ᠭᠢᠳᠡᠳ ᠭᠡᠯᠡ ᠪᠠ ᠦᠨᠳᠣᠰᠣᠳᠡᠨ ᠤ ᠭᠡᠯᠡᠨ ᠤ ᠤᠶᠤᠨᠴᠢᠷ ᠣᠷᠴᠢᠭᠤᠯᠭ᠎ᠠ ᠶᠢᠨ ᠰᠢᠰᠲ᠋ᠧᠮ ᠢ ᠲᠣᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2015/4/24
      ᠲᠦᠷᠦᠭᠦᠭᠡᠨ ᠳᠤ᠂ ᠲᠣᠮᠳᠠᠳᠦ ᠣᠯᠣᠰ ᠤᠨ ᠦᠨᠳᠣᠰᠣᠳᠡᠨ ᠤ ᠭᠡᠯᠡᠨ ᠤ ᠣᠷᠴᠢᠭᠤᠯᠭ᠎ᠠ ᠶᠢᠨ ᠲᠣᠪᠴᠢᠶ᠎ᠠ ᠪᠣᠯᠣᠨ ᠵᠠᠭᠦᠨ ᠬᠤᠶᠢᠳᠦ ᠶᠢᠨ ᠶᠡᠭᠡ ᠰᠣᠷᠭᠠᠭᠤᠯᠢ ᠶᠢᠨ ᠨᠡᠲ᠋ᠦ᠋ᠷᠠᠯ ᠬᠡᠯᠡᠨ ᠤ ᠰᠢᠢᠳᠪᠤᠷᠢᠯᠡᠯᠲᠡ ᠶᠢᠨ ᠳᠤᠷᠰᠢᠯᠳᠠ ᠶᠢᠨ ᠳᠠᠰᠤᠭ ᠠᠴᠠ ᠬᠠᠮᠳᠣᠷᠠᠨ ᠰᠣᠳᠣᠯᠣᠨ ᠨᠡᠭᠡᠭᠡᠭᠰᠡᠨ ᠭᠢᠳᠡᠳ ᠭᠡᠯᠡ ᠪᠠ ᠦᠨᠳᠣᠰᠣᠳᠡᠨ ᠤ ᠭᠡᠯᠡᠨ ᠤ ᠤᠶᠤᠨᠴᠢᠷ ᠣᠷᠴᠢᠭᠤᠯᠭ᠎ᠠ ᠶᠢᠨ ᠰᠢᠰᠲ᠋ᠧᠮ ᠢ ᠵᠢᠩᠭᠢᠨᠢ ᠪᠠᠷ ᠰᠦᠯᠵᠢᠶᠡᠨ ᠳᠤ ᠭᠠᠷᠭᠠᠵᠦ ᠲᠣᠷᠰᠢᠨ ᠠᠵᠢᠯᠯᠠᠭᠤᠯᠪᠠ᠃ ᠲᠣᠰ ᠰᠢᠰᠲ᠋ᠧᠮ ᠨᠢ ᠲᠡᠯᠡᠭᠡᠢ ᠲᠡᠭᠡᠷᠡᠭᠢ ᠲᠡᠷᠢᠭᠦᠨ ᠵᠡᠷᠭᠡ ᠶᠢᠨ NiuTrans ᠣᠷᠴᠢᠭᠤᠯᠭ᠎ᠠ ᠶᠢᠨ ᠭᠦᠳᠡᠯᠭᠡᠭᠦᠷ ᠤᠨ ᠮᠡᠷᠭᠡᠵᠢᠯ ᠢ ᠭᠡᠷᠡᠭᠯᠡᠵᠦ᠂ Web ᠦᠢᠯᠡᠴᠢᠯᠡᠭᠦᠷ ᠲᠤ ᠰᠠᠭᠤᠷᠢᠯᠠᠭᠰᠠᠨ ᠰᠣᠷᠪᠣᠯᠵᠢᠯᠠᠭ᠎ᠠ ᠪᠠ ᠣᠷᠴᠢᠭᠤᠯᠭ᠎ᠠ ᠶᠢᠨ ᠬᠤᠶᠡᠳᠡᠬᠢ ᠨᠡᠭᠡᠭᠡᠯᠳᠠ ᠶᠢᠨ ᠡᠭᠦᠯᠡᠨ API ᠵᠠᠯᠭᠠᠰᠦ ᠶᠢ ᠲᠡᠮᠵᠢᠵᠦ᠂ ᠦᠪᠡᠷ ᠢᠶᠠᠨ ᠰᠣᠷᠬᠤ ᠲᠣᠭᠳᠠᠴᠠ ᠲᠠᠢ ᠪᠠᠶᠢᠳᠠᠭ᠂ ᠲᠡᠷᠡ ᠨᠢ ᠬᠤᠷᠳᠣᠨ ᠮᠦᠷᠳᠡᠭᠡᠨ ᠣᠨᠣᠪᠴᠢᠳᠠᠢ ᠣᠷᠴᠢᠭᠤᠯᠵᠦ ᠲᠠᠶᠢᠯᠭᠦ ᠪᠦᠭᠡᠳ ᠭᠢᠳᠡᠳ ᠭᠡᠯᠡ ᠭᠢᠭᠡᠳ ᠮᠣᠩᠭᠤᠯ᠂ ᠲᠦᠪᠡᠳ᠂ ᠦᠢᠭᠤᠷ᠂ ᠬᠠᠰᠠᠭ᠂ ᠰᠣᠯᠣᠩᠭᠤᠰ ᠵᠡᠷᠭᠡ 5 ᠵᠦᠢᠯ ᠤᠨ ᠦᠨᠳᠣᠰᠣᠳᠡᠨ ᠤ ᠭᠡᠯᠡᠨ ᠤ ᠬᠤᠭᠤᠷᠣᠨᠳᠣᠭᠢ ᠤᠶᠤᠨᠴᠢᠷ ᠣᠷᠴᠢᠭᠤᠯᠭ᠎ᠠ ᠶᠢ ᠪᠡᠶᠡᠯᠡᠭᠦᠯᠵᠦ ᠲᠠᠶᠢᠯᠦᠨ᠎ᠠ᠂ ᠡᠨᠡ ᠪᠣᠯ ᠣᠯᠣᠰ ᠤᠨ ᠲᠣᠳᠣᠭᠠᠳᠦ ᠶᠢᠨ ᠭᠢᠳᠡᠳ ᠭᠡᠯᠡ ᠪᠠ ᠦᠨᠳᠣᠰᠣᠳᠡᠨ ᠤ ᠭᠡᠯᠡᠨ ᠤ ᠠᠩᠬᠠᠳᠠᠭᠴᠢ ᠬᠤᠣᠰ ᠴᠢᠭᠯᠡᠯᠳᠦ ᠣᠷᠴᠢᠭᠤᠯᠭ᠎ᠠ ᠶᠢᠨ ᠰᠢᠰᠲ᠋ᠧᠮ ᠮᠦᠨ᠂ ᠡᠬᠦᠨ ᠢ ᠲᠣᠮᠳᠠᠳᠦ ᠣᠯᠣᠰ ᠤᠨ ᠦᠨᠳᠣᠰᠣᠳᠡᠨ ᠤ ᠭᠡᠯᠡᠨ ᠤ ᠣᠷᠴᠢᠭᠤᠯᠭ᠎ᠠ ᠎ ᠶᠢᠨ ᠲᠣᠪᠴᠢᠶ᠎ᠠ ᠳᠤ ᠣᠭᠰᠠᠷᠠᠵᠦ ᠠᠵᠢᠯᠯᠠᠭᠤᠯᠪᠠ᠃      ᠭᠢᠳᠡᠳ ᠭᠡᠯᠡ ᠪᠠ ᠦᠨᠳᠣᠰᠦᠳᠡᠨ ᠤ ᠭᠡᠯᠡᠨ ᠤ ᠤᠶᠤᠨᠴᠢᠷ ᠣᠷᠴᠢᠭᠤᠯᠭ᠎ᠠ ᠶᠢᠨ ᠰᠢᠰᠲ᠋ᠧᠮ ᠢ ᠠᠵᠢᠯᠯᠠᠭᠤᠯᠣᠭᠰᠠᠨ ᠨᠢ ᠦᠨᠳᠣᠰᠣᠳᠡᠨ ᠤ ᠭᠡᠯᠡᠨ ᠤ ᠣᠷᠴᠢᠭᠤᠯᠭ᠎ᠠ ᠶᠢᠨ ᠠᠵᠢᠯ ᠤᠨ ᠮᠡᠳᠡᠭᠡ ᠵᠠᠩᠭᠢᠵᠢᠯᠳᠡ ᠶᠢᠨ ᠬᠢᠷᠢ ᠬᠡᠮᠵᠢᠶ᠎ᠠ ᠶᠢ ᠣᠯᠠᠮ ᠨᠢᠭᠡ ᠠᠯᠬᠤᠮ ᠲᠡᠭᠡᠭᠰᠢᠯᠡᠭᠦᠯᠵᠦ᠂ ᠦᠨᠳᠣᠰᠣᠳᠡᠨ ᠤ ᠭᠡᠯᠡᠨ ᠤ ᠣᠷᠴᠢᠭᠤᠯᠭ᠎ᠠ ᠶᠢᠨ ᠠᠵᠢᠯ ᠳᠤ ᠨᠡᠩ ᠰᠠᠶᠢᠨ ᠢᠶᠠᠷ ᠦᠢᠯᠡᠴᠢᠯᠡᠭᠦ ᠪᠣᠯᠣᠨ᠎ᠠ᠃ ᠲᠣᠰ ᠰᠢᠰᠲ᠋ᠧᠮ ᠢ ᠰᠣᠨᠢᠨ ᠤ ᠬᠤᠷᠢᠶ᠎ᠠ᠂ ᠭᠡᠪᠯᠡᠯ ᠤᠨ ᠬᠤᠷᠢᠶ᠎ᠠ᠂ ᠰᠡᠳᠭᠦᠯ ᠤᠨ ᠬᠤᠷᠢᠶ᠎ᠠ᠂ ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠵᠡᠷᠭᠡ ᠣᠷᠴᠢᠭᠤᠯᠭ᠎ᠠ ᠶᠢᠨ ᠪᠠᠶᠢᠭᠤᠯᠣᠮᠵᠢ ᠎ ᠳᠤ ᠦᠷᠭᠡᠨ ᠢᠶᠠᠷ ᠭᠡᠷᠡᠭᠯᠡᠵᠦ᠂ ᠣᠷᠴᠢᠭᠤᠯᠭ᠎ᠠ ᠶᠢᠨ ᠠᠵᠢᠯᠳᠠᠨ ᠤ ᠠᠵᠢᠯ ᠢ ᠪᠦᠳᠦᠮᠵᠢᠳᠡᠢ ᠪᠠᠷ ᠭᠦᠡᠭᠭᠡᠷᠡᠭᠦᠯᠵᠦ᠂ ᠠᠵᠢᠯ ᠤᠨ ᠦᠷ᠎ᠡ ᠪᠦᠳᠦᠮᠵᠢ ᠶᠢ ᠨᠢ ᠲᠡᠭᠡᠭᠰᠢᠯᠡᠭᠦᠯᠦᠨ᠂ ᠣᠷᠴᠢᠭᠤᠯᠭ᠎ᠠ ᠶᠢᠨ ᠴᠢᠨᠠᠷ ᠴᠢᠨᠰᠠᠭ᠎ᠠ ᠶᠢ ᠨᠢ ᠰᠢᠯᠢᠳᠡᠭᠵᠢᠭᠦᠯᠵᠦ ᠪᠣᠯᠣᠨ᠎ᠠ᠃ ᠢᠷᠡᠭᠡᠳᠦᠢ ᠳᠤ ᠲᠣᠰ ᠰᠢᠰᠲ᠋ᠧᠮ ᠢ ᠦᠨᠳᠣᠰᠣᠳᠡᠨ ᠤ ᠭᠡᠯᠡᠨ ᠤ ᠠᠪᠢᠶ᠎ᠠ ᠲᠡᠨᠢᠬᠤ ᠰᠢᠰᠲ᠋ᠧᠮ ᠲᠠᠢ ᠣᠶᠠᠯᠳᠣᠭᠤᠯᠣᠨ᠂ ᠦᠨᠳᠦᠰᠦᠳᠡᠨ ᠤ ᠭᠡᠯᠡᠨ ᠤ ᠠᠪᠢᠶᠠᠨ ᠤ ᠭᠢᠨᠠᠨ ᠭᠡᠮᠵᠢᠯᠳᠠ ᠶᠢ ᠪᠡᠶᠡᠯᠡᠭᠦᠯᠵᠦ ᠪᠣᠯᠣᠨ᠎ᠠ᠃      ᠣᠳᠣᠬᠠᠨ ᠳᠤ᠂ ᠲᠣᠰ ᠰᠢᠰᠲ᠋ᠧᠮ ᠨᠢ ᠣᠳᠣ ᠪᠠᠶᠢᠭ᠎ᠠ ᠬᠡᠯᠡᠨ ᠤ ᠮᠠᠲ᠋ᠧᠷᠢᠶᠠᠯ ᠤᠨ ᠳ᠋ᠠᠶᠢᠲᠨ ᠳᠤ ᠰᠠᠭᠤᠷᠢᠯᠠᠵᠦ᠂ ᠤᠯᠤᠰ ᠲᠦᠷᠦ ᠶᠢᠨ ᠵᠤᠬᠢᠶᠠᠯ ᠢ ᠣᠷᠴᠢᠭᠤᠯᠬᠤ ᠲᠠᠯ᠎ᠠ ᠪᠠᠷ ᠨᠡᠯᠢᠶᠡᠳ ᠰᠠᠶᠢᠨ ᠦᠷ᠎ᠡ ᠪᠦᠳᠦᠮᠵᠢ ᠣᠯᠪᠠ᠃ ᠢᠷᠡᠭᠡᠳᠦᠢ ᠳᠤ᠂ ᠭᠢᠳᠡᠳ ᠭᠡᠯᠡ ᠪᠣᠯᠣᠨ ᠦᠨᠳᠣᠰᠣᠳᠡᠨ ᠤ ᠭᠡᠯᠡᠨ ᠤ ᠦᠭᠦᠯᠡᠪᠦᠷᠢ ᠶᠢ ᠬᠠᠷᠢᠴᠠᠭᠤᠯᠣᠭᠰᠠᠨ ᠳ᠋ᠠᠶᠢᠲᠨ ᠶᠢᠨ ᠭᠡᠮᠵᠢᠶᠡᠨ ᠤ ᠲᠠᠰᠣᠷᠠᠯᠳᠠ ᠦᠭᠡᠢ ᠨᠡᠮᠡᠭᠳᠡᠭᠦ ᠪᠠ ᠭᠡᠯᠡᠨ ᠤ ᠵᠦᠢ ᠶᠢᠨ ᠪᠦᠳᠦᠴᠡ ᠎ ᠶᠢᠨ ᠲᠡᠭᠦᠯᠳᠡᠷᠵᠢᠭᠦ ᠶᠢ ᠲᠠᠭᠠᠯᠳᠦᠨ᠂ ᠪᠣᠰᠣᠳ ᠭᠦᠷᠢᠶ᠎ᠡ ᠲᠠᠰᠢ ᠠᠯᠬᠤᠮ ᠠᠯᠬᠤᠮ ᠢᠶᠠᠷ ᠦᠷᠭᠡᠳᠭᠦ ᠶᠢᠨ ᠬᠠᠮᠳᠦ ᠣᠷᠴᠢᠭᠤᠯᠭ᠎ᠠ ᠶᠢᠨ ᠦᠷ᠎ᠡ ᠪᠦᠳᠦᠮᠵᠢ ᠶᠢ ᠲᠡᠭᠡᠭᠰᠢᠯᠡᠭᠦᠯᠵᠦ᠂ ᠭᠡᠷᠡᠭᠯᠡᠭᠴᠢᠳ ᠤᠨ ᠭᠡᠷᠡᠭᠴᠡᠭᠡ ᠳᠤ ᠲᠠᠰᠣᠷᠠᠯᠳᠠ ᠦᠭᠡᠢ ᠵᠣᠭᠢᠴᠠᠬᠤ ᠪᠣᠯᠣᠨ᠎ᠠ᠃        
 
ᠢᠷᠡᠯᠲᠡ᠄ ᠲᠣᠮᠳᠠᠳᠦ ᠣᠯᠣᠰ ᠤᠨ ᠦᠨᠳᠣᠰᠣᠳᠡᠨ ᠤ ᠭᠡᠯᠡᠨ ᠤ ᠣᠷᠴᠢᠭᠤᠯᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号