ᠬᠤᠰᠢᠭᠤ ᠰᠦᠯᠳᠠ ᠤᠪᠤᠭ᠎ᠠ — ᠪᠠᠶᠠᠨᠵᠢᠷᠦᠬᠡ ᠤᠪᠤᠭ᠎ᠠ
ᠨᠡᠶᠢᠲᠡᠯᠡᠭᠰᠡᠨ ᠴᠠᠭ᠄
2015/3/1
      ᠬᠡᠰᠢᠭᠳᠡᠨ ᠤ ᠠᠯᠳᠠᠷᠳᠤ ᠠᠭᠤᠯᠠ ᠨᠢᠷᠤᠭᠤᠳ ᠤᠨ ᠭᠤᠶᠤ ᠦᠵᠡᠮᠵᠢᠳᠤ ᠭᠠᠵᠠᠷ ᠤᠨ ᠨᠢᠭᠡ ᠪᠤᠯᠬᠤ ᠲᠡᠯᠡᠬᠡᠢ ᠲᠡᠭᠡᠷ᠎ᠡ ᠬᠤᠪᠤᠷᠬᠠᠨ ᠤᠯᠠᠭᠠᠨ ᠭᠠᠴᠤᠷ᠎ᠠ ᠨᠠᠷᠠᠰᠤ ᠪᠠᠷ ᠬᠤᠴᠢᠭᠳᠠᠭᠰᠠᠨ ᠬᠤᠶᠢᠨ᠎ᠠ ᠡᠮᠤᠨ᠎ᠠ ᠪᠠᠨ ᠤᠨᠳᠤᠷᠤᠮᠠᠯ ᠰᠠᠶᠢᠬᠠᠨ ᠪᠤᠯᠠᠭ ᠭᠤᠷᠤᠭ᠎ᠠ ᠲᠠᠢ ᠠᠷᠤ ᠦᠪᠦᠷ ᠢᠶᠠᠷ ᠢᠶᠠᠷ ᠤᠷᠤᠰᠬᠠᠯ ᠲᠤᠩᠭᠠᠯᠠᠭ ᠭᠤᠤᠯ ᠲᠠᠢ᠂ ᠪᠠᠶᠢᠭᠠᠯᠢ ᠶᠢᠨ ᠦᠵᠡᠮᠵᠢ ᠪᠠᠷ ᠬᠦᠮᠦᠰ ᠤᠨ ᠪᠠᠭ᠋ᠠᠷᠤᠯ ᠢ ᠲᠠᠳᠠᠭᠰᠠᠨ ᠲᠠᠯᠠᠶᠢᠨᠠᠭᠤᠷ ᠰᠤᠮᠤᠨ ᠤ ᠵᠡᠬᠦᠨ ᠪᠡᠶ᠎ᠡ ᠳᠤ ᠪᠠᠶᠢᠷᠢᠰᠢᠵᠤ ᠪᠠᠶᠢᠭ᠎ᠠ ᠲᠠᠯᠠᠢ ᠶᠢᠨ ᠲᠦᠪᠰᠢᠨ ᠠᠴᠠ ᠨᠢᠬᠡ ᠮᠢᠩᠭ᠎ᠠ ᠲᠦᠷᠪᠡᠨ ᠵᠠᠭᠤ ᠶᠡᠷᠡᠨ ᠨᠠᠢᠮᠠ ᠴᠡᠭ ᠨᠠᠢᠮᠠᠨ ᠮᠧᠲᠷ ᠦᠨᠳᠤᠷ ᠠᠭᠤᠯᠠ ᠶᠢ ᠪᠠᠶᠠᠨᠵᠢᠷᠦᠬᠡ ᠬᠡᠵᠤ ᠨᠡᠷᠡᠯᠡᠳᠡᠭ᠃ ᠡᠨᠡᠬᠦ ᠭᠤᠶᠤ ᠦᠵᠡᠮᠵᠢᠳᠤ ᠠᠭᠤᠯᠠ ᠨᠢ ᠬᠤᠰᠢᠭᠤ ᠵᠠᠰᠠᠭ ᠨᠤᠶᠠᠨ ᠤ ᠲᠤᠭᠳᠠᠭᠠᠭᠰᠠᠨ ᠬᠤᠰᠢᠭᠤ ᠲᠠᠶᠠᠭᠠᠷ ᠢᠶᠠᠨ ᠲᠡᠬᠢᠳᠠᠭ ᠰᠦᠯᠳᠠ ᠤᠪᠤᠭ᠎ᠠ ᠪᠤᠶᠤ᠃       ᠬᠡᠰᠢᠭᠳᠡᠨ ᠤ ᠰᠦᠯᠳᠠ ᠤᠪᠤᠭ᠎ᠠ ᠨᠢ ᠤᠭ ᠲᠠᠭᠠᠨ ᠪᠤᠯᠳᠤ ᠠᠭᠤᠯᠠ ᠶᠢᠨ ᠦᠨᠳᠦᠷᠯᠢᠭ ᠲᠤ ᠪᠠᠶᠢᠵᠠᠢ᠃ ᠬᠤᠵᠢᠮ ᠨᠢ ᠲᠡᠷᠡᠬᠦ ᠠᠭᠤᠯᠠ ᠠᠴᠠ ᠰᠦᠯᠳᠠ ᠤᠪᠤᠭ᠎ᠠ ᠪᠠᠨ ᠰᠢᠯᠵᠢᠬᠦᠯᠦᠨ ᠪᠠᠶᠠᠨᠵᠢᠷᠦᠬᠡ ᠠᠭᠤᠯᠠᠨ ᠳᠤ ᠲᠤᠭᠳᠠᠭᠠᠵᠤ᠂ ᠬᠤᠰᠢᠭᠤᠨ ᠤ ᠰᠦᠯᠳᠠ ᠤᠪᠤᠭ᠎ᠠ ᠪᠤᠯᠭᠠᠵᠠᠢ᠃ ᠶᠠᠭᠤᠨ ᠳᠤ ᠰᠦᠯᠳᠠ ᠤᠪᠤᠭ᠎ᠠ ᠪᠠᠨ ᠨᠡᠬᠦᠯᠬᠡᠵᠤ ᠠᠳᠠ ᠠᠪᠴᠢᠷᠠᠭᠰᠠᠨ ᠪᠤᠢ︖ ᠬᠡᠪᠡᠯ᠂ ᠠᠷᠠᠳ ᠤᠨ ᠲᠤᠮᠤᠭ ᠶᠠᠷᠢᠶᠠᠨ ᠳᠤ ᠢᠩᠬᠢᠵᠤ ᠦᠬᠦᠯᠡᠭᠳᠡᠳᠡᠭ᠄       ᠴᠢᠩ ᠤᠯᠤᠰ ᠤᠨ ᠡᠩᠬᠡ ᠠᠮᠤᠭᠤᠯᠠᠩ ᠬᠠᠭᠠᠨ ᠤ ᠦᠶ᠎ᠡ ᠳᠤ ︵1688 ᠤᠨ ᠤ ᠦᠶ᠎ᠡ ᠪᠠᠷ︶ ᠦᠬᠡᠯᠡᠳ ᠮᠤᠩᠭᠤᠯ ᠤᠨ ᠭᠠᠯᠳᠠᠨ ᠪᠤᠱᠤᠭᠳᠤ᠂ ᠬᠠᠯᠬ᠎ᠠ ᠮᠤᠩᠭᠤᠯ ᠤᠨ ᠲᠦᠰᠢᠶᠡᠳᠤ ᠬᠠᠨ᠂ ᠰᠡᠴᠡᠨ ᠬᠠᠨ᠂ ᠵᠠᠰᠠᠭᠳᠤ ᠬᠠᠨ ᠠᠶᠢᠮᠠᠭ ᠢ ᠲᠤᠪᠳᠤᠯᠤᠨ ᠡᠵᠡᠯᠡᠭᠰᠡᠨ ᠠᠴᠠ ᠭᠤᠷᠪᠠᠨ ᠬᠠᠨ ᠠᠶᠢᠮᠠᠭ ᠤᠨ ᠠᠷᠪᠠᠨ ᠲᠦᠮᠡᠨ ᠠᠷᠠᠳ ᠢᠷᠬᠡᠨ ᠢᠶᠠᠨ ᠲᠠᠭᠠᠭᠤᠯᠤᠨ ᠴᠢᠩ ᠤᠯᠤᠰ ᠤᠨ ᠡᠵᠡᠨ ᠬᠠᠭᠠᠨ ᠤ ᠦᠮᠦᠬᠡᠯᠡᠬᠦ ᠲᠤᠰᠠᠯᠠᠮᠵᠢ ᠶᠢ ᠭᠤᠶᠤᠴᠢᠯᠠᠨ ᠲᠡᠬᠦᠨ ᠤ ᠡᠯᠢᠬᠡᠨ ᠳᠤ ᠰᠢᠷᠭᠤᠵᠤ ᠨᠡᠬᠦᠳᠡᠯᠯᠡᠨ ᠤᠷᠤᠵᠤ ᠢᠷᠡᠵᠤ ᠪᠢᠯᠡ᠃ ᠲᠤᠬᠠᠢ ᠶᠢᠨ ᠦᠶ᠎ᠡ ᠳᠤ ᠲᠦᠰᠢᠶᠡᠳᠤ ᠬᠠᠨ ᠤ ᠤᠭᠰᠠᠭ᠎ᠠ ᠪᠤᠯᠬᠤ ᠠᠷᠤ ᠪᠤᠭᠳᠠ — ᠵᠢᠪᠽᠤᠨᠳᠠᠮᠪᠠ ᠬᠤᠳᠤᠭᠳᠤ ᠪᠤᠭᠳᠠ ᠨᠢᠬᠡ ᠪᠦᠯᠦᠭ ᠯᠠᠮᠠ ᠬᠤᠸᠠᠷᠠᠭ ᠢᠶᠠᠨ ᠲᠠᠭᠠᠭᠤᠯᠤᠨ ᠴᠢᠩ ᠤᠯᠤᠰ ᠤᠨ ᠵᠦᠭ ᠲᠤᠳᠠᠭᠠᠵᠤ ᠬᠡᠰᠢᠭᠳᠡᠨ ᠨᠤᠳᠤᠭ ᠤᠨ ᠪᠠᠶᠠᠨᠵᠢᠷᠦᠬᠡ ᠠᠭᠤᠯᠠ ᠶᠢᠨ ᠡᠩᠬᠡᠷ ᠲᠤ ᠲᠦᠷ ᠨᠤᠳᠤᠭᠯᠠᠨ ᠰᠠᠭᠤᠵᠤ ᠬᠡᠨ᠎ᠡ᠃ ᠲᠡᠷᠡ ᠦᠶ᠎ᠡ ᠳᠤ ᠪᠠᠶᠠᠨᠵᠢᠷᠦᠬᠡ ᠶᠢᠨ ᠤᠯᠠᠭᠠᠨ ᠭᠠᠴᠤᠷ᠎ᠠ ᠨᠠᠷᠠᠰᠤ ᠬᠡᠪᠴᠢᠶ᠎ᠡ ᠪᠠᠷ ᠦᠷᠬᠡᠨ᠂ ᠰᠠᠬᠤᠯᠢᠭ ᠢᠭᠴᠤ ᠪᠠᠶᠢᠵᠤ᠂ ᠭᠠᠳᠠᠨ᠎ᠠ ᠲᠠᠯ᠎ᠠ ᠠᠴᠠ ᠲᠤᠳᠤᠭᠰᠢ ᠪᠠᠨ ᠤᠷᠤᠬᠤ ᠳᠤ ᠬᠦᠴᠢᠷ ᠪᠡᠷᠬᠡ ᠲᠠᠢ᠂ ᠨᠠᠷᠠᠰᠤᠨ ᠤᠢ ᠲᠤᠳᠤᠷᠡᠬᠢ ᠶᠠᠭᠤᠮ᠎ᠠ ᠶᠢ ᠭᠠᠳᠠᠨ᠎ᠠ ᠲᠠᠯ᠎ᠠ ᠠᠴᠠ ᠦᠵᠡᠬᠦ ᠳᠤ ᠪᠡᠷᠬᠡ ᠲᠠᠢ ᠢᠭᠴᠤ ᠤᠢ ᠪᠠᠶᠢᠵᠠᠢ᠃ ᠵᠢᠪᠽᠤᠨᠳᠠᠮᠪᠠ ᠪᠤᠭᠳᠠ ᠠᠳᠠ ᠨᠤᠳᠤᠭᠯᠠᠨ ᠰᠠᠭᠤᠵᠤ ᠪᠠᠶᠢᠬᠤ ᠳᠠᠭᠠᠨ ᠪᠠᠶᠠᠨᠵᠢᠷᠦᠬᠡ ᠶᠢᠨ ᠤᠷᠬᠢᠯ ᠲᠡᠭᠡᠷ᠎ᠡ ᠪᠡᠶ᠎ᠡ ᠪᠠᠷ ᠢᠶᠠᠨ ᠮᠤᠷᠢᠯᠠᠨ ᠭᠠᠷᠴᠤ᠂ ᠬᠠᠳᠠᠭ ᠪᠡᠯᠡᠭᠯᠡᠨ ᠲᠠᠷᠤᠵᠤ ᠲᠠᠯᠪᠢᠭᠰᠠᠨ ᠬᠡᠨ᠎ᠡ᠃ 1690 ᠤᠨ ᠤ ᠨᠠᠮᠤᠷ ᠭᠠᠯᠳᠠᠨ ᠪᠤᠱᠤᠭᠳᠤ ︽ᠤᠯᠠᠭᠠᠨ ᠪᠤᠳᠤᠩ︾ ᠬᠡᠳᠡᠭ ᠭᠠᠵᠠᠷ ᠲᠤ ᠴᠢᠩ ᠤᠯᠤᠰ ᠎ ᠤᠨ ᠴᠡᠷᠢᠭ ᠲᠠᠢ ᠪᠠᠶᠢᠯᠳᠤᠭᠠᠨ ᠬᠢᠵᠤ ᠢᠯᠠᠭᠳᠠᠭᠠᠳ ᠪᠠᠷᠠᠭᠤᠨᠰᠢ ᠲᠤᠳᠠᠭᠠᠨ ᠶᠠᠪᠤᠭᠰᠠᠨ ᠤ ᠲᠠᠷᠠᠭ᠎ᠠ ᠬᠠᠯᠬ᠎ᠠ ᠶᠢᠨ ᠭᠤᠷᠪᠠᠨ ᠬᠠᠨ ᠠᠶᠢᠮᠠᠭ ᠴᠢᠩ ᠤᠯᠤᠰ ᠤᠨ ᠴᠡᠷᠢᠭ ᠤᠨ ᠬᠠᠮᠠᠭᠠᠯᠠᠯᠳᠠ ᠪᠠᠷ ᠬᠠᠯᠬ᠎ᠠ ᠨᠤᠳᠤᠭ ᠲᠠᠭᠠᠨ ᠪᠤᠴᠠᠨ ᠶᠠᠪᠤᠵᠠᠢ᠂ ᠠᠷᠤ ᠪᠤᠭᠳᠠ ᠴᠦ ᠯᠠᠮᠠ ᠨᠠᠷ ᠢᠶᠠᠨ ᠲᠠᠭᠠᠭᠤᠯᠤᠨ ᠨᠤᠳᠤᠭᠯᠠᠨ ᠰᠠᠭᠤᠭᠰᠠᠨ ᠪᠠᠶᠠᠨᠵᠢᠷᠦᠬᠡ ᠠᠭᠤᠯᠠ ᠶᠢᠨ ᠡᠩᠬᠡᠷ ᠠᠴᠠ ᠬᠠᠯᠬ᠎ᠠ ᠮᠤᠩᠭᠤᠯ ᠳᠠᠭᠠᠨ ᠪᠤᠴᠠᠨ ᠶᠠᠪᠤᠪᠠ᠃ ᠲᠡᠬᠦᠨ ᠤ ᠨᠡᠬᠦᠨ ᠶᠡᠪᠤᠭᠰᠠᠨ ᠤ ᠲᠠᠷᠠᠭ᠎ᠠ ᠪᠠᠶᠠᠨᠵᠢᠷᠦᠬᠡ ᠎ ᠶᠢᠨ ᠭᠠᠴᠤᠷ᠎ᠠ ᠨᠠᠷᠠᠰᠤ ᠠᠷᠤ ᠪᠤᠭᠳᠠ ᠶᠢᠨ ᠶᠠᠪᠤᠭᠰᠠᠨ ᠵᠠᠮ ᠢᠶᠠᠷ ᠬᠤᠶᠢᠰᠢ ᠪᠠᠨ ᠬᠤᠰᠢᠭᠤᠷᠠᠨ ᠴᠤᠪᠤᠷᠠᠯᠳᠤᠨ ᠤᠷᠭᠤᠭᠰᠠᠭᠠᠷ ᠰᠢᠯᠵᠢᠨ ᠨᠡᠬᠦᠬᠦ ᠳᠤ᠂ ᠲᠤᠬᠠᠢ ᠶᠢᠨ ᠦᠶ᠎ᠡ ᠶᠢᠨ ᠬᠡᠰᠢᠭᠳᠡᠨ ᠵᠠᠰᠠᠭ ᠨᠤᠶᠠᠨ ᠵᠠᠷᠯᠢᠭ ᠤᠨ ᠪᠢᠴᠢᠭ ᠨᠡᠶᠢᠳᠡᠯᠡᠵᠤ ︽ᠬᠡᠰᠢᠭᠳᠡᠨ ᠨᠤᠳᠤᠭ ᠠᠴᠠ ᠪᠠᠨ ᠬᠤᠶᠢᠰᠢ ᠤᠷᠭᠤᠵᠤ ᠶᠠᠪᠤᠬᠤ ᠪᠠᠨ ᠵᠤᠭᠰᠤᠬᠤ ᠬᠡᠷᠡᠭᠳᠡᠢ︾ ᠬᠡᠵᠤ ᠬᠠᠮᠤᠭ ᠤᠨ ᠬᠤᠶᠢᠳᠤ ᠵᠠᠬ᠎ᠠ ᠳᠤ ᠲᠡᠷᠢᠬᠦᠯᠡᠨ ᠤᠷᠭᠤᠵᠤ ᠪᠠᠶᠢᠭᠰᠠᠨ ᠬᠤᠶᠠᠷ ᠭᠠᠴᠤᠷ᠎ᠠ ᠨᠠᠷᠠᠰᠤ ᠶᠢ ᠲᠡᠮᠤᠷ ᠬᠢᠨᠵᠢ ᠎ ᠪᠠᠷ ᠬᠤᠯᠪᠤᠨ ᠪᠦᠳᠦᠬᠦᠨ ᠲᠡᠮᠤᠷ ᠬᠤᠩᠬᠤᠨ ᠤᠨᠢᠰᠤ ᠪᠠᠷ ᠤᠨᠢᠰᠤᠯᠠᠨ ᠲᠠᠯᠪᠢᠭᠰᠠᠨ ᠬᠡᠨ᠎ᠡ᠃ ᠡᠨᠡᠬᠦ ᠲᠡᠮᠤᠷ ᠤᠨᠢᠰᠤ ᠨᠢ ᠮᠢᠩᠭ᠎ᠠ ᠶᠢᠰᠦᠨ ᠵᠠᠭᠤᠨ ᠲᠦᠴᠢᠬᠡᠳ ᠤᠨ ᠬᠦᠷᠳᠡᠯ᠎ᠡ ᠲᠡᠷᠡ ᠬᠡᠪ ᠢᠶᠠᠷ ᠢᠶᠠᠨ ᠪᠠᠶᠢᠭᠰᠠᠨ ᠢ ᠪᠠᠶᠠᠨᠵᠢᠷᠦᠬᠡ ᠤᠪᠤᠭᠠᠨ ᠤ ᠬᠠᠪᠢ ᠪᠠᠷ ᠨᠤᠳᠤᠭᠯᠠᠨ ᠰᠠᠭᠤᠭᠰᠠᠨ ᠮᠤᠩᠭᠤᠯᠴᠤᠳ ᠤᠯᠵᠤ ᠦᠵᠡᠯ᠎ᠡ ᠬᠡᠵᠤ ᠤᠯᠠᠮᠵᠢᠯᠡᠨ ᠶᠠᠷᠢᠳᠠᠭ᠃       ᠪᠠᠶᠠᠨᠵᠢᠷᠦᠬᠡ ᠶᠢᠨ ᠤᠷᠬᠢᠯ ᠳᠤ ᠠᠷᠤ ᠪᠤᠭᠳᠠ ᠦᠪᠡᠷ ᠤᠨ ᠭᠠᠷ ᠢᠶᠠᠷ ᠢᠶᠠᠨ ᠬᠠᠳᠠᠭ ᠡᠷᠬᠦᠨ ᠲᠠᠷᠤᠭᠰᠠᠨ ᠤᠴᠢᠷ ᠢ ᠬᠡᠰᠢᠭᠳᠡᠨ ᠵᠠᠰᠠᠭ ᠨᠤᠶᠠᠨ ᠯᠠᠪᠯᠠᠨ ᠮᠡᠳᠡᠬᠡᠳ ᠡᠨᠡᠬᠦ ᠠᠭᠤᠯᠠ ᠤᠰᠤᠨ ᠤ ᠦᠵᠡᠮᠵᠢ ᠪᠦᠷᠢᠳᠦᠭᠰᠡᠨ ᠦᠵᠡᠰᠬᠦᠯᠡᠩᠳᠤ ᠰᠠᠶᠢᠬᠠᠨ ᠭᠠᠵᠠᠷ ᠲᠤ ᠤᠤᠯ ᠤᠨ ᠪᠤᠯᠳᠤ ᠠᠭᠤᠯᠠ ᠲᠡᠭᠡᠷᠡᠬᠢ ᠬᠤᠰᠢᠭᠤ ᠰᠦᠯᠳᠠ ᠤᠪᠤᠭ᠎ᠠ ᠪᠣᠯ ᠰᠢᠯᠵᠢᠬᠦᠯᠦᠨ ᠨᠡᠬᠦᠯᠬᠡᠵᠤ ᠪᠠᠶᠠᠨᠵᠢᠷᠦᠬᠡ ᠶᠢᠨ ᠠᠭᠤᠯᠠ ᠶᠢᠨ ᠤᠷᠬᠢᠯ ᠳᠤ ᠪᠤᠰᠬᠠᠬᠤ ᠪᠠᠷ ᠲᠤᠭᠳᠠᠵᠤ᠂ ᠪᠢᠷᠠᠭᠤ ᠰᠦᠮ᠎ᠡ ᠶᠢᠨ ᠬᠤᠪᠢᠯᠭᠠᠨ ᠱᠠᠪᠷᠤᠩ — ᠲᠤᠩᠨᠠᠭᠤ ᠯᠠᠮᠠᠬᠠᠢ ᠪᠡᠶ᠎ᠡ ᠪᠠᠷ ᠢᠶᠠᠨ ᠪᠠᠶᠠᠨᠵᠢᠷᠦᠬᠡ ᠶᠢᠨ ᠤᠷᠬᠢᠯ ᠲᠡᠭᠡᠷ᠎ᠡ ᠭᠠᠷᠴᠤ ᠪᠤᠮᠪᠤ ᠰᠠᠪᠠᠨ ᠳᠤ ᠠᠯᠳᠠ ᠮᠦᠩᠬᠦ ᠱᠢᠷᠦ ᠮᠡᠳᠤ ᠶᠢᠨ ᠡᠷᠳᠡᠨᠢᠰ ᠤᠨ ᠵᠦᠢᠯ ᠤᠨ ᠲᠡᠭᠡᠵᠢ ᠪᠠ ᠲᠠᠪᠤᠨ ᠲᠠᠷᠢᠶ᠎ᠠ ᠶᠢᠨ ᠦᠷ᠎ᠡ ᠶᠢᠨ ᠲᠡᠭᠡᠵᠢ ᠵᠡᠷᠬᠡ ᠶᠢ ᠬᠢᠵᠤ᠂ ᠠᠮᠠᠰᠠᠷ ᠢ ᠨᠢ ᠪᠢᠳᠡᠬᠦᠯᠡᠨ ᠠᠷᠢᠭᠤᠳᠬᠠᠨ ᠪᠤᠮᠪᠤᠯᠠᠵᠤ ᠲᠠᠯᠪᠢᠭᠠᠳ᠂ ᠴᠢᠯᠠᠭᠤᠨ ᠤᠪᠤᠭ᠎ᠠ ᠪᠤᠰᠬᠠᠵᠤ᠂ ᠲᠦᠪ ᠲᠤᠮᠳᠠ ᠨᠢ ᠰᠦᠯᠳᠠ — ᠳ᠋ᠤᠭ ᠮᠤᠳᠤ ᠪᠤᠯᠠᠵᠤ᠂ ᠪᠠᠷᠠᠭᠤᠨᠰᠢ᠂ ᠵᠡᠬᠦᠨᠰᠢ ᠪᠠᠨ ᠲᠤᠰ ᠪᠦᠷᠢ ᠵᠢᠷᠭᠤᠭᠠᠨ ᠵᠢᠵᠢᠭ ᠱᠠᠪᠢ ᠤᠪᠤᠭ᠎ᠠ ᠤᠪᠤᠭᠠᠯᠠᠵᠤ᠂ ᠡᠮᠤᠨ᠎ᠠ ᠲᠠᠯ᠎ᠠ ᠳᠤ ᠵᠡᠷᠬᠡᠴᠡᠭᠰᠡᠨ ᠬᠤᠶᠠᠷ ᠴᠢᠭᠠᠨ ᠪᠠᠭᠠᠨ᠎ᠠ ᠪᠤᠰᠬᠠᠵᠤ ᠬᠤᠰᠢᠭᠤ ᠵᠠᠰᠠᠭ ᠤᠨ ᠡᠬᠦᠳᠡᠨ ᠲᠡᠮᠳᠡᠭ ᠪᠤᠯᠭᠠᠵᠤ᠂ ᠲᠡᠬᠢᠯᠭ᠎ᠠ ᠎ ᠶᠢᠨ ᠨᠤᠮ ᠰᠤᠳᠤᠷ ᠢᠶᠠᠷ ᠲᠡᠬᠢᠵᠤ᠂ ᠬᠤᠰᠢᠭᠤ ᠵᠠᠰᠠᠭ ᠤᠨ ᠰᠦᠯᠳᠠ ᠤᠪᠤᠭ᠎ᠠ ᠪᠤᠯᠭᠠᠵᠠᠢ ᠬᠡᠨ᠎ᠡ᠃ ᠪᠠᠶᠠᠨᠵᠢᠷᠦᠬᠡ ᠠᠭᠤᠯᠠ ᠶᠢ ᠬᠤᠰᠢᠭᠤ ᠵᠠᠰᠠᠭ ᠤᠨ ᠰᠦᠯᠳᠠ ᠤᠪᠤᠭ᠎ᠠ ᠪᠤᠯᠭᠠᠵᠤ ᠲᠠᠬᠢᠯᠭ᠎ᠠ ᠶᠠᠪᠤᠭᠤᠯᠤᠭᠠᠳ ᠤᠳᠤ ᠪᠤᠯᠳᠠᠯ᠎ᠠ ᠭᠤᠷᠪᠠᠨ ᠵᠠᠭᠤ ᠢᠯᠡᠬᠦᠦ ᠵᠢᠯ ᠤᠨ ᠲᠡᠤᠬᠡ ᠲᠠᠢ ᠪᠤᠯᠵᠤ ᠪᠠᠶᠢᠨ᠎ᠠ᠃       ᠬᠤᠰᠢᠭᠤ ᠵᠠᠰᠠᠭ ᠨᠤᠶᠠᠨ ᠠᠴᠠ ᠵᠢᠯ ᠪᠦᠷᠢ ᠶᠢᠨ ᠪᠢᠯᠢᠭ ᠤᠨ ᠤᠯᠠᠷᠢᠯ ᠤᠨ ᠲᠠᠪᠤᠳᠤᠭᠠᠷ ᠰᠠᠷ᠎ᠠ ᠶᠢᠨ ᠡᠬᠢᠨ ᠎ ᠢᠶᠠᠷ ᠦᠷᠦᠬᠡ ᠶᠢᠨ ᠲᠤᠪᠤ ︵ᠬᠦᠨ ᠨᠠᠭᠤᠷ ᠠᠴᠠ ᠪᠠᠷᠠᠭᠤᠨ ᠡᠮᠤᠨ᠎ᠠ᠂ ᠪᠠᠶᠠᠨᠬᠤᠰᠢᠭᠤ ᠬᠡᠳᠡᠭ ᠭᠠᠵᠠᠷ ᠠᠴᠠ ᠪᠠᠷᠠᠭᠤᠨᠰᠢ᠂ ᠬᠦᠩᠬᠡᠷ ᠤᠨ ᠭᠤᠤᠯ ᠤᠨ ᠬᠤᠶᠢᠳᠤ ᠲᠡᠨᠵᠢᠨ ᠲᠡᠭᠡᠷ᠎ᠡ ᠪᠠᠶᠢᠬᠤ ᠠᠭᠤᠳᠠᠮ ᠰᠠᠷᠠᠭᠤᠯ ᠲᠤᠪᠤ ᠭᠠᠵᠠᠷ ᠢ ᠤᠳᠤ ᠪᠤᠯᠳᠠᠯ᠎ᠠ ᠦᠷᠦᠬᠡ ᠶᠢᠨ ᠲᠤᠪᠤ ᠬᠡᠵᠤ ᠨᠡᠷᠡᠯᠡᠵᠤ ᠪᠤᠢ︶᠎ ᠳᠤ ᠲᠦᠷᠪᠡᠨ ᠲᠤᠯᠭᠠᠭᠤᠷᠢ ᠲᠠᠢ ᠲᠤᠮᠤ ᠮᠤᠩᠭᠤᠯ ᠬᠡᠷ ᠪᠤᠰᠬᠠᠵᠤ᠂ ᠪᠠᠭ᠎ᠠ ᠮᠤᠩᠭᠤᠯ ᠬᠡᠷ ᠪᠤᠯᠤᠨ ᠰᠧ ᠮᠠᠶᠢᠬᠠᠨ ᠵᠡᠷᠬᠡᠴᠡᠬᠦᠯᠦᠨ ᠪᠠᠷᠢᠵᠤ᠂ ᠬᠤᠰᠢᠭᠤ ᠵᠠᠰᠠᠭ ᠨᠤᠶᠠᠨ ᠲᠡᠷᠢᠬᠦᠳᠠᠢ ᠲᠤᠰᠠᠯᠠᠭᠴᠢ᠂ ᠵᠠᠬᠢᠷᠤᠭᠴᠢ᠂ ᠡᠷᠬᠢᠮ ᠢᠵᠠᠭᠤᠷᠳᠠᠨ᠂ ᠲᠡᠭᠡᠳᠤ ᠲᠠᠪᠬᠤᠷᠭ᠎ᠠ ᠶᠢᠨ ᠬᠡᠷᠬᠡᠮᠳᠠᠨ ᠯᠠᠮᠠ ᠨᠠᠷ ᠴᠤᠭᠯᠠᠷᠠᠨ ᠬᠤᠷᠠᠯ ᠬᠢᠵᠤ᠂ ᠵᠠᠰᠠᠭ ᠲᠦᠷᠦ ᠶᠢᠨ ᠶᠠᠪᠤᠳᠠᠯ ᠢᠶᠠᠨ ᠵᠦᠪᠳᠡᠯᠴᠠᠨ ᠰᠦᠯᠳᠠ ᠤᠪᠤᠭ᠎ᠠ ᠪᠠᠨ ᠲᠠᠬᠢᠳᠠᠭ ᠬᠡᠨ᠎ᠡ᠃ ᠪᠢᠯᠢᠭ ᠤᠨ ᠤᠯᠠᠷᠢᠯ ᠤᠨ ᠲᠠᠪᠤᠳᠤᠭᠠᠷ ᠰᠠᠷ᠎ᠠ ᠶᠢᠨ ᠠᠷᠪᠠᠨ ᠭᠤᠷᠪᠠᠨ ᠤ ᠡᠳᠤᠷ ᠪᠤᠯᠬᠤ ᠳᠤ ᠦᠷ ᠤᠨ ᠴᠠᠭᠠᠨ ᠬᠡᠬᠡ ᠰᠤᠪᠤᠷᠠᠬᠤ ᠶᠢᠨ ᠡᠮᠤᠨ᠎ᠠ ᠬᠤᠰᠢᠭᠤ ᠵᠠᠰᠠᠭ ᠨᠤᠶᠠᠨ ᠲᠡᠷᠢᠬᠦᠯᠡᠨ ᠤᠯᠠᠨ ᠲᠠᠢ ᠬᠠᠮᠳᠤ ᠪᠠᠷ ᠪᠠᠶᠠᠨᠵᠢᠷᠦᠬᠡ ᠶᠢᠨ ᠤᠪᠤᠭᠠᠨ ᠳᠤ ᠬᠦᠷᠴᠤ᠂ ᠦᠷ ᠴᠠᠶᠢᠮᠠᠭᠴᠠ ᠬᠤᠪᠢᠯᠭᠠᠨ ᠱᠠᠪᠷᠤᠩ ᠪᠤᠶᠤ ᠳ᠋ᠠ ᠯᠠᠮᠠ ᠨᠢ ᠤᠪᠤᠭᠠᠨ ᠲᠠᠬᠢᠯᠭ᠎ᠠ ᠪᠠᠨ ᠡᠬᠢᠯᠡᠵᠤ᠂ ᠵᠤᠯᠠ ᠬᠦᠵᠢ ᠠᠰᠠᠭᠠᠨ᠂ ᠰᠢᠬᠦᠰᠤ ᠴᠠᠭᠠᠨ ᠢᠳᠡᠭᠡ ᠪᠠᠨ ᠡᠷᠬᠦᠨ ᠲᠠᠯᠪᠢᠵᠤ᠂ ᠲᠠᠭᠢᠯᠭ᠎ᠠ ᠶᠢᠨ ᠨᠤᠮ ᠰᠤᠳᠤᠷ ᠢᠶᠠᠨ ᠤᠩᠰᠢᠵᠤ ᠲᠠᠬᠢᠯᠭ᠎ᠠ ᠶᠢᠨ ᠶᠤᠰᠤ ᠤᠴᠢᠷ ᠢᠶᠠᠨ ᠬᠦᠢᠴᠡᠳᠬᠡᠪᠠᠯ᠂ ᠲᠡᠬᠢᠯᠭ᠎ᠠ ᠎ ᠶᠢᠨ ᠯᠠᠮᠠ ᠪᠠᠨ ᠲᠠᠭᠠᠵᠤ᠂ ᠵᠠᠰᠠᠭ ᠨᠤᠶᠠᠨ ᠲᠡᠷᠢᠬᠦᠯᠡᠨ ᠪᠤᠰᠤᠳ ᠨᠤᠶᠠᠨ ᠲᠠᠷᠠᠭᠠᠯᠠᠨ᠂ ᠠᠷᠠᠳ ᠤᠯᠠᠨ ᠲᠠᠭᠠᠯᠳᠤᠵᠤ ᠤᠪᠤᠭ᠎ᠠ ᠪᠠᠨ ᠵᠦᠪ ᠢᠶᠠᠷ ᠭᠤᠷᠪᠠ ᠡᠷᠬᠢᠨ᠂ ᠠᠷᠢᠬᠢ ᠲᠠᠷᠠᠰᠤ ᠰᠢᠬᠦᠰᠤ᠂ ᠴᠠᠭᠠᠨ ᠢᠳᠡᠬᠡᠨ ᠤ ᠳᠡᠭᠡᠵᠢ ᠪᠠᠨ ᠰᠠᠴᠤᠯᠢ ᠡᠷᠬᠦᠨ᠂ ᠠᠯᠢᠪᠠ ᠦᠢᠯᠡᠰ ᠢᠶᠠᠨ ᠨᠠᠮᠠᠨᠴᠢᠯᠠᠨ ᠲᠠᠭᠠᠳᠬᠠᠵᠤ᠂ ᠬᠡᠰᠢᠭ ᠪᠤᠶᠠᠨ ᠢᠶᠠᠨ ᠬᠤᠷᠤᠶᠢᠯᠠᠨ ᠲᠠᠯᠠᠯᠭ᠎ᠠ ᠠᠪᠤᠪᠠᠯ ᠲᠠᠬᠢᠯᠭ᠎ᠠ ᠳᠡᠬᠦᠰᠳᠡᠭ᠃ ᠲᠠᠬᠢᠯᠭ᠎ᠠ ᠶᠢᠨ ᠶᠤᠰᠤ ᠤᠴᠢᠷ ᠢᠶᠠᠨ ᠬᠦᠢᠴᠡᠳᠬᠡᠪᠡᠯ ᠨᠠᠶᠢᠷ ᠤᠨ ᠲᠠᠯᠠᠪᠠᠢ ᠳᠠᠭᠠᠨ ᠪᠤᠴᠠᠨ ᠢᠷᠡᠵᠤ᠂ ᠮᠤᠩᠭᠤᠯᠴᠤᠳ ᠤᠨ ᠬᠦᠷ ᠬᠦᠭᠵᠢᠶᠡᠨ ᠲᠠᠢ ᠨᠠᠶᠢᠷ ᠨᠠᠭᠠᠳᠤᠮ ᠶᠠᠪᠤᠭᠳᠠᠵᠤ ᠡᠬᠢᠯᠡᠳᠡᠭ᠃ ᠡᠷ᠎ᠡ ᠎ ᠶᠢᠨ ᠭᠤᠷᠪᠠᠨ ᠨᠠᠭᠠᠳᠤᠮ ᠳᠤ ᠪᠦᠬᠡ ᠪᠠᠷᠢᠯᠳᠤᠬᠤ᠂ ᠮᠤᠷᠢ ᠤᠷᠤᠯᠳᠤᠬᠤ ᠪᠠᠷ ᠭᠤᠤᠯ ᠠᠭᠤᠯᠭ᠎ᠠ ᠪᠤᠯᠭᠠᠵᠤ᠂ ᠨᠤᠮᠤ ᠰᠤᠮᠤ ᠬᠠᠷᠪᠤᠬᠤ ᠮᠡᠳᠤ ᠶᠢᠨ ᠦᠨᠳᠤᠰᠤᠳᠠᠨ ᠤ ᠦᠪᠡᠷᠮᠢᠴᠠ ᠤᠨᠴᠠᠯᠢᠭ ᠲᠠᠢ ᠤᠷᠤᠯᠳᠤᠭᠠᠨ ᠶᠠᠪᠤᠭᠤᠯᠵᠤ᠂ ᠲᠡᠷᠢᠬᠦᠨ ᠲᠡᠳ᠋ ᠢ ᠰᠢᠯᠭᠠᠷᠠᠭᠤᠯᠤᠨ ᠱᠠᠩᠨᠠᠨ ᠬᠦᠬᠢᠬᠦᠯᠵᠤ᠂ ᠴᠤᠯᠠ ᠢᠷᠦᠬᠡᠯ ᠲᠠᠭᠤᠳᠠᠵᠤ᠂ ᠬᠠᠮᠳᠤ ᠪᠠᠷ ᠢᠶᠠᠨ ᠨᠠᠶᠢᠷ ᠪᠠᠶᠠᠷ ᠡᠬᠦᠰᠬᠡᠨ ᠤᠪᠤᠭ᠎ᠠ ᠰᠦᠯᠳᠠ ᠶᠢᠨ ᠢᠶᠠᠨ ᠨᠠᠪᠳᠠᠭ ᠰᠠᠪᠳᠠᠭ ᠢ ᠪᠠᠶᠠᠰᠬᠠᠳᠠᠭ ᠵᠠᠩᠰᠢᠯ ᠤᠳᠤ ᠪᠤᠯᠳᠠᠯ᠎ᠠ ᠤᠯᠠᠮᠵᠢᠯᠠᠭᠳᠠᠭᠰᠠᠭᠠᠷ ᠪᠠᠶᠢᠨ᠎ᠠ᠃
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号