ᠰᠣᠷᠭᠠᠨ ᠬᠦᠮᠦᠵᠢᠯ ᠤᠨ ᠦᠭᠡᠷᠡᠴᠢᠯᠡᠯᠳᠡ
ᠨᠡᠶᠢᠲᠡᠯᠡᠭᠰᠡᠨ ᠴᠠᠭ᠄
2015/3/9
     ᠡᠨᠡ ᠵᠢᠯ ᠪᠦᠬᠦ ᠣᠯᠣᠰ ᠤᠨ ᠴᠢᠨᠠᠷᠳᠠᠢ ᠬᠤᠪᠢ ᠨᠡᠮᠡᠬᠦ ᠲᠦᠷᠦ ᠶᠢᠨ ᠪᠣᠳᠣᠯᠭ᠎ᠠ ᠶᠢᠨ ᠵᠣᠷᠢᠬᠵᠢᠭᠤᠯᠣᠯ ᠤᠨ ᠵᠦᠢᠯ ᠢ ᠪᠦᠬᠦᠨ ᠢ ᠬᠦᠴᠣᠨ ᠦᠭᠡᠢ ᠪᠣᠯᠭᠠᠵᠣ᠂ ᠵᠦᠪᠬᠡᠨ ᠲᠡᠳᠬᠦᠯᠳᠡ ᠶᠢᠨ ᠴᠢᠨᠠᠷᠳᠠᠢ ᠲᠦᠷᠦ ᠶᠢᠨ ᠪᠣᠳᠣᠯᠭ᠎ᠠ ᠶᠢ ᠦᠯᠡᠳᠡᠭᠡᠵᠣ᠂ ᠪᠠᠰᠠ ᠨᠢᠬᠡ ᠪᠦᠯᠦᠭ ᠣᠷᠣᠨ ᠨᠣᠳᠤᠭ ᠤᠨ ᠴᠢᠨᠠᠷᠳᠠᠢ ᠬᠤᠪᠢ ᠨᠡᠮᠡᠬᠦ ᠲᠦᠷᠦ ᠶᠢᠨ ᠪᠣᠳᠣᠯᠭ᠎ᠠ ᠶᠢᠨ ᠠᠷᠪᠠᠨ ᠤ ᠵᠢᠷᠭᠤᠭᠠᠨ ᠬᠤᠪᠢ ᠶᠢ ᠨᠢ ᠬᠠᠰᠣᠵᠣ᠂ ᠠᠷᠪᠠᠨ ᠬᠡᠳᠣᠨ ᠮᠣᠵᠢ ᠬᠤᠳᠠ ᠣᠷᠣᠨ ᠨᠣᠳᠤᠭ ᠤᠨ ᠴᠢᠨᠠᠷᠳᠠᠢ ᠬᠤᠪᠢ ᠨᠡᠮᠡᠬᠦ ᠲᠦᠷᠦᠯ ᠵᠦᠢᠯ ᠢ ᠬᠦᠴᠣᠨ ᠦᠭᠡᠢ ᠪᠣᠯᠭᠠᠪᠠ᠃      ᠬᠤᠯᠪᠣᠭᠠᠯᠠᠨ ᠰᠢᠯᠭᠠᠬᠤ ᠪᠠ ᠪᠣᠯᠪᠠᠰᠣᠷᠠᠯ ᠤᠨ ᠬᠡᠯᠪᠡᠷᠢ ᠪᠠᠷ ᠰᠣᠷᠣᠭᠴᠢᠳ ᠢ ᠰᠣᠩᠭᠤᠨ ᠰᠢᠯᠭᠠᠷᠠᠭᠤᠯᠬᠤ ᠶᠢ ᠪᠦᠬᠦᠨ ᠢ ᠵᠣᠬᠰᠣᠭᠠᠬᠤ ᠶᠢᠨ ᠬᠠᠮᠳᠣ ᠦᠪᠡᠷ ᠢᠶᠠᠨ ᠡᠷᠭᠡ ᠮᠡᠳᠡᠨ ᠰᠣᠷᠣᠬᠴᠢ ᠡᠯᠰᠡᠬᠦ ᠴᠠᠭ ᠢ ᠪᠦᠬᠦᠨ ᠢ ᠶᠡᠭᠡ ᠲᠡᠭᠡᠳᠣ ᠰᠣᠷᠭᠠᠭᠤᠯᠢ ᠶᠢᠨ ᠲᠠᠷᠠᠭ᠎ᠠ ᠲᠣᠬᠢᠷᠠᠭᠤᠯᠪᠠ᠃ ᠡᠬᠦᠨ ᠠᠴᠠ ᠭᠠᠳᠠᠨ᠎ᠠ᠂ ᠦᠪᠡᠷ ᠢᠶᠠᠨ ᠡᠷᠭᠡ ᠮᠡᠳᠡᠨ ᠰᠣᠷᠣᠭᠴᠢ ᠡᠯᠰᠡᠬᠦ ᠨᠦᠬᠦᠴᠡᠯ᠂ ᠶᠠᠪᠣᠴᠠ ᠪᠠ ᠦᠷ᠎ᠠ ᠳ᠋ᠦᠩ ᠢ ᠪᠦᠬᠦᠨ ᠢ ᠢᠯᠡ ᠨᠡᠶᠢᠳᠡᠯᠡᠨ᠎ᠠ᠃      ᠲᠠᠷᠠᠭ᠎ᠠ ᠵᠢᠯ 25 ᠮᠣᠵᠢ ᠶᠡᠭᠡ ᠲᠡᠭᠡᠳᠣ ᠰᠣᠷᠭᠠᠭᠤᠯᠢ ᠶᠢᠨ ᠰᠢᠯᠭᠠᠯᠳᠠ ᠳᠤ ᠪᠦᠷ ᠣᠯᠣᠰ ᠤᠨ ᠰᠢᠯᠭᠠᠯᠳᠠ ᠶᠢᠨ ᠲᠦᠪ ᠠᠴᠠ ᠨᠢᠭᠡᠳᠣᠯᠳᠠᠢ ᠲᠣᠭᠳᠠᠭᠠᠬᠰᠠᠨ ᠰᠢᠯᠭᠠᠯᠳᠠ ᠶᠢᠨ ᠰᠡᠳᠣᠪ ᠢ ᠰᠢᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号