| | ᠰᠤᠷᠭᠠᠨ ᠬᠦᠮᠦᠵᠢᠯ ᠤᠨ ᠶᠠᠮᠤᠨ ᠤ ᠤᠢᠢᠷ᠎ᠠ ᠶᠢᠨ ᠡᠳᠦᠷ ᠨᠡᠶᠢᠳᠡᠯᠡᠭᠰᠡᠨ ︽2015 ᠤᠨ ᠤ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠬᠤ ᠪᠢᠴᠢᠭ ᠤᠨ ᠬᠤᠯᠪᠤᠭᠳᠠᠯ ᠪᠦᠬᠦᠢ ᠶᠠᠪᠤᠳᠠᠯ ᠤᠨ ᠲᠤᠬᠠᠢ ᠮᠡᠳᠡᠭᠳᠡᠯ︾ ᠢ | ᠦᠨᠳᠦᠰᠦᠯᠡᠪᠡᠯ᠂ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠭᠡᠯᠡ ᠪᠢᠴᠢᠭ᠂ ᠲᠡᠦᠭᠡ᠂ ᠶᠤᠰᠤ ᠮᠤᠷᠠᠯ ᠵᠡᠷᠭᠡ | ᠭᠤᠷᠪᠡᠨ ᠬᠢᠴᠢᠶᠡᠯ ᠤᠨ ᠵᠢᠭᠠᠬᠤ ᠮᠡᠲ᠋ᠧᠷᠢᠶᠠᠯ ᠢ 2015 ᠤᠨ ᠳᠤ ᠰᠤᠯᠢᠬᠤ ᠦᠭᠡᠢ᠂ ᠤᠤᠯ ᠤᠨ ᠭᠡᠪᠯᠡᠯ ᠤᠨ | ᠬᠤᠷᠢᠶ᠎ᠠ ᠠᠴᠠ ᠭᠡᠪᠯᠡᠭᠰᠡᠨ ᠬᠢᠴᠢᠶᠡᠯ ᠤᠨ ᠪᠠᠷᠢᠮᠵᠢᠶ᠎ᠠ ᠶᠢᠨ ᠲᠤᠷᠰᠢᠯᠳᠠ ᠶᠢᠨ ᠵᠢᠭᠠᠬᠤ ᠮᠡᠲ᠋ᠧᠷᠢᠶᠠᠯ ᠢ ᠦᠷᠬᠦᠯᠵᠢᠯᠠᠨ | ᠭᠡᠷᠡᠭᠯᠡᠨ᠎ᠡ᠃ | ᠮᠡᠳᠡᠭᠳᠡᠯ ᠳᠤ᠂ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠶᠤᠰᠤ ᠮᠤᠷᠠᠯ᠂ ᠬᠡᠯᠡ ᠪᠢᠴᠢᠭ᠂ ᠲᠡᠤᠬᠡ | ᠵᠡᠷᠭᠡ ᠭᠤᠷᠪᠡᠨ ᠬᠢᠴᠢᠶᠡᠯ ᠤᠨ ᠪᠦᠷᠢᠨ ᠲᠦᠬᠦᠷ ᠵᠢᠭᠠᠬᠤ ᠮᠡᠲ᠋ᠧᠷᠢᠶᠠᠯ ᠢ ᠲᠤᠭᠤᠷᠪᠢᠬᠤ᠂ ᠵᠠᠰᠠᠯᠳᠠ ᠤᠷᠤᠭᠤᠯᠬᠤ | ᠠᠵᠢᠯ ᠬᠠᠷᠠᠬᠠᠨ ᠳᠠᠭᠤᠰᠤᠭ᠎ᠠ ᠦᠭᠡᠢ ᠪᠤᠯᠬᠤᠷ᠂ ᠡᠨᠡ ᠭᠤᠷᠪᠡᠨ ᠬᠢᠴᠢᠶᠡᠯ ᠮᠦᠨᠬᠦ ᠤᠤᠯ ᠤᠨ ᠭᠡᠪᠯᠡᠯ ᠤᠨ | ᠬᠤᠷᠢᠶ᠎ᠠ ᠠᠴᠠ ᠬᠡᠪᠯᠡᠭᠰᠡᠨ ᠵᠢᠭᠠᠬᠤ ᠮᠡᠲ᠋ᠧᠷᠢᠶᠠᠯ ᠢ ᠦᠷᠬᠦᠯᠵᠢᠯᠡᠨ ᠭᠡᠷᠡᠭᠯᠡᠨ᠎ᠡ᠂ ᠪᠤᠰᠤᠳ ᠵᠢᠭᠠᠬᠤ ᠮᠠᠲᠧᠷᠢᠶᠠᠯ ᠢᠶᠠᠷ | ᠰᠤᠯᠢᠵᠦ ᠪᠤᠯᠬᠤ ᠦᠭᠡᠢ᠃ ᠡᠬᠦᠨ ᠤ ᠵᠡᠷᠬᠡᠪᠡᠷ᠂ ᠬᠡᠪ ᠤᠨ ᠶᠤᠰᠤᠨ ᠤ ᠰᠤᠷᠭᠠᠨ ᠬᠦᠮᠦᠵᠢᠯ ᠤᠨ ᠡᠮᠬᠢ ᠲᠢᠭᠯᠢᠮ ᠢ | ᠪᠠᠳᠤᠯᠠᠬᠤ ᠶᠢᠨ ᠲᠤᠯᠠᠳᠠ᠂ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠡᠲ᠋ᠧᠷᠢᠶᠠᠯ ᠤᠨ ᠭᠡᠷᠡᠭᠯᠡᠯᠳᠠ ᠶᠢ | ᠲᠤᠭᠳᠠᠭᠤᠨ ᠪᠠᠶᠢᠯᠭᠠᠬᠤ ᠶᠢ ᠪᠠᠳᠤᠯᠠᠬᠤ ᠶᠢᠨ ᠲᠤᠯᠠᠳᠠ᠂ ᠵᠢᠭᠠᠬᠤ ᠮᠡᠲ᠋ᠧᠷᠢᠶᠠᠯ ᠢ ᠰᠤᠯᠢᠬᠤ ᠴᠢᠬᠤᠯᠠ ᠲᠠᠢ ᠪᠤᠯ᠂ | ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠡᠲ᠋ᠧᠷᠢᠶᠠᠯ ᠢ ᠰᠤᠩᠭᠤᠨ ᠭᠡᠷᠡᠭᠯᠡᠬᠦ ᠬᠤᠯᠪᠤᠭᠳᠠᠯ ᠪᠦᠬᠦᠢ ᠲᠤᠭᠳᠠᠭᠠᠯ ᠢ | ᠴᠢᠩᠭ᠎ᠠ ᠵᠢᠷᠤᠮᠯᠠᠨ ᠭᠡᠷᠡᠭᠵᠢᠬᠦᠯᠬᠦ ᠬᠡᠷᠡᠭᠳᠡᠢ᠂ ᠵᠢᠭᠠᠬᠤ ᠮᠡᠲ᠋ᠧᠷᠢᠶᠠᠯ ᠢ ᠬᠡᠪᠯᠡᠨ ᠦᠢᠯᠡᠳᠬᠦ᠂ ᠲᠠᠷᠬᠠᠭᠠᠬᠤ ᠵᠡᠷᠭᠡ ᠳᠤ | ᠭᠦᠢᠴᠡᠳ ᠴᠠᠭ ᠬᠤᠭᠤᠴᠠᠭ᠎ᠠ ᠦᠯᠡᠳᠡᠭᠡᠵᠦ᠂ ᠬᠢᠴᠢᠶᠡᠯ ᠡᠬᠢᠯᠡᠬᠦ ᠠᠴᠠ ᠡᠮᠦᠨ᠎ᠠ ᠵᠢᠭᠠᠬᠤ ᠮᠡᠲ᠋ᠧᠷᠢᠶᠠᠯ ᠢᠶᠠᠨ | ᠤᠯᠬᠤ ᠶᠢ ᠪᠠᠳᠤᠯᠠᠬᠤ ᠭᠡᠷᠡᠭᠲᠡᠢ ᠭᠡᠪᠡ᠃ | | |