ᠤᠰᠤ ᠶᠢ ᠠᠮᠢ ᠪᠠᠨ ᠰᠢᠭ᠋ ᠬᠠᠶᠢᠷᠠᠯᠠᠵᠦ ᠬᠠᠮᠠᠭᠠᠯᠠᠶ᠎ᠠ
ᠨᠡᠶᠢᠲᠡᠯᠡᠭᠰᠡᠨ ᠴᠠᠭ᠄
2015/3/23
       3 ᠰᠠᠷ᠎ᠠ ᠶᠢᠨ 22᠎ ᠤᠨ ᠡᠳᠦᠷ ᠪᠤᠯ ︽ᠳᠡᠯᠡᠭᠡᠢ ᠶᠢᠨ ᠤᠰᠤᠨ ᠤ ᠡᠳᠦᠷ︾᠂ ᠮᠦᠨᠴᠤ ᠲᠤᠮᠳᠠᠳᠤ ᠤᠯᠤᠰ ᠤᠨ ᠤᠰᠤᠨ ᠤ ᠭᠠᠷᠠᠭ ᠤᠨ ᠡᠬᠢᠯᠡᠯᠳᠠ ᠶᠢᠨ ᠡᠳᠦᠷ ᠪᠤᠯᠤᠨ᠎ᠠ᠃ ︽ᠤᠰᠤ ᠪᠤᠯᠤᠨ ᠦᠷᠭᠦᠯᠵᠢᠯᠡᠭᠦ ᠬᠦᠭᠵᠢᠯᠳᠠ︾ ᠪᠤᠯ ᠨᠡᠨ ᠵᠢᠯ ᠤᠨ ︽ᠳᠡᠯᠡᠭᠡᠢ ᠶᠢᠨ ᠤᠰᠤᠨ ᠤ ᠡᠳᠦᠷ︾᠎ ᠤᠨ ᠭᠤᠤᠯ ᠰᠡᠳᠦᠪ᠂ ︽ᠲᠤᠮᠳᠠᠳᠤ ᠤᠯᠤᠰ ᠤᠨ ᠤᠰᠤᠨ ᠤ ᠭᠠᠷᠠᠭ︾᠎ ᠎ ᠤᠨ ᠭᠤᠤᠯ ᠰᠡᠳᠦᠪ ᠨᠢ ︽ᠤᠰᠤᠨ ᠤ ᠡᠬᠢ ᠰᠤᠷᠪᠤᠯᠵᠢ ᠶᠢ ᠠᠷᠪᠢᠯᠡᠨ᠂ ᠤᠰᠤᠨ ᠤ ᠠᠮᠤᠷ ᠲᠦᠪᠰᠢᠨ ᠢ ᠪᠠᠳᠤᠯᠠᠨ᠎ᠠ ︾᠃       ᠤᠰᠤ ᠪᠤᠯ ᠠᠮᠢ ᠠᠮᠢᠵᠢᠷᠠᠯ ᠤᠨ ᠡᠬᠢ᠂ ᠤᠰᠤ ᠠᠴᠠ ᠰᠠᠯᠪᠠᠯ ᠬᠦᠮᠦᠨ ᠠᠮᠢᠳᠠᠠ ᠤᠷᠤᠰᠢᠵᠤ ᠠᠮᠢᠳᠤᠷᠠᠬᠤ ᠶᠢᠨ ᠠᠷᠭ᠎ᠠ ᠦᠬᠡᠢ ᠪᠤᠯᠳᠠᠭ ᠨᠢ ᠮᠠᠳᠡᠬᠡᠵᠢ᠃ ᠨᠡᠶᠢᠭᠡᠮ ᠠᠵᠤ ᠠᠬᠤᠢ ᠶᠢᠨ ᠬᠦᠭᠵᠢᠯᠳᠠ ᠶᠢ ᠳᠠᠭᠠᠯᠳᠤᠨ ᠤᠰᠤ ᠲᠤᠳᠠᠬᠳᠠᠬᠤ ᠪᠤᠶᠤ ᠤᠰᠤᠨ ᠤ ᠴᠢᠨᠠᠷ ᠮᠠᠭᠤᠳᠠᠬᠤ ᠦᠵᠡᠭᠳᠡᠯ ᠪᠠᠶᠢᠨ ᠲᠠᠬᠢᠨ ᠢᠯᠡᠷᠡᠵᠤ᠂ ᠤᠰᠤᠨ ᠤ ᠤᠷᠴᠢᠨ ᠲᠤᠭᠤᠷᠢᠨ ᠤ ᠪᠤᠬᠢᠷᠳᠤᠯ ᠨᠢ ᠠᠮᠢ ᠨᠠᠰᠤ ᠪᠠ ᠠᠮᠢ ᠠᠬᠤᠢ ᠳᠤ ᠰᠢᠭᠤᠳ ᠰᠦᠷᠳᠡᠭᠦᠯᠦᠯ ᠪᠤᠯᠵᠤ ᠪᠠᠶᠢᠭ᠎ᠠ᠃       ᠤᠰᠤᠨ ᠤ ᠡᠬᠢ ᠰᠤᠷᠪᠤᠯᠵᠢ ᠬᠤᠮᠰᠠᠳᠡᠨ᠂ ᠤᠰᠤᠨ ᠤ ᠴᠢᠨᠠᠷ ᠮᠠᠭᠤᠳᠠᠵᠤ ᠪᠠᠶᠢᠭ᠎ᠠ ᠠᠰᠠᠭᠤᠳᠡᠯ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠦᠷᠭᠦᠯᠵᠢᠯᠡᠭᠦ ᠬᠦᠭᠵᠢᠯᠳᠠ ᠶᠢ ᠰᠢᠭᠤᠳ ᠨᠦᠯᠦᠭᠡᠯᠡᠵᠤ ᠪᠠᠶᠢᠭ᠎ᠠ ᠶᠢ ᠪᠤᠳᠠᠳᠤ ᠶᠠᠪᠤᠳᠠᠯ ᠪᠠᠳᠤ ᠬᠡᠷᠡᠴᠢᠯᠡᠨ᠎ᠠ᠃ ᠮᠠᠨ ᠤ ᠤᠯᠤᠰ ᠤᠨ ᠬᠦᠮᠦᠨ ᠲᠤᠮᠳᠠᠴᠢ ᠳᠤ ᠨᠤᠬᠳᠠᠬᠤ ᠴᠡᠩᠭᠡᠭ ᠤᠰᠤ 2100 ᠪᠤᠰᠤᠭ᠎ᠠ ᠳᠦᠷᠪᠡᠯᠵᠢᠨ ᠮᠧᠲᠷ ᠪᠠᠶᠢᠵᠤ᠂ ᠳᠡᠯᠡᠭᠡᠢ ᠶᠢᠨ ᠲᠤᠮᠳᠠᠴᠢ ᠲᠦᠪᠰᠢᠨ ᠤ 28% ᠤᠷᠴᠢᠮ ᠯᠡ ᠪᠠᠶᠢᠳᠠᠭ᠃ ᠮᠠᠨ ᠤ ᠤᠯᠤᠰ ᠤᠨ 7 ᠶᠡᠭᠡ ᠰᠠᠪᠠ ᠭᠠᠵᠠᠷ ᠤᠨ 1/3᠎ ᠶᠢᠨ ᠤᠰᠤᠨ ᠤ ᠴᠢᠨᠠᠷ ᠪᠠᠷᠢᠮᠵᠢᠶ᠎ᠠ ᠳᠤ ᠡᠰᠡ ᠬᠦᠷᠴᠦ᠂ ᠭᠠᠵᠠᠷ ᠲᠤᠤᠷᠠᠬᠢ ᠤᠰᠤᠨ ᠤ ᠴᠢᠨᠠᠷ ᠨᠡᠯᠢᠶᠠᠳ ᠮᠠᠭᠤ ᠪᠠ ᠮᠠᠰᠢ ᠮᠠᠭᠤ ᠪᠠᠶᠢᠬᠤ ᠨᠤᠷᠮ᠎ᠠ 60%᠎ ᠲᠤ ᠬᠦᠷᠴᠤ᠂ 3 ᠳ᠋ᠥᠡᠭᠰᠢᠭᠤᠷ ᠬᠦᠮᠦᠠ ᠤ ᠤᠤᠭᠤᠬᠤ ᠤᠰᠤ ︽ᠠᠶᠤᠯ︾᠎ ᠳᠤ ᠤᠴᠠᠷᠠᠪᠠ᠃       ᠤᠰᠤ ᠬᠡᠵᠤ ᠠᠪᠤᠭᠠᠳ ᠪᠠᠷᠠᠰᠢ ᠦᠬᠡᠢ ᠠᠰᠢᠭᠯᠠᠭᠠᠳ ᠳᠠᠭᠤᠰᠤᠰᠢ ᠦᠬᠡᠢ ᠶᠠᠭᠤᠮ᠎ᠠ ᠪᠢᠰᠢ᠃ ᠤᠨᠴᠠᠭᠠᠢᠢᠯᠡᠨ ᠭᠠᠩ ᠬᠠᠭᠤᠷᠠᠢ ᠬᠠᠭᠠᠰ ᠭᠠᠩ ᠬᠠᠭᠤᠷᠠᠢ ᠤᠷᠤᠨ ᠳᠤ ᠠᠮᠢᠳᠤᠷᠠᠵᠤ ᠪᠠᠶᠢᠭ᠎ᠠ ᠮᠠᠨ ᠤ ᠤᠷᠤᠨ ᠳᠤ ᠠᠪᠴᠤ ᠬᠡᠯᠡᠪᠡᠯ᠂ ᠤᠰᠤ ᠨᠢ ᠵᠠᠷᠢᠮ ᠳᠠᠭᠠᠨ ᠲᠤᠰᠤ ᠠᠴᠠ ᠬᠤᠪᠤᠷ ᠴᠤᠬᠠᠭ ᠪᠤᠯᠳᠠᠭ ᠴᠦ ᠭᠡᠯᠳᠡᠢ᠃ ᠤᠢᠢᠷ᠎ᠠ ᠶᠢᠨ 10 ᠵᠢᠯ ᠳᠤ᠂ ᠠᠵᠤ ᠦᠢᠯᠡᠳᠪᠦᠷᠢᠵᠢᠯᠳᠠ᠂ ᠬᠤᠳᠠ ᠪᠠᠯᠭᠠᠰᠤᠵᠢᠯᠳᠠ ᠶᠢᠨ ᠬᠦᠭᠵᠢᠯᠳᠠ ᠶᠢ ᠳᠠᠭᠠᠯᠳᠤᠨ᠂ ᠮᠠᠨ ᠤ ᠤᠷᠤᠨ ᠤ ᠭᠠᠵᠠᠷ ᠳᠤᠤᠷᠠᠬᠢ ᠤᠰᠤᠨ ᠤ ᠶᠡᠷᠦᠩᠭᠡᠢ ᠭᠡᠮᠵᠢᠶ᠎ᠠ 7%᠎ ᠢᠶᠠᠷ ᠪᠠᠭᠠᠰᠤᠭᠰᠡᠨ ᠪᠠᠶᠢᠳᠠᠯ᠎ᠠ ᠤᠰᠤᠨ ᠤ ᠬᠡᠷᠡᠭᠴᠡᠭᠡ ᠬᠠᠷᠢᠨ 40%᠎ ᠢᠶᠠᠷ ᠨᠡᠮᠡᠭᠳᠡᠭᠰᠡᠨ ᠪᠠᠶᠢᠨ᠎ᠠ᠃ ᠮᠠᠨ ᠤ ᠤᠷᠤᠨ ᠤ ᠵᠢᠯ ᠪᠦᠷᠢ ᠲᠤᠳᠠᠭᠳᠠᠵᠤ ᠪᠠᠶᠢᠭ᠎ᠠ ᠤᠰᠤᠨ ᠤ ᠭᠡᠮᠵᠢᠶ᠎ᠠ 10 ᠳ᠋ᠦᠩᠰᠢᠭᠤᠷ ᠪᠤᠰᠤᠭ᠎ᠠ ᠳᠦᠷᠪᠡᠯᠵᠢᠨ ᠮᠧᠲᠷ ᠲᠤ ᠬᠦᠷᠴᠤ᠂ ᠤᠷᠤᠰᠬᠠᠯ ᠲᠠᠰᠤᠷᠠᠭᠰᠡᠨ ᠭᠤᠤᠯ ᠮᠦᠷᠡᠨ᠂ ᠬᠠᠳᠠᠵᠤ ᠰᠢᠷᠬᠢᠭᠰᠡᠨ ᠨᠠᠭᠤᠷ ᠴᠦᠭᠦᠷᠦᠮ ᠵᠢᠯ ᠠᠴᠠ ᠵᠢᠯ ᠨᠡᠮᠡᠭᠳᠡᠵᠤ ᠯᠠ ᠪᠤᠢ᠃       ᠤᠰᠤ ᠪᠠᠶᠢᠮᠠᠨᠵᠢᠨ ᠠᠮᠢ ᠨᠠᠰᠤ ᠦᠷᠭᠦᠯᠵᠢᠯᠡᠬᠦ ᠤᠴᠢᠷᠳᠠᠢ᠃ ᠭᠡᠳᠠᠯ᠎ᠠ ᠪᠤᠬᠢᠷ ᠤᠰᠤ᠂ ᠤᠨᠴᠠᠭᠠᠢᠢᠯᠡᠨ ᠠᠵᠤ ᠦᠢᠯᠡᠳᠪᠦᠷᠢ ᠶᠢᠨ ᠬᠠᠶᠠᠬᠳᠠᠮᠡᠯ ᠡᠳ᠋ ᠲᠤ ᠪᠤᠬᠢᠷᠳᠤᠭᠰᠡᠨ ᠤᠰᠤ ᠠᠮᠢᠳᠠᠨ ᠭᠤᠤᠯᠳᠠᠨ ᠢ ᠰᠦᠨᠦᠭᠡᠬᠦ ᠬᠡᠮᠵᠢᠶᠡᠨ ᠳᠤ ᠬᠦᠷᠴᠦ ᠪᠠᠶᠢᠨ᠎ᠠ᠃ ᠤᠰᠤ ᠶᠢ ᠬᠠᠶᠢᠷᠠᠯᠠᠵᠤ ᠬᠠᠮᠠᠭᠠᠯᠠᠬᠤ ᠪᠤᠯ ᠪᠦᠮᠪᠦᠷᠴᠡᠭ ᠳᠤᠰᠬᠤᠨ ᠤ ︽ᠠᠷᠠᠳ︾᠎ ᠤᠨ ᠬᠠᠷᠢᠭᠤᠴᠠᠯᠭ᠎ᠠ᠂ ᠤᠰᠤᠨ ᠤ ᠡᠬᠢ ᠰᠤᠷᠪᠤᠯᠵᠢ ᠶᠢᠨ ᠪᠤᠬᠢᠷᠳᠤᠯ ᠤᠨ ᠡᠬᠢ ᠶᠢ ᠰᠡᠷᠭᠡᠶᠢᠯᠡᠨ ᠵᠠᠰᠠᠬᠤ᠂ ᠪᠤᠬᠢᠷᠳᠤᠯ ᠤᠰᠤ ᠶᠢ ᠴᠡᠪᠡᠷᠰᠢᠭᠦᠯᠦᠨ ᠲᠠᠬᠢᠨ ᠠᠰᠢᠬᠯᠠᠬᠤ᠂ ᠭᠠᠵᠠᠷ ᠲᠤᠤᠷᠠᠬᠢ ᠤᠰᠤᠨ ᠤ ᠪᠤᠬᠢᠷᠳᠤᠯ ᠢ ᠰᠡᠷᠭᠡᠶᠢᠯᠡᠨ ᠬᠤᠷᠢᠬᠯᠠᠬᠤ ᠵᠡᠷᠬᠡ ᠪᠤᠯ ᠬᠦᠮᠦᠨ ᠳᠦᠷᠦᠯᠬᠢᠳᠠᠨ ᠤ ᠵᠠᠪᠠᠯ ᠬᠢᠬᠦ ᠴᠢᠬᠤᠯᠠᠳᠠᠢ ᠬᠠᠳᠠᠭᠤ ᠡᠬᠦᠷᠬᠡ ᠪᠠᠶᠢᠵᠤ ᠳᠠᠭᠠᠷᠠᠨ᠎ᠠ᠃       ︽ᠤᠰᠤᠨ ᠤ ᠡᠬᠢ ᠰᠤᠷᠪᠤᠯᠵᠢ ᠶᠢ ᠠᠷᠪᠢᠯᠡᠨ᠂ ᠤᠰᠤᠨ ᠤ ᠠᠮᠤᠷ ᠲᠦᠪᠰᠢᠨ ᠢ ᠪᠠᠳᠤᠯᠠᠨ᠎ᠠ︾ ᠭᠡᠵᠤ ᠲᠤᠷᠠᠳᠤᠬᠰᠡᠨ ᠶᠤᠰᠤᠭᠠᠷ᠂ ᠬᠢᠵᠠᠭᠠᠷ ᠲᠠᠢ ᠤᠰᠤᠨ ᠤ ᠡᠬᠢ ᠰᠤᠷᠪᠤᠯᠵᠢ ᠪᠠᠨ ᠠᠮᠢ ᠭᠤᠤᠯ ᠢᠶᠠᠨ ᠰᠢᠬ ᠬᠠᠶᠢᠷᠠᠯᠠᠨ ᠬᠠᠮᠠᠭᠠᠯᠠᠵᠤ ᠶᠠᠪᠤᠶ᠎ᠠ᠂ ᠪᠦᠬᠦᠳᠡᠬᠡᠷ ᠢᠶᠠᠨ᠃ 
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号