ᠰᠢᠨ᠎ᠡ ᠬᠢᠴᠢᠶᠡᠯ ᠤᠨ ᠦᠬᠡᠷᠡᠴᠢᠯᠡᠯᠳᠡ ᠶᠢᠨ ᠲᠤᠬᠠᠢ ᠮᠦᠴᠢᠳ ᠦᠬᠦᠯᠡᠬᠦ ᠨᠢ
ᠨᠡᠶᠢᠲᠡᠯᠡᠭᠰᠡᠨ ᠴᠠᠭ᠄
2015/3/19
     ᠰᠢᠨ᠎ᠡ ᠬᠢᠴᠢᠶᠡᠯ ᠤᠨ ᠦᠬᠡᠷᠡᠴᠢᠯᠡᠯᠳᠡ ᠪᠤᠯ ᠰᠤᠷᠭᠠᠨ ᠬᠦᠮᠦᠵᠢᠯ ᠳᠤ ᠬᠢᠭᠰᠡᠨ ᠨᠢᠭᠡ ᠤᠳᠠᠭᠠᠨ ᠤ ᠬᠦᠨᠵᠡᠬᠡᠢ ᠦᠬᠡᠷᠡᠴᠢᠯᠡᠯᠳᠡ ᠮᠦᠨ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠬᠤ ᠪᠤᠯ ᠤᠳᠤᠬᠠᠨ ᠤ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠪᠦᠬᠡᠳ ᠪᠦᠬᠦᠶᠢᠯᠡ ᠦᠨᠳᠦᠰᠦᠳᠡᠨ ᠤ ᠬᠡᠪ ᠴᠢᠨᠠᠷ ᠢ ᠲᠡᠭᠡᠭᠰᠢᠯᠡᠬᠦᠯᠬᠦ ᠶᠢᠨ ᠴᠢᠬᠤᠯᠠ ᠬᠡᠷᠡᠭᠴᠡᠭᠡ ᠮᠦᠨ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠨᠢ ᠰᠤᠷᠤᠭᠴᠢᠳ ᠤᠨ ᠦᠪᠡᠷᠳᠡᠭᠡᠨ ᠰᠤᠷᠬᠤ ᠴᠢᠳᠠᠪᠦᠷᠢ᠂ ᠬᠠᠮᠵᠢᠯᠴᠠᠬᠤ ᠴᠢᠳᠠᠪᠦᠷᠢ᠂ ᠵᠤᠬᠢᠶᠠᠨ ᠪᠠᠶᠢᠭᠤᠯᠬᠤ ᠴᠢᠳᠠᠪᠦᠷᠢ ᠂ ᠦᠷᠢᠰᠦᠯᠳᠦᠬᠦ ᠴᠢᠳᠠᠪᠦᠷᠢ ᠶᠢ ᠲᠡᠭᠡᠭᠰᠢᠯᠡᠭᠦᠨᠬᠦ ᠳᠤ ᠭᠤᠤᠯ ᠬᠦᠴᠦ ᠪᠠᠨ ᠲᠠᠯᠪᠢᠵᠦ ᠪᠤᠢ᠃ ᠡᠨᠡ ᠨᠢ ᠶᠠᠭ ᠤᠳᠤ  ᠶᠢᠨ ᠴᠠᠭ ᠦᠶ᠎ᠡ ᠶᠢᠨ ᠤᠨᠴᠠᠯᠢᠭ᠂ ᠲᠡᠯᠡᠬᠡᠢ ᠨᠡᠶᠢᠳᠡ ᠶᠢᠨ ᠬᠦᠭᠵᠢᠯᠳᠡ ᠠᠴᠠ ᠰᠤᠷᠭᠠᠨ ᠬᠦᠮᠦᠵᠢᠯ ᠳᠤ ᠲᠠᠯᠪᠢᠵᠦ ᠪᠠᠶᠢᠭ᠎ᠠ ᠴᠢᠳᠠᠪᠦᠷᠢᠳᠠᠨ ᠬᠦᠮᠦᠵᠢᠬᠦᠯᠬᠦ ᠱᠠᠭᠠᠷᠳᠠᠯᠭ᠎ᠠ ᠳᠤ ᠨᠡᠶᠢᠴᠡᠭᠰᠡᠨ ᠶᠤᠮ᠃ ᠤᠳᠤᠬᠠᠨ ᠤ ᠰᠤᠷᠭᠠᠨ ᠬᠦᠮᠦᠵᠢᠯ  ᠨᠢ ᠰᠢᠯᠭᠠᠯᠳᠠ ᠶᠢ ᠠᠷᠭᠠᠴᠠᠬᠤ ᠰᠤᠷᠭᠠᠨ ᠬᠦᠮᠦᠵᠢᠯ ᠤᠨ ᠱᠠᠳᠤᠨ ᠠᠴᠠ ᠨᠢᠭᠡᠨᠳᠡ ᠰᠢᠯᠵᠢᠵᠦ ᠬᠡᠪ ᠴᠢᠨᠠᠷ ᠤᠨ ᠰᠤᠷᠭᠠᠨ ᠬᠦᠮᠦᠵᠢᠯ ᠤᠨ ᠱᠠᠳᠤᠨ ᠳᠤ ᠤᠷᠤᠵᠦ᠂ ᠵᠦᠪᠬᠡᠨ ᠮᠡᠳᠡᠯᠭᠡ ᠤᠯᠠᠮᠵᠢᠯᠠᠬᠤ ᠶᠢ ᠴᠢᠬᠤᠯᠠᠴᠢᠯᠠᠵᠦ ᠪᠠᠶᠢᠭᠰᠠᠨ  ᠠᠴᠠ ᠪᠠᠨ ᠰᠤᠷᠤᠭᠴᠢᠳ ᠤᠨ ᠡᠯ᠎ᠡ ᠲᠠᠯ᠎ᠠ ᠶᠢᠨ ᠴᠢᠳᠠᠪᠦᠷᠢ ᠶᠢ ᠬᠦᠮᠦᠵᠢᠬᠦᠯᠬᠦ ᠲᠡᠶᠢᠰᠢ ᠬᠠᠨᠳᠤᠵᠠᠢ᠃ ᠤᠯᠠᠮᠵᠢᠯᠠᠯᠳᠤ ᠰᠤᠷᠭᠠᠨ ᠬᠦᠮᠦᠵᠢᠯ ᠳᠤ ᠪᠠᠭᠰᠢ ᠶᠢᠨ ᠪᠠᠶᠢᠷᠢ ᠰᠠᠭᠤᠷᠢ ᠶᠢ ᠬᠠᠷᠢᠴᠠᠯᠠᠰᠢᠬᠦᠢ ᠶᠡᠬᠡᠰᠬᠡᠨ᠂ ᠪᠠᠭᠰᠢ ᠨᠢ ᠤᠳᠤᠷᠢᠳᠤᠭᠴᠢ᠂ ᠵᠠᠬᠢᠷᠤᠭᠴᠢ ᠶᠢᠨ ᠪᠠᠶᠢᠷᠢᠨ ᠳᠤ ᠪᠠᠶᠢᠵᠦ᠂ ᠰᠤᠷᠤᠭᠴᠢᠳ ᠶᠡᠷᠦᠨᠢ ᠲᠡᠳ᠋ᠯᠡᠬᠦ ᠪᠠᠶᠢᠷᠢᠨ ᠳᠤ ᠤᠷᠤᠰᠢᠳᠠᠭ᠃ ᠰᠢᠯᠠᠭᠠᠯᠳᠠ ᠶᠢ ᠠᠷᠭᠠᠴᠠᠬᠤ ᠰᠤᠷᠭᠠᠨ ᠬᠦᠮᠦᠵᠢᠯ ᠤᠨ ᠨᠦᠯᠦᠭᠡᠨ ᠲᠤᠤᠷ᠎ᠠ ᠰᠤᠷᠤᠭᠴᠢᠳ ᠵᠦᠪᠬᠡᠨ ︽ᠪᠢᠴᠢᠭ ᠰᠤᠷᠬᠤ ᠮᠠᠰᠢᠨ︾ ᠲᠡᠳᠦᠢ ᠪᠤᠯᠳᠠᠭ᠃ ᠡᠨᠡ ᠪᠤᠯ ᠦᠩᠭᠡᠷᠡᠭᠰᠡᠨ ᠤ ᠰᠤᠷᠭᠠᠨ ᠬᠦᠮᠦᠵᠢᠯ ᠤᠨ ᠨᠢᠭᠡ ᠶᠡᠭᠡ ᠠᠯᠳᠠᠰᠢ ᠶᠤᠮ᠃ ᠤᠤᠯ ᠤᠨ ᠵᠦᠪᠯᠡᠯᠳᠦ ᠶᠢᠨ ᠰᠤᠷᠭᠠᠨ ᠬᠦᠮᠦᠵᠢᠯᠳᠡᠨ ᠰᠤᠬᠤᠮᠯᠢᠨᠰᠺᠢ᠄ ︽ᠰᠤᠷᠭᠠᠨ ᠬᠦᠮᠦᠵᠢᠬᠦᠯᠬᠦ ᠮᠡᠷᠭᠡᠵᠢᠯ ᠪᠤᠯ ᠪᠠᠭᠰᠢ ᠰᠤᠷᠤᠭᠴᠢ ᠶᠢᠨ ᠤᠶᠤᠨ ᠰᠡᠳᠬᠢᠯᠭᠡ ᠶᠢᠨ ᠬᠠᠷᠢᠯᠴᠠᠭᠠᠨ ᠤ ᠨᠠᠶᠢᠷᠠᠮᠳᠠᠭᠤ ᠤᠷᠴᠢᠨ ᠠᠬᠤᠢ ᠶᠢ ᠪᠤᠢ ᠪᠤᠯᠭᠠᠬᠤ ᠶᠠᠪᠤᠳᠠᠯ ᠪᠤᠯᠤᠨ᠎ᠠ︾ ᠭᠡᠵᠦ ᠬᠡᠯᠡᠭᠰᠡᠨ ᠶᠤᠮ᠃ ᠪᠠᠭᠰᠢ ᠠᠴᠠ ᠰᠤᠷᠤᠭᠴᠢᠳ  ᠤᠨ ᠲᠤᠳᠤᠭᠠᠳᠤ ᠶᠢᠷᠳᠢᠨᠴᠦ ᠶᠢᠨ ᠴᠤᠩᠬᠤ ᠶᠢ ᠦᠨᠡᠨᠬᠦ ᠨᠡᠭᠡᠭᠡᠵᠦ᠂ ᠰᠤᠷᠤᠭᠴᠢᠳ ᠤᠨ ᠢᠳᠡᠭᠡᠯ ᠪᠢᠰᠢᠷᠡᠯ ᠪᠠ ᠬᠦᠨᠳᠦᠳᠭᠡᠯ ᠢ ᠤᠯᠤᠮᠠᠨᠵᠢᠨ ᠰᠠᠶ᠋ᠢ ᠪᠠᠭᠰᠢ ᠰᠤᠷᠤᠭᠴᠢ ᠶᠢᠨ ᠬᠠᠷᠢᠴᠠᠭᠠᠨ ᠤ ᠪᠠᠳᠤ ᠰᠠᠭᠤᠷᠢ ᠶᠢ ᠲᠠᠯᠪᠢᠵᠦ ᠴᠢᠳᠠᠳᠠᠭ᠃ ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠨᠢ ᠰᠤᠷᠤᠭᠴᠢᠳ ᠢᠶᠠᠷ ᠭᠤᠤᠯ ᠴᠤᠭᠴᠠ ᠪᠤᠯᠭᠠᠵᠦ ᠪᠠᠭᠰᠢ ᠭᠤᠤᠯᠳᠠᠭᠤ ᠵᠢᠯᠤᠭᠤᠳᠬᠤ ᠦᠢᠯᠡᠳᠦᠯ ᠦᠵᠡᠭᠦᠯᠳᠡᠭ᠂ ᠲᠡᠭᠦᠨ ᠤ ᠭᠤᠤᠯ ᠬᠠᠷᠠᠯᠳᠠ ᠶᠢ ︽ᠠᠩ  ᠤᠨ ᠮᠢᠬ᠎ᠠ ᠦᠭᠬᠦ ᠪᠠᠷ ᠠᠪᠠ ᠶᠢᠨ ᠠᠷᠭ᠎ᠠ ᠵᠢᠭᠠᠨ᠎ᠠ︾ ᠭᠡᠳᠡᠭ ᠵᠦᠢᠷ ᠰᠡᠴᠡᠨ ᠦᠬᠡ ᠪᠠᠷ ᠬᠤᠷᠢᠶᠠᠩᠭᠤᠶᠢᠯᠠᠵᠦ ᠪᠤᠯᠤᠨ᠎ᠠ᠃ ᠲᠠᠷᠤᠢ ᠰᠤᠷᠤᠭᠴᠢᠳ ᠲᠤ ᠮᠡᠳᠡᠯᠭᠡ ᠤᠯᠠᠮᠵᠢᠯᠠᠬᠤ ᠳᠤ ᠮᠡᠳᠡᠯᠭᠡ ᠰᠤᠷᠬᠤ ᠠᠷᠭ᠎ᠠ ᠶᠢ ᠨᠢ ᠵᠢᠭᠠᠨ᠎ᠠ᠃      ᠨᠢᠭᠡ᠂ ᠰᠢᠨ᠎ᠡ ᠬᠢᠴᠢᠶᠡᠯ ᠤᠨ ᠦᠭᠡᠷᠡᠴᠢᠯᠡᠯᠳᠡ ᠶᠢᠨ ᠭᠤᠤᠯ ᠡᠬᠦᠷᠭᠡ ᠨᠢ ᠰᠤᠷᠤᠭᠴᠢᠳ ᠢ ᠰᠤᠷᠭᠠᠭᠤᠯᠢ ᠳᠤ ᠪᠠᠶᠢᠬᠤ ᠬᠤᠭᠤᠴᠠᠭᠠᠨ ᠳᠤ ᠵᠤᠬᠢᠬᠤ ᠬᠡᠮᠵᠢᠶᠡᠨ ᠤ ᠮᠡᠳᠡᠯᠭᠡ ᠶᠢᠨ ᠪᠦᠳᠦᠴᠡ᠂ ᠤᠶᠤᠨ ᠤ ᠴᠢᠳᠠᠪᠤᠷᠢ ᠶᠢᠨ ᠪᠦᠳᠦᠴᠡ ᠲᠠᠢ ᠪᠤᠯᠭᠠᠬᠤ ᠪᠠᠷ ᠪᠠᠷᠠᠬᠤ ᠦᠬᠡᠢ᠂ ᠬᠤᠶᠢᠰᠢᠳᠡ ᠦᠷᠭᠦᠯᠵᠢᠯᠡᠨ ᠰᠤᠷᠤᠯᠴᠠᠵᠦ ᠴᠢᠳᠠᠬᠤ᠂ ᠦᠪᠡᠷᠳᠡᠭᠡᠨ ᠰᠤᠷᠬᠤ ᠴᠢᠳᠠᠪᠦᠷᠢ ᠲᠠᠢ ᠪᠤᠯᠭᠠᠨ ᠬᠦᠮᠦᠵᠢᠬᠦᠯᠦᠨ᠎ᠡ᠃ ᠪᠠᠭᠰᠢ ᠨᠠᠷ ᠵᠢᠭᠠᠨ ᠰᠤᠷᠭᠠᠬᠤ ᠭᠤᠤᠯ ᠬᠦᠴᠦ  ᠪᠠᠨ ᠬᠢᠴᠢᠶᠡᠯ ᠲᠦᠰᠦᠪᠯᠡᠬᠦ ᠳᠤ ᠲᠠᠯᠪᠢᠵᠦ ᠬᠢᠴᠢᠶᠡᠯ ᠤᠨ ᠭᠤᠷᠮᠤᠰᠤᠨ ᠬᠠᠷᠠᠯᠳᠠ ᠪᠠᠨ ᠲᠤᠭᠳᠠᠭᠠᠵᠦ᠂ ᠭᠤᠤᠯᠳᠠᠯᠭ᠎ᠠ ᠬᠦᠴᠢᠷᠳᠡᠯᠭᠡ ᠪᠠᠨ ᠲᠤᠳᠤᠷᠬᠠᠶᠢᠯᠠᠭᠰᠠᠨ ᠤᠷᠢᠳᠠᠯ ᠲᠤᠤᠷ᠎ᠠ᠂ ᠰᠤᠷᠤᠯᠴᠠᠬᠤ ᠠᠭᠤᠯᠭ᠎ᠠ ᠪᠠᠨ ᠬᠡᠷᠬᠢᠨ ᠵᠤᠬᠢᠰᠳᠠᠢ ᠡᠰᠭᠡᠨ ᠪᠠᠶᠢᠷᠢᠰᠢᠭᠤᠯᠵᠦ᠂ ᠰᠤᠷᠤᠭᠴᠢ ᠶᠢᠨ ᠬᠦᠯᠢᠶᠡᠨ ᠠᠪᠬᠤ ᠬᠢᠷᠢ ᠬᠡᠮᠵᠢᠶᠡᠨ ᠳᠤ ᠨᠡᠶᠢᠴᠡᠭᠰᠡᠨ᠂ ᠪᠡᠶᠡᠯᠡᠬᠦᠯᠵᠦ ᠴᠢᠳᠠᠬᠤ ᠠᠵᠢᠯᠯᠠᠭᠠᠨ ᠪᠤᠯᠭᠠᠨ ᠬᠤᠪᠢᠷᠠᠭᠤᠯᠬᠤ ᠳᠤ ᠲᠠᠷᠢᠬᠢ ᠰᠢᠪᠬᠠᠪᠠᠯ ᠵᠦᠢᠳᠠᠢ︕ ᠤᠨᠴᠠᠭᠠᠶᠢᠯᠠᠨ ᠰᠤᠷᠤᠭᠴᠢᠳ ᠢ ᠰᠤᠷᠤᠯᠴᠠᠬᠤ ᠶᠠᠪᠤᠴᠠ ᠳᠤ ᠬᠠᠷᠢᠯᠴᠠᠨ ᠬᠠᠪᠰᠤᠷᠤᠯᠴᠠᠵᠦ ᠬᠠᠷᠢᠯᠴᠠᠨ ᠵᠤᠷᠢᠭᠵᠢᠭᠤᠯᠬᠤ ᠪᠠᠷ ᠲᠠᠮᠵᠢᠨ᠂ ᠲᠡᠳᠡᠨ ᠤ ᠦᠭᠡᠳᠡᠯᠡᠨ ᠲᠠᠪᠰᠢᠬᠤ ᠬᠦᠰᠡᠯ᠂ ᠠᠮᠵᠢᠯᠳᠠ ᠤᠯᠬᠤ ᠤᠮᠤᠭᠰᠢᠯ᠂ ᠬᠤᠪᠢ ᠨᠡᠮᠡᠷᠢ᠂ ᠦᠨ᠎ᠡ ᠦᠷᠳᠡᠭ ᠢᠶᠠᠨ ᠲᠠᠨᠢᠵᠦ ᠢᠯᠡᠷᠡᠭᠦᠯᠬᠦ᠂ ᠰᠠᠶᠢᠨ ᠰᠠᠶᠢᠬᠠᠨ ᠬᠦᠰᠡᠯ ᠡᠷᠡᠮᠡᠯᠵᠡᠯ᠂ ᠦᠵᠡᠯᠳᠡ ᠲᠠᠨᠢᠯᠳᠠ ᠲᠠᠢ ᠪᠤᠯᠭᠠᠨ ᠬᠠᠮᠳᠤ ᠨᠡᠶᠢᠳᠡᠴᠢ ᠤᠬᠠᠮᠰᠠᠷ᠂ ᠦᠪᠡᠷ ᠤᠨ ᠦᠷᠳᠡᠭ ᠤᠨ ᠦᠵᠡᠯᠳᠡ ᠪᠠᠨ ᠲᠡᠭᠡᠭᠰᠢᠯᠡᠭᠦᠯᠬᠦ ᠳᠤ ᠨᠢ ᠨᠡᠩ ᠬᠦᠴᠦ ᠲᠠᠯᠪᠢᠬᠤ ᠬᠡᠷᠡᠭᠳᠠᠢ᠃      ᠬᠤᠶᠠᠷ᠂ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠪᠠᠷ ᠦᠷ᠎ᠡ ᠠᠰᠢᠭᠳᠤ ᠬᠦᠳᠡᠯᠭᠡᠭᠡᠨ ᠢ ᠵᠤᠬᠢᠶᠠᠨ ᠪᠠᠶᠢᠭᠤᠯᠬᠤ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠨᠢ ᠦᠩᠭᠡᠷᠡᠭᠰᠡᠨ ᠤ ᠲᠡᠷᠡᠬᠦ ᠲᠠᠭᠤ ᠴᠢᠮᠡᠭᠡ ᠦᠬᠡᠢ᠂ ᠴᠢᠩᠭ᠎ᠠ ᠲᠦᠪᠯᠡᠭᠦᠨ ᠠᠭᠤᠷ ᠠᠮᠢᠰᠬᠤᠯ ᠤᠨ ᠲᠤᠤᠷ᠎ᠠ ᠪᠠᠭᠰᠢ ᠶᠢᠨ ᠲᠠᠰᠤᠷᠠᠯ ᠦᠬᠡᠢ ᠨᠤᠷᠰᠢᠬᠤ ᠶᠢ ᠠᠩᠬᠠᠷᠤᠨ ᠰᠤᠨᠤᠰᠴᠦ ᠪᠠᠶᠢᠭᠰᠠᠨ ᠠᠴᠠ ᠪᠠᠨ ᠨᠢᠭᠡᠨᠳᠡ ᠬᠦᠷ ᠬᠦᠭᠵᠢᠶᠡᠨ ᠲᠠᠢ ᠠᠭᠤᠷ ᠠᠮᠢᠰᠬᠤᠯ ᠢᠶᠠᠷ ᠪᠢᠯᠬᠠᠭᠰᠠᠨ ᠬᠢᠴᠢᠶᠡᠯ ᠤᠨ ᠲᠠᠩᠬᠢᠮ ᠳᠤ ᠪᠠᠭᠰᠢ ᠨᠢ ᠴᠦᠬᠡᠨ ᠶᠠᠷᠢᠵᠦ᠂ ᠰᠤᠷᠤᠭᠴᠢ ᠨᠢ ᠬᠦᠳᠡᠯᠭᠡᠭᠡᠨ ᠬᠢᠳᠡᠯ ᠲᠠᠢ᠂ ᠤᠯᠠᠨ ᠶᠠᠷᠢᠵᠦ᠂ ᠠᠷᠪᠢᠨ ᠢ ᠲᠤᠷᠰᠢᠬᠤ ᠶᠢ ᠴᠢᠬᠤᠯᠠᠴᠢᠯᠠᠬᠤ ᠪᠤᠯᠵᠠᠢ᠃ ᠭᠡᠪᠡᠴᠦ ᠡᠨᠡᠬᠦ ᠰᠤᠷᠬᠤ ᠬᠦᠳᠡᠯᠭᠡᠭᠡᠨ ᠨᠢ ᠨᠢᠭᠡᠮᠦᠰᠦᠨ ᠬᠡᠳᠦ ᠴᠢᠮᠡᠭᠯᠡᠵᠦ ᠶᠠᠩᠵᠦ ᠭᠠᠷᠭᠠᠭᠰᠠᠨ ᠬᠡᠢ ᠬᠠᠭᠤᠷᠮᠠᠭ ᠬᠦᠳᠡᠯᠭᠡᠭᠡᠨ ᠪᠢᠰᠢ᠂ ᠬᠠᠷᠢᠨ ᠬᠠᠪᠰᠤᠷᠤᠯᠴᠠᠬᠤ ᠴᠢᠬᠤᠯᠠ ᠲᠠᠢ ᠪᠤᠯ ᠬᠠᠮᠵᠢᠯᠴᠠᠭᠤᠯᠵᠦ᠂ ᠬᠡᠯᠪᠡᠷᠢ ᠶᠢ ᠭᠠᠭᠴᠠ ᠬᠦᠭᠡᠭᠡᠴᠡᠯᠳᠦᠬᠦ ᠶᠠᠪᠤᠳᠠᠯ ᠪᠢᠰᠢ᠃ ︽ᠦᠩᠭᠡᠨ ᠲᠡᠭᠡᠷ᠎ᠡ ᠪᠠᠨ ᠬᠦᠭᠵᠢᠶᠡᠨ ᠲᠠᠢ ᠶᠢ ᠦᠨᠡᠨ ᠬᠦ ᠰᠤᠷᠤᠯᠴᠠᠵᠠᠢ ᠭᠡᠵᠦ ᠪᠤᠤ ᠢᠳᠡᠭᠡ᠂ ᠠᠯᠠᠭ᠎ᠠ ᠤᠯᠠᠨ ᠲᠠᠪᠰᠢᠵᠦ ᠯᠠ ᠪᠠᠶᠢᠪᠠᠯ ᠶᠡᠭᠡ ᠬᠦᠷᠢᠶᠡᠯᠡᠵᠦ ᠪᠠᠶᠢᠨ᠎ᠠ ᠭᠡᠵᠦ ᠪᠤᠤ ᠢᠳᠡᠭᠡ᠂ ᠴᠢᠮᠡᠭᠡ ᠦᠬᠡᠢ ᠰᠠᠭᠤᠭᠠᠳ ᠪᠤᠳᠤᠯᠬᠢᠯᠠᠬᠤ ᠶᠢ ᠴᠢᠬᠤᠯᠠ ᠦᠬᠡᠢ ᠬᠡᠮᠡᠨ ᠪᠤᠤ ᠰᠠᠨᠠ︾ ᠭᠡᠵᠦ ᠵᠠᠷᠢᠮ ᠰᠤᠷᠭᠠᠨ ᠬᠦᠮᠦᠵᠢᠯᠳᠡᠨ ᠶᠠᠷᠢᠵᠦ ᠦᠩᠭᠡᠷᠡᠭᠰᠡᠨ ᠪᠠᠶᠢᠨ᠎ᠠ᠃ ᠡᠶᠢᠮᠦ ᠠᠴᠠ᠂ ᠡᠨᠡᠬᠦ ᠰᠤᠷᠬᠤ ᠬᠦᠳᠡᠯᠭᠡᠭᠡᠨ ᠨᠢ ᠰᠤᠷᠤᠭᠴᠢ ᠶᠢᠨ ᠪᠤᠳᠠᠳᠠᠢ ᠲᠠᠢ ᠬᠠᠮᠤᠭ ᠲᠤᠬᠢᠷᠠᠯᠴᠠᠭᠰᠠᠨ ᠬᠡᠯᠪᠡᠷᠢ ᠶᠢ ᠰᠤᠩᠭᠤᠵᠦ᠂ ᠬᠠᠮᠤᠭ ᠰᠠᠶᠢᠨ ᠦᠷ᠎ᠡ ᠪᠦᠳᠦᠮᠵᠢ ᠶᠢ ᠲᠡᠮᠡᠴᠡᠨ ᠤᠯᠬᠤ ᠪᠠᠷ ᠴᠢᠷᠮᠠᠶᠢᠭᠰᠠᠨ ᠪᠠᠶᠢᠬᠤ ᠬᠡᠷᠡᠭᠳᠠᠢ᠃ ᠡᠬᠦᠨ ᠳᠤ ᠪᠠᠭᠰᠢ ᠠᠴᠠ ᠬᠦᠳᠦᠯᠦᠨ ᠵᠢᠯᠤᠭᠤᠳᠬᠤ ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠪᠠᠶᠠᠷ ᠬᠦᠷ ᠲᠠᠢ ᠪᠠᠷ ᠰᠤᠷᠤᠯᠴᠠᠭᠤᠯᠬᠤ ᠪᠤᠯ ᠬᠢᠴᠢᠶᠡᠯ ᠤᠨ ᠦᠷ᠎ᠡ ᠠᠰᠢᠭ ᠢ ᠲᠡᠭᠡᠭᠰᠢᠯᠡᠬᠦᠯᠬᠦ ᠶᠢᠨ ᠵᠠᠩᠭᠢᠯᠠᠭ᠎ᠠ ᠪᠤᠯᠤᠨ᠎ᠠ᠃ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠬᠢᠴᠢᠶᠡᠯ ᠤᠨ ᠲᠠᠩᠬᠢᠮ ᠢ ᠬᠦᠷ ᠬᠦᠭᠵᠢᠶᠡᠨ ᠲᠠᠢ᠂ ᠰᠤᠷᠤᠭᠴᠢᠳ ᠢ ᠪᠠᠶᠠᠷ ᠪᠠᠶᠠᠰᠤᠯ ᠲᠠᠢ ᠲᠠᠷᠤᠭᠠᠰᠤ ᠦᠬᠡᠢ ᠰᠤᠷᠤᠯᠴᠠᠭᠤᠯᠤᠨ᠂ ᠰᠤᠷᠤᠯᠴᠠᠯᠭ᠎ᠠ  ᠶᠢᠨ ᠵᠢᠩᠬᠢᠨᠢ ᠬᠠᠪᠤ ᠴᠡᠩᠬᠡᠯ ᠢ ᠰᠤᠷᠤᠭᠴᠢ ᠪᠤᠯᠭᠠᠨ ᠳᠤ ᠬᠦᠷᠳᠡᠭᠡᠬᠦ ᠬᠡᠷᠡᠭᠳᠠᠢ ᠭᠡᠵᠦ ᠴᠢᠬᠤᠯᠠᠴᠢᠯᠠᠭᠰᠠᠨ ᠪᠠᠶᠢᠳᠠᠭ᠃      ᠭᠤᠷᠪᠠ᠂ ᠰᠢᠨ᠎ᠡ ᠬᠢᠴᠢᠶᠡᠯ ᠤᠨ ᠦᠬᠡᠷᠡᠴᠢᠯᠡᠯᠳᠡ ᠨᠢ ᠪᠦᠬᠦ ᠰᠤᠷᠤᠭᠴᠢᠳ ᠲᠤ ᠬᠠᠨᠳᠤᠭᠰᠠᠨ ᠪᠠᠶᠢᠬᠤ ᠬᠡᠷᠡᠭᠳᠠᠢ᠃ ᠡᠨᠡ ᠨᠢ ᠬᠡᠯᠡᠬᠦ ᠳᠤ ᠠᠮᠠᠷ ᠪᠤᠯᠪᠠᠴᠦ ᠬᠢᠬᠦ ᠳᠤ ᠬᠦᠴᠢᠷ ᠪᠠᠶᠢᠳᠠᠭ᠃ ᠡᠶᠢᠮᠦ ᠠᠴᠠ᠂ ᠶᠠᠭᠤᠨ ᠤ ᠤᠷᠢᠳ ᠪᠠᠭᠰᠢ ᠪᠤᠯᠤᠭᠰᠠᠳ ᠰᠤᠷᠤᠭᠴᠢᠳ ᠢᠶᠠᠨ ᠨᠠᠷᠢᠯᠢᠭ ᠰᠠᠶᠢᠨ ᠦᠢᠯᠠᠭᠠᠭᠰᠠᠨ ᠰᠠᠭᠤᠷᠢᠨ ᠲᠡᠭᠡᠷ᠎ᠡ᠄ ︵1︶ ᠰᠤᠷᠤᠭᠴᠢ ᠪᠦᠬᠦᠨ ᠢ ᠬᠠᠷᠠᠭᠠᠯᠵᠠᠨ᠎ᠠ︔ ︵2︶ ᠰᠤᠷᠤᠭᠴᠢ ᠶᠢᠨ ᠤᠷᠮ᠎ᠠ ᠪᠠ ᠰᠡᠳᠬᠢᠯᠭᠡ ᠶᠢ ᠬᠠᠷᠠᠭᠠᠯᠵᠠᠨ᠎ᠠ︔ ︵3︶ ᠰᠤᠷᠤᠭᠴᠢ ᠶᠢᠨ ᠴᠢᠳᠠᠪᠦᠷᠢ ᠶᠢᠨ ᠯᠤᠳᠤ ᠶᠡᠭᠡ ᠲᠠᠯᠳᠠ ᠬᠦᠴᠦᠨ ᠢ ᠲᠠᠳᠠᠨ ᠭᠠᠷᠭᠠᠨ᠎ᠠ᠃ ᠡᠨᠡ ᠨᠢ ᠪᠠᠭᠰᠢ ᠶᠢᠨ ᠲᠤᠰ ᠪᠡᠶ᠎ᠡ ᠶᠢᠨ ᠬᠡᠪ ᠪᠤᠯᠪᠠᠰᠤᠷᠠᠯ ᠲᠠᠢ ᠰᠢᠭᠤᠳ ᠬᠤᠯᠪᠤᠭᠳᠠᠬᠤ ᠲᠤᠯᠠ ᠵᠢᠭᠠᠨ ᠰᠤᠷᠭᠠᠬᠤ ᠶᠠᠪᠤᠴᠠ ᠳᠤ ᠪᠠᠨ ᠤᠯᠠᠨ ᠲᠠᠯᠠᠳᠤ᠂ ᠬᠠᠮᠤᠭ ᠤᠨ ᠨᠠᠷᠢᠯᠢᠭ ᠪᠤᠳᠠᠳᠤ ᠠᠵᠢᠯᠯᠠᠭᠠᠨ ᠢ ᠰᠠᠨᠠᠭᠠᠴᠢᠯᠠᠭ᠎ᠠ ᠲᠠᠢ ᠦᠷᠨᠢᠬᠦᠯᠵᠦ᠂ ᠪᠠᠭᠰᠢ ᠪᠠ ᠰᠤᠷᠤᠭᠴᠢ ᠶᠢᠨ ᠬᠠᠷᠢᠴᠠᠭ᠎ᠠ ᠶᠢ ᠰᠢᠨ᠎ᠡ ᠮᠠᠶ᠋ᠢᠭ ᠤᠨ ᠬᠡᠪ ᠪᠤᠯᠪᠠᠰᠤᠷᠠᠯ ᠲᠠᠢ ᠠᠭᠤᠷ ᠠᠮᠢᠰᠬᠤᠯᠳᠤ ᠤᠷᠴᠢᠨ ᠲᠤᠭᠤᠷᠢᠨ ᠪᠤᠯᠭᠠᠨ ᠦᠬᠡᠷᠡᠴᠢᠯᠡᠵᠦ᠂ ᠰᠤᠷᠤᠭᠴᠢᠳ ᠪᠤᠯ ︽ᠬᠦᠭᠵᠢᠯᠳᠡ ᠳᠤ ᠬᠢ ᠬᠦᠮᠦᠨ ᠂ ᠤᠨᠴᠠᠭᠠᠢ ᠬᠦᠮᠦᠨ᠂ ᠪᠡᠶ᠎ᠡ ᠪᠠᠨ ᠲᠠᠭᠠᠭᠠᠭᠰᠠᠨ ᠤᠳᠬ᠎ᠠ ᠠᠭᠤᠯᠭ᠎ᠠ ᠲᠠᠢ ᠬᠦᠮᠦᠨ︾ ᠭᠡᠳᠡᠭ ᠢ ᠵᠦᠪ ᠲᠠᠨᠢᠬᠤ ᠨᠢ ᠲᠦᠢᠯ ᠤᠨ ᠴᠢᠬᠤᠯᠠ ᠶᠤᠮ᠂ ᠰᠤᠷᠤᠭᠴᠢ ᠪᠦᠬᠦᠨ ᠤ ᠲᠠᠪᠠᠭᠤᠯᠢᠭ ᠲᠠᠯ᠎ᠠ᠂ ᠨᠢᠭᠤᠭᠳᠠᠮᠠᠯ ᠬᠦᠴᠦᠨ ᠢ ᠲᠠᠶᠢᠴᠢᠯᠠᠬᠤ ᠮᠦᠷᠳᠡᠭᠡᠨ ᠦᠪᠡᠷᠮᠢᠴᠡ ᠴᠢᠨᠠᠷ ᠢ ᠪᠠᠳᠠᠷᠠᠭᠤᠯᠬᠤ ᠬᠡᠷᠡᠭᠳᠠᠢ᠃ ᠢᠩᠬᠢᠪᠡᠯ ᠰᠠᠶ᠋ᠢ ᠤᠳᠤᠬᠠᠨ ᠤ ᠬᠢᠴᠢᠶᠡᠯ ᠤᠨ ᠦᠬᠡᠷᠡᠴᠢᠯᠡᠯᠳᠡ ᠶᠢᠨ ᠪᠦᠬᠦᠯᠢ ᠴᠤᠭᠴᠠᠳᠤ ᠴᠢᠨᠠᠷ ᠢ ᠠᠳᠬᠤᠵᠦ᠂ ᠬᠡᠪ ᠴᠢᠨᠠᠷ ᠤᠨ ᠰᠤᠷᠭᠠᠨ ᠬᠦᠮᠦᠵᠢᠯ ᠤᠨ ᠵᠤᠷᠢᠯᠭ᠎ᠠ ᠳᠤ ᠬᠦᠷᠴᠦ ᠲᠡᠶᠢᠯᠦᠨ᠎ᠡ᠂ ᠤᠳᠤᠬᠢ ᠨᠡᠶᠢᠬᠡᠮ ᠤᠨ ᠬᠡᠷᠡᠭᠴᠡᠭᠡ ᠪᠦᠬᠦᠨ ᠳᠤ ᠲᠤᠬᠢᠷᠠᠭᠰᠠᠨ ᠴᠢᠳᠠᠪᠦᠷᠢᠳᠠᠨ  ᠢ ᠬᠦᠮᠦᠵᠢᠬᠦᠯᠬᠦ ᠳᠤ ᠦᠨᠡᠨᠬᠦ ᠦᠢᠯᠡᠴᠢᠯᠡᠵᠦ ᠴᠢᠳᠠᠨ᠎ᠠ᠃ ᠡᠶᠢᠮᠦ ᠠᠴᠠ ︽ᠰᠤᠷᠤᠭᠴᠢ ᠨᠢᠭᠡᠪᠦᠷᠢ ᠶᠢᠨ ᠬᠦᠭᠵᠢᠯᠳᠡ  ᠶᠢᠨ ᠲᠦᠯᠦᠭᠡ︾ ᠭᠡᠳᠡᠭ ᠪᠤᠯ ᠰᠢᠨ᠎ᠡ ᠬᠢᠴᠢᠶᠡᠯ ᠤᠨ ᠭᠤᠤᠯ ᠴᠢᠮᠦᠭᠡ ᠮᠦᠨ᠃      ᠲᠦᠷᠪᠡ᠂ ᠰᠤᠷᠤᠭᠴᠢ ᠪᠠᠨ ᠦᠢᠯᠡᠭᠠᠵᠦ᠂ ᠰᠤᠷᠤᠭᠴᠢ ᠪᠠᠨ ᠬᠠᠶᠢᠷᠠᠯᠠᠨ᠂ ᠲᠡᠳᠡᠨ ᠤ ᠦᠪᠡᠷ ᠢ ᠪᠠᠨ ᠬᠦᠨᠳᠦᠳᠬᠡᠭᠦ ᠰᠡᠳᠬᠢᠯᠭᠡ ᠶᠢ ᠬᠦᠨᠳᠦᠳᠬᠡᠭᠦ ᠬᠡᠷᠡᠭᠳᠠᠢ᠃ ᠪᠠᠭᠰᠢ ᠰᠤᠷᠤᠭᠴᠢ ᠡᠷᠬᠡ ᠲᠡᠭᠰᠢ᠂ ᠠᠷᠠᠳᠴᠢᠯᠠᠯ ᠲᠠᠢ᠂ ᠡᠶ᠎ᠡ ᠵᠤᠬᠢᠴᠠᠩᠭᠤᠢ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠪᠤᠢ ᠪᠤᠯᠭᠠᠬᠤ ᠪᠤᠯ ᠬᠢᠴᠢᠶᠡᠯ ᠤᠨ ᠦᠷ᠎ᠡ ᠠᠰᠢᠭ ᠢ ᠲᠡᠭᠡᠭᠰᠢᠯᠡᠬᠦᠯᠬᠦ ᠶᠢᠨ ᠰᠠᠭᠤᠷᠢ ᠶᠤᠮ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠳᠤ ᠪᠠᠭᠰᠢ ᠰᠤᠷᠤᠭᠴᠢ ᠡᠷᠬᠡ ᠲᠡᠭᠰᠢ᠂ ᠡᠶ᠎ᠡ ᠵᠤᠬᠢᠴᠠᠩᠭᠤᠢ ᠪᠠᠶᠢᠬᠤ ᠶᠢ ᠲᠤᠯᠭᠠᠮ᠎ᠠ ᠱᠠᠭᠠᠷᠳᠠᠵᠦ ᠪᠤᠢ᠃ ︽ᠬᠠᠶᠢᠷ᠎ᠠ ᠦᠬᠡᠢ ᠪᠤᠯ ᠰᠤᠷᠭᠠᠨ ᠬᠦᠮᠦᠵᠢᠯ ᠪᠠᠶᠢᠬᠤ ᠦᠬᠡᠢ︾ ᠶᠤᠮ᠃ ᠰᠤᠷᠤᠭᠴᠢᠳ ᠢ ᠬᠠᠶᠢᠷᠠᠯᠠᠬᠤ ᠭᠡᠪᠡᠯ ᠵᠠᠪᠠᠯ ᠰᠤᠷᠤᠭᠴᠢᠳ ᠢ ᠬᠦᠨᠳᠦᠳᠬᠡᠨ᠂ ᠲᠡᠳᠡᠨ ᠢ ᠢᠳᠡᠭᠡᠵᠦ᠂ ᠲᠡᠳᠡᠨ ᠢ ᠦᠢᠯᠠᠭᠠᠨ᠂ ᠢᠳᠡᠪᠬᠢᠳᠠᠢ ᠮᠦᠷᠳᠡᠭᠡᠨ ᠬᠦᠳᠡᠯᠦᠩᠭᠦᠢ ᠪᠠᠷ ᠲᠡᠳᠡᠨ ᠲᠠᠢ ᠦᠢᠷᠠᠳᠤᠨ᠂ ᠲᠡᠳᠡᠨ ᠤ ᠦᠨᠡᠨ ᠰᠡᠳᠬᠢᠯ ᠤᠨ ᠨᠠᠶᠢᠵᠠ ᠪᠤᠯᠬᠤ ᠬᠡᠷᠡᠭᠳᠠᠢ᠃      ᠲᠠᠪᠤ᠂ ᠰᠤᠷᠤᠭᠴᠢᠳ ᠤᠨ ᠪᠦᠳᠦᠭᠡᠯᠴᠢ ᠴᠢᠳᠠᠪᠦᠷᠢ᠂ ᠰᠢᠨ᠎ᠡ ᠶᠢ ᠡᠭᠦᠳᠬᠦ ᠴᠢᠳᠠᠪᠦᠷᠢ ᠶᠢ ᠬᠦᠮᠦᠵᠢᠬᠦᠯᠬᠦ ᠪᠤᠯ ᠬᠢᠴᠢᠶᠡᠯ ᠤᠨ ᠦᠷ᠎ᠡ ᠠᠰᠢᠭ ᠢ ᠲᠡᠭᠡᠭᠰᠢᠯᠡᠬᠦᠯᠬᠦ ᠶᠢᠨ ᠵᠤᠷᠢᠯᠭ᠎ᠠ ᠮᠦᠨ᠃ ᠰᠤᠨᠢᠷᠬᠠᠯᠳᠠᠢ ᠠᠰᠠᠭᠤᠯᠳᠠ ᠪᠠᠷ ᠰᠤᠷᠤᠭᠴᠢᠳ ᠤᠨ ᠤᠷᠮᠠᠰ ᠢ ᠲᠠᠶᠢᠴᠢᠯᠠᠵᠦ᠂ ᠰᠡᠳᠬᠢᠬᠦᠢ ᠶᠢ ᠬᠦᠭᠵᠢᠬᠦᠯᠦᠨ᠂ ᠬᠤᠯᠪᠤᠨ ᠪᠤᠳᠤᠯᠳᠠ ᠶᠢ ᠠᠬᠢᠭᠤᠯᠵᠦ᠂ ᠮᠡᠳᠡᠯᠭᠡ ᠴᠢᠳᠠᠪᠦᠷᠢ ᠶᠢ ᠬᠦᠮᠦᠵᠢᠬᠦᠯᠬᠦ ᠵᠤᠷᠢᠯᠭ᠎ᠠ ᠳᠤ ᠪᠠᠨ ᠬᠦᠷᠬᠦ ᠶᠢ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠴᠢᠬᠤᠯᠠᠴᠢᠯᠠᠵᠠᠢ᠃ ᠵᠦᠪᠬᠡᠨ ᠪᠠᠭᠰᠢ ᠠᠴᠠ ᠠᠰᠠᠭᠤᠯᠳᠠ ᠲᠤᠷᠠᠳᠬᠤ ᠪᠢᠰᠢ᠂ ᠰᠤᠷᠤᠭᠴᠢᠳ ᠤᠨ ᠴᠢᠯᠦᠭᠡᠳᠠᠢ ᠠᠰᠠᠭᠤᠯᠳᠠ ᠲᠤᠷᠠᠳᠬᠤ ᠶᠢ ᠵᠤᠷᠢᠭᠵᠢᠭᠤᠯᠬᠤ ᠪᠦᠭᠡᠳ ᠨᠡᠩ ᠴᠤ ᠲᠡᠳᠡᠨ ᠤ ᠠᠰᠠᠭᠤᠳᠠᠯ ᠰᠡᠢᠳᠪᠦᠷᠢᠯᠡᠬᠦ ᠶᠢ ᠬᠦᠬᠢᠬᠦᠯᠦᠨ᠎ᠡ᠃ ᠠᠮᠧᠷᠢᠺᠠ ᠶᠢᠨ ᠰᠤᠷᠭᠠᠨ ᠬᠦᠮᠦᠵᠢᠯᠳᠡᠨ ᠪᠦᠯᠦᠺ ︽ᠵᠢᠭᠠᠨ ᠰᠤᠷᠭᠠᠬᠤ ᠬᠠᠮᠤᠭ ᠤᠨ ᠬᠦᠨ ᠨᠠᠷᠢᠨ ᠤᠷᠠᠯᠢᠭ ᠪᠤᠯ ᠰᠤᠷᠤᠭᠴᠢᠳ ᠢ ᠬᠤᠪᠢ ᠪᠠᠷ ᠨᠢ ᠠᠰᠠᠭᠤᠯᠳᠠ ᠲᠤᠷᠠᠳᠤᠭᠤᠯᠤᠨ᠎ᠠ︾ ᠭᠡᠵᠦ ᠬᠡᠯᠡᠭᠰᠡᠨ ᠶᠤᠮ᠃ ᠠᠰᠠᠭᠤᠳᠠᠯ ᠲᠤᠷᠠᠳᠬᠤ ᠨᠢ ᠠᠰᠠᠭᠤᠳᠠᠯ ᠢ ᠵᠠᠳᠠᠯᠵᠦ᠂ ᠠᠰᠠᠭᠤᠳᠠᠯ ᠢ ᠰᠡᠢᠳᠪᠦᠷᠢᠯᠡᠬᠦ ᠶᠢᠨ ᠤᠷᠢᠳᠠᠯ ᠪᠦᠭᠡᠳ ᠰᠠᠭᠤᠷᠢ ᠶᠤᠮ᠃ ᠠᠯᠳᠠᠷᠳᠤ ᠹᠢᠽᠢᠺ ᠤᠨ ᠤᠬᠠᠭᠠᠨᠳᠠᠨ ᠶᠠᠩ ᠵᠧᠨ ᠨᠢᠩ ᠫᠷᠤᠹᠧᠰᠰᠤᠷ᠄ ︽ᠲᠤᠮᠳᠠᠳᠤ ᠤᠯᠤᠰ ᠤᠨ ᠰᠤᠷᠤᠭᠴᠢᠳ  ᠤᠨ ᠰᠤᠷᠤᠯᠭ᠎ᠠ ᠶᠢᠨ ᠬᠢᠷᠢ ᠪᠦᠳᠦᠮᠵᠢ ᠨᠢ ᠨᠡᠶᠢᠳᠡᠮ ᠳᠤ ᠪᠠᠨ ᠰᠠᠶᠢᠨ᠃ ᠭᠡᠪᠡᠴᠦ ᠲᠡᠳᠡᠨ ᠤ ᠬᠠᠮᠤᠭ ᠤᠨ ᠬᠦᠷᠦᠯᠴᠡᠬᠦ ᠦᠬᠡᠢ ᠲᠠᠯ᠎ᠠ ᠨᠢ ᠠᠰᠠᠭᠤᠯᠳᠠ ᠲᠤᠷᠳᠬᠤ ᠳᠤ ᠪᠠᠨ ᠴᠢᠳᠠᠮᠠᠭᠠᠢ ᠪᠤᠰᠤ᠂ ᠪᠦᠳᠦᠭᠡᠯᠴᠢ ᠵᠤᠷᠢᠭ ᠰᠠᠨᠠᠭ᠎ᠠ ᠲᠤᠳᠠᠮᠠᠭ︾ ᠭᠡᠵᠦ ᠶᠠᠷᠢᠭᠰᠠᠨ ᠪᠠᠶᠢᠳᠠᠭ᠃ ᠡᠶᠢᠮᠦ ᠠᠴᠠ᠂ ᠰᠤᠷᠤᠭᠴᠢᠳ ᠤᠨ ︽ᠶᠠᠭᠠᠬᠢᠵᠦ ᠠᠰᠠᠭᠤᠬᠤ︾ ᠲᠡᠭᠡᠷ᠎ᠡ ᠬᠦᠴᠦ ᠪᠠᠨ ᠲᠠᠯᠪᠢᠵᠦ᠂ ︽ᠠᠰᠠᠭᠤᠯᠳᠠ ᠶᠢ ᠬᠡᠷᠬᠢᠨ ᠰᠡᠳᠬᠢᠬᠦ︾ ᠶᠢ ᠵᠢᠯᠤᠭᠤᠳᠤᠨ᠂ ᠰᠤᠷᠤᠭᠴᠢᠳ ᠤᠨ ᠪᠦᠳᠦᠭᠡᠯᠴᠢ ᠴᠢᠳᠠᠪᠦᠷᠢ ᠪᠠ ᠰᠢᠨ᠎ᠡ ᠶᠢ ᠡᠭᠦᠳᠬᠦ ᠴᠢᠳᠠᠪᠦᠷᠢ ᠶᠢ ᠴᠢᠷᠮᠠᠶᠢᠨ ᠲᠡᠭᠡᠭᠰᠢᠯᠡᠬᠦᠯᠬᠦ ᠴᠢᠬᠤᠯᠠᠳᠠᠢ᠃      ᠶᠡᠷᠦᠩᠬᠡᠶᠢᠯᠡᠪᠡᠯ᠂ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢᠨ ᠶᠠᠪᠤᠴᠠ ᠳᠤ᠂ ᠪᠤᠯᠤᠯᠴᠠᠭ᠎ᠠ ᠪᠦᠬᠦᠢ ᠤᠯᠠᠨ ᠵᠦᠢᠯ ᠤᠨ ᠬᠡᠯᠪᠡᠷᠢ ᠪᠠᠷ ᠲᠡᠳᠡᠨ ᠳᠤ ᠬᠦᠷᠳᠡᠪᠡᠰᠦ ᠵᠤᠬᠢᠬᠤ ᠮᠡᠳᠡᠯᠭᠡ ᠶᠢ ᠬᠦᠷᠳᠡᠭᠡᠬᠦ ᠮᠦᠷᠳᠡᠭᠡᠨ ᠲᠡᠳᠡᠨ ᠤ ᠪᠦᠳᠦᠬᠡᠯᠴᠢ ᠴᠢᠳᠠᠪᠦᠷᠢ᠂ ᠨᠢᠭᠤᠭᠳᠠᠮᠠᠯ ᠬᠦᠴᠦᠨ ᠢ ᠬᠦᠢᠴᠡᠳ ᠨᠡᠭᠡᠭᠡᠬᠦ ᠬᠡᠷᠡᠭᠳᠠᠢ᠃ ᠡᠨᠡ ᠪᠤᠯ ᠰᠢᠨ᠎ᠡ ᠴᠠᠭ ᠦᠶ᠎ᠡ  ᠶᠢᠨ ᠪᠠᠭᠰᠢ ᠨᠠᠷ ᠤᠨ ᠲᠦᠯᠬᠢᠵᠦ ᠪᠤᠯᠤᠰᠢ ᠦᠬᠡᠢ ᠬᠠᠷᠢᠭᠤᠴᠠᠯᠭ᠎ᠠ ᠪᠤᠯᠤᠨ᠎ᠠ᠃ ᠪᠢᠳᠡ ᠵᠦᠪᠬᠡᠨ ᠰᠤᠷᠤᠭᠴᠢᠳ ᠤᠨ ᠭᠤᠷᠪᠠᠨ ᠵᠢᠯ ᠤᠨ ᠰᠤᠷᠤᠯᠭ᠎ᠠ ᠳᠤ ᠬᠠᠷᠢᠭᠤᠴᠠᠬᠤ ᠪᠢᠰᠢ᠂ ᠬᠠᠷᠢᠨ ᠭᠤᠴᠢᠨ ᠵᠢᠯ ᠤᠨ ᠲᠠᠷᠠᠭᠠᠬᠢ ᠨᠡᠶᠢᠭᠡᠮ ᠨᠡᠶᠢᠳᠡ  ᠳᠤ ᠶᠠᠮᠠᠷ ᠬᠤᠪᠢ ᠨᠡᠮᠡᠷᠢ ᠲᠠᠢ ᠬᠦᠮᠦᠨ ᠢ ᠬᠦᠮᠦᠵᠢᠬᠦᠯᠬᠦ ᠪᠤᠯ ᠰᠠᠶ᠋ᠢ ᠮᠠᠨ ᠤ ᠵᠢᠩᠬᠢᠨᠢ ᠵᠤᠷᠢᠯᠭ᠎ᠠ ᠪᠠᠶᠢᠬᠤ ᠶᠤᠰᠤᠳᠠᠢ
 
ᠢᠷᠡᠯᠲᠡ᠄ ᠤᠯᠠᠭᠠᠨᠬᠠᠳᠠ ᠮᠤᠩᠭᠤᠯ ᠦᠨᠳᠤᠰᠤᠳᠠᠨ ᠤ ᠲᠤᠮᠳᠠᠳᠤ ᠰᠤᠷᠭᠠᠭᠤᠯᠢ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号