| ᠡᠨᠡ ᠵᠢᠯ ᠠᠴᠠ᠂ ᠬᠡᠰᠢᠭᠳᠡᠨ ᠬᠤᠰᠢᠭᠤ ᠨᠢ ᠠᠵᠤ ᠠᠬᠤᠢ ᠶᠢᠨ ᠬᠦᠭᠵᠢᠯᠳᠠ ᠶᠢᠨ ︽ | ᠬᠦᠭᠵᠢᠯᠳᠠ ᠪᠤᠯ ᠲᠠᠷᠤᠢ ᠨᠢᠬᠡᠳᠤᠬᠡᠷ ᠴᠢᠬᠤᠯᠠ ᠡᠬᠦᠷᠬᠡ︾ ᠬᠡᠬᠦ ᠭᠤᠤᠯ ᠰᠡᠳᠤᠪ ᠤᠨ ᠲᠤᠭᠤᠷᠢᠨ ᠳᠤ᠂ ᠪᠦᠬᠦᠯᠢ | ᠴᠤᠭᠴᠠ ᠶᠢᠨ ᠠᠵᠤ ᠠᠬᠤᠢ ᠶᠢᠨ ᠡᠷᠬᠢᠯᠳᠠ᠂ ᠭᠤᠤᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠬᠤ᠂ ︽ | ᠠᠷᠪᠠ ᠶᠢ ᠪᠦᠷᠬᠦᠬᠦᠯᠬᠦ︾ ᠢᠨᠵᠧᠨᠧᠷᠢᠩ᠂ ᠶᠠᠳᠠᠭᠤ ᠶᠢ ᠲᠡᠳᠬᠦᠵᠤ ᠨᠡᠬᠡᠬᠡᠨ ᠬᠦᠭᠵᠢᠬᠦᠯᠬᠦ᠂ ᠤᠷᠴᠢᠨ ᠲᠤᠭᠤᠷᠢᠨ | ᠤ ᠬᠠᠮᠠᠭᠠᠯᠠᠯᠳᠠ᠂ ᠢᠳᠡᠬᠡᠨ ᠡᠮ ᠤᠨ ᠵᠦᠢᠯ ᠤᠨ ᠬᠢᠨᠡᠨ ᠬᠠᠮᠢᠶᠠᠷᠤᠯᠳᠠ᠂ ᠠᠶᠦᠯᠬᠦᠢ ᠦᠢᠯᠡᠳᠪᠤᠷᠢᠯᠡᠯ ᠲᠤᠯᠤᠭᠠᠨ | ᠲᠦᠰᠦᠯ ᠢ ᠪᠦᠬᠦ ᠬᠦᠴᠦᠨ ᠢᠶᠠᠷ ᠰᠠᠶᠢᠳᠤᠷ ᠠᠳᠬᠤᠵᠤ᠂ ᠰᠢᠨ᠎ᠡ ᠬᠡᠪ ᠪᠠᠶᠢᠳᠠᠯ ᠲᠤᠤᠷᠠᠬᠢ ᠠᠵᠤ ᠠᠬᠤᠢ ᠶᠢᠨ | ᠲᠦᠷᠬᠡᠨ ᠨᠡᠮᠡᠭᠳᠡᠯ ᠢ ᠲᠦᠯᠬᠢᠨ ᠠᠬᠢᠭᠤᠯᠤᠭᠰᠠᠨ ᠪᠠᠶᠢᠨ᠎ᠠ᠃ | ᠪᠦᠳᠦᠴᠠ ᠶᠢ ᠲᠤᠬᠢᠷᠠᠭᠤᠯᠤᠨ ᠭᠤᠤᠯᠳᠠᠯᠭ᠎ᠠ ᠶᠢ ᠠᠳᠬᠤᠵᠤ᠂ ᠠᠵᠤ ᠠᠬᠤᠢ ᠶᠢᠨ ᠲᠡᠬᠢᠨᠳᠠ | ᠰᠢᠨ᠎ᠡ ᠱᠠᠳᠤᠨ ᠳᠤ ᠭᠠᠷᠬᠤ ᠶᠢ ᠪᠡᠶᠡᠯᠡᠬᠦᠯᠪᠡ᠃ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠳᠠ ᠶᠢᠨ ᠪᠠᠶᠢᠳᠠᠯ | ᠢ ᠪᠦᠬᠦ ᠲᠠᠯ᠎ᠠ ᠪᠠᠷ ᠡᠵᠡᠮᠰᠢᠵᠤ᠂ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠳᠠ ᠶᠢᠨ ᠬᠠᠨᠳᠤᠰᠢ ᠶᠢ ᠵᠦᠪ | ᠤᠨᠤᠪᠴᠢᠳᠠᠢ ᠮᠠᠭᠠᠳᠯᠠᠬᠤ ᠶᠢᠨ ᠲᠦᠯᠦᠬᠡ᠂ ᠬᠡᠰᠢᠭᠳᠡᠨ ᠬᠤᠰᠢᠭᠤ ᠨᠢ ᠠᠵᠤ ᠠᠬᠤᠢ ᠶᠢᠨ ᠡᠷᠬᠢᠯᠳᠠ ᠶᠢ | ᠲᠤᠬᠢᠷᠠᠭᠤᠯᠬᠤ ᠠᠵᠢᠯ ᠤᠨ ᠵᠤᠬᠢᠴᠠᠮᠵᠢ ᠢᠶᠠᠨ ᠤᠯᠠᠮ ᠨᠢᠬᠡ ᠠᠯᠬᠤᠮ ᠲᠡᠬᠦᠯᠳᠡᠷᠵᠢᠬᠦᠯᠵᠤ᠂ ᠠᠵᠤ ᠠᠬᠤᠢ ᠶᠢᠨ | ᠪᠠᠶᠢᠳᠠᠯ ᠤᠨ ᠵᠠᠳᠠᠯᠤᠯᠳᠠ ᠶᠢᠨ ᠶᠠᠰᠤ ᠴᠢᠨᠠᠷ ᠢ ᠲᠡᠭᠡᠭᠰᠢᠯᠡᠬᠦᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ | ᠪᠦᠳᠦᠬᠡᠨ ᠪᠠᠶᠢᠭᠤᠯᠤᠯᠳᠠ ᠶᠢᠨ ᠠᠯᠬᠤᠴᠠ ᠪᠠᠨ ᠲᠦᠷᠬᠡᠳᠬᠡᠵᠤ᠂ ᠲᠦᠯᠦᠪᠯᠡᠭᠰᠡᠨ ᠢᠶᠠᠷ ᠡᠨᠡ ᠵᠢᠯ ᠬᠡᠪᠴᠢᠶᠡᠵᠢᠯ | ᠠᠴᠠ ᠲᠡᠭᠡᠭᠰᠢᠬᠢ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 80.5 ᠳ᠋ᠦᠩᠰᠢᠭᠤᠷ ᠲᠦᠬᠦᠷᠢᠭ | ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠬᠦᠯᠦᠨ᠎ᠡ᠃ ᠪᠦᠬᠦ ᠵᠢᠯ ᠳᠤ ᠶᠡᠷᠦᠩᠬᠡᠢ | ᠪᠡᠯᠡ ᠤᠷᠤᠭᠤᠯᠤᠯᠳᠠ ᠨᠢ 5000 ᠲᠦᠮᠡᠨ ᠲᠦᠬᠦᠷᠢᠭ ᠠᠴᠠ ᠲᠡᠭᠡᠭᠰᠢᠬᠢ ᠭᠤᠤᠯᠳᠠᠯᠭ᠎ᠠ ᠲᠠᠢ ᠲᠦᠷᠦᠯ ᠵᠦᠢᠯ ᠢ | 33 ᠶᠢ ᠲᠤᠬᠢᠷᠠᠭᠤᠯᠵᠤ᠂ 556 ᠳ᠋ᠦᠩᠰᠢᠭᠤᠷ ᠲᠦᠬᠦᠷᠢᠭ ᠤᠨ ᠶᠡᠷᠦᠩᠬᠡᠢ ᠪᠡᠯᠡ ᠤᠷᠤᠭᠤᠯᠬᠤ ᠪᠠᠷ ᠲᠦᠯᠦᠪᠯᠡᠪᠡ᠃ | | ᠰᠠᠭᠤᠷᠢ ᠪᠠᠨ ᠪᠠᠬᠢᠵᠢᠬᠦᠯᠵᠤ ᠠᠷᠠᠳ ᠤᠨ ᠠᠮᠢᠳᠤᠷᠠᠯ ᠳᠤ ᠬᠠᠷᠠᠭᠠᠯᠵᠠᠯ ᠦᠵᠡᠬᠦᠯᠵᠤ᠂ ︽ | ᠠᠷᠪᠠ ᠶᠢ ᠪᠦᠷᠬᠦᠬᠦᠯᠬᠦ ᠢᠨᠵᠧᠨᠧᠷᠢᠩ︾ ᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠪᠦᠬᠦ ᠬᠤᠰᠢᠭᠤᠨ ᠤ | ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠶᠢᠨ ᠪᠤᠳᠠᠳᠠᠢ ᠪᠠᠶᠢᠳᠠᠯ ᠢᠶᠠᠷ ᠵᠤᠭᠰᠤᠴᠠ ᠪᠤᠯᠭᠠᠵᠤ᠂ ︽ᠴᠢᠭ᠋ | ᠲᠡᠭᠡᠷ᠎ᠡ ᠨᠢ ᠲᠦᠯᠬᠢᠨ ᠠᠬᠢᠭᠤᠯᠵᠤ᠂ ᠡᠩ ᠤᠨ ᠲᠦᠷᠦᠯ ᠵᠦᠢᠯ ᠢᠶᠠᠷ ᠡᠬᠢᠯᠡᠬᠦᠯᠵᠤ᠂ ᠱᠠᠳᠤᠯᠢᠭ ᠲᠠᠷᠠᠭᠠᠯᠠᠯ ᠢᠶᠠᠷ | ᠠᠬᠢᠭᠤᠯᠵᠤ᠂ ᠵᠢᠯ ᠲᠠᠷᠠᠭᠠᠯᠠᠨ ᠲᠡᠪᠰᠢᠬᠦᠯᠬᠦ︾ ᠵᠠᠷᠴᠢᠮ ᠢ ᠪᠠᠷᠢᠮᠳᠡᠯᠡᠵᠤ᠂ ᠮᠠᠯᠵᠢᠬᠤ ᠲᠠᠷᠢᠶᠠᠯᠠᠬᠤ ᠤᠷᠤᠨ ᠤ | ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠠᠯᠬᠤᠴᠠ ᠶᠢ ᠲᠦᠷᠬᠡᠳᠬᠡᠵᠤ᠂ ᠲᠦᠪ ᠲᠤᠰᠬᠤᠨ᠂ | ᠰᠢᠯᠢᠳᠡᠭ ᠲᠤᠰᠬᠤᠨ ᠤ ᠲᠤᠭᠤᠷᠢᠨ ᠳᠤ ᠨᠡᠶᠢᠬᠡᠮ ᠵᠢᠷᠤᠮᠳᠤ ᠰᠢᠨ᠎ᠡ ᠮᠠᠯᠵᠢᠬᠤ ᠲᠠᠷᠢᠶᠠᠯᠠᠬᠤ ᠤᠷᠤᠨ ᠢ ᠴᠤᠭᠴᠠᠯᠠᠨ | ᠪᠠᠶᠢᠭᠤᠯᠤᠭᠰᠠᠨ ᠪᠠᠶᠢᠨ᠎ᠠ᠃ ᠲᠦᠯᠦᠪᠯᠡᠭᠰᠡᠨ ᠢᠶᠠᠷ ᠡᠨᠡ ᠵᠢᠯ 49 ᠭᠠᠴᠠᠭ᠎ᠠ ᠲᠤᠰᠬᠤᠨ ᠪᠤᠯᠤᠨ 11 ᠮᠠᠯᠵᠢᠯ | ᠲᠠᠷᠢᠶᠠᠯᠠᠩ ᠤᠢ ᠰᠢᠭᠤᠢ ᠶᠢᠨ ᠲᠠᠯᠠᠪᠠᠢ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ ᠪᠡᠶᠡᠯᠡᠬᠦᠯᠵᠤ᠂ | 2019 ᠬᠦᠮᠦᠨ ᠠᠮᠠ ᠶᠢᠨ ᠤᠤᠭᠤᠬᠤ ᠤᠰᠤᠨ ᠤ ᠠᠶᠦᠯᠬᠦᠢ ᠶᠢᠨ ᠠᠰᠠᠭᠤᠳᠠᠯ ᠢ ᠰᠢᠢᠳᠪᠤᠷᠢᠯᠡᠵᠤ᠂ 4000 | ᠡᠷᠦᠬᠡ ᠶᠢᠨ ᠨᠤᠷᠠᠬᠤ ᠠᠶᠦᠯᠳᠠᠢ ᠬᠡᠷ ᠪᠠᠶᠢᠰᠢᠩ ᠢ ᠵᠠᠰᠠᠵᠤ ᠰᠢᠨᠡᠳᠬᠡᠵᠤ᠂ ᠵᠡᠬᠡᠯᠢ ᠭᠤᠳᠤᠮᠵᠢ ᠶᠢ 124 ᠺᠢᠯᠤᠮᠧᠲᠷ | ᠬᠠᠳᠠᠭᠤᠷᠠᠭᠤᠯᠵᠤ᠂ 35 ᠡᠷᠦᠬᠡ ᠳᠤ ᠴᠠᠬᠢᠯᠭᠠᠨ ᠨᠡᠪᠳᠡᠷᠡᠬᠦᠯᠵᠤ᠂ ᠬᠦᠳᠡᠭᠡ ᠲᠤᠰᠬᠤᠨ ᠤ ᠴᠠᠬᠢᠯᠭᠠᠨ ᠲᠤᠤᠷ ᠢ | 10 ᠺᠢᠯᠤᠮᠧᠲᠷ ᠵᠠᠰᠠᠨ ᠰᠢᠨᠡᠳᠬᠡᠵᠤ᠂ ᠭᠠᠵᠠᠷ ᠤᠨ ᠨᠢᠭᠤᠷ ᠤᠨ ᠲᠤᠭᠠᠴᠢᠯᠠᠭᠰᠠᠨ ᠲᠧᠯᠸᠢᠰ ᠢ ᠪᠦᠷᠬᠦᠬᠦᠯᠬᠦ | ᠢᠨᠵᠧᠨᠧᠷᠢᠩ ᠢ 3 ᠶᠢ ᠪᠡᠶᠡᠯᠡᠬᠦᠯᠵᠤ᠂ ᠷᠠᠳᠢᠤ᠋ ᠲᠧᠯᠸᠢᠰ ᠢ ᠡᠷᠦᠬᠡ ᠳᠤ ᠨᠡᠪᠳᠡᠷᠡᠬᠦᠯᠬᠦ ᠶᠢ 6913 ᠡᠷᠦᠬᠡ ᠳᠤ᠂ | ᠲᠤᠰᠬᠤᠨ ᠳᠤ ᠨᠡᠪᠳᠡᠷᠡᠬᠦᠯᠬᠦ ᠶᠢ 135 ᠶᠢ ᠨᠡᠪᠳᠡᠷᠡᠬᠦᠯᠵᠤ᠂ 3 ᠰᠤᠷᠭᠠᠭᠤᠯᠢ ᠶᠢᠨ ᠪᠠᠶᠢᠷᠢ᠂ 16 ᠡᠷᠡᠬᠦᠯ | ᠬᠠᠮᠠᠭᠠᠯᠠᠯ ᠤᠨ ᠬᠡᠷ᠂ 50 ᠰᠤᠶᠤᠯ ᠤᠨ ᠬᠦᠳᠡᠯᠬᠡᠬᠡᠨ ᠤ ᠬᠡᠷ᠂ 78 ᠠᠷᠠᠳ ᠲᠤ ᠲᠦᠬᠦᠮ ᠦᠵᠡᠬᠦᠯᠬᠦ ᠬᠤᠯᠪᠤᠭ᠎ᠠ | ᠴᠢᠯᠤᠬᠡᠳᠤ ᠲᠡᠯᠬᠡᠬᠦᠷ ᠢ ᠪᠠᠶᠢᠭᠤᠯᠤᠨ᠎ᠠ᠃ | ᠦᠷᠬᠦᠯᠵᠢᠯᠡᠬᠦᠶᠢᠴᠠ ᠬᠡᠯᠪᠡᠷᠢ ᠪᠠᠨ ᠪᠠᠳᠤᠯᠠᠵᠤ᠂ ᠤᠯᠤᠰ ᠤᠨ ᠲᠡᠰ ᠤᠨ ᠠᠮᠢ ᠠᠬᠤᠢ ᠶᠢᠨ | ᠬᠤᠰᠢᠭᠤ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠪᠠ᠃ ᠪᠦᠬᠦ ᠬᠤᠰᠢᠭᠤᠨ ᠤ ᠠᠮᠢ ᠠᠬᠤᠢ ᠶᠢᠨ ᠬᠠᠮᠠᠭᠠᠯᠠᠯᠳᠠ | ᠶᠢᠨ ︽ᠠᠷᠪᠠᠨ ᠬᠤᠶᠠᠷ ᠲᠠᠪᠤ︾ ᠶᠢᠨ ᠲᠦᠯᠦᠪᠵᠢᠬᠦᠯᠬᠡ ᠪᠤᠯᠤᠨ 2015 ᠤᠨ ᠤ ᠠᠮᠢ ᠠᠬᠤᠢ ᠶᠢᠨ ᠠᠵᠢᠯ ᠤᠨ | ᠭᠤᠤᠯᠳᠠᠯᠭ᠎ᠠ ᠲᠠᠢ ᠬᠠᠷᠠᠯᠳᠠ ᠡᠬᠦᠷᠬᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠬᠠᠤ ᠶᠢᠨ ᠲᠦᠯᠦᠬᠡ᠂ | ᠬᠡᠰᠢᠭᠳᠡᠨ ᠬᠤᠰᠢᠭᠤ ᠨᠢ ᠤᠯᠤᠰ ᠤᠨ ᠲᠡᠰ ᠤᠨ ᠠᠮᠢ ᠠᠬᠤᠢ ᠶᠢᠨ ᠬᠤᠰᠢᠭᠤ ᠶᠢᠨ ᠪᠦᠳᠦᠬᠡᠨ ᠪᠠᠶᠢᠭᠤᠯᠤᠯᠳᠠ ᠪᠠᠷ | ᠲᠤᠬᠢᠶᠠᠯ ᠪᠤᠯᠭᠠᠵᠤ᠂ ︽ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠲᠡᠭᠡᠭᠰᠢᠯᠡᠬᠦᠯᠬᠦ︾ ᠪᠠᠷ ᠭᠤᠤᠯ | ᠱᠤᠭᠤᠮ ᠪᠤᠯᠭᠠᠵᠤ᠂ ︽ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ︾ ᠪᠠᠷ ᠤᠳᠤᠷᠢᠳᠤᠮᠵᠢ | ᠪᠤᠯᠭᠠᠵᠤ᠂ ︽ᠶᠡᠷᠦᠩᠬᠡᠢ ᠬᠡᠮᠵᠢᠶ᠎ᠡ ᠶᠢ ᠪᠠᠭᠠᠰᠬᠠᠵᠤ᠂ ᠶᠠᠰᠤ ᠴᠢᠨᠠᠷ ᠢ ᠰᠠᠶᠢᠵᠢᠷᠠᠭᠤᠯᠵᠤ᠂ ᠲᠦᠭᠰᠢᠬᠦᠷᠢ ᠠᠴᠠ | ᠰᠡᠷᠬᠡᠶᠢᠯᠡᠬᠦ︾ ᠪᠠᠷ ᠭᠤᠤᠯᠳᠠᠯᠭ᠎ᠠ ᠪᠤᠯᠭᠠᠵᠤ᠂ ᠤᠯᠠᠨ ᠲᠦᠮᠡᠨ ᠤ ᠡᠷᠡᠬᠦᠯ ᠴᠢᠬᠢᠷᠠᠭ ᠶᠢ ᠨᠦᠯᠦᠬᠡᠯᠡᠬᠦ᠂ | ᠦᠷᠬᠦᠯᠵᠢᠯᠡᠬᠦᠶᠢᠴᠠ ᠬᠦᠭᠵᠢᠯᠳᠠ ᠶᠢ ᠨᠦᠯᠦᠬᠡᠯᠡᠬᠦ ᠤᠷᠴᠢᠨ ᠲᠤᠭᠤᠷᠢᠨ ᠤ ᠠᠰᠠᠭᠤᠳᠠᠯ ᠢ ᠪᠦᠬᠦ ᠬᠦᠴᠦᠨ ᠢᠶᠠᠷ | ᠰᠢᠢᠳᠪᠤᠷᠢᠯᠡᠵᠤ᠂ ᠤᠷᠤᠨ ᠬᠡᠪᠴᠢᠶ᠎ᠡ ᠶᠢᠨ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠭᠰᠠᠨ ᠪᠠ | ᠲᠡᠭᠡᠭᠰᠢᠯᠡᠬᠦᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠷᠴᠢᠨ ᠲᠤᠭᠤᠷᠢᠨ ᠤ ᠬᠦᠭᠵᠢᠯᠳᠠ ᠶᠢ | ᠰᠢᠯᠢᠳᠡᠭᠵᠢᠬᠦᠯᠦᠭᠰᠡᠨ ᠪᠠᠶᠢᠨ᠎ᠠ᠃ | ᠠᠶᠤᠯᠬᠦᠢ ᠦᠢᠯᠡᠳᠪᠤᠷᠢᠯᠡᠯ ᠢ ᠴᠢᠬᠤᠯᠴᠢᠯᠠᠵᠤ᠂ ᠠᠮᠤᠭᠤᠯᠠᠩ ᠬᠡᠰᠢᠭᠳᠡᠨ ᠬᠤᠰᠢᠭᠤ ᠶᠢᠨ | ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠪᠠ᠃ ᠬᠡᠰᠢᠭᠳᠡᠨ ᠬᠤᠰᠢᠭᠤ ᠨᠢ ᠰᠢ ᠶᠢᠨ ᠫᠢᠩ ᠶᠡᠷᠦᠩᠬᠡᠢ | ᠱᠦᠵᠢ ᠶᠢᠨ ᠠᠶᠤᠯᠬᠦᠢ ᠦᠢᠯᠡᠳᠪᠤᠷᠢᠯᠡᠯ ᠪᠤᠯᠤᠨ ᠢᠳᠡᠬᠡᠨ ᠡᠮ ᠤᠨ ᠵᠦᠢᠯ ᠤᠨ ᠠᠶᠦᠯᠬᠦᠢ ᠶᠢᠨ ᠲᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠬᠠᠮᠳᠤ᠂ ᠰᠢᠨ᠎ᠡ ︽ᠠᠶᠦᠯᠬᠦᠢ | ᠦᠢᠯᠡᠳᠪᠤᠷᠢᠯᠡᠯ ᠤᠨ ᠬᠠᠤᠯᠢ︾ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠰᠢᠨ᠎ᠡ ᠬᠡᠪ ᠪᠠᠶᠢᠳᠠᠯ ᠤᠨ ᠲᠤᠤᠷᠠᠬᠢ | ᠰᠢᠨᠵᠢᠯᠡᠬᠦ ᠤᠬᠠᠭᠠᠨᠴᠢ ᠪᠦᠳᠦᠮᠵᠢᠳᠠᠢ ᠠᠶᠤᠯᠬᠦᠢ ᠦᠢᠯᠡᠳᠪᠤᠷᠢᠯᠡᠯ ᠤᠨ ᠰᠡᠷᠬᠡᠶᠢᠯᠡᠵᠤ ᠡᠵᠡᠮᠳᠡᠬᠦ ᠰᠢᠰᠲ᠋ᠧᠮ ᠢ | ᠲᠡᠬᠦᠯᠳᠡᠷᠵᠢᠬᠦᠯᠵᠤ᠂ ᠬᠢᠨᠠᠨ ᠬᠠᠮᠢᠶᠠᠷᠤᠯᠳᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠬᠦᠳᠴᠤ᠂ ᠬᠠᠤᠯᠢ ᠶᠢ ᠴᠢᠩᠭ᠎ᠠ | ᠬᠡᠷᠡᠭᠵᠢᠬᠦᠯᠵᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠡᠶᠢᠳᠠᠪᠤᠷᠢᠵᠢᠭᠤᠯᠬᠤ ᠶᠢ | ᠴᠢᠩᠭᠠᠳᠬᠠᠵᠤ᠂ ᠠᠶᠤᠯᠬᠦᠢ ᠶᠢᠨ ᠬᠡᠨᠡᠳᠠᠯ ᠬᠡᠷᠡᠭ ᠢ ᠪᠦᠳᠦᠮᠵᠢᠳᠠᠢ ᠰᠠᠷᠬᠡᠶᠢᠯᠡᠵᠤ᠂ ᠪᠠᠭᠠᠰᠬᠠᠭᠰᠠᠨ ᠪᠠᠶᠢᠨ᠎ᠠ᠃ | ᠦᠨᠡᠩᠬᠦ ᠪᠤᠳᠠᠳᠠᠢ ᠬᠡᠷᠡᠭᠵᠢᠬᠦᠯᠵᠤ ᠪᠤᠯᠬᠤᠶᠢᠴᠠ ᠠᠷᠭ᠎ᠠ ᠬᠡᠮᠵᠢᠶ᠎ᠡ ᠶᠢ ᠠᠪᠴᠤ᠂ ᠪᠦᠬᠦ ᠬᠤᠰᠢᠭᠤᠨ ᠤ ᠢᠳᠡᠬᠡᠨ ᠡᠮ | ᠤᠨ ᠵᠦᠢᠯ ᠤᠨ ᠠᠶᠦᠯᠬᠦᠢ ᠶᠢᠨ ᠶᠡᠷᠦᠩᠬᠡᠢ ᠬᠢᠷᠢ ᠲᠦᠪᠰᠢᠨ ᠢ ᠯᠠᠪᠳᠠᠭᠤᠨ ᠢᠶᠠᠷ ᠲᠡᠭᠡᠭᠰᠢᠯᠡᠬᠦᠯᠦᠭᠰᠡᠨ ᠪᠠᠶᠢᠨ᠎ᠠ᠃ | |