᠡᠯ ᠢᠶᠠᠷ ᠴᠠᠬᠢᠯᠭᠠᠨ ᠡᠬᠦᠰᠭᠡᠬᠦ ᠵᠡᠷᠭᠡ ᠪᠠᠷ ᠭᠤᠤᠯᠯᠠᠭᠤᠯᠤᠭᠰᠠᠨ ᠠᠮᠢ ᠠᠬᠤᠢ ᠶᠢᠨ ᠠᠵᠤ | ᠦᠢᠯᠡᠳᠪᠤᠷᠢ ᠶᠢᠨ ᠠᠵᠤ ᠠᠬᠤᠢ ᠶᠢᠨ ᠪᠦᠰᠠ ᠶᠢ ᠬᠦᠴᠦᠯᠡᠨ ᠪᠠᠶᠢᠭᠤᠯᠬᠤ ᠬᠡᠷᠡᠭᠳᠠᠢ︔ ᠬᠡᠷᠡᠯ ᠵᠢᠷᠤᠭ᠂ ᠨᠢᠭᠤᠴᠨ | ᠬᠠᠶᠢᠬᠤ᠂ ᠠᠭᠠᠷ ᠳᠠᠬᠢ ᠵᠢᠭᠤᠯᠴᠢᠯᠠᠯ᠂ ᠬᠡᠭᠡᠷ᠎ᠠ ᠪᠠᠭᠤᠳᠠᠯᠯᠠᠬᠤ᠂ ᠰᠤᠶᠤᠯ ᠢ ᠤᠶᠢᠯᠠᠭᠠᠬᠤ ᠪᠠᠷ ᠭᠤᠤᠯᠯᠠᠭᠤᠯᠤᠭᠰᠠᠨ | ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠤᠨ ᠠᠵᠤ ᠠᠬᠤᠢ ᠶᠢᠨ ᠪᠦᠰᠠ ᠶᠢ ᠬᠦᠴᠦᠯᠡᠨ ᠪᠠᠶᠢᠭᠤᠯᠬᠤ ᠬᠡᠷᠡᠭᠳᠠᠢ | ᠃ ᠠᠵᠤ ᠠᠬᠤᠢ ᠶᠢᠨ ᠪᠦᠰᠠ ᠪᠠᠷ ᠡᠯ᠎ᠠ ᠠᠵᠤ ᠦᠢᠯᠡᠰ ᠤᠨ ᠲᠦᠪᠯᠡᠷᠡᠩᠬᠦᠢ ᠡᠷᠴᠢᠮᠵᠢᠭᠰᠡᠨ ᠬᠦᠭᠵᠢᠯᠳᠠ ᠶᠢ | ᠲᠠᠶᠢᠴᠢᠯᠠᠵᠤ᠂ ᠭᠤᠤᠯ ᠪᠠ ᠵᠠᠮ ᠲᠠᠭᠠᠤ ᠮᠠᠯᠴᠢᠨ ᠲᠠᠷᠢᠶᠠᠴᠢᠳ ᠢ ᠰᠢᠯᠵᠢᠬᠦᠯᠦᠨ ᠠᠵᠢᠯ ᠤᠯᠭᠤᠬᠤ ᠪᠠ ᠤᠷᠤᠯᠭ᠎ᠠ | ᠶᠢ ᠨᠡᠮᠡᠭᠳᠡᠬᠦᠯᠦᠨ ᠴᠢᠨᠡᠭᠡᠯᠢᠭᠵᠢᠬᠦᠯᠬᠦ ᠠᠬᠢᠴᠨ ᠶᠢ ᠲᠦᠷᠭᠡᠳᠭᠡᠬᠦ ᠬᠡᠷᠡᠭᠳᠠᠢ᠃ ᠬᠦᠭᠵᠢᠭᠰᠡᠨ ᠭᠠᠵᠠᠷ ᠤᠷᠤᠨ ᠤ ᠠᠵᠤ | ᠦᠢᠯᠡᠰ ᠤᠨ ᠬᠦᠭᠵᠢᠯᠳᠠ᠂ ᠠᠵᠤ ᠦᠢᠯᠡᠰ ᠤᠨ ᠰᠢᠯᠵᠢᠯᠳᠠ ᠵᠢᠴᠢ ᠪᠠᠶᠢᠭᠠᠯᠢᠯᠢᠭ ᠪᠦᠳᠦᠭᠡᠭᠳᠡᠬᠦᠨ ᠬᠠᠩᠭᠠᠬᠤ | ᠰᠠᠭᠤᠷᠢᠨ ᠭᠠᠵᠠᠷ ᠢ ᠪᠦᠳᠦᠮᠵᠢᠳᠠᠢ ᠵᠤᠯᠭᠠᠭᠤᠯᠬᠤ ᠶᠢ ᠪᠡᠶᠡᠯᠡᠬᠦᠯᠦᠨ᠂ ᠤᠯᠭᠠᠨᠬᠠᠳᠠ ᠰᠢᠯᠢᠩᠬᠤᠳᠠ ᠶᠢᠨ ᠠᠵᠤ | ᠠᠬᠤᠢ ᠶᠢᠨ ᠪᠦᠰᠠ ᠪᠠ ᠪᠡᠭᠡᠵᠢᠩ ᠲᠢᠶᠠᠨᠵᠢᠨ ᠡᠾᠧᠪᠸᠢ ᠶᠢᠨ ᠠᠵᠤ ᠠᠬᠤᠢ ᠶᠢᠨ ᠲᠤᠭᠤᠷᠢᠭ ᠲᠤ ᠲᠠᠷᠤᠶᠢᠬᠠᠨ | ᠨᠡᠶᠢᠯᠡᠵᠤ᠂ ᠤᠷᠤᠨ ᠪᠦᠰᠠ ᠶᠢᠨ ᠠᠵᠤ ᠠᠬᠤᠢ ᠶᠢᠨ ᠤᠯᠠᠨ ᠡᠰᠢᠵᠢᠨ ᠬᠦᠭᠵᠢᠬᠦ᠂ ᠬᠤᠯᠪᠤᠭᠠᠯᠠᠨ ᠬᠦᠭᠵᠢᠬᠦ᠂ | ᠲᠦᠷᠭᠡᠨ ᠬᠦᠭᠵᠢᠬᠦ ᠶᠢ ᠲᠦᠯᠬᠢᠨ ᠠᠬᠢᠭᠤᠯᠬᠤ ᠬᠡᠷᠡᠭᠳᠠᠢ᠃ | ︵ᠵᠢᠷᠭᠤᠭ᠎ᠠ︶ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠤᠯᠳᠠ ᠶᠢᠨ ᠬᠢᠷᠢ | ᠲᠦᠪᠰᠢᠨ ᠢ ᠲᠡᠭᠡᠭᠰᠢᠯᠡᠬᠦᠯᠦᠨ᠂ ᠬᠦᠭᠵᠢᠯᠳᠠ ᠶᠢᠨ ᠬᠠᠪᠰᠤᠷᠬᠤ ᠬᠦᠴᠦᠨ ᠢ ᠬᠦᠴᠦᠯᠡᠨ ᠴᠢᠩᠭᠠᠳᠬᠠᠬᠤ ᠬᠡᠷᠡᠭᠳᠠᠢ᠃ | ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠬᠦ ᠪᠠᠷ ᠭᠤᠤᠯᠳᠠᠯᠭ᠎ᠠ ᠪᠤᠯᠭᠠᠨ᠂ ᠬᠤᠳᠠ | ᠪᠠᠯᠭᠠᠰᠤᠨ ᠤ ᠬᠠᠮᠢᠶᠠᠷᠤᠯᠳᠠ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠪᠠᠷ ᠬᠠᠷᠠᠯᠳᠠ ᠪᠤᠯᠭᠠᠵᠤ᠂ ᠰᠢᠨ᠎ᠠ | ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠠᠬᠢᠴᠨ ᠶᠢ ᠲᠦᠷᠭᠡᠳᠭᠡᠨ ᠠᠬᠢᠭᠤᠯᠬᠤ ᠬᠡᠷᠡᠭᠳᠠᠢ᠃ | ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠬᠢᠭᠡᠳ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠠᠢ᠃ ︽ | ᠬᠦᠮᠦᠨ ᠢᠶᠠᠷ ᠦᠨᠳᠦᠰᠤ ᠪᠤᠯᠭᠠᠬᠤ᠂ ᠣᠷᠢᠳᠠᠪᠠᠷ ᠲᠦᠯᠦᠪᠵᠢᠬᠦᠯᠬᠡ ᠲᠣᠭᠳᠠᠭᠠᠬᠤ᠂ ᠠᠵᠤ ᠦᠢᠯᠡᠰ ᠪᠤᠯᠤᠨ | ᠬᠤᠳᠠ ᠪᠠᠯᠭᠠᠰᠤᠨ ᠤ ᠬᠦᠭᠵᠢᠯᠳᠠ ᠠᠭᠤᠰᠤᠯᠴᠠᠭᠰᠠᠨ᠂ ᠴᠢᠳᠠᠪᠤᠷᠢ ᠲᠡᠬᠦᠯᠳᠡᠷ᠂ ᠲᠦᠪᠯᠡᠷᠡᠩᠬᠦᠢ ᠡᠷᠴᠢᠮᠵᠢᠭᠰᠡᠨ︾ | ᠰᠡᠳᠬᠢᠮᠵᠢ ᠶᠤᠰᠤᠭᠠᠷ᠂ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠨᠢᠭᠡᠳᠦᠯᠳᠠᠢ ᠲᠦᠯᠦᠪᠯᠡᠬᠦ ᠬᠡᠷᠡᠭᠳᠠᠢ᠃ | ᠪᠢᠷᠠᠭᠤ ᠪᠠᠯᠭᠠᠰᠤ ᠶᠢᠨ ᠬᠤᠳᠠ ᠶᠢᠨ ᠶᠡᠷᠦᠩᠭᠡᠢ ᠲᠦᠯᠦᠪᠵᠢᠬᠦᠯᠭᠡ᠂ ᠭᠤᠤᠯᠳᠠᠯᠭ᠎ᠠ ᠲᠠᠢ ᠲᠤᠭᠤᠷᠢᠭ ᠤᠨ ᠡᠵᠡᠮᠳᠡᠯ | ᠤᠨ ᠴᠢᠨᠠᠷᠳᠠᠢ ᠨᠠᠷᠢᠯᠢᠭ ᠲᠦᠯᠦᠪᠵᠢᠬᠦᠯᠭᠡ ᠪᠠ ᠲᠤᠭᠠᠴᠠᠯᠠᠭᠰᠠᠨ ᠬᠤᠳᠠ ᠶᠢᠨ ᠪᠦᠳᠦᠭᠡᠨ ᠪᠠᠶᠢᠭᠤᠯᠤᠯᠳᠠ ᠶᠢᠨ | ᠲᠦᠯᠦᠪᠵᠢᠬᠦᠯᠭᠡ ᠶᠢ ᠨᠠᠶᠢᠷᠠᠭᠤᠯᠵᠤ ᠲᠡᠭᠤᠰᠬᠠᠬᠤ ᠬᠡᠷᠡᠭᠳᠠᠢ᠃ 198 ᠡᠷᠦᠭᠡ ᠶᠢᠨ ᠪᠠᠶᠢᠰᠢᠩ ᠭᠡᠷ ᠢ ᠦᠭᠡᠷᠡᠴᠢᠯᠡᠨ | ᠵᠠᠰᠠᠵᠤ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠨ ᠶᠢ 3.57 ᠲᠦᠮᠡᠨ ᠲᠡᠭᠰᠢ ᠲᠦᠷᠪᠡᠯᠵᠢᠨ ᠮᠧᠲᠷ | ᠪᠠᠶᠢᠭᠤᠯᠤᠨ᠂ 20 ᠲᠦᠮᠡᠨ ᠲᠡᠭᠰᠢ ᠲᠦᠷᠪᠡᠯᠵᠢᠨ ᠮᠧᠲᠷ ᠡᠩ ᠤᠨ ᠲᠠᠸᠠᠷ ᠤᠨ ᠭᠡᠷ ᠢ ᠲᠤᠰᠢᠶᠠᠬᠤ ᠬᠡᠷᠡᠭᠳᠠᠢ᠃ | ᠤᠯᠤᠰ ᠤᠨ ᠲᠡᠰ ᠤᠨ ᠴᠡᠴᠡᠷᠯᠢᠭᠵᠢᠭᠰᠡᠨ ᠰᠢᠶᠠᠨ ᠤ ᠬᠤᠳᠠ ᠶᠢ ᠴᠤᠭᠴᠠᠯᠠᠨ ᠪᠠᠶᠢᠭᠤᠯᠬᠤ ᠠᠯᠬᠤᠴᠨ ᠶᠢ | ᠲᠦᠷᠭᠡᠳᠭᠡᠵᠤ᠂ ᠢᠯᠴᠢ ᠴᠠᠬᠢᠯᠭᠠᠨ ᠢ ᠵᠡᠷᠭᠡᠪᠡᠷ ᠡᠬᠦᠰᠭᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ | ᠲᠦᠯᠬᠢᠨ ᠠᠬᠢᠭᠤᠯᠬᠤ ᠬᠡᠷᠡᠭᠳᠠᠢ᠃ ᠲᠤᠮᠳᠠᠳᠤ ᠤᠯᠤᠰ ᠤᠨ ᠬᠠᠯᠠᠭᠤᠨ ᠷᠠᠰᠢᠶᠠᠨ ᠤ ᠨᠤᠳᠤᠭ ᠢ ᠲᠦᠪᠯᠡᠷᠡᠬᠦᠯᠦᠨ | ᠴᠤᠭᠴᠠᠯᠠᠵᠤ᠂ 1 ᠰᠠᠭᠤᠷᠢ ᠲᠠᠭᠠᠭᠠᠴᠠᠳᠤ ᠬᠦᠬᠦᠷᠭᠡ᠂ 2 ᠰᠠᠭᠤᠷᠢ ᠦᠵᠡᠮᠵᠢ ᠶᠢᠨ ᠬᠦᠬᠦᠷᠭᠡ᠂ 1 ᠰᠠᠭᠤᠷᠢ ᠬᠤᠭ | ᠨᠤᠪᠰᠢ ᠶᠢ ᠬᠤᠤᠷ ᠦᠭᠡᠶᠢᠳᠡᠬᠦᠯᠦᠨ ᠰᠢᠢᠳᠪᠤᠷᠢᠯᠡᠬᠦ ᠦᠢᠯᠡᠳᠪᠤᠷᠢ ᠶᠢ ᠰᠢᠨ᠎ᠠ ᠪᠠᠷ ᠪᠠᠶᠢᠭᠤᠯᠤᠨ᠂ ᠭᠠᠯᠳᠠᠰᠤᠳᠠᠢ | ᠭᠤᠤᠯ ᠢ ᠶᠡᠷᠦᠩᠭᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠬᠦ ᠬᠡᠷᠡᠭᠳᠠᠢ᠃ ᠨᠡᠶᠢᠭᠡᠮ ᠤᠨ ᠪᠡᠯᠨ ᠮᠦᠩᠬᠦ ᠶᠢ | ᠠᠰᠢᠭᠯᠠᠨ ᠪᠠᠶᠢᠰᠢᠩ ᠭᠡᠷ ᠤᠨ ᠲᠤᠭᠤᠷᠢᠭ ᠢ ᠦᠭᠡᠷᠡᠴᠢᠯᠡᠨ ᠰᠠᠶᠢᠵᠢᠷᠠᠭᠤᠯᠬᠤ ᠰᠢᠨ᠎ᠠ ᠠᠷᠭ᠎ᠠ ᠵᠠᠮ ᠢ ᠤᠯᠠᠮ ᠨᠢᠭᠡ | ᠠᠯᠬᠤᠮ ᠰᠦᠪᠡᠭᠴᠢᠯᠡᠬᠦ ᠬᠡᠷᠡᠭᠳᠠᠢ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠳᠠᠢ ᠭᠡᠷ ᠪᠠᠷᠢᠯᠭ᠎ᠠ ᠶᠢ | ᠵᠠᠰᠠᠨ ᠰᠠᠶᠢᠵᠢᠷᠠᠭᠤᠯᠬᠤ ᠬᠦᠴᠦᠯᠡᠴᠨ ᠪᠠᠨ ᠲᠠᠰᠤᠷᠠᠯᠳᠠ ᠦᠭᠡᠢ ᠨᠡᠮᠡᠭᠳᠡᠬᠦᠯᠦᠨ᠂ ᠤᠯᠠᠭᠠᠨᠪᠤᠳᠤᠩ᠂ ᠬᠠᠭᠤᠷᠠᠢ | ᠬᠦᠷᠢᠶ᠎ᠠ᠂ ᠲᠠᠷᠬᠠᠬᠠᠭᠤᠯᠨ᠂ ᠲᠠᠯᠠᠶᠢᠨᠠᠭᠤᠷ᠂ ᠪᠠᠶᠠᠨᠴᠠᠭᠠᠨ᠂ ᠲᠦᠩ ᠰᠢᠩ ᠵᠡᠷᠭᠡ ᠤᠨᠴᠠᠯᠢᠭᠳᠤ ᠬᠤᠳᠠ ᠪᠠᠯᠭᠠᠰᠤᠨ | ᠤ ᠪᠠᠶᠢᠭᠤᠯᠤᠯᠳᠠ ᠶᠢ ᠲᠦᠷᠭᠡᠳᠭᠡᠬᠦ ᠬᠡᠷᠡᠭᠳᠠᠢ᠃ ᠲᠤᠰ ᠲᠤᠰ ᠤᠨ ᠤᠨᠴᠠᠯᠢᠭ ᠲᠠᠢ ᠬᠤᠳᠠ ᠪᠠᠯᠭᠠᠰᠤᠨ ᠤ ᠠᠵᠤ | ᠦᠢᠯᠡᠰ ᠤᠨ ᠲᠤᠭᠳᠠᠯᠴᠠᠭ᠎ᠠ ᠶᠢ ᠢᠳᠡᠪᠬᠢᠳᠠᠢ ᠪᠤᠶᠢᠵᠢᠭᠤᠯᠤᠨ᠂ ᠠᠵᠢᠯ ᠤᠯᠭᠤᠯᠳᠠ ᠶᠢ ᠲᠠᠳᠠᠬᠤ ᠴᠢᠳᠠᠪᠤᠷᠢ ᠶᠢ | ᠦᠨᠡᠩᠬᠦ ᠨᠡᠮᠡᠭᠳᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠠᠮᠠ ᠶᠢ ᠬᠤᠳᠠ ᠪᠠᠯᠭᠠᠰᠣᠨ ᠳᠤ | ᠣᠷᠣᠭᠤᠯᠬᠤ ᠪᠠ ᠲᠤᠰ ᠭᠠᠵᠠᠷ ᠲᠤᠨᠢ ᠬᠤᠳᠠ ᠪᠠᠯᠭᠠᠰᠣ ᠪᠠᠶᠢᠭᠤᠯᠬᠤ ᠶᠢ ᠠᠬᠢᠭᠤᠯᠬᠤ ᠬᠡᠷᠡᠭᠳᠠᠢ᠃ ᠬᠤᠳᠠ | ᠪᠠᠯᠭᠠᠰᠤ ᠶᠢᠨ ᠬᠠᠮᠢᠶᠠᠷᠤᠯᠳᠠ ᠶᠢ ᠦᠨᠡᠩᠬᠦ ᠴᠢᠩᠭᠠᠳᠬᠠᠵᠤ᠂ ᠬᠤᠳᠠ ᠪᠠᠯᠭᠠᠰᠤ ᠶᠢᠨ ᠤᠷᠤᠵᠤ ᠭᠠᠷᠬᠤ ᠡᠬᠦᠳᠠ ᠶᠢᠨ | ᠨᠤᠭᠤᠭᠠᠷᠠᠭᠤᠯᠤᠯᠳᠠ ᠪᠤᠯᠤᠨ ᠭᠤᠤᠯᠳᠠᠯᠭ᠎ᠠ ᠲᠠᠢ ᠬᠡᠰᠡᠭ ᠤᠨ ᠤᠷᠴᠢᠨ ᠲᠤᠭᠤᠷᠢᠨ ᠤ ᠶᠡᠷᠦᠩᠬᠡᠶᠢᠯᠡᠭᠰᠡᠨ ᠵᠠᠰᠠᠯᠳᠠ | ᠶᠢ ᠴᠢᠷᠮᠠᠶᠢᠨ ᠰᠠᠶᠢᠳᠤᠷ ᠬᠢᠵᠤ᠂ ᠲᠤᠷ᠎ᠠ ᠪᠠᠷ ᠢᠶᠠᠨ ᠪᠠᠷᠢᠵᠤ ᠪᠠᠶᠢᠭᠤᠯᠬᠤ᠂ ᠡᠮᠬᠢ ᠲᠢᠭᠯᠢᠮ ᠦᠭᠡᠢ ᠵᠤᠭᠰᠤᠭᠠᠬᠤ᠂ | ᠵᠠᠮ ᠡᠵᠡᠯᠡᠨ ᠡᠵᠡᠩᠨᠡᠬᠦ ᠵᠡᠷᠬᠡ ᠠᠰᠠᠭᠤᠳᠠᠯ ᠢ ᠲᠦᠪᠯᠡᠷᠡᠬᠦᠯᠦᠨ ᠰᠢᠢᠳᠪᠤᠷᠢᠯᠡᠵᠤ᠂ ᠤᠯᠠᠭᠠᠨᠪᠤᠳᠤᠩ ᠤᠷᠤᠨ ᠤ | ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠴᠢᠭ᠋ ᠤᠨ ᠠᠵᠢᠯ ᠢ ᠯᠠᠪᠳᠠᠭᠤᠨ ᠪᠠᠳᠤᠳᠠᠢ ᠲᠦᠯᠬᠢᠨ ᠤᠷᠤᠭᠰᠢᠯᠠᠭᠤᠯᠵᠤ᠂ | ᠬᠤᠳᠠ ᠪᠠᠯᠭᠠᠰᠤ ᠶᠢᠨ ᠬᠠᠮᠢᠶᠠᠷᠤᠯᠳᠠ ᠶᠢᠨ ᠨᠠᠷᠢᠯᠢᠭᠵᠢᠭᠰᠠᠨ᠂ ᠤᠶᠤᠨᠵᠢᠭᠰᠠᠨ ᠬᠢᠷᠢ ᠲᠦᠪᠰᠢᠨ ᠢ ᠲᠠᠰᠤᠷᠠᠯᠳᠠ | ᠦᠭᠡᠢ ᠲᠡᠭᠡᠭᠰᠢᠯᠡᠬᠦᠯᠬᠦ ᠬᠡᠷᠡᠭᠳᠠᠢ᠃ | ᠬᠤᠳᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ ᠲᠡᠬᠦᠯᠳᠡᠷᠵᠢᠬᠦᠯᠬᠦ ᠬᠡᠷᠡᠭᠳᠠᠢ᠃ ᠳ᠋ᠠᠨᠳᠦ᠋ᠩ ᠠᠴᠠ | ᠰᠢᠯᠢᠩᠬᠤᠳᠠ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ ᠤᠨ ᠪᠢᠷᠠᠭᠤ ᠠᠴᠠ ᠰᠢᠯᠢᠩᠬᠤᠳᠠ ᠬᠦᠷᠬᠦ ᠬᠡᠰᠡᠭ ᠤᠨ | ᠦᠨᠳᠤᠷ ᠬᠤᠷᠳᠤᠴᠠᠳᠤ ᠵᠠᠰᠠᠮᠠᠯ ᠵᠠᠮ᠂ ᠵᠢᠨᠢᠩ ᠠᠴᠠ ᠲᠦᠩᠯᠢᠶᠤᠤ ᠬᠦᠷᠬᠦ ᠲᠡᠮᠤᠷ ᠵᠠᠮ ᠤᠨ ᠲᠠᠪᠬᠤᠷ ᠱᠤᠭᠤᠮ᠂ | ᠬᠦᠨᠴᠤᠬᠡᠨ ᠠᠴᠠ ᠮᠦᠩᠬᠦᠨᠳᠠᠯᠠ ᠬᠦᠷᠬᠦ ᠬᠡᠰᠡᠭ ᠤᠨ ᠲᠠᠮᠤᠷ ᠵᠠᠮ ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ | ᠪᠠᠳᠤᠳᠠᠢ ᠲᠦᠯᠬᠢᠨ ᠠᠬᠢᠭᠤᠯᠵᠤ᠂ ᠳ᠋ᠠᠨᠳᠦ᠋ᠩ ᠠᠴᠠ ᠰᠢᠯᠢᠩᠬᠤᠳᠠ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ | ᠤᠨ ᠪᠢᠷᠠᠭᠤ ᠠᠴᠠ ᠳ᠋ᠠᠪᠠᠨ ᠬᠦᠷᠬᠦ᠂ ᠪᠢᠷᠠᠭᠤ ᠠᠴᠠ ᠴᠧᠩᠳᠧ ᠬᠦᠷᠬᠦ ᠦᠨᠳᠤᠷ ᠬᠤᠷᠳᠤᠴᠠᠳᠤ ᠵᠠᠰᠠᠮᠠᠯ ᠵᠠᠮ᠂ | S220 ᠱᠤᠭᠤᠮ ᠤᠨ ᠬᠠᠨᠳᠤᠬᠤ ᠠᠴᠠ ᠤᠯᠠᠭᠠᠨᠪᠤᠳᠤᠩ ᠬᠦᠷᠬᠦ᠂ G233 ᠱᠤᠭᠤᠮ ᠤᠨ ᠪᠢᠷᠠᠭᠤ ᠠᠴᠠ | ᠤᠯᠠᠭᠠᠨᠪᠤᠳᠤᠩ ᠬᠦᠷᠬᠦ᠂ S304 ᠱᠤᠭᠤᠮ ᠤᠨ ᠤᠯᠠᠭᠠᠨᠪᠤᠳᠤᠩ ᠠᠴᠠ ᠲᠤᠯᠤᠨᠨᠠᠭᠤᠷ ᠬᠦᠷᠬᠦ᠂ ᠭᠠᠯᠳᠠᠰᠤᠳᠠᠢ | ᠷᠠᠰᠢᠶᠠᠨ ᠠᠴᠠ ᠠᠰᠬᠠᠳᠤ ᠶᠢᠨ ᠴᠢᠯᠠᠭᠤᠨ ᠤᠢ ᠬᠦᠷᠬᠦ ᠵᠢᠭᠤᠯᠴᠢᠯᠠᠯ ᠤᠨ ᠵᠠᠰᠠᠮᠠᠯ ᠵᠠᠮ ᠢ ᠦᠭᠡᠷᠡᠴᠢᠯᠡᠨ ᠵᠠᠰᠠᠬᠤ᠂ | ᠤᠯᠠᠭᠠᠨᠪᠤᠳᠤᠩ ᠪᠠ ᠰᠢᠷᠠᠮᠦ᠋ᠷᠡᠨ ᠤ ᠦᠵᠡᠮᠵᠢ ᠶᠢᠨ ᠤᠷᠤᠨ ᠤ ᠵᠢᠭᠤᠯᠴᠢᠯᠠᠯ ᠤᠨ ᠲᠤᠭᠤᠷᠢᠭ ᠱᠤᠭᠤᠮ ᠤᠨ ᠵᠠᠰᠠᠮᠠᠯ | ᠵᠠᠮ ᠤᠨ ᠡᠮᠤᠨᠡᠬᠢ ᠬᠤᠭᠤᠴᠠᠭᠠᠨ ᠤ ᠠᠵᠢᠯ ᠢ ᠨᠢᠬᠡᠳᠤᠯᠳᠠᠢ ᠲᠦᠯᠦᠪᠯᠡᠨ ᠰᠠᠶᠢᠳᠤᠷ ᠬᠢᠵᠤ᠂ 98.9 ᠺᠢᠯᠤᠮᠧᠲᠷ | ᠤᠨ ᠲᠤᠰᠬᠤᠨ ᠳᠤ ᠨᠡᠪᠳᠡᠷᠡᠬᠦ ᠴᠠᠷᠳᠠᠮᠠᠯ ᠵᠠᠮ ᠪᠤᠯᠤᠨ 90 ᠺᠢᠯᠤᠮᠧᠲᠷ ᠤᠨ ᠵᠡᠬᠡᠯᠢ ᠭᠤᠳᠤᠮᠵᠢ ᠶᠢ ᠬᠠᠳᠠᠷᠠᠭᠤᠯᠬᠤ | ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠬᠦᠯᠬᠦ ᠬᠡᠷᠡᠭᠲᠡᠢ᠃ ᠪᠢᠷᠠᠭᠤ᠂ ᠤᠯᠠᠭᠠᠨᠪᠤᠳᠤᠩ᠂ ᠠᠰᠬᠠᠳᠤ ᠶᠢᠨ ᠨᠡᠶᠢᠳᠡᠮ | ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠬᠦ ᠬᠡᠷᠡᠭᠳᠠᠢ᠃ ᠲᠠᠷᠢᠶᠠᠯᠠᠩ | ᠤᠨ ᠴᠠᠬᠢᠯᠭᠠᠨ ᠤ ᠲᠤᠤᠷᠵᠢᠯ ᠤᠨ ᠱᠤᠭᠤᠮ ᠢ 116 ᠺᠢᠯᠤᠮᠧᠲᠷ ᠰᠢᠨ᠎ᠡ ᠪᠠᠷ ᠪᠠᠶᠢᠭᠤᠯᠬᠤ ᠪᠠ ᠦᠬᠡᠷᠡᠴᠢᠯᠡᠨ | ᠰᠠᠶᠢᠵᠢᠷᠠᠭᠤᠯᠬᠤ ᠬᠡᠷᠡᠭᠳᠠᠢ᠃ 4G ᠨᠡᠬᠦᠳᠠᠯ ᠴᠢᠮᠡᠭᠡ ᠬᠤᠯᠪᠤᠭ᠎ᠠ ᠶᠢᠨ ᠰᠠᠭᠤᠷᠢ ᠦᠷᠳᠡᠭᠡ ᠶᠢ 101 ᠰᠠᠭᠤᠷᠢ | ᠪᠠᠶᠢᠭᠤᠯᠵᠤ᠂ ᠬᠡᠷᠡᠯᠯᠢᠭ ᠤᠳᠠᠰᠤ ᠶᠢ 2260 ᠺᠢᠯᠤᠮᠧᠲᠷ ᠨᠡᠪᠳᠡᠷᠡᠬᠦᠯᠬᠦ ᠬᠡᠷᠡᠭᠳᠠᠢ᠃ | ︵ᠲᠤᠯᠤᠭ᠎ᠠ︶ ᠦᠭᠡᠷᠡᠴᠢᠯᠡᠯᠳᠠ ᠬᠢᠵᠤ ᠴᠢᠯᠦᠬᠡᠳᠠᠢ ᠶᠠᠪᠤᠯᠴᠠᠬᠤ ᠶᠢ ᠲᠦᠷᠬᠡᠳᠬᠡᠨ ᠠᠬᠢᠭᠤᠯᠵᠤ᠂ | ᠬᠦᠭᠵᠢᠯᠳᠠ ᠳᠤ ᠰᠢᠨ᠎ᠡ ᠶᠢ ᠡᠬᠦᠳᠬᠦ ᠴᠢᠳᠠᠪᠤᠷᠢ ᠶᠢ ᠴᠢᠷᠮᠠᠶᠢᠨ ᠴᠢᠩᠭᠠᠳᠬᠠᠬᠤ ᠬᠡᠷᠡᠭᠳᠠᠢ᠃ ᠦᠬᠡᠷᠡᠴᠢᠯᠡᠯᠳᠠ ᠳᠤ | ᠰᠢᠨ᠎ᠡ ᠶᠢ ᠡᠬᠦᠳᠬᠦ ᠵᠤᠷᠢᠭ ᠰᠠᠨᠠᠭ᠎ᠠ ᠪᠤᠯᠤᠨ ᠴᠢᠯᠦᠬᠡᠳᠠᠢ ᠶᠠᠪᠤᠯᠴᠠᠨ ᠬᠠᠮᠳᠤᠷᠠᠨ ᠠᠵᠢᠯᠯᠠᠬᠤ ᠤᠬᠠᠮᠰᠠᠷ ᠢ | ᠪᠠᠷᠢᠮᠳᠠᠯᠠᠵᠤ᠂ ᠬᠦᠭᠵᠢᠯᠳᠠ ᠶᠢᠨ ᠬᠦᠴᠢᠷ ᠪᠡᠷᠬᠡ ᠶᠢ ᠢᠯᠡᠵᠣ᠂ ᠬᠦᠭᠵᠢᠯᠳᠠ ᠶᠢᠨ ᠲᠤᠬᠢᠶᠠᠯ ᠢ ᠠᠮᠵᠢᠨ ᠠᠳᠬᠤᠵᠤ | ᠂ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ᠂ ᠦᠷᠬᠦᠯᠵᠢᠯᠡᠬᠦᠶᠢᠴᠠ ᠬᠦᠭᠵᠢᠯᠳᠠ ᠶᠢᠨ ᠤᠷᠤᠨ ᠵᠠᠢ ᠶᠢ | ᠦᠷᠬᠡᠳᠬᠡᠬᠦ ᠬᠡᠷᠡᠭᠳᠠᠢ᠃ | ᠦᠬᠡᠷᠡᠴᠢᠯᠡᠯᠳᠠ ᠶᠢ ᠲᠦᠷᠬᠡᠳᠬᠡᠨ ᠠᠬᠢᠭᠤᠯᠬᠤ ᠬᠡᠷᠡᠭᠳᠠᠢ᠃ ︽ᠠᠷᠪᠠᠨ ᠭᠤᠷᠪᠠᠳᠤᠭᠠᠷ ᠲᠠᠪᠤ︾ ᠶᠢᠨ | ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠤᠷᠪᠢᠨ ᠲᠤᠭᠳᠠᠭᠠᠵᠤ᠂ ᠰᠢᠨ᠎ᠡ ᠨᠢᠭᠡᠨ ᠡᠬᠡᠯᠵᠢ ᠶᠢᠨ ᠵᠠᠰᠠᠭ | ᠤᠨ ᠤᠷᠳᠤᠨ ᠤ ᠡᠬᠦᠷᠬᠡ ᠴᠢᠳᠠᠪᠤᠷᠢ ᠶᠢᠨ ᠬᠤᠪᠢᠷᠠᠯᠳᠠ ᠪᠠ ᠵᠠᠰᠠᠭ ᠤᠨ ᠤᠷᠳᠤᠨ ᠤ ᠪᠠᠶᠢᠭᠤᠯᠤᠮᠵᠢ ᠶᠢᠨ | ᠦᠬᠡᠷᠡᠴᠢᠯᠡᠯᠳᠠ ᠶᠢ ᠰᠠᠶᠢᠳᠤᠷ ᠬᠢᠬᠦ ᠬᠡᠷᠡᠭᠳᠠᠢ᠃ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ | ᠶᠡᠷᠦᠩᠬᠡᠶᠢᠯᠡᠨ ᠲᠦᠬᠦᠷᠵᠢᠬᠦᠯᠬᠦ ᠲᠤᠷᠰᠢᠯᠳᠠ ᠶᠢᠨ ᠴᠢᠭ᠋ ᠤᠨ ᠦᠬᠡᠷᠡᠴᠢᠯᠡᠯᠳᠠ ᠶᠢ ᠡᠮᠬᠢ ᠲᠢᠭᠯᠢᠮ ᠲᠠᠢ ᠬᠡᠷᠡᠭᠵᠢᠬᠦᠯᠬᠦ | ᠬᠡᠷᠡᠭᠳᠠᠢ᠃ ᠭᠠᠵᠠᠷ ᠰᠢᠷᠤᠢ ᠶᠢᠨ ᠡᠵᠡᠩᠨᠡᠯᠳᠠ ᠶᠢᠨ ᠡᠷᠬᠡ ᠶᠢ ᠰᠢᠯᠵᠢᠬᠦᠯᠬᠦ ᠲᠦᠷᠦ ᠶᠢᠨ ᠪᠤᠳᠤᠯᠭ᠎ᠠ ᠶᠢ | ᠲᠡᠬᠦᠯᠳᠡᠷᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠡᠷᠬᠡ ᠶᠢ ᠲᠤᠭᠳᠠᠭᠠᠨ ᠲᠠᠩᠰᠠᠯᠠᠨ | ᠦᠨᠡᠮᠯᠡᠯ ᠤᠯᠭᠤᠬᠤ ᠪᠤᠯᠤᠨ ᠲᠠᠷᠢᠶᠠᠨ ᠭᠠᠵᠠᠷ ᠲᠤ ᠲᠡᠰ ᠲᠤᠭᠳᠠᠭᠠᠨ ᠦᠨᠡᠯᠡᠨ ᠵᠢᠱᠢᠬᠦ ᠠᠵᠢᠯ ᠢ ᠲᠠᠭᠤᠰᠬᠠᠬᠤ | ᠬᠡᠷᠡᠭᠳᠠᠢ᠃ ᠡᠷᠦᠬᠡ ᠠᠮᠠ ᠶᠢᠨ ᠲᠠᠩᠰᠠ ᠶᠢᠨ ᠲᠦᠷᠢᠮ ᠤᠨ ᠦᠬᠡᠷᠡᠴᠢᠯᠡᠯᠳᠠ ᠶᠢ ᠯᠠᠪᠳᠠᠭᠤᠨ ᠢᠶᠠᠷ ᠬᠡᠷᠡᠭᠵᠢᠬᠦᠯᠵᠤ᠂ | ᠬᠤᠳᠠ ᠬᠦᠳᠡᠭᠡ ᠨᠢᠭᠡᠳᠤᠯᠳᠠᠢ ᠡᠷᠦᠬᠡ ᠠᠮᠠ ᠶᠢᠨ ᠲᠠᠩᠰᠠ ᠶᠢᠨ ᠲᠦᠷᠢᠮ ᠢ ᠪᠠᠶᠢᠭᠤᠯᠬᠤ ᠬᠡᠷᠡᠭᠳᠠᠢ᠃ ᠵᠠᠰᠠᠭ | ᠵᠠᠬᠢᠷᠭᠠᠨ ᠤ ᠬᠢᠨᠡᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ | ᠵᠠᠰᠠᠭ ᠤᠨ ᠤᠷᠳᠤᠨ ᠵᠢᠴᠢ ᠠᠵᠢᠯ ᠤᠨ ᠰᠠᠯᠠᠭ᠎ᠠ ᠮᠦᠴᠢᠷ ᠤᠨ ᠡᠷᠬᠡ ᠶᠢ ᠨᠠᠷᠢᠯᠢᠭᠵᠢᠭᠤᠯᠤᠨ ᠲᠦᠷᠢᠮ ᠢ | ᠶᠠᠪᠤᠭᠤᠯᠵᠤ᠂ ᠲᠡᠭᠡᠷ᠎ᠠ ᠱᠠᠳᠤᠨ ᠠᠴᠠ ᠲᠤᠷᠤᠭᠰᠢ ᠪᠠᠭᠤᠯᠭᠠᠭᠰᠠᠨ ᠡᠯ᠎ᠡ ᠲᠦᠷᠦᠯ ᠤᠨ ᠬᠢᠨᠡᠨ ᠵᠦᠪᠰᠢᠶᠡᠷᠡᠬᠦ ᠡᠷᠬᠡ | ᠶᠢ ᠬᠦᠯᠢᠶᠡᠨ ᠠᠪᠴᠤ ᠦᠨᠡᠨ ᠮᠦᠨ ᠢᠶᠠᠷ ᠨᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠠᠢ᠃ ᠤᠷᠤᠨ ᠰᠠᠭᠤᠴᠠ | ᠶᠢᠨ ᠨᠡᠶᠢᠳᠠ ᠶᠢᠨ ᠬᠤᠷᠠᠮᠳᠣᠭᠤᠯᠭ᠎ᠠ ᠶᠢᠨ ᠮᠦᠩᠬᠦ ᠶᠢ ᠭᠠᠷᠭᠠᠨ ᠠᠪᠬᠤ᠂ ᠬᠡᠷᠡᠭᠯᠡᠬᠦ ᠪᠤᠯᠤᠨ ᠬᠢᠨᠡᠨ ᠬᠠᠮᠢᠶᠠᠷᠬᠤ | ᠵᠤᠬᠢᠮᠵᠢ ᠶᠢ ᠦᠬᠡᠷᠡᠴᠢᠯᠡᠨ ᠰᠠᠶᠢᠵᠢᠷᠠᠭᠤᠯᠵᠤ᠂ ᠪᠠᠳᠤᠯᠠᠭ᠎ᠠ ᠶᠢᠨ ᠬᠠᠮᠤᠷᠬᠤ ᠬᠡᠪᠴᠢᠶ᠎ᠡ ᠶᠢ ᠦᠷᠬᠡᠳᠬᠡᠬᠦ ᠬᠡᠷᠡᠭᠳᠠᠢ᠃ | ᠠᠯᠪᠠᠨ ᠬᠡᠷᠡᠭᠯᠡᠬᠡᠨ ᠤ ᠲᠡᠷᠬᠡ᠂ ᠠᠯᠪᠠᠨ ᠤ ᠶᠠᠪᠤᠳᠠᠯ ᠢᠶᠠᠷ ᠬᠦᠯᠢᠶᠡᠨ ᠠᠪᠬᠤ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶ᠎ᠠ ᠵᠡᠷᠬᠡ ᠬᠦᠷᠢᠶ᠎ᠡ ᠬᠡᠪᠴᠢᠶᠡᠨ ᠳᠠᠬᠢ ᠦᠬᠡᠷᠡᠴᠢᠯᠡᠯᠳᠠ ᠶᠢ ᠰᠠᠶᠢᠳᠤᠷ ᠬᠢᠵᠤ᠂ ᠦᠬᠡᠷᠡᠴᠢᠯᠡᠯᠳᠠ | ᠶᠢᠨ ᠰᠢᠨ᠎ᠡ ᠪᠠᠶᠢᠳᠠᠯ ᠢ ᠴᠢᠷᠮᠠᠶᠢᠨ ᠨᠡᠬᠡᠬᠡᠵᠤ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠬᠡᠷᠡᠭᠳᠠᠢ᠃ | ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠦᠬᠡᠷᠡᠴᠢᠯᠡᠯᠳᠠ ᠶᠢ ᠬᠦᠨᠵᠡᠬᠡᠶᠢᠷᠡᠬᠦᠯᠬᠦ ᠬᠡᠷᠡᠭᠳᠠᠢ᠃ ᠰᠢᠨ᠎ᠡ ︽ | ᠲᠦᠰᠦᠪ ᠤᠨ ᠬᠠᠤᠯᠢ︾ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠬᠤᠩ ᠱᠠᠨ ᠴᠡᠷᠢᠭ ᠤᠨ ᠠᠭᠳᠠ ᠶᠢᠨ ᠲᠠᠯᠠᠪᠠᠢ | ᠶᠢ ᠤᠷᠤᠨ ᠨᠤᠳᠤᠭ ᠲᠤᠨᠢ ᠬᠤᠪᠢᠶᠠᠷᠢᠯᠠᠨ ᠰᠢᠯᠵᠢᠬᠦᠯᠬᠦ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠯᠠᠢ | ᠨᠠᠭᠤᠷ ᠤᠨ ᠦᠵᠡᠮᠵᠢ ᠶᠢᠨ ᠤᠷᠤᠨ᠂ ᠤᠰᠤᠨ ᠴᠠᠬᠢᠯᠭᠠᠨ ᠢ ᠨᠡᠬᠡᠬᠡᠨ ᠬᠦᠭᠵᠢᠬᠦᠯᠬᠦ ᠺᠤᠮᠫᠠᠨᠢ ᠵᠡᠷᠬᠡ ᠤᠯᠤᠰ ᠤᠨ | ᠦᠮᠴᠢᠯᠡᠯᠳᠤ ᠬᠦᠷᠦᠩᠬᠡ ᠶᠢᠨ ᠡᠵᠡᠩᠨᠡᠨ ᠬᠠᠮᠢᠶᠠᠷᠬᠤ ᠪᠠᠶᠢᠭᠤᠯᠤᠮᠵᠢ ᠶᠢ ᠦᠨᠡᠩᠬᠦ ᠰᠢᠯᠤᠭᠤᠳᠬᠠᠵᠤ᠂ ᠤᠯᠤᠰ ᠤᠨ | ᠦᠮᠴᠢᠯᠡᠯᠳᠤ ᠠᠵᠤ ᠠᠬᠤᠶᠢᠯᠠᠯ ᠤᠨ ᠬᠠᠮᠢᠶᠠᠷᠤᠯᠳᠠ ᠶᠢᠨ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠳᠠᠢ ᠪᠠᠷ | ᠰᠦᠪᠡᠭᠴᠢᠯᠡᠵᠤ᠂ ᠤᠯᠤᠰ ᠤᠨ ᠦᠮᠴᠢᠯᠡᠯᠳᠤ ᠬᠦᠷᠦᠩᠬᠡ ᠶᠢᠨ ᠠᠰᠢᠭ ᠤᠷᠤᠯᠭ᠎ᠠ ᠶᠢᠨ ᠬᠢᠷᠢ ᠲᠦᠪᠰᠢᠨ ᠢ | ᠴᠢᠷᠮᠠᠶᠢᠨ ᠲᠡᠭᠡᠭᠰᠢᠯᠡᠬᠦᠯᠬᠦ ᠬᠡᠷᠡᠭᠳᠠᠢ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠳᠠ ᠶᠢᠨ ᠡᠯ᠎ᠡ | ᠲᠦᠷᠦᠯ ᠤᠨ ᠲᠦᠷᠦ ᠶᠢᠨ ᠪᠤᠳᠤᠯᠭ᠎ᠠ ᠪᠤᠯᠤᠨ ᠰᠠᠬᠢᠯᠭ᠎ᠠ ᠪᠠᠳᠤ ᠶᠢ ᠴᠢᠩᠭ᠎ᠠ ᠬᠡᠷᠡᠭᠵᠢᠬᠦᠯᠵᠤ᠂ ᠬᠤᠪᠢᠷᠠᠰᠢ ᠦᠭᠡᠢ | ᠴᠢᠨᠠᠷᠳᠠᠢ ᠬᠢᠵᠠᠭᠠᠷᠯᠠᠯ ᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠢ ᠶᠢᠨ ᠤᠶᠢᠯᠡ ᠠᠵᠢᠯᠯᠠᠭ᠎ᠠ ᠶᠢ ᠦᠨᠡᠩᠬᠦ | ᠲᠦᠷᠢᠮᠵᠢᠬᠦᠯᠬᠦ ᠬᠡᠷᠡᠭᠳᠠᠢ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠦᠷ᠎ᠡ ᠪᠦᠳᠦᠮᠵᠢ ᠶᠢ ᠦᠨᠡᠯᠡᠨ | ᠬᠠᠮᠢᠶᠠᠷᠬᠤ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠶᠠᠪᠤᠴᠠ ᠶᠢᠨ ᠬᠢᠨᠠᠨ ᠬᠠᠮᠢᠶᠠᠷᠤᠯᠳᠠ ᠪᠤᠯᠤᠨ ᠦᠷ᠎ᠡ ᠳ᠋ᠦᠩ | ᠤᠨ ᠬᠡᠷᠡᠭᠯᠡᠬᠡᠨ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠳᠠᠢ᠃ ᠠᠷᠭ᠎ᠠ ᠪᠦᠬᠦᠨ ᠢ ᠰᠦᠪᠡᠭᠴᠢᠯᠡᠨ ᠤᠷᠤᠯᠭ᠎ᠠ | ᠪᠠᠨ ᠨᠡᠮᠡᠭᠳᠡᠬᠦᠯᠦᠨ ᠵᠠᠷᠤᠯᠭ᠎ᠠ ᠪᠠᠨ ᠠᠷᠪᠢᠯᠠᠵᠤ᠂ ᠡᠳ᠋ ᠤᠨ ᠵᠠᠰᠠᠭ ᠤᠨ ᠬᠦᠴᠦᠨ ᠢᠶᠠᠨ ᠪᠦᠳᠦᠮᠵᠢᠳᠠᠢ ᠪᠠᠷ | ᠨᠡᠮᠡᠭᠳᠡᠬᠦᠯᠵᠤ᠂ ᠦᠯᠡᠳᠡᠭᠳᠡᠯ ᠦᠷᠢ ᠶᠢ ᠤᠰᠠᠳᠬᠠᠬᠤ ᠶᠢ ᠲᠦᠷᠬᠡᠳᠬᠡᠵᠤ᠂ ᠬᠡᠪ ᠤᠨ ᠡᠷᠬᠢᠯᠳᠠ ᠶᠢ ᠪᠠᠳᠤᠯᠠᠬᠤ | ᠬᠡᠷᠡᠭᠳᠠᠢ᠃ | ᠴᠢᠯᠦᠬᠡᠳᠠᠢ ᠶᠠᠪᠤᠯᠴᠠᠬᠤ ᠶᠢ ᠪᠦᠬᠦ ᠲᠠᠯ᠎ᠠ ᠪᠠᠷ ᠦᠷᠬᠡᠳᠬᠡᠬᠦ ᠬᠡᠷᠡᠭᠳᠠᠢ᠃ ᠭᠠᠳᠠᠭᠰᠢ ᠨᠡᠬᠡᠬᠡᠬᠦ ᠪᠡ ᠲᠠᠳᠠᠨ | ᠣᠷᠣᠭᠤᠯᠬᠤ ᠶᠢ ᠢᠳᠡᠪᠬᠢᠳᠠᠢ ᠪᠠᠷ ᠬᠡᠷᠡᠭᠵᠢᠬᠦᠯᠵᠣ᠂ ᠤᠷᠤᠨ ᠬᠡᠪᠴᠢᠶᠡᠨ ᠤ ᠬᠠᠮᠳᠤᠷᠠᠨ ᠠᠵᠢᠯᠯᠠᠬᠤ ᠶᠢ ᠪᠤᠳᠠᠳᠠᠢ | ᠪᠠᠷ ᠲᠦᠯᠬᠢᠨ ᠠᠬᠢᠭᠤᠯᠵᠤ᠂ ᠵᠡᠬᠦᠨ ᠬᠤᠶᠢᠳᠤ ᠶᠢᠨ ᠠᠵᠤ ᠠᠬᠤᠢ ᠶᠢᠨ ᠤᠷᠤᠨ᠂ ᠪᠡᠬᠡᠵᠢᠩ ᠲᠢᠶᠠᠨᠵᠢᠨ ᠬᠠᠪᠢ | ᠶᠢᠨ᠂ ᠪᠦᠸᠧᠬᠠᠢ ᠶᠢᠨ ᠲᠤᠭᠤᠷᠢᠨ ᠤ ᠠᠵᠤ ᠠᠬᠤᠢ ᠶᠢᠨ ᠬᠦᠷᠢᠶᠡᠨ ᠳᠤ ᠠᠭᠤᠰᠤᠯᠴᠠᠨ ᠤᠷᠤᠬᠤ ᠶᠢ | ᠲᠦᠷᠬᠡᠳᠬᠡᠵᠤ᠂ ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠬᠠᠢ ᠶᠢᠨ ᠭᠤᠷᠪᠠᠯᠵᠢᠨ ᠬᠤᠶᠢᠭ ᠵᠡᠷᠬᠡ ᠬᠦᠭᠵᠢᠭᠰᠡᠨ | ᠭᠠᠵᠠᠷ ᠤᠷᠤᠨ ᠲᠡᠰᠢ ᠶᠢᠨ ᠠᠵᠤ ᠦᠢᠯᠡᠰ ᠤᠨ ᠰᠢᠯᠵᠢᠯᠳᠠ ᠶᠢ ᠪᠦᠳᠦᠮᠵᠢᠳᠠᠢ ᠪᠠᠷ ᠦᠷᠬᠦᠯᠵᠢᠯᠡᠬᠦᠯᠵᠤ᠂ | ᠬᠤᠯᠪᠤᠭᠳᠠᠭᠤᠯᠬᠤ ᠬᠡᠮᠵᠢᠶ᠎ᠡ ᠨᠢ ᠦᠨᠳᠤᠷ᠂ ᠦᠰᠤᠯᠳᠠ ᠶᠢᠨ ᠴᠢᠨᠠᠷ ᠨᠢ ᠰᠠᠶᠢᠨ᠂ ᠨᠡᠮᠡᠭᠳᠡᠯ ᠦᠷᠳᠡᠭ ᠨᠢ ᠦᠨᠳᠤᠷ | ᠨᠢᠭᠡ ᠪᠦᠯᠦᠭ ᠲᠦᠷᠦᠯ ᠵᠦᠢᠯ ᠢ ᠴᠢᠷᠮᠠᠶᠢᠨ ᠤᠷᠤᠭᠤᠯᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠵᠤ ᠲᠡᠰ | ᠲᠡᠪᠰᠢᠬᠦᠯᠬᠦ ᠶᠢ ᠦᠨᠡᠩᠬᠦ ᠲᠦᠯᠬᠢᠨ ᠠᠬᠢᠭᠤᠯᠬᠤ ᠬᠡᠷᠡᠭᠳᠠᠢ᠃ ᠠᠷᠠᠳ ᠤᠨ ᠪᠡᠯᠡ ᠤᠷᠤᠭᠤᠯᠤᠯᠳᠠ ᠶᠢᠨ ᠨᠢᠭᠤᠭᠳᠠᠮᠠᠯ | ᠬᠦᠴᠦᠨ ᠢ ᠬᠦᠢᠴᠡᠳ ᠠᠭᠤᠳᠠᠯᠯᠠᠵᠤ᠂ ᠨᠡᠶᠢᠬᠡᠮ ᠤᠨ ᠬᠦᠷᠦᠩᠬᠡ ᠶᠢᠨ ᠤᠷᠤᠯᠴᠠᠯᠭ᠎ᠠ ᠶᠢ ᠪᠦᠳᠦᠮᠵᠢᠳᠠᠢ | ᠲᠠᠶᠢᠴᠢᠯᠡᠵᠤ᠂ ᠤᠳᠤᠬᠠᠨ ᠤ ᠲᠦᠷᠦᠯ ᠵᠦᠢᠯ᠂ ᠤᠳᠤᠬᠠᠨ ᠤ ᠠᠵᠤ ᠠᠬᠤᠶᠢᠯᠠᠯ ᠤᠨ ᠪᠡᠯᠡ ᠤᠷᠤᠭᠤᠯᠤᠯᠳᠠ ᠶᠢᠨ | ᠲᠠᠶᠢᠴᠢᠯᠠᠬᠤ ᠦᠢᠯᠡᠳᠤᠯ ᠢ ᠢᠳᠡᠪᠬᠢᠳᠠᠢ ᠪᠠᠷ ᠪᠠᠳᠠᠷᠠᠭᠤᠯᠵᠤ᠂ ᠠᠵᠤ ᠠᠬᠤᠶᠢᠯᠠᠯ ᠤᠨ ᠬᠡᠪᠴᠢᠶᠡᠵᠢᠯ ᠢᠶᠠᠨ | ᠦᠷᠬᠡᠳᠬᠡᠬᠦ᠂ ᠰᠢᠨ᠎ᠡ ᠲᠦᠷᠦᠯ ᠵᠦᠢᠯ ᠭᠠᠷᠭᠠᠬᠤ᠂ ᠪᠡᠯᠡ ᠤᠷᠤᠭᠤᠯᠤᠯᠳᠠ ᠪᠠᠨ ᠨᠡᠮᠡᠭᠳᠡᠬᠦᠯᠬᠦ ᠶᠢ ᠲᠡᠮᠵᠢᠨ | ᠵᠤᠷᠢᠭᠵᠢᠭᠤᠯᠬᠤ ᠬᠡᠷᠡᠭᠳᠠᠢ᠃ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠬᠡᠬᠦ ᠵᠠᠩᠬᠢᠯᠠᠭ᠎ᠠ ᠶᠢ ᠴᠢᠩᠭ᠎ᠠ | ᠠᠳᠬᠤᠵᠤ᠂ ᠮᠠᠨ ᠤ ᠬᠤᠰᠢᠭᠤᠨ ᠤ ᠪᠠᠨ ᠬᠠᠷᠢᠴᠠᠩᠭᠤᠢ ᠲᠠᠪᠠᠭᠤᠯᠢᠭ ᠲᠤ ᠰᠠᠭᠤᠷᠢᠯᠠᠵᠤ᠂ ᠬᠤᠳᠠᠯᠳᠤᠭᠠᠴᠢᠨ | ᠤᠷᠢᠵᠤ ᠪᠡᠯᠡ ᠤᠷᠤᠭᠤᠯᠬᠤ ᠬᠦᠴᠦᠯᠡᠴᠠ ᠪᠠᠨ ᠨᠡᠮᠡᠭᠳᠡᠬᠦᠯᠵᠤ᠂ ᠲᠦᠷᠦᠯ ᠵᠦᠢᠯ ᠢ ᠲᠦᠯᠦᠪᠯᠡᠬᠦ᠂ ᠪᠡᠯᠡᠳᠬᠡᠬᠦ᠂ | ᠨᠤᠳᠠᠯᠠᠬᠤ᠂ ᠵᠦᠪᠳᠡᠯᠴᠡᠬᠦ᠂ ᠨᠠᠶᠢᠳᠠᠪᠤᠷᠢᠵᠢᠭᠤᠯᠬᠤ ᠪᠤᠯᠤᠨ ᠬᠤᠶᠢᠨᠠᠬᠢ ᠬᠤᠭᠤᠴᠠᠭᠠᠨ ᠤ ᠲᠠᠭᠠᠯᠳᠠ ᠦᠢᠯᠡᠴᠢᠯᠡᠭᠡ | ᠶᠢᠨ ᠠᠵᠢᠯ ᠢ ᠦᠨᠡᠩᠬᠦ ᠰᠠᠶᠢᠳᠤᠷ ᠬᠢᠵᠤ᠂ ᠡᠬᠢ ᠪᠠᠶᠠᠯᠢᠭ ᠤᠨ ᠪᠠᠶᠢᠷᠢᠯᠠᠭᠤᠯᠤᠯᠳᠠ ᠶᠢᠨ ᠦᠢᠯᠡᠳᠤᠯᠳᠤ ᠴᠢᠨᠠᠷ ᠢ | ᠲᠠᠰᠤᠷᠠᠯᠳᠠ ᠦᠭᠡᠢ ᠲᠡᠭᠡᠭᠰᠢᠯᠡᠬᠦᠯᠵᠤ᠂ ᠡᠬᠢ ᠪᠠᠶᠠᠯᠢᠭ ᠤᠨ ᠲᠠᠪᠠᠭᠤᠯᠢᠭ ᠢᠶᠠᠨ ᠠᠵᠤ ᠦᠢᠯᠡᠰ ᠤᠨ ᠲᠠᠪᠠᠭᠤᠯᠢᠭ | ᠪᠤᠯᠭᠠᠨ ᠦᠨᠡᠩᠬᠦ ᠬᠤᠪᠢᠷᠠᠭᠤᠯᠬᠤ ᠬᠡᠷᠡᠭᠳᠠᠢ᠃ ᠨᠡᠩ ᠦᠨᠡᠨ ᠪᠤᠳᠠᠳᠠᠢ ᠠᠮᠢᠳᠤᠯᠢᠭ᠂ ᠤᠯᠠᠨ ᠶᠠᠩᠵᠤ ᠶᠢᠨ ᠬᠡᠯᠪᠡᠷᠢ | ᠶᠢᠨ ᠠᠷᠠᠯᠵᠢᠶᠠᠴᠢᠨ ᠤᠷᠢᠵᠤ ᠪᠠᠯᠡ ᠤᠷᠤᠭᠤᠯᠬᠤ ᠠᠷᠭ᠎ᠠ ᠬᠡᠯᠪᠡᠷᠢ ᠠᠷᠭ᠎ᠠ ᠠᠪᠴᠠᠯ ᠢᠶᠠᠷ᠂ ᠠᠷᠠᠯᠵᠢᠶᠠᠴᠢᠨ ᠤᠷᠢᠵᠤ | ᠪᠡᠯᠡ ᠤᠷᠤᠭᠤᠯᠬᠤ ᠶᠢᠨ ᠬᠠᠨᠳᠤᠯᠭᠠᠳᠤ ᠴᠢᠨᠠᠷ᠂ ᠪᠤᠳᠠᠳᠤ ᠴᠢᠨᠠᠷ ᠪᠤᠯᠤᠨ ᠠᠮᠵᠢᠯᠳᠠ ᠤᠯᠬᠤ ᠨᠤᠷᠮ᠎ᠠ ᠶᠢ ᠴᠢᠷᠮᠠᠶᠢᠨ | ᠲᠡᠭᠡᠭᠰᠢᠯᠡᠬᠦᠯᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ ᠢ ᠪᠦᠬᠦ ᠶᠠᠪᠤᠴᠠ ᠳᠤ ᠤᠷᠤᠯᠠᠨ | ᠬᠦᠢᠴᠡᠳᠬᠡᠬᠦ ᠪᠤᠯᠤᠨ ᠨᠡᠶᠢᠯᠡᠬᠦᠯᠤᠨ ᠬᠢᠨᠡᠨ ᠵᠦᠪᠰᠢᠶᠡᠷᠡᠬᠦ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ᠂ ᠲᠤᠰ ᠵᠢᠯ | ᠳᠤ ᠤᠯᠤᠰ ᠤᠨ ᠲᠤᠳᠤᠭᠠᠳᠤ᠂ ᠤᠷᠤᠨ ᠤ ᠭᠠᠳᠠᠨᠠᠬᠢ ᠪᠡᠯᠡ ᠮᠦᠩᠬᠦ ᠶᠢ 40 ᠳ᠋ᠦᠩᠰᠢᠭᠤᠷ ᠲᠦᠬᠦᠷᠢᠭ | ᠤᠷᠤᠭᠤᠯᠬᠤ ᠪᠠᠷ ᠴᠢᠷᠮᠠᠶᠢᠨ ᠲᠡᠮᠡᠴᠡᠬᠦ ᠬᠡᠷᠡᠭᠳᠠᠢ᠃ ᠤᠯᠤᠰ ᠤᠨ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠶᠢᠨ ᠠᠯᠬᠤᠴᠠ ᠶᠢ | ᠠᠯᠳᠠᠯ ᠦᠭᠡᠢ ᠲᠠᠭᠠᠵᠤ᠂ ᠰᠢᠨ᠎ᠡ ᠬᠡᠪ ᠪᠠᠶᠢᠳᠠᠯ ᠤᠨ ᠬᠦᠭᠵᠢᠯᠳᠠ ᠶᠢᠨ ᠬᠠᠨᠳᠤᠰᠢ ᠳᠤ ᠴᠢᠷᠮᠠᠶᠢᠨ ᠵᠤᠬᠢᠴᠠᠵᠤ᠂ | ᠲᠡᠭᠡᠷ᠎ᠡ ᠱᠠᠳᠤᠨ ᠤ ᠢᠯᠠᠩᠭᠤᠶ᠎ᠠ ᠤᠯᠤᠰ ᠤᠨ ᠲᠦᠷᠦᠯ ᠵᠦᠢᠯ ᠤᠨ ᠪᠡᠯᠡ ᠮᠦᠩᠬᠦ ᠶᠢ ᠲᠡᠮᠡᠴᠠᠨ ᠤᠯᠬᠤ ᠪᠠᠷ ᠡᠯ᠎ᠡ | ᠲᠦᠷᠦᠯ ᠤᠨ ᠠᠵᠢᠯ ᠢᠶᠠᠨ ᠰᠠᠶᠢᠳᠤᠷ ᠬᠢᠬᠦ ᠶᠢᠨ ᠴᠢᠬᠤᠯᠠ ᠠᠷᠭ᠎ᠠ ᠬᠡᠮᠵᠢᠶ᠎ᠡ᠂ ᠰᠢᠪᠳᠤᠯᠤᠯᠳᠠ ᠶᠢᠨ ᠴᠡᠭ᠂ | ᠬᠦᠴᠦᠯᠡᠴᠠ ᠪᠤᠯᠭᠠᠵᠤ᠂ ᠡᠯ᠎ᠡ ᠬᠦᠷᠢᠶ᠎ᠡ ᠬᠡᠪᠴᠢᠶᠡᠨ ᠳᠠᠬᠢ ᠪᠦᠳᠦᠬᠡᠨ ᠪᠠᠶᠢᠭᠤᠯᠤᠯᠳᠠ ᠪᠠᠨ ᠪᠦᠬᠦ ᠬᠦᠴᠦᠨ ᠢᠶᠠᠷ | ᠲᠦᠯᠬᠢᠨ ᠠᠬᠢᠭᠤᠯᠬᠤ ᠬᠡᠷᠡᠭᠳᠠᠢ᠃ | ︵ᠨᠠᠢᠮᠠ︶ ᠠᠷᠡᠳ ᠤᠨ ᠠᠮᠢᠳᠤᠷᠠᠯ ᠢ ᠪᠠᠳᠤᠯᠠᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ | ᠬᠦᠭᠵᠢᠯᠳᠠ ᠶᠢᠨ ᠪᠠᠳᠤᠯᠠᠭ᠎ᠠ ᠶᠢᠨ ᠬᠦᠴᠦᠨ ᠢ ᠴᠢᠷᠮᠠᠶᠢᠨ ᠴᠢᠩᠭᠠᠳᠬᠠᠬᠤ ᠬᠡᠷᠡᠭᠳᠠᠢ᠃ ᠠᠷᠠᠳ ᠲᠤ ᠬᠠᠷᠠᠭᠠᠯᠵᠠᠯ | ᠦᠵᠡᠬᠦᠯᠬᠦ᠂ ᠠᠷᠠᠳ ᠲᠤ ᠠᠰᠢᠭ ᠭᠦᠷᠳᠡᠬᠡᠬᠦ᠂ ᠠᠷᠠᠳ ᠢ ᠪᠠᠶᠠᠵᠢᠭᠤᠯᠬᠤ ᠤᠳᠤᠷᠢᠳᠤᠮᠵᠢ ᠶᠢ ᠨᠡᠩ ᠲᠤᠪᠤᠶᠢᠯᠭᠠᠵᠤ᠂ | ᠤᠯᠠᠨ ᠲᠦᠮᠡᠨ ᠤ ᠬᠠᠮᠤᠭ ᠤᠨ ᠬᠠᠯᠠᠮᠵᠢᠯᠠᠳᠠᠭ᠂ ᠬᠠᠮᠤᠭ ᠤᠨ ᠰᠢᠭᠤᠳ᠂ ᠬᠠᠮᠤᠭ ᠤᠨ ᠪᠤᠳᠠᠳᠠᠢ ᠠᠰᠢᠭ ᠲᠤᠰᠠ | ᠶᠢᠨ ᠠᠰᠠᠭᠤᠳᠠᠯ ᠢ ᠦᠨᠡᠩᠬᠦ ᠰᠢᠢᠳᠪᠤᠷᠢᠯᠡᠵᠤ᠂ ᠪᠦᠬᠦ ᠬᠤᠰᠢᠭᠤᠨ ᠤ ᠠᠷᠠᠳ ᠲᠦᠮᠡᠨ ᠤ ᠵᠤᠯ ᠵᠢᠷᠭᠠᠯ ᠤᠨ | ᠬᠡᠮᠵᠢᠶ᠎ᠡ ᠶᠢ ᠦᠷᠬᠦᠯᠵᠢᠯᠡᠨ ᠲᠡᠭᠡᠭᠰᠢᠯᠡᠬᠦᠯᠬᠦ ᠬᠡᠷᠡᠭᠳᠠᠢ᠃ | ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠠᠢ᠃ ᠤᠨᠴᠠᠭᠠᠢ ᠠᠵᠢᠯ ᠲᠦᠷᠦᠯ ᠤᠨ | ᠪᠤᠯᠪᠠᠰᠤᠷᠠᠯ ᠤᠨ ᠲᠦᠯᠦᠪᠯᠡᠭᠡ ᠪᠤᠯᠤᠨ ᠠᠳᠠᠯ ᠪᠤᠰᠬᠠᠬᠤ ᠠᠵᠢᠯ ᠤᠯᠭᠤᠬᠤ ᠢᠨᠵᠧᠨᠧᠷᠢᠩ ᠢ ᠶᠡᠭᠡ ᠬᠦᠴᠦᠨ ᠢᠶᠠᠷ | ᠬᠡᠷᠡᠭᠵᠢᠬᠦᠯᠵᠤ᠂ ᠠᠳᠠᠯ ᠪᠤᠰᠬᠠᠬᠤ ᠬᠦᠷᠢᠶᠡᠯᠡᠩ ᠲᠤᠭᠤᠷᠢᠭ ᠢ 1 ᠶᠢ ᠪᠠᠶᠢᠭᠤᠯᠵᠤ᠂ ᠬᠤᠳᠠ ᠪᠠᠯᠭᠠᠰᠤ ᠶᠢᠨ | 1500 ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠬᠤᠳᠠ ᠪᠠᠯᠭᠠᠰᠤ ᠶᠢᠨ ᠳᠠᠩᠰᠠᠯᠠᠭᠰᠠᠨ ᠠᠵᠢᠯ ᠠᠯᠳᠠᠬᠤ | ᠨᠤᠷᠮ᠎ᠠ ᠶᠢ 3.5% ᠶᠢᠨ ᠲᠤᠳᠤᠷ᠎ᠠ ᠬᠢᠵᠠᠭᠠᠷᠯᠠᠵᠤ᠂ ︽ᠠᠵᠢᠯ ᠦᠭᠡᠢ ᠬᠡᠷ ᠪᠦᠯᠢ︾ ᠳᠤ ᠬᠦᠳᠡᠯᠦᠩᠬᠦᠢ ᠪᠠᠷ | ᠠᠵᠢᠯ ᠤᠯᠭᠤᠬᠤ ᠬᠡᠷᠡᠭᠳᠠᠢ᠃ ᠬᠤᠳᠠ ᠬᠦᠳᠡᠭᠡ ᠶᠢᠨ ᠨᠡᠶᠢᠬᠡᠮ ᠤᠨ ᠲᠠᠭᠠᠳᠬᠠᠯ ᠤᠨ ᠰᠢᠰᠲ᠋ᠧᠮ ᠢ ᠤᠯᠠᠮ ᠨᠢᠭᠡ | ᠠᠯᠬᠤᠮ ᠲᠡᠬᠦᠯᠳᠡᠷᠵᠢᠬᠦᠯᠵᠤ᠂ ᠨᠠᠰᠤᠵᠢᠯ᠂ ᠡᠮ ᠡᠮᠨᠡᠯᠬᠡ᠂ ᠠᠵᠢᠯ ᠠᠯᠳᠠᠬᠤ᠂ ᠦᠷᠡᠵᠢᠯ ᠵᠡᠷᠬᠡ ᠶᠢᠨ ᠨᠡᠶᠢᠬᠡᠮ ᠤᠨ | ᠲᠠᠭᠠᠳᠬᠠᠯ ᠪᠤᠯᠤᠨ ᠰᠢᠨ᠎ᠡ ᠬᠦᠳᠡᠭᠡ ᠲᠤᠰᠬᠤᠨ ᠤ ᠬᠤᠷᠰᠢᠶ᠎ᠡ ᠶᠢᠨ ᠲᠠᠭᠠᠳᠬᠠᠯ ᠢ ᠦᠷᠬᠦᠯᠵᠢᠯᠡᠬᠦᠯᠵᠤ ᠬᠡᠪᠴᠢᠶ᠎ᠡ | ᠶᠢ ᠦᠷᠬᠡᠳᠬᠡᠬᠦ ᠶᠢ ᠦᠷᠬᠦᠯᠵᠢᠯᠡᠨ ᠠᠬᠢᠭᠤᠯᠬᠤ ᠬᠡᠷᠡᠭᠳᠠᠢ᠃ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ | ᠲᠦᠷᠢᠮᠵᠢᠬᠦᠨ ᠬᠠᠮᠢᠶᠠᠷᠤᠯᠳᠠ ᠶᠢᠨ ᠤᠯᠤᠰ ᠤᠨ ᠲᠤᠷᠰᠢᠯᠳᠠ ᠶᠢᠨ ᠴᠢᠭ᠋ ᠬᠤᠰᠢᠭᠤ ᠶᠢᠨ ᠪᠦᠳᠦᠬᠡᠨ ᠪᠠᠶᠢᠭᠤᠯᠤᠯᠳᠠ | ᠶᠢ ᠴᠢᠩᠭᠠᠳᠬᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ | ᠲᠡᠭᠡᠭᠰᠢᠯᠡᠬᠦᠯᠬᠦ ᠬᠡᠷᠡᠭᠳᠠᠢ᠃ ᠲᠠᠪᠤᠨ ᠪᠠᠳᠤᠯᠠᠭ᠎ᠠ ᠶᠢᠨ ᠠᠰᠠᠷᠠᠵᠤ ᠲᠡᠵᠢᠬᠡᠬᠦ ᠪᠤᠯᠤᠨ ᠨᠠᠰᠤᠳᠠᠨ ᠢ ᠠᠰᠠᠷᠠᠬᠤ | ᠬᠦᠷᠢᠶᠡᠯᠡᠩ ᠤᠨ ᠬᠠᠮᠢᠶᠠᠷᠤᠯᠳᠠ ᠶᠢ ᠦᠨᠡᠩᠬᠦ ᠲᠦᠷᠢᠮᠵᠢᠬᠦᠯᠬᠦ ᠬᠡᠷᠡᠭᠳᠠᠢ᠃ ᠶᠢᠰᠦᠳᠦᠬᠡᠷ ᠬᠤᠭᠤᠴᠠᠭᠠᠨ ᠤ ᠭᠠᠴᠠᠭ᠎ᠠ | ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠬᠦᠢᠴᠡᠳᠬᠡᠬᠦ ᠬᠡᠷᠡᠭᠳᠠᠢ᠃ ᠠᠵᠢᠯ | ᠤᠨ ᠬᠤᠪᠢᠶᠠᠷᠢᠯᠠᠯ ᠪᠤᠯᠤᠨ ᠬᠡᠪ ᠤᠨ ᠨᠡᠮᠡᠭᠳᠡᠯ ᠤᠨ ᠵᠤᠬᠢᠮᠵᠢ ᠶᠢ ᠪᠠᠶᠢᠭᠤᠯᠤᠨ ᠪᠦᠷᠢᠨᠵᠢᠬᠦᠯᠵᠤ᠂ ᠬᠦᠯᠤᠰᠤᠨ | ᠠᠵᠢᠯᠴᠢᠨ ᠤ ᠴᠠᠯᠢᠩ ᠢ ᠵᠤᠷᠢᠭᠤᠳᠠ ᠦᠷᠢᠳᠦᠬᠦ᠂ ᠨᠠᠶᠢᠬᠡᠮ ᠤᠨ ᠲᠠᠭᠠᠳᠬᠠᠯ ᠠᠴᠠ ᠵᠠᠶᠢᠯᠠᠬᠤ ᠵᠡᠷᠬᠡ ᠬᠠᠤᠯᠢ ᠶᠢ | ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠡᠶ᠎ᠡ ᠵᠤᠬᠢᠴᠠᠯ ᠲᠠᠢ ᠬᠦᠳᠡᠯᠮᠤᠷᠢ ᠶᠢᠨ ᠬᠠᠷᠢᠴᠠᠭ᠎ᠠ | ᠶᠢ ᠪᠠᠶᠢᠭᠤᠯᠬᠤ ᠬᠡᠷᠡᠭᠳᠠᠢ᠃ | ᠠᠷᠠᠳ ᠲᠤ ᠬᠠᠷᠠᠭᠠᠯᠵᠠᠯ ᠦᠵᠡᠬᠦᠯᠬᠦ ᠪᠤᠳᠠᠳᠠᠢ ᠠᠵᠢᠯ ᠢ ᠦᠨᠡᠩᠬᠦ ᠰᠠᠶᠢᠳᠤᠷ ᠬᠢᠬᠦ ᠬᠡᠷᠡᠭᠳᠠᠢ᠃ 3.16 | ᠳ᠋ᠦᠩᠰᠢᠭᠤᠷ ᠪᠡᠯᠡ ᠮᠦᠩᠬᠦ ᠶᠢ ᠬᠠᠮᠳᠤᠷᠠᠭᠤᠯᠵᠤ᠂ 49 ᠭᠠᠴᠠᠭ᠎ᠠ ᠲᠤᠰᠬᠤᠨ ᠤ ︽ᠠᠷᠪᠠ ᠶᠢ ᠪᠦᠷᠢᠳᠦᠬᠦᠯᠬᠦ︾ | ᠠᠵᠢᠯ ᠢ ᠪᠡᠶᠡᠯᠡᠬᠦᠯᠬᠦ ᠬᠡᠷᠡᠭᠳᠡᠢ︔ ᠬᠦᠮᠦᠨ ᠮᠠᠯ ᠤᠨ ᠤᠤᠭᠤᠬᠤ ᠤᠰᠤᠨ ᠤ ᠠᠶᠦᠯᠬᠦᠢ ᠶᠢᠨ ᠢᠨᠵᠧᠨᠧᠷᠢᠩ ᠢ | 107 ᠭᠠᠵᠠᠷ ᠲᠤ ᠰᠢᠨ᠎ᠡ ᠪᠠᠷ ᠪᠠᠶᠢᠭᠤᠯᠬᠤ ᠬᠡᠷᠡᠭᠳᠠᠢ︔ ᠬᠠᠭᠤᠴᠢᠨ ᠵᠡᠬᠡᠯᠢ ᠭᠤᠳᠤᠮᠵᠢ ᠶᠢᠨ ᠵᠠᠮ ᠢ 1 ᠲᠦᠮᠡᠨ | ᠺᠦᠸᠠᠳ᠋ ᠮᠧᠲᠷ ᠬᠠᠳᠠᠭᠤᠷᠠᠭᠤᠯᠵᠤ᠂ ᠦᠬᠡᠷᠡᠴᠢᠯᠡᠨ ᠰᠠᠶᠢᠵᠢᠷᠠᠭᠤᠯᠬᠤ ᠬᠡᠷᠡᠭᠳᠠᠢ︔ ᠨᠢᠭᠡᠨᠳᠠ ᠪᠠᠶᠢᠭ᠎ᠠ ᠲᠤᠭᠤᠷᠢᠭ | ᠤᠨ ᠡᠨᠧᠷᠬᠢ ᠠᠷᠪᠢᠯᠠᠵᠤ ᠦᠬᠡᠷᠡᠴᠢᠯᠡᠨ ᠵᠠᠰᠠᠬᠤ ᠶᠢ 20 ᠲᠦᠮᠡᠨ ᠺᠦᠸᠠᠳ᠋ ᠮᠧᠲᠷ ᠬᠡᠷᠡᠭᠵᠢᠬᠦᠯᠬᠦ ᠬᠡᠷᠡᠭᠳᠠᠢ᠃ | ᠶᠠᠳᠠᠭᠤ ᠬᠦᠴᠢᠷᠳᠠᠢ ᠬᠦᠮᠦᠨ ᠠᠮᠠ ᠶᠢ 8683 ᠶᠢ ᠲᠡᠮᠵᠢᠨ ᠲᠡᠳᠬᠦᠬᠦ ᠬᠡᠷᠡᠭᠳᠠᠢ︔ ᠠᠮᠢ ᠠᠬᠤᠢ ᠬᠡᠪᠡᠷᠡᠭ ᠭᠠᠵᠠᠷ | ᠤᠷᠤᠨ ᠤ ᠠᠷᠠᠳ ᠢ ᠨᠡᠭᠦᠯᠬᠡᠵᠤ ᠶᠠᠳᠠᠭᠤ ᠶᠢ ᠲᠡᠳᠬᠦᠬᠦ ᠶᠢ 955 ᠬᠦᠮᠦᠨ ᠢ ᠲᠡᠳᠬᠦᠬᠦ ᠶᠢ ᠪᠡᠶᠡᠯᠡᠬᠦᠯᠬᠦ ᠬᠡᠷᠡᠭᠳᠠᠢ︔ | ᠲᠤᠤᠷ᠎ᠠ ᠤᠷᠤᠯᠭᠠᠳᠤ ᠮᠠᠯᠴᠢᠨ ᠲᠠᠷᠢᠶᠠᠴᠢᠨ ᠡᠷᠦᠬᠡ ᠳᠤ 600 ᠲᠦᠬᠦᠷᠢᠭ ᠤᠨ ᠡᠪᠤᠯ ᠤᠨ ᠤᠯᠠᠷᠢᠯ ᠤᠨ | ᠲᠤᠯᠠᠭᠠᠯᠠᠭ᠎ᠠ ᠶᠢᠨ ᠨᠡᠬᠦᠷᠡᠰᠤᠨ ᠤ ᠨᠦᠬᠦᠪᠤᠷᠢ ᠮᠦᠩᠬᠦ ᠶᠢ ᠤᠯᠭᠤᠬᠤ ᠬᠡᠷᠡᠭᠳᠠᠢ︔ ᠰᠢᠨ᠎ᠡ ᠬᠦᠳᠡᠭᠡ ᠲᠤᠰᠬᠤᠨ ᠤ | ᠬᠤᠷᠰᠢᠭᠰᠡᠨ ᠡᠮᠨᠡᠯᠭᠡ ᠶᠢᠨ ᠬᠦᠮᠦᠨ ᠲᠤᠮᠳᠠᠴᠢ ᠶᠢᠨ ᠪᠡᠯᠡ ᠬᠤᠷᠠᠮᠳᠠᠭᠤᠯᠭ᠎ᠠ ᠶᠢᠨ ᠪᠠᠷᠢᠮᠵᠢᠶ᠎ᠠ ᠶᠢ 450 | ᠲᠦᠬᠦᠷᠢᠭ ᠲᠤ ᠬᠦᠷᠬᠡᠵᠤ᠂ ᠵᠢᠯ ᠤᠨ ᠶᠡᠷᠦᠩᠬᠡᠶᠢᠯᠡᠭᠰᠡᠨ ᠬᠠᠮᠤᠭ ᠤᠨ ᠦᠨᠳᠤᠷ ᠬᠢᠵᠠᠭᠠᠷ ᠢ 30 ᠲᠦᠮᠡᠨ | ᠲᠦᠬᠦᠷᠢᠭ ᠪᠤᠯᠭᠠᠨ ᠲᠡᠭᠡᠭᠰᠢᠯᠡᠬᠦᠯᠬᠦ ᠬᠡᠷᠡᠭᠳᠠᠢ︔ ᠠᠳᠠᠯ ᠪᠤᠰᠬᠠᠬᠤ ᠪᠠᠭ᠎ᠠ ᠲᠤᠭᠠᠨ ᠤ ᠬᠦᠦ ᠮᠦᠩᠬᠦ ᠦᠭᠡᠢ | ᠵᠢᠬᠡᠯᠡᠯᠬᠡ ᠶᠢᠨ ᠮᠦᠩᠬᠦ ᠶᠢ 1500 ᠲᠦᠮᠡᠨ ᠲᠦᠬᠦᠷᠢᠭ᠂ ᠮᠦᠩᠬᠦᠨ ᠬᠦᠢᠯᠬᠡᠬᠡᠨ ᠤ ᠶᠠᠳᠠᠭᠤ ᠶᠢ ᠲᠡᠳᠬᠦᠵᠤ | ᠠᠷᠠᠳ ᠢ ᠪᠠᠶᠠᠵᠢᠭᠤᠯᠬᠤ ᠢᠨᠵᠧᠨᠧᠷᠢᠩ ᠤᠨ ᠵᠢᠬᠡᠯᠡᠯᠬᠡ ᠶᠢᠨ ᠮᠦᠩᠬᠦ ᠶᠢ 1 ᠳ᠋ᠦᠩᠰᠢᠭᠤᠷ ᠲᠦᠬᠦᠷᠢᠭ ᠲᠠᠷᠬᠠᠭᠠᠬᠤ | ᠬᠡᠷᠡᠭᠳᠠᠢ᠃ | ︵ᠶᠢᠰᠤ︶ ᠡᠯ᠎ᠡ ᠲᠦᠷᠤᠯ ᠤᠨ ᠨᠡᠶᠢᠬᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠬᠦᠯᠵᠤ᠂ | ᠬᠦᠭᠵᠢᠯᠳᠠ ᠶᠢᠨ ᠵᠤᠬᠢᠴᠠᠩᠭᠤᠢ ᠴᠢᠳᠠᠪᠤᠷᠢ ᠶᠢ ᠴᠢᠷᠮᠠᠶᠢᠨ ᠴᠢᠩᠭᠠᠳᠬᠠᠬᠤ ᠬᠡᠷᠡᠭᠳᠠᠢ᠃ ᠡᠬᠢ ᠪᠠᠶᠠᠯᠢᠭ ᠤᠨ | ᠪᠠᠶᠢᠷᠢᠯᠠᠭᠤᠯᠤᠯᠳᠠ ᠪᠠᠨ ᠰᠢᠯᠢᠳᠡᠭᠵᠢᠬᠦᠯᠵᠤ᠂ ᠪᠡᠯᠡ ᠤᠷᠤᠭᠤᠯᠤᠯᠳᠠ ᠶᠢᠨ ᠬᠦᠴᠦᠯᠡᠴᠠ ᠪᠠᠨ ᠨᠡᠮᠡᠭᠳᠡᠬᠦᠯᠵᠤ᠂ | ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠰᠤᠶᠤᠯ᠂ ᠪᠡᠶ᠎ᠡ ᠶᠢᠨ ᠲᠠᠮᠢᠷ ᠵᠡᠷᠬᠡ ᠨᠡᠶᠢᠭᠡᠮ ᠤᠨ ᠠᠵᠢᠯ ᠦᠢᠯᠡᠰ ᠢ | ᠢᠳᠡᠪᠬᠢᠳᠠᠢ ᠪᠠᠷ ᠬᠦᠭᠵᠢᠬᠦᠯᠵᠤ᠂ ᠤᠯᠠᠨ ᠲᠦᠮᠡᠨ ᠤ ᠬᠡᠷᠡᠭᠴᠡᠭᠡ ᠶᠢ ᠨᠡᠩ ᠰᠠᠶᠢᠨ ᠢᠶᠠᠷ ᠬᠠᠩᠭᠠᠬᠤ ᠬᠡᠷᠡᠭᠳᠠᠢ᠃ | ᠨᠡᠶᠢᠬᠡᠮ ᠤᠨ ᠠᠵᠢᠯ ᠦᠢᠯᠡᠰ ᠤᠨ ᠬᠦᠭᠵᠢᠯᠳᠠ ᠶᠢ ᠨᠢᠬᠡᠳᠦᠯᠳᠠᠢ ᠲᠦᠯᠦᠪᠯᠡᠬᠦ ᠬᠡᠷᠡᠭᠳᠠᠢ᠃ ᠪᠢᠷᠠᠭᠤ ᠳᠠᠬᠢ | ᠮᠤᠩᠭᠤᠯ ᠲᠤᠮᠳᠠᠳᠤ ᠰᠤᠷᠭᠠᠭᠤᠯᠢ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠲᠦᠪ ᠤᠨ ᠰᠤᠷᠭᠠᠨ | ᠬᠦᠮᠦᠵᠢᠯ ᠤᠨ ᠬᠡᠷᠡᠭᠯᠡᠬᠡᠨ ᠤ ᠭᠡᠷ ᠢ ᠪᠠᠷᠢᠯᠭ᠎ᠠ ᠡᠬᠢᠯᠡᠬᠦᠯᠦᠨ ᠪᠦᠳᠦᠬᠡᠨ ᠪᠠᠶᠢᠭᠤᠯᠵᠤ᠂ ᠪᠢᠷᠠᠭᠤ ᠳᠠᠬᠢ ᠮᠤᠩᠭᠤᠯ | ᠦᠨᠳᠤᠰᠤᠳᠠᠨ ᠤ ᠬᠡᠤᠬᠡᠳ ᠤᠨ ᠴᠡᠴᠡᠷᠯᠢᠭ᠂ ᠬᠠᠭᠤᠷᠠᠢ ᠬᠦᠷᠢᠶ᠎ᠡ ᠵᠡᠷᠬᠡ ᠰᠤᠮᠤ ᠰᠢᠶᠠᠩ ᠪᠠᠯᠭᠠᠰᠤ ᠶᠢᠨ 7 ᠰᠠᠭᠤᠷᠢ | ᠬᠡᠤᠬᠡᠳ ᠤᠨ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠪᠤᠯᠤᠨ ᠮᠠᠯᠵᠢᠬᠤ ᠲᠠᠷᠢᠶᠠᠯᠠᠬᠤ ᠤᠷᠤᠨ ᠤ ᠨᠦᠬᠦᠴᠡᠯ | ᠪᠠᠭᠤᠷᠠᠢ 18 ᠰᠠᠭᠤᠷᠢ ᠰᠤᠷᠭᠠᠭᠤᠯᠢ ᠶᠢ ᠦᠬᠡᠷᠡᠴᠢᠯᠡᠨ ᠰᠠᠶᠢᠵᠢᠷᠠᠭᠤᠯᠬᠤ ᠡᠬᠦᠷᠬᠡ ᠶᠢ ᠪᠡᠶᠡᠯᠡᠬᠦᠯᠬᠦ ᠬᠡᠷᠡᠭᠳᠡᠢ᠃ | ᠰᠢᠨ᠎ᠡ ᠬᠦᠳᠡᠭᠡ ᠲᠤᠰᠬᠤᠨ ᠤ ᠬᠤᠷᠰᠢᠭᠰᠡᠨ ᠡᠮᠨᠡᠯᠭᠡ ᠪᠤᠯᠤᠨ ᠦᠨᠳᠤᠰᠤᠨ ᠡᠮ ᠤᠨ ᠮᠠᠲ᠋ᠧᠷᠢᠶᠡᠯ ᠢ ᠬᠤᠳᠠᠯᠳᠤᠨ | ᠠᠪᠬᠤ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠬᠤᠰᠢᠭᠤᠨ ᠤ ᠡᠬᠡ ᠨᠢᠯᠬᠠᠰ ᠤᠨ ᠡᠷᠡᠬᠦᠯ | ᠬᠠᠮᠠᠭᠠᠯᠠᠯ ᠤᠨ ᠭᠠᠵᠠᠷ ᠵᠡᠷᠬᠡ 16 ᠡᠮ ᠡᠮᠨᠡᠯᠭᠡ ᠡᠷᠡᠬᠦᠯ ᠬᠠᠮᠠᠭᠠᠯᠠᠯ ᠤᠨ ᠨᠢᠭᠡᠴᠠ ᠶᠢᠨ ᠲᠤᠬᠠᠶᠢᠯᠠᠭᠰᠠᠨ ᠠᠵᠢᠯ | ᠤᠨ ᠬᠡᠷᠡᠭᠯᠡᠬᠡᠨ ᠤ ᠬᠡᠷ ᠢ ᠪᠠᠷᠢᠯᠭ᠎ᠠ ᠲᠠᠭᠤᠰᠬᠠᠨ ᠠᠰᠢᠭᠯᠠᠯᠳᠠ ᠳᠤ ᠤᠷᠤᠭᠤᠯᠤᠨ ᠬᠡᠷᠡᠭᠯᠡᠬᠦ ᠶᠢ ᠴᠢᠷᠮᠠᠶᠢᠨ | ᠠᠬᠢᠭᠤᠯᠬᠤ ᠬᠡᠷᠡᠭᠳᠠᠢ︔ ︽ᠬᠦᠮᠦᠨ ᠤ ᠭᠠᠭᠴᠠ ᠬᠡᠤᠬᠡᠳ ᠬᠤᠶᠠᠷ ᠬᠡᠤᠬᠡᠳ ᠠᠪᠴᠤ ᠪᠤᠯᠬᠤ︾ ᠲᠦᠷᠦ ᠶᠢᠨ | ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠯᠦᠪᠯᠡᠬᠡᠳᠤ ᠦᠷᠡᠵᠢᠯ ᠤᠨ ᠵᠢᠷᠮᠤᠰᠤᠯᠡᠬᠦ ᠠᠴᠠ | ᠡᠮᠤᠨᠡᠬᠢ ᠰᠢᠯᠢᠳᠡᠭ ᠬᠡᠦᠭᠡᠳ ᠠᠪᠬᠤ ᠡᠷᠡᠬᠦᠯ ᠮᠡᠨᠳᠤ ᠶᠢᠨ ᠲᠦᠯᠦᠪᠤᠷᠢ ᠦᠭᠡᠢ ᠪᠠᠶᠢᠴᠠᠭᠠᠯᠳᠠ ᠶᠢ ᠬᠤᠳᠠ ᠬᠦᠳᠡᠭᠡ | ᠳᠤ ᠪᠦᠷᠬᠦᠬᠦᠯᠬᠦ ᠶᠢ ᠪᠡᠶᠡᠯᠡᠬᠦᠯᠵᠤ᠂ ᠬᠦᠮᠦᠨ ᠠᠮᠠ ᠶᠢᠨ ᠬᠡᠪ ᠴᠢᠨᠠᠷ ᠢ ᠴᠢᠷᠮᠡᠶᠢᠨ ᠲᠡᠭᠡᠭᠰᠢᠯᠡᠬᠦᠯᠬᠦ ᠬᠡᠷᠡᠭᠳᠡᠢ᠃ | ᠰᠤᠶᠤᠯ ᠤᠨ ᠤᠷᠳᠤᠨ᠂ ᠨᠤᠮ ᠤᠨ ᠰᠠᠩ᠂ ᠮᠦᠽᠸᠢ ᠶᠢ ᠲᠦᠯᠦᠪᠤᠷᠢ ᠦᠭᠡᠢ ᠪᠠᠷ ᠴᠢᠯᠦᠬᠡᠳᠠᠢ ᠨᠡᠬᠡᠬᠡᠬᠦ ᠶᠢ | ᠦᠷᠬᠦᠯᠵᠢᠯᠡᠨ ᠬᠡᠷᠡᠭᠵᠢᠬᠦᠯᠵᠤ᠂ 39 ᠭᠠᠴᠠᠭ᠎ᠠ ᠲᠤᠰᠬᠤᠨ ᠤ ᠰᠤᠶᠤᠯ ᠤᠨ ᠬᠦᠳᠡᠯᠬᠡᠬᠡᠨ ᠤ ᠬᠡᠷ ᠤᠨ | ᠲᠦᠬᠦᠬᠡᠷᠤᠮᠵᠢ ᠶᠢ ᠬᠤᠳᠠᠯᠳᠤᠨ ᠠᠪᠴᠤ ᠲᠤᠬᠢᠷᠠᠭᠤᠯᠬᠤ ᠠᠵᠢᠯ ᠢ ᠬᠦᠢᠴᠡᠳᠬᠡᠬᠦ ᠬᠡᠷᠡᠭᠳᠡᠢ᠃ ᠪᠡᠶ᠎ᠡ ᠶᠢᠨ ᠲᠠᠮᠢᠷ | ᠤᠨ ᠠᠵᠤ ᠦᠢᠯᠡᠰ ᠢ ᠶᠡᠭᠡ ᠬᠦᠴᠦᠡ ᠢᠶᠠᠷ ᠬᠦᠭᠵᠢᠬᠦᠯᠵᠤ᠂ ᠰᠢᠨ ᠺᠠᠢ ᠳ᠋ᠢ ᠶᠢᠨ ᠮᠠᠯᠴᠢᠨ ᠲᠠᠷᠢᠶᠠᠴᠢᠳ ᠤᠨ ᠪᠡᠶ᠎ᠡ | ᠴᠢᠬᠢᠷᠠᠭᠵᠢᠭᠤᠯᠬᠤ ᠠᠭᠤᠳᠠᠮ ᠲᠠᠯᠠᠪᠠᠢ ᠪᠠ ᠭᠠᠯᠳᠠᠰᠤᠳᠠᠢ ᠷᠠᠰᠢᠶᠠᠨ ᠵᠡᠷᠬᠡ 3 ᠭᠠᠵᠠᠷ ᠤᠨ ᠪᠡᠶ᠎ᠡ ᠴᠢᠬᠢᠷᠠᠭᠵᠢᠭᠤᠯᠬᠤ | ᠵᠠᠮ ᠢ ᠪᠥᠳᠦᠭᠡᠨ ᠪᠠᠶᠢᠭᠤᠯᠬᠤ ᠬᠡᠷᠡᠭᠳᠠᠢ᠃ ︽ᠤᠶᠤᠨ ᠤᠬᠠᠭᠠᠨ ᠤ ᠵᠡᠬᠡᠯᠢ ᠭᠤᠳᠤᠮᠵᠢ︾ ᠶᠢᠨ ᠢᠨᠵᠧᠨᠧᠷᠢᠩ ᠢ | ᠬᠡᠷᠡᠭᠵᠢᠬᠦᠯᠬᠦ ᠬᠡᠷᠡᠭᠳᠠᠢ᠃ ᠷᠠᠳᠢᠤ᠋ ᠨᠡᠪᠳᠡᠷᠡᠬᠦᠯᠬᠡ ᠲᠧᠯᠸᠢᠰ ᠢ ︽ᠡᠷᠦᠬᠡ ᠪᠤᠯᠭᠠᠨ ᠳᠤ ᠨᠡᠪᠳᠡᠷᠡᠬᠦᠯᠬᠦ︾ ᠶᠢ 4145 | ᠢᠵᠢ᠂ ᠷᠠᠳᠢᠤ᠋ ᠨᠡᠪᠳᠡᠷᠡᠬᠦᠯᠬᠡ ᠶᠢ ︽ᠲᠤᠰᠬᠤᠨ ᠪᠤᠯᠭᠠᠨ ᠳᠤ ᠨᠡᠪᠳᠡᠷᠡᠬᠦᠯᠬᠦ︾ ᠶᠢ 80 ᠢᠵᠢ ᠪᠡᠶᠡᠯᠡᠬᠦᠯᠬᠦ | ᠬᠡᠷᠡᠭᠳᠠᠢ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠳᠠ ᠶᠢᠨ | ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠬᠦ ᠬᠡᠷᠡᠭᠳᠠᠢ᠃ ᠤᠯᠤᠰ ᠤᠨ ᠲᠡᠰ ᠤᠨ ᠦᠷᠬᠦᠯᠵᠢᠯᠡᠬᠦᠶᠢᠴᠠ | ᠬᠦᠭᠵᠢᠯᠳᠠ ᠶᠢᠨ ᠲᠤᠷᠰᠢᠯᠳᠠ ᠶᠢᠨ ᠲᠤᠭᠤᠷᠢᠭ ᠤᠨ ᠲᠤᠮᠳᠠ ᠬᠤᠭᠤᠴᠠᠭᠠᠨ ᠤ ᠦᠨᠡᠯᠡᠯᠳᠠ ᠶᠢ ᠦᠩᠬᠡᠷᠡᠬᠦ ᠬᠡᠷᠡᠭᠳᠠᠢ | ᠃ | ᠨᠡᠶᠢᠬᠡᠮ ᠤᠨ ᠵᠠᠰᠠᠯᠳᠠ ᠳᠤ ᠰᠢᠨ᠎ᠡ ᠶᠢ ᠡᠬᠦᠳᠬᠦ ᠶᠢ ᠠᠬᠢᠭᠤᠯᠬᠤ ᠬᠡᠷᠡᠭᠳᠠᠢ᠃ ᠵᠠᠬᠢᠳᠠᠯ ᠰᠤᠷᠪᠤᠯᠵᠢᠯᠠᠭ᠎ᠠ | ᠶᠢᠨ ᠠᠵᠢᠯᠯᠠᠭ᠎ᠠ ᠶᠢ ᠦᠨᠡᠩᠬᠦ ᠲᠦᠷᠢᠮᠵᠢᠬᠦᠯᠵᠤ᠂ ᠵᠡᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠬᠠᠮᠠᠭᠠᠯᠠᠵᠤ᠂ | ᠤᠯᠠᠨ ᠲᠦᠮᠡᠨ ᠤ ᠵᠦᠢ ᠵᠤᠬᠢᠰᠳᠠᠢ ᠬᠠᠤᠯᠢ ᠶᠤᠰᠤᠨ ᠤ ᠭᠤᠶᠤᠴᠢᠯᠠᠯ ᠱᠠᠭᠠᠷᠳᠠᠯᠭ᠎ᠠ ᠳᠤ ᠬᠠᠤᠯᠢ ᠶᠤᠰᠤᠭᠠᠷ | ᠬᠠᠷᠢᠭᠤ ᠦᠭᠬᠦ ᠬᠡᠷᠡᠭᠳᠠᠢ᠃ ᠪᠡᠶᠡᠳᠤ ᠬᠡᠯᠪᠡᠷᠢ ᠶᠢᠨ ᠠᠮᠤᠷ ᠢ ᠬᠠᠮᠠᠭᠠᠯᠠᠬᠤ ᠰᠡᠷᠬᠡᠶᠢᠯᠡᠵᠤ ᠡᠵᠡᠮᠳᠡᠬᠦ ᠰᠢᠰᠲ᠋ᠧᠮ ᠤᠨ | ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ | ᠳᠤ ᠴᠢᠩᠭ᠎ᠠ ᠴᠤᠬᠢᠯᠳᠠ ᠦᠭᠬᠦ ᠬᠡᠷᠡᠭᠳᠠᠢ᠃ ︽ᠵᠢᠷᠭᠤᠳᠤᠭᠠᠷ ᠲᠠᠪᠤᠨ ᠵᠢᠯ︾ ᠤᠨ ᠬᠠᠤᠯᠢ ᠶᠢ ᠲᠦᠬᠡᠮᠡᠯᠵᠢᠬᠦᠯᠬᠦ | ᠰᠤᠷᠭᠠᠨ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ | ᠪᠤᠯᠤᠨ ᠬᠠᠤᠯᠢ ᠴᠠᠭᠠᠵᠠ ᠶᠢᠨ ᠦᠢᠯᠡᠴᠢᠯᠡᠭᠡ ᠶᠢᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠬᠦᠯᠬᠦ | ᠬᠡᠷᠡᠭᠳᠠᠢ᠃ ᠠᠶᠦᠯᠬᠦᠢ ᠦᠢᠯᠡᠳᠪᠤᠷᠢᠯᠡᠯ ᠤᠨ ︽ᠨᠢᠭᠡ ᠠᠵᠢᠯ ᠤᠨ ᠪᠠᠶᠢᠷᠢ ᠶᠢᠨ ᠬᠤᠶᠠᠷ ᠬᠠᠷᠢᠭᠤᠴᠠᠯᠭ᠎ᠠ︾ ᠪᠤᠯᠤᠨ | ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠦᠨᠳᠤ ᠤᠨᠴᠠ | ᠶᠡᠭᠡ ᠠᠳᠡᠯ ᠬᠡᠷᠡᠭ ᠡᠬᠦᠰᠬᠦ ᠠᠴᠠ ᠡᠷᠡᠰ ᠰᠡᠷᠬᠡᠶᠢᠯᠡᠬᠦ ᠬᠡᠷᠡᠭᠳᠡᠢ᠃ ᠢᠳᠡᠬᠡᠨ ᠤ ᠵᠦᠢᠯ ᠡᠮ ᠤᠨ ᠵᠦᠢᠯ ᠤᠨ | ᠠᠶᠦᠯᠬᠦᠢ ᠶᠢᠨ ᠬᠢᠨᠡᠨ ᠬᠠᠮᠢᠶᠠᠷᠬᠤ ᠬᠠᠷᠢᠭᠤᠴᠠᠯᠭ᠎ᠠ ᠶᠢᠨ ᠰᠢᠰᠲ᠋ᠧᠮ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠨᠡᠩ | ᠴᠢᠩᠭ᠎ᠠ ᠲᠦᠷᠢᠮ ᠢ ᠪᠠᠶᠢᠭᠤᠯᠵᠤ᠂ ᠤᠯᠠᠨ ᠲᠦᠮᠡᠨ ᠤ ᠢᠳᠡᠬᠡᠨ ᠤᠮᠳᠠᠭᠠᠨ ᠡᠮ ᠤᠨ ᠬᠡᠷᠡᠭᠯᠡᠬᠡᠨ ᠤ ᠠᠮᠤᠷ | ᠲᠦᠪᠰᠢᠨ ᠢ ᠪᠠᠳᠤᠯᠠᠬᠤ ᠬᠡᠷᠡᠭᠳᠠᠢ᠃ ᠨᠧᠲ ᠰᠦᠯᠵᠢᠶ᠎ᠡ ᠶᠢᠨ ᠰᠤᠷᠠᠭ ᠵᠠᠩᠬᠢ ᠶᠢᠨ ᠬᠠᠮᠢᠶᠠᠷᠤᠯᠳᠠ ᠶᠢ | ᠴᠢᠩᠭᠠᠳᠬᠠᠵᠤ᠂ ᠰᠦᠯᠵᠢᠶᠡᠨ ᠤ ᠶᠠᠷᠢᠶ᠎ᠡ ᠬᠡᠯᠡᠯᠴᠡᠭᠡ ᠶᠢ ᠢᠳᠡᠪᠬᠢᠳᠠᠢ ᠪᠠᠷ ᠵᠦᠢ ᠵᠤᠬᠢᠰᠳᠠᠢ ᠠᠷᠭᠠᠴᠠᠭᠠᠬᠤ ᠬᠡᠷᠡᠭᠳᠠᠢ | ᠃ ᠨᠡᠶᠢᠬᠡᠮ ᠤᠨ ᠠᠮᠤᠷ ᠲᠤᠭᠳᠠᠭᠤᠨ ᠤ ᠲᠦᠭᠰᠢᠬᠦᠷᠢ ᠶᠢ ᠦᠨᠡᠯᠡᠨ ᠵᠢᠱᠢᠬᠦ ᠵᠤᠬᠢᠮᠵᠢ ᠪᠤᠯᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮ ᠢ ᠪᠦᠷᠢᠨᠵᠢᠬᠦᠯᠵᠤ᠂ ᠬᠡᠨᠡᠳᠳᠠ ᠶᠢᠨ ᠬᠡᠷᠡᠭ ᠤᠴᠢᠷ ᠢ ᠠᠷᠭᠠᠴᠠᠭᠠᠨ | ᠰᠢᠢᠳᠪᠤᠷᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠠᠢ᠃ ᠠᠮᠤᠷ ᠲᠤᠭᠳᠠᠭᠤᠨ ᠢ | ᠴᠤᠭᠴᠠᠯᠠᠨ ᠪᠠᠶᠢᠭᠤᠯᠬᠤ ᠠᠵᠢᠯᠯᠠᠭᠠᠨ ᠢ ᠦᠷᠬᠦᠯᠵᠢᠯᠡᠨ ᠦᠷᠨᠢᠬᠦᠯᠵᠤ᠂ ᠨᠠᠮ ᠤᠨ ᠦᠨᠳᠤᠰᠤᠳᠠᠨ ᠱᠠᠰᠢᠨ | ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠬᠡ ᠤᠯᠤᠰ ᠤᠨ ᠢᠶᠠᠨ | ᠤᠮᠠᠷᠠᠳᠤ ᠬᠢᠵᠠᠭᠠᠷ ᠤᠨ ᠠᠮᠤᠷ ᠲᠦᠪᠰᠢᠨ ᠲᠤᠭᠳᠠᠭᠤᠨ ᠬᠠᠯᠬᠠᠪᠴᠢ ᠶᠢ ᠪᠠᠶᠢᠭᠤᠯᠤᠨ ᠪᠠᠬᠢᠵᠢᠬᠦᠯᠬᠦ ᠬᠡᠷᠡᠭᠳᠠᠢ᠃ | ︵ᠠᠷᠪᠠ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠦᠳᠦᠬᠡᠨ ᠪᠠᠶᠢᠭᠤᠯᠤᠯᠳᠠ ᠶᠢ ᠦᠨᠡᠩᠬᠦ | ᠴᠢᠩᠭᠠᠳᠬᠠᠵᠤ᠂ ᠬᠦᠭᠵᠢᠯᠳᠠ ᠶᠢᠨ ᠨᠢᠭᠳᠠᠷᠠᠯ ᠤᠨ ᠬᠦᠴᠦᠨ ᠢ ᠴᠢᠷᠮᠠᠶᠢᠨ ᠴᠢᠩᠭᠠᠳᠬᠠᠬᠤ ᠬᠡᠷᠡᠭᠳᠠᠢ᠃ ᠠᠷᠠᠳ ᠤᠨ | ᠲᠦᠯᠦᠬᠡ᠂ ᠦᠨᠡᠨ ᠪᠤᠳᠠᠳᠠᠢ᠂ ᠠᠷᠢᠭᠤᠨ ᠴᠢᠬᠡᠴᠢ ᠶᠢ ᠡᠷᠬᠢᠮᠯᠡᠬᠦ ᠶᠡᠷᠦᠩᠬᠡᠢ ᠱᠠᠭᠠᠷᠳᠠᠯᠭ᠎ᠠ ᠶᠤᠰᠤᠭᠠᠷ᠂ ᠰᠠᠶᠢᠨ | ᠰᠠᠶᠢᠬᠠᠨ ᠠᠵᠢᠯ ᠤᠨ ᠰᠤᠷᠳᠠᠯ ᠪᠤᠯᠤᠨ ᠯᠠᠪᠳᠠᠭᠤᠨ ᠪᠠᠳᠤᠳᠠᠢ ᠠᠵᠢᠯᠯᠠᠬᠤ ᠪᠠᠷ ᠬᠦᠭᠵᠢᠯᠳᠠ ᠶᠢ ᠠᠬᠢᠭᠤᠯᠵᠤ᠂ | ᠠᠷᠠᠳ ᠲᠦᠮᠡᠨ ᠤ ᠢᠳᠡᠬᠡᠯ ᠢ ᠤᠯᠬᠤ ᠬᠡᠷᠡᠭᠳᠠᠢ᠃ | ᠬᠠᠷᠢᠭᠤᠴᠠᠯᠭᠠᠳᠤ ᠵᠠᠰᠠᠭ ᠤᠨ ᠤᠷᠳᠤᠨ ᠢ ᠴᠤᠭᠴᠠᠯᠠᠨ ᠪᠠᠶᠢᠭᠤᠯᠬᠤ ᠬᠡᠷᠡᠭᠳᠠᠢ᠃ ᠬᠦᠭᠵᠢᠯᠳᠠ ᠶᠢᠨ ᠢᠳᠡᠬᠡᠯ | ᠢᠶᠠᠨ ᠬᠦᠪᠴᠢᠯᠡᠵᠤ᠂ ᠬᠠᠷᠢᠭᠤᠴᠠᠯᠭᠠᠳᠤ ᠤᠬᠠᠮᠰᠠᠷ ᠢᠶᠠᠨ ᠴᠢᠩᠭᠠᠳᠬᠠᠵᠤ᠂ ᠬᠦᠴᠢᠷ ᠪᠡᠷᠬᠡᠰᠢᠶᠡᠯ ᠳᠤ ᠰᠢᠭᠤᠳ | ᠬᠠᠨᠳᠤᠬᠤ ᠵᠤᠷᠢᠭ ᠲᠠᠢ ᠪᠠᠶᠢᠵᠤ᠂ ᠬᠦᠴᠢᠷ ᠠᠰᠠᠭᠤᠳᠠᠯ ᠢ ᠰᠠᠶᠢᠳᠤᠷ ᠰᠢᠢᠳᠪᠤᠷᠢᠯᠡᠵᠤ ᠴᠢᠳᠠᠭᠰᠠᠨ ᠪᠠᠶᠢᠬᠤ ᠬᠡᠷᠡᠭᠳᠠᠢ | ᠃ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠪᠠᠷ ᠵᠠᠰᠠᠭ ᠤᠨ ᠤᠷᠳᠤᠨ ᠤ ᠠᠵᠢᠯ ᠤᠨ ᠠᠮᠢᠨ ᠰᠤᠳᠠᠰᠤ | ᠪᠤᠯᠭᠠᠵᠤ᠂ ᠵᠤᠷᠢᠯᠭ᠎ᠠ ᠳᠤ ᠪᠠᠨ ᠬᠦᠷᠬᠦ ᠦᠭᠡᠢ ᠪᠤᠯ ᠵᠤᠷᠢᠭ ᠮᠤᠬᠤᠬᠤ ᠦᠭᠡᠢ ᠰᠦᠰᠤ ᠵᠤᠷᠢᠭ ᠪᠤᠯᠤᠨ ᠰᠢᠨᠳᠠᠷᠠᠰᠢ | ᠦᠭᠡᠢ ᠬᠠᠳᠠᠨ ᠵᠤᠷᠢᠭ ᠢᠶᠠᠷ ᠡᠯ᠎ᠡ ᠲᠦᠷᠦᠯ ᠤᠨ ᠠᠵᠢᠯ ᠢ ᠰᠠᠶᠢᠳᠤᠷ ᠠᠳᠬᠤᠬᠤ ᠬᠡᠷᠡᠭᠳᠠᠢ᠃ ᠭᠤᠤᠯᠳᠠᠯᠭ᠎ᠠ ᠲᠠᠢ | ᠠᠵᠢᠯ᠂ ᠭᠤᠤᠯᠳᠠᠯᠭ᠎ᠠ ᠲᠠᠢ ᠲᠦᠷᠦᠯ ᠵᠦᠢᠯ᠂ ᠠᠷᠠᠳ ᠲᠤ ᠬᠠᠷᠠᠭᠠᠯᠵᠠᠯ ᠦᠵᠡᠬᠦᠯᠬᠦ ᠪᠤᠳᠠᠳᠤ ᠠᠵᠢᠯ ᠤᠨ ᠰᠠᠷ᠎ᠠ | ᠶᠢᠨ ᠲᠤᠬᠢᠷᠠᠭᠤᠯᠭ᠎ᠠ ᠶᠢᠨ ᠬᠡᠮᠵᠢᠶ᠎ᠡ᠂ ᠤᠯᠠᠷᠢᠯ ᠤᠨ ᠵᠠᠳᠠᠯᠤᠯᠳᠠ ᠪᠤᠯᠤᠨ ᠮᠦᠷᠳᠡᠨ ᠪᠠᠶᠢᠴᠠᠭᠠᠬᠤ᠂ ᠦᠢᠯᠡᠴᠢᠯᠡᠭᠡ | ᠵᠤᠬᠢᠴᠠᠭᠤᠯᠭ᠎ᠠ ᠶᠢᠨ ᠠᠵᠢᠯ ᠢ ᠨᠠᠶᠢᠳᠠᠪᠤᠷᠢᠵᠢᠭᠤᠯᠬᠤ ᠵᠤᠬᠢᠮᠵᠢ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠪᠤᠳᠠᠳᠠᠢ | ᠠᠵᠢᠯ ᠢ ᠰᠡᠳᠤᠨ ᠬᠢᠵᠤ᠂ ᠪᠤᠳᠠᠳᠠᠢ ᠠᠷᠭ᠎ᠠ ᠬᠡᠮᠵᠢᠶ᠎ᠡ ᠭᠠᠷᠭᠠᠵᠤ᠂ ᠪᠤᠳᠠᠳᠤ ᠦᠷ᠎ᠡ ᠪᠦᠳᠦᠮᠵᠢ ᠶᠢ ᠬᠦᠬᠡᠬᠡᠴᠡᠯᠳᠦᠬᠦ | ᠬᠡᠷᠡᠭᠳᠠᠢ᠃ | ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ ᠢ ᠴᠤᠭᠴᠠᠯᠠᠨ ᠪᠠᠶᠢᠭᠤᠯᠬᠤ ᠬᠡᠷᠡᠭᠳᠠᠢ᠃ ᠬᠠᠤᠯᠢ ᠪᠠᠷ ᠵᠠᠰᠠᠬᠤ | ᠰᠡᠳᠬᠢᠮᠵᠢ᠂ ᠲᠦᠷᠢᠮ ᠲᠤᠭᠳᠠᠭᠠᠯ ᠤᠨ ᠤᠬᠠᠮᠰᠠᠷ ᠪᠤᠯᠤᠨ ᠠᠯᠬᠤᠮ ᠲᠠᠷᠠᠭᠠᠯᠠᠯ ᠤᠨ ᠤᠬᠠᠮᠰᠠᠷ ᠢᠶᠠᠨ | ᠴᠢᠩᠭᠠᠳᠬᠠᠵᠤ᠂ ᠬᠠᠤᠯᠢ ᠶᠤᠰᠤᠭᠠᠷ ᠵᠠᠰᠠᠭ ᠪᠠᠷᠢᠬᠤ ᠶᠢ ᠬᠦᠨᠵᠡᠬᠡᠢ ᠠᠬᠢᠭᠤᠯᠵᠤ᠂ ᠬᠠᠤᠯᠢ ᠳᠤ ᠲᠤᠭᠳᠠᠭᠠᠭᠰᠠᠨ | ᠡᠷᠬᠡ ᠪᠤᠯᠤᠨ ᠬᠠᠤᠯᠢ ᠳᠤ ᠲᠤᠭᠳᠠᠭᠠᠭᠰᠠᠨ ᠠᠯᠬᠤᠮ ᠲᠠᠷᠠᠭᠠᠯᠠᠯ ᠢ ᠴᠢᠩᠭ᠎ᠠ ᠵᠢᠷᠤᠮᠯᠠᠨ ᠪᠦᠬᠦ ᠲᠠᠯ᠎ᠠ ᠪᠠᠷ ᠵᠦᠪ | ᠤᠨᠤᠪᠴᠢᠳᠠᠢ ᠪᠠᠷ ᠡᠬᠦᠷᠬᠡ ᠲᠤᠰᠢᠶᠠᠯ ᠢᠶᠠᠨ ᠬᠦᠢᠴᠡᠳᠬᠡᠬᠦ ᠬᠡᠷᠡᠭᠳᠠᠢ᠃ ᠬᠠᠤᠯᠢ ᠶᠤᠰᠤᠭᠠᠷ ᠰᠢᠢᠳᠪᠤᠷᠢᠳᠤ | ᠪᠤᠳᠤᠯᠭ᠎ᠠ ᠲᠤᠭᠳᠠᠭᠠᠬᠤ ᠵᠤᠬᠢᠮᠵᠢ ᠶᠢ ᠪᠦᠷᠢᠨᠵᠢᠬᠦᠯᠵᠤ᠂ ᠡᠬᠢ ᠪᠠᠶᠠᠯᠢᠭ ᠤᠨ ᠪᠠᠶᠢᠷᠢᠯᠠᠭᠤᠯᠤᠯᠳᠠ᠂ ᠭᠠᠵᠠᠷ ᠰᠢᠷᠤᠢ | ᠶᠢᠨ ᠡᠷᠬᠡ ᠶᠢ ᠰᠢᠯᠵᠢᠬᠦᠯᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠢᠨᠵᠧᠨᠧᠷᠢᠩ ᠤᠨ ᠲᠠᠭᠠᠭᠠᠴᠢᠯᠠᠯᠳᠠ | ᠵᠠᠷᠯᠠᠬᠤ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠡᠷᠬᠡ ᠶᠢᠨ ᠡᠷᠬᠢᠯᠳᠠ ᠶᠢ ᠲᠦᠷᠢᠮᠵᠢᠬᠦᠯᠬᠦ ᠬᠡᠷᠡᠭᠳᠠᠢ᠃ | ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠲᠤᠳᠤᠭᠠᠳᠤ ᠶᠢᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠬᠠᠤᠯᠢ | ᠶᠤᠰᠤᠴᠢ ᠴᠢᠨᠠᠷ ᠢ ᠬᠢᠨᠠᠬᠤ᠂ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠪᠤᠯᠤᠨ ᠨᠠᠰᠤᠨ ᠲᠤᠷᠰᠢᠳᠠ ᠶᠢᠨ | ᠬᠠᠷᠢᠭᠤᠴᠠᠯᠭ᠎ᠠ ᠨᠡᠬᠡᠮᠵᠢᠯᠡᠬᠦ ᠵᠤᠬᠢᠮᠵᠢ ᠶᠢ ᠪᠠᠶᠢᠭᠤᠯᠬᠤ ᠬᠡᠷᠡᠭᠳᠠᠢ᠃ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠪᠤᠯᠤᠨ ᠨᠡᠶᠢᠬᠡᠮ ᠤᠨ ᠬᠢᠨᠠᠯᠳᠠ ᠶᠢ ᠬᠠᠤᠯᠢ | ᠶᠤᠰᠤᠭᠠᠷ ᠬᠦᠯᠢᠶᠡᠵᠤ᠂ ᠬᠠᠤᠯᠢ ᠶᠤᠰᠤᠭᠠᠷ ᠵᠠᠰᠠᠭ ᠪᠠᠷᠢᠬᠤ ᠴᠢᠳᠠᠪᠤᠷᠢ ᠪᠤᠯᠤᠨ ᠵᠠᠰᠠᠭ ᠶᠠᠪᠤᠭᠤᠯᠬᠤ ᠬᠢᠷᠢ | ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠬᠦ ᠬᠡᠷᠡᠭᠳᠡᠢ᠃ | ᠴᠢᠳᠡᠪᠬᠢᠳᠤ ᠵᠠᠰᠠᠭ ᠤᠨ ᠤᠷᠳᠤᠨ ᠢ ᠴᠤᠭᠴᠠᠯᠠᠨ ᠪᠠᠶᠢᠭᠤᠯᠬᠤ ᠬᠡᠷᠡᠭᠳᠠᠢ᠃ ᠬᠦᠭᠵᠢᠯᠳᠠ ᠶᠢ ᠲᠦᠯᠬᠢᠨ | ᠠᠬᠢᠭᠤᠯᠬᠤ᠂ ᠬᠦᠴᠢᠷᠳᠠᠯ ᠲᠠᠢ ᠪᠠᠶᠢᠳᠠᠯ ᠠᠴᠠ ᠠᠩᠬᠢᠵᠢᠷᠠᠬᠤ ᠪᠦᠳᠦᠮᠵᠢᠳᠠᠢ ᠠᠷᠭ᠎ᠠ ᠬᠡᠮᠵᠢᠶ᠎ᠡ ᠶᠢ ᠢᠳᠡᠪᠬᠢᠳᠠᠢ ᠪᠠᠷ | ᠰᠦᠪᠡᠭᠴᠢᠯᠡᠵᠤ᠂ ᠦᠷ᠎ᠡ ᠪᠦᠳᠦᠮᠵᠢ ᠶᠢᠨ ᠰᠢᠯᠭᠠᠨ ᠦᠨᠡᠯᠡᠯᠳᠠ ᠪᠤᠯᠤᠨ ᠴᠢᠳᠡᠪᠬᠢ ᠶᠢᠨ ᠬᠢᠨᠠᠨ ᠪᠠᠶᠢᠴᠠᠭᠠᠯᠳᠠ ᠶᠢ | ᠴᠢᠩᠭᠠᠳᠬᠠᠵᠤ᠂ ᠰᠠᠭᠠᠳᠠᠬᠤ᠂ ᠬᠠᠷᠰᠢᠯᠠᠬᠤ᠂ ᠤᠳᠠᠭᠠᠰᠢᠷᠠᠭᠤᠯᠤᠨ ᠲᠦᠯᠬᠢᠯᠴᠡᠬᠦ᠂ ᠦᠷ᠎ᠡ ᠪᠦᠳᠦᠮᠵᠢ ᠲᠤᠤᠷ᠎ᠠ | ᠪᠠᠶᠢᠬᠤ ᠵᠡᠷᠬᠡ ᠮᠠᠭᠤ ᠠᠷᠬᠠᠭ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠬᠡᠷᠡᠭᠳᠠᠢ᠃ ᠲᠦᠪ ᠤᠨ ᠨᠠᠢᠮᠠᠨ ᠲᠤᠭᠳᠠᠭᠠᠯ | ᠤᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠤᠨ᠂ ︽ᠲᠦᠷᠪᠡᠨ ᠰᠤᠷᠳᠠᠯ︾ ᠤᠨ ᠲᠤᠪᠤᠶᠢᠮ᠎ᠠ ᠠᠰᠠᠭᠤᠳᠠᠯ | ᠢ ᠨᠠᠷᠢᠨ ᠬᠢᠨᠠᠮᠠᠭᠠᠢ ᠰᠢᠢᠳᠪᠤᠷᠢᠯᠡᠵᠤ᠂ ᠺᠠᠳ᠋ᠷᠴᠤᠳ ᠤᠨ ᠠᠵᠢᠯ ᠤᠨ ᠰᠤᠷᠳᠠᠯ ᠢ ᠲᠠᠰᠤᠷᠠᠯᠳᠠ ᠦᠭᠡᠢ | ᠬᠤᠪᠢᠷᠠᠭᠤᠯᠵᠤ᠂ ᠠᠵᠢᠯ ᠤᠨ ᠪᠠᠶᠢᠷᠢ ᠲᠡᠭᠡᠷ᠎ᠡ ᠪᠠᠨ ᠪᠠᠶᠢᠪᠠᠴᠤ ᠬᠤᠪᠢ ᠨᠡᠮᠡᠷᠢ ᠭᠠᠷᠭᠠᠬᠤ ᠦᠭᠡᠢ᠂ ᠬᠤᠪᠢ ᠨᠡᠮᠡᠷᠢ | ᠭᠠᠷᠭᠠᠬᠤ ᠨᠢ ᠤᠳᠠᠭᠠᠨ᠂ ᠵᠠᠷᠯᠢᠭ ᠪᠠᠶᠢᠳᠠᠯ᠎ᠠ ᠬᠡᠷᠡᠭᠵᠢᠬᠦᠯᠬᠦ ᠦᠭᠡᠢ᠂ ᠴᠠᠭᠠᠵᠠ ᠪᠠᠶᠢᠳᠠᠯ᠎ᠠ ᠵᠤᠭᠰᠤᠭᠠᠬᠤ ᠦᠭᠡᠢ | ᠦᠵᠡᠭᠳᠡᠯ ᠢ ᠡᠷᠡᠰ ᠲᠡᠪᠴᠢᠬᠦ ᠬᠡᠷᠡᠭᠳᠠᠢ᠃ ᠭᠠᠳᠠᠭᠠᠳᠤ ᠲᠤᠳᠤᠭᠠᠳᠤ ᠯᠤᠭ᠎ᠠ ᠶᠢᠨ ᠤᠶᠢᠯᠭᠠᠯᠴᠠᠨ ᠵᠤᠬᠢᠴᠠᠭᠤᠯᠬᠤ | ᠴᠢᠳᠠᠪᠤᠷᠢ ᠪᠠᠨ ᠴᠢᠷᠮᠠᠶᠢᠨ ᠲᠡᠭᠡᠭᠰᠢᠯᠡᠬᠦᠯᠵᠤ᠂ ᠡᠯ᠎ᠡ ᠭᠤᠭᠴᠤᠭ᠎ᠠ ᠶᠢ ᠪᠦᠳᠦᠮᠵᠢᠳᠠᠢ ᠵᠠᠯᠭᠠᠭᠤᠯᠬᠤ ᠪᠤᠯᠤᠨ ᠨᠢᠭᠳᠠ | ᠵᠤᠯᠭᠠᠭᠤᠯᠬᠤ ᠶᠢ ᠨᠠᠷᠢᠨ ᠬᠢᠨᠠᠮᠠᠭᠠᠢ ᠰᠠᠶᠢᠳᠤᠷ ᠬᠢᠵᠤ᠂ ᠵᠠᠰᠠᠭ ᠤᠨ ᠤᠷᠳᠤᠨ ᠤ ᠡᠬᠦᠷᠬᠡ ᠴᠢᠳᠠᠪᠤᠷᠢ ᠶᠢ ᠦᠨᠡᠩᠬᠦ | ᠬᠤᠪᠢᠷᠠᠭᠤᠯᠵᠤ᠂ ᠵᠠᠰᠠᠭ ᠤᠨ ᠤᠷᠳᠤᠨ ᠤ ᠭᠡᠷᠡᠭᠵᠢᠬᠦᠯᠬᠦ ᠴᠢᠳᠠᠪᠤᠷᠢ ᠶᠢ ᠪᠦᠳᠦᠮᠵᠢᠳᠠᠢ ᠲᠡᠭᠡᠭᠰᠢᠯᠡᠬᠦᠯᠬᠦ ᠬᠡᠷᠡᠭᠳᠠᠢ᠃ | ᠠᠷᠢᠭᠤᠨ ᠴᠢᠬᠡᠴᠢ ᠵᠠᠰᠠᠭ ᠤᠨ ᠤᠷᠳᠤᠨ ᠢ ᠴᠤᠭᠴᠠᠯᠠᠨ ᠪᠠᠶᠢᠭᠤᠯᠬᠤ ᠬᠡᠷᠡᠭᠳᠠᠢ᠃ ᠲᠡᠰᠪᠤᠷᠢ | ᠬᠠᠳᠠᠭᠤᠵᠢᠯᠳᠠᠢ ᠪᠠᠷ ᠴᠢᠷᠮᠠᠶᠢᠨ ᠲᠡᠮᠡᠴᠡᠬᠦ ᠰᠢᠯᠢᠳᠡᠭ ᠤᠯᠠᠮᠵᠢᠯᠠᠯ ᠢ ᠦᠷᠬᠦᠯᠵᠢᠯᠡᠨ ᠪᠠᠳᠠᠷᠠᠭᠤᠯᠵᠤ᠂ ᠠᠯᠪᠠᠨ ᠬᠡᠷ᠂ | ᠠᠯᠪᠠᠨ ᠬᠡᠷᠡᠭᠯᠡᠬᠡᠨ ᠤ ᠲᠡᠷᠬᠡ᠂ ᠠᠯᠪᠠᠨ ᠤ ᠶᠠᠪᠤᠳᠠᠯ ᠢᠶᠠᠷ ᠬᠦᠯᠢᠶᠠᠨ ᠠᠪᠬᠤ ᠵᠡᠷᠬᠡ ᠳᠤ ᠠᠷᠢᠭᠤᠨ ᠴᠢᠬᠡᠴᠢ ᠪᠠᠷ | ᠵᠠᠰᠠᠭ ᠪᠠᠷᠢᠬᠤ ᠡᠯ᠎ᠡ ᠲᠦᠷᠦᠯ ᠤᠨ ᠲᠦᠷᠢᠮ ᠲᠤᠭᠳᠠᠭᠠᠯ ᠢ ᠴᠢᠩᠭ᠎ᠠ ᠬᠡᠷᠡᠭᠵᠢᠬᠦᠯᠵᠤ᠂ ᠠᠷᠡᠳ ᠲᠦᠮᠡᠨ ᠤ ᠠᠯᠪᠠᠨ | ᠵᠠᠷᠤᠴᠠ ᠶᠢᠨ ᠲᠦᠷᠢ ᠲᠦᠷᠬᠦ ᠶᠢ ᠪᠤᠢ ᠪᠤᠯᠭᠠᠬᠤ ᠬᠡᠷᠡᠭᠳᠠᠢ᠃ ᠨᠠᠮ ᠤᠨ ᠰᠤᠷᠳᠠᠯ ᠴᠢᠬᠡᠴᠢ ᠵᠠᠰᠠᠭ ᠤᠨ ᠪᠦᠳᠦᠬᠡᠨ | ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠬᠢ ᠡᠬᠦᠰᠦᠯ | ᠠᠴᠠ ᠨᠢ ᠴᠡᠭᠴᠡᠯᠡᠨ ᠵᠠᠰᠠᠬᠤ᠂ ᠪᠠᠶᠢᠭᠤᠯᠤᠯ ᠤᠨ ᠢᠯᠵᠠᠷᠠᠯ ᠢ ᠡᠰᠡᠷᠬᠦᠴᠡᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ | ᠲᠦᠷᠦᠯ ᠵᠦᠢᠯ᠂ ᠴᠢᠬᠤᠯᠠ ᠶᠡᠭᠡ ᠪᠡᠯᠡ ᠮᠦᠩᠬᠦ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠤᠯᠤᠨ ᠵᠠᠩᠬᠢᠯᠠᠭ᠎ᠠ ᠶᠢᠨ | ᠭᠤᠭᠴᠤᠭ᠎ᠠ ᠳᠠᠬᠢ ᠪᠦᠳᠦᠮᠵᠢᠳᠠᠢ ᠬᠢᠨᠠᠨ ᠬᠠᠮᠢᠶᠠᠷᠤᠯᠳᠠ ᠪᠠᠨ ᠴᠢᠩᠭᠠᠳᠬᠠᠬᠤ ᠬᠡᠷᠡᠭᠳᠠᠢ᠃ ᠠᠯᠪᠠᠨ ᠠᠵᠢᠯᠳᠠᠳ ᠤᠨ | ᠪᠡᠶ᠎ᠡ ᠪᠠᠨ ᠪᠠᠷᠢᠬᠤ ᠰᠤᠷᠭᠠᠨ ᠬᠦᠮᠦᠵᠢᠯ ᠢ ᠴᠢᠩᠭᠠᠳᠬᠠᠵᠤ᠂ ᠺᠠᠳ᠋ᠷᠴᠤᠳ ᠲᠦᠪ ᠴᠢᠬᠡᠴᠢ ᠪᠠᠶᠢᠬᠤ᠂ ᠵᠠᠰᠠᠭ ᠤᠨ | ᠤᠷᠳᠤᠨ ᠠᠷᠢᠭᠤᠨ ᠴᠢᠬᠡᠴᠢ ᠪᠠᠶᠢᠬᠤ᠂ ᠵᠠᠰᠠᠭ ᠶᠠᠪᠤᠭᠤᠯᠬᠤ ᠳᠤ ᠪᠠᠨ ᠢᠯᠡ ᠲᠤᠳᠤᠷᠬᠠᠢ ᠪᠠᠶᠢᠬᠤ ᠶᠢ ᠦᠨᠡᠩᠬᠦ | ᠪᠡᠶᠡᠯᠡᠬᠦᠯᠬᠦ ᠬᠡᠷᠡᠭᠳᠠᠢ᠃ | ᠲᠦᠯᠦᠬᠡᠯᠡᠭᠴᠢᠳ ᠡ︕ ᠠᠵᠤ ᠠᠬᠤᠢ ᠶᠢᠨ ᠰᠢᠨ᠎ᠡ ᠬᠡᠪ ᠪᠠᠶᠢᠳᠠᠯ ᠳᠤ ᠵᠤᠬᠢᠴᠠᠵᠤ᠂ ᠬᠦᠭᠵᠢᠯᠳᠠ ᠶᠢᠨ | ᠰᠢᠨ᠎ᠡ ᠰᠢᠪᠳᠤᠯᠤᠯᠳᠠ ᠶᠢ ᠪᠡᠶᠡᠯᠡᠬᠦᠯᠬᠦ ᠪᠤᠯ ᠪᠦᠬᠦ ᠬᠤᠰᠢᠭᠤᠨ ᠤ ᠠᠷᠠᠳ ᠲᠦᠮᠡᠨ ᠤ ᠴᠢᠩᠭ᠎ᠠ ᠡᠷᠡᠮᠡᠯᠵᠡᠯ ᠪᠤᠯᠤᠨ | ᠬᠠᠮᠳᠤ ᠶᠢᠨ ᠬᠦᠰᠡᠯ ᠪᠤᠯᠤᠨ᠎ᠠ᠃ ᠪᠢᠳᠠ ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ | ᠲᠤᠤᠷ᠎ᠠ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ | ᠬᠢᠨᠠᠯᠳᠠ ᠲᠠᠮᠵᠢᠯᠬᠡ ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠤᠰᠤᠳᠠᠨ ᠤ 25 ᠲᠦᠮᠡᠨ ᠠᠷᠠᠳ ᠲᠦᠮᠡᠨ ᠤ | ᠤᠢ ᠤᠬᠠᠭᠠᠨ ᠪᠤᠯᠤᠨ ᠬᠦᠴᠦᠨ ᠴᠢᠳᠠᠯ ᠢ ᠨᠢᠬᠳᠠᠷᠠᠭᠤᠯᠤᠨ᠂ ᠤᠯᠠᠨ ᠢᠶᠠᠷ ᠢᠶᠠᠨ ᠠᠷᠭ᠎ᠠ ᠰᠦᠪᠡᠭᠴᠢᠯᠡᠨ ᠪᠦᠬᠦᠳᠠ | ᠢᠶᠠᠷ ᠬᠦᠴᠦᠨ ᠭᠠᠷᠭᠠᠵᠤ᠂ ᠬᠦᠴᠢᠷ ᠪᠡᠷᠭᠡ ᠶᠢ ᠢᠯᠠᠨ ᠲᠠᠪᠠᠵᠤ᠂ ᠨᠡᠩ ᠢᠳᠡᠬᠡᠯ ᠲᠡᠬᠦᠯᠳᠡᠷ ᠤᠮᠤᠭ ᠵᠤᠷᠢᠭ ᠢᠶᠠᠷ᠂ | ᠨᠡᠩ ᠦᠨᠡᠨ ᠪᠤᠳᠠᠳᠠᠢ ᠠᠷᠭ᠎ᠠ ᠬᠡᠮᠵᠢᠶ᠎ᠡ ᠪᠠᠷ᠂ ᠠᠮᠢ ᠠᠬᠤᠢ ᠰᠠᠶᠢᠵᠢᠷᠠᠭᠰᠠᠨ ᠪᠠᠶᠠᠨ ᠴᠢᠨᠡᠭᠡᠯᠢᠭ ᠬᠡᠰᠢᠭᠳᠡᠨ | ᠬᠤᠰᠢᠭᠤ ᠶᠢ ᠪᠦᠳᠦᠭᠡᠨ ᠪᠠᠶᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠰᠦᠬᠡᠢ︕ | |