| | ᠶᠤᠰᠤ ᠮᠤᠷᠠᠯ ᠢᠶᠠᠷ ᠬᠦᠮᠦᠨ ᠬᠦᠮᠦᠵᠢᠬᠦᠯᠬᠦ | | ᠨᠢᠬᠡ᠂ ᠰᠤᠷᠭᠠᠨ ᠬᠦᠮᠦᠵᠢᠯ ᠤᠨ ᠰᠢᠰᠲ᠋ᠧᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ | ᠰᠠᠶᠢᠳᠤᠷ ᠬᠢᠨ᠎ᠡ | ︽ᠮᠠᠷᠺᠰ ᠤᠨ ᠦᠵᠡᠯ ᠤᠨ ᠤᠨᠤᠯ ᠤᠨ ᠰᠢᠨᠵᠢᠯᠡᠬᠡᠨ ᠤ ᠤᠳᠤᠷᠢᠳᠬᠤ ᠲᠦᠯᠦᠪᠯᠡᠭᠡ︾᠂ ᠶᠡᠭᠡ ᠲᠡᠬᠡᠳᠤ | ᠰᠤᠷᠭᠠᠭᠤᠯᠢ ᠶᠢᠨ ᠮᠠᠷᠺᠰ ᠤᠨ ᠦᠵᠡᠯ ᠤᠨ ᠲᠡᠬᠡᠳᠤ ᠰᠤᠷᠭᠠᠭᠤᠯᠢ ᠶᠢ ᠪᠠᠶᠢᠭᠤᠯᠬᠤ ᠪᠠᠷᠢᠮᠵᠢᠶ᠎ᠡ ᠶᠢ ᠰᠤᠳᠤᠯᠤᠨ | ᠲᠤᠭᠳᠠᠭᠠᠨ᠎ᠡ᠃ | ᠶᠡᠭᠡ ᠲᠡᠬᠡᠳᠤ ᠰᠤᠷᠭᠠᠭᠤᠯᠢ ᠶᠢᠨ ᠤᠯᠤᠰ ᠲᠦᠷᠦ ᠦᠵᠡᠯ ᠰᠠᠨᠠᠭᠠᠨ ᠤ ᠬᠢᠴᠢᠶᠡᠯ ᠤᠨ ᠪᠠᠶᠢᠭᠤᠯᠤᠯᠳᠡ ᠶᠢᠨ | ᠰᠢᠰᠲ᠋ᠧᠮ ᠤᠨ ᠰᠢᠨ᠎ᠡ ᠶᠢ ᠡᠬᠦᠳᠬᠦ ᠲᠦᠯᠦᠪᠯᠡᠭᠡ ᠪᠤᠯᠤᠨ ᠶᠡᠭᠡ ᠲᠡᠬᠡᠳᠤ ᠰᠤᠷᠭᠠᠭᠤᠯᠢ ᠶᠢᠨ ᠤᠯᠤᠰ ᠲᠦᠷᠦ ᠦᠵᠡᠯ | ᠰᠠᠨᠠᠭᠠᠨ ᠤ ᠬᠢᠴᠢᠶᠡᠯ ᠤᠨ ᠤᠨᠴᠡ ᠤᠷᠢᠬᠰᠠᠨ ᠫᠷᠤᠹᠧᠰᠰᠤᠷ ᠤᠨ ᠲᠤᠷᠰᠢᠯᠳᠡ ᠶᠢᠨ ᠴᠡᠭ ᠢ ᠲᠤᠭᠳᠠᠭᠠᠨ | ᠬᠡᠷᠡᠭᠵᠢᠬᠦᠯᠦᠨ᠎ᠡ | ᠰᠦᠯᠵᠢᠶᠡᠨ ᠤ ᠦᠵᠡᠯ ᠰᠠᠨᠠᠭ᠎ᠠ ᠰᠤᠶᠤᠯ ᠤᠨ ᠰᠠᠭᠤᠷᠢᠨ ᠪᠤᠯᠤᠨ ᠠᠭᠤᠯᠤᠬᠳᠠᠬᠤᠨ ᠤ ᠪᠠᠶᠢᠭᠤᠯᠤᠯᠳᠡ ᠶᠢ | ᠴᠢᠩᠭᠠᠳᠬᠠᠨ᠎ᠡ | ᠬᠤᠶᠡᠷ᠂ ᠵᠠᠰᠠᠭ ᠵᠠᠬᠢᠷᠭᠠᠨ ᠤ ᠰᠤᠷᠳᠠᠯ᠂ ᠠᠵᠢᠯ ᠤᠨ ᠰᠤᠷᠳᠠᠯ᠂ ᠡᠷᠳᠡᠮ ᠰᠢᠨᠵᠢᠯᠡᠬᠡᠨ ᠤ ᠰᠤᠷᠳᠠᠯ ᠤᠨ | ᠪᠠᠶᠢᠭᠤᠯᠤᠯᠳᠡ ᠶᠢ ᠴᠢᠩᠭᠠᠳᠬᠠᠨ᠎ᠡ | ᠰᠤᠷᠭᠠᠨ ᠬᠦᠮᠦᠵᠢᠯ ᠤᠨ ᠠᠵᠢᠯ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠶᠢᠨ ᠬᠡᠷᠡᠭᠵᠢᠬᠦᠯᠬᠦ | ᠰᠠᠨᠠᠯ ᠢ ᠲᠤᠬᠳᠠᠭᠠᠨ᠎ᠡ | ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠲᠦᠪ ᠪᠤᠰᠤ ᠦᠢᠯᠡ ᠠᠵᠢᠯᠯᠠᠭ᠎ᠠ ᠶᠢ ᠰᠢᠢᠳᠪᠤᠷᠢᠯᠡᠬᠦ ᠠᠷᠭ᠎ᠠ ᠶᠢ | ᠨᠡᠶᠢᠳᠡᠯᠡᠨ᠎ᠡ | | ᠶᠡᠷᠦᠩᠬᠡᠶᠢᠯᠡᠭᠰᠡᠨ ᠦᠬᠡᠷᠡᠴᠢᠯᠡᠯᠲᠡ | | ᠨᠢᠬᠡ᠂ ᠰᠤᠷᠭᠠᠨ ᠬᠦᠮᠦᠵᠢᠯ ᠤᠨ ᠶᠡᠷᠤᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ | ᠡᠯ᠎ᠡ ᠮᠤᠵᠢ ︵ᠤᠷᠤᠨ᠂ ᠬᠤᠳᠡ︶ ᠪᠤᠯᠤᠨ ᠶᠡᠭᠡ ᠲᠡᠬᠡᠳᠤ ᠰᠤᠷᠭᠠᠭᠤᠯᠢ ᠠᠴᠠ ᠰᠤᠷᠭᠠᠨ ᠬᠦᠮᠦᠵᠢᠯ ᠤᠨ | ᠶᠡᠷᠤᠩᠬᠡᠶᠢᠯᠡᠭᠰᠡᠨ ᠦᠬᠡᠷᠡᠴᠢᠯᠡᠯᠳᠡ ᠶᠢᠨ ᠲᠦᠰᠦᠯ ᠢ ᠲᠤᠭᠳᠠᠭᠠᠨ ᠬᠡᠷᠡᠭᠵᠢᠬᠦᠯᠬᠦ ᠶᠢ ᠵᠢᠭᠠᠨ ᠵᠢᠯᠤᠭᠤᠳᠤᠨ᠎ᠡ | ᠪᠡᠬᠡᠵᠢᠩ ᠲᠢᠶᠠᠨᠵᠢᠨ ᠡᠾᠧᠪᠸᠢ ᠶᠢᠨ ᠰᠤᠷᠭᠠᠨ ᠬᠦᠮᠦᠵᠢᠯ ᠢ ᠲᠦᠯᠬᠢᠨ ᠠᠬᠢᠭᠤᠯᠵᠤ᠂ ᠬᠠᠮᠵᠢᠯᠴᠠᠨ | ᠬᠥᠭᠵᠢᠬᠦ ᠶᠢ ᠬᠡᠷᠡᠭᠵᠢᠬᠦᠯᠬᠦ ᠰᠠᠨᠠᠯ ᠢ ᠰᠤᠳᠤᠯᠤᠨ ᠲᠤᠬᠳᠠᠭᠠᠨ᠎ᠡ | ᠰᠤᠷᠭᠠᠭᠤᠯᠢ ᠪᠤᠯᠭᠠᠨ ᠳᠤ ᠢᠨᠲ᠋ᠧᠷᠨᠧᠲ ᠰᠦᠯᠵᠢᠶ᠎ᠡ ᠶᠢ ᠪᠦᠷᠬᠦᠬᠦᠯᠬᠦ ᠶᠢ ᠦᠨᠳᠦᠰᠤᠨ ᠳᠤᠨᠢ ᠪᠡᠶᠡᠯᠡᠬᠦᠯᠬᠦ ᠪᠠᠷ | ᠴᠢᠷᠮᠠᠶᠢᠨ᠎ᠡ | ᠡᠯ᠎ᠡ ᠱᠠᠳᠤᠨ ᠤ ᠰᠤᠷᠭᠠᠨ ᠬᠦᠮᠦᠵᠢᠯ ᠪᠤᠯᠭᠠᠨ ᠳᠤ ᠵᠤᠭᠤᠰ ᠰᠠᠯᠭᠠᠨ ᠦᠭᠬᠦ ᠲᠦᠷᠢᠮ ᠢ ᠪᠠᠶᠢᠭᠤᠯᠵᠤ᠂ | ᠠᠯᠪᠠᠨ ᠵᠢᠷᠤᠮ ᠤᠨ ᠪᠤᠰᠤ ᠰᠤᠷᠭᠠᠨ ᠬᠦᠮᠦᠵᠢᠯ ᠤᠨ ᠱᠠᠳᠤᠨ ᠳᠠᠬᠢ ᠦᠪᠡᠷ ᠤᠨ ᠦᠷᠳᠡᠭ ᠢ ᠬᠤᠪᠢᠶᠠᠨ ᠡᠬᠦᠷᠬᠡᠯᠡᠬᠦ | ᠲᠤᠬᠳᠠᠴᠡ ᠶᠢ ᠲᠡᠬᠦᠯᠳᠡᠷᠵᠢᠬᠦᠯᠬᠦ ᠶᠢ ᠲᠦᠯᠬᠢᠨ ᠠᠬᠢᠭᠤᠯᠤᠨ᠎ᠡ | ᠬᠤᠶᠡᠷ᠂ ᠮᠡᠳᠡᠭᠡ ᠵᠠᠩᠬᠢ ᠶᠢᠨ ᠢᠯᠡ ᠪᠠᠶᠢᠬᠤ ᠶᠢ ᠠᠬᠢᠭᠤᠯᠤᠨ᠎ᠡ | ︽ᠰᠤᠷᠭᠠᠨ ᠬᠦᠮᠦᠵᠢᠯ ᠤᠨ ᠠᠵᠢᠯ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠶᠢ ᠬᠡᠷᠡᠭᠵᠢᠬᠦᠯᠬᠦ | ᠰᠠᠨᠠᠯ ᠢ ᠲᠤᠭᠳᠠᠭᠠᠨ᠎ᠡ︾ | ᠰᠤᠷᠭᠠᠭᠤᠯᠢ ᠠᠴᠠ ᠡᠳ᠋ ᠤᠨ ᠵᠠᠰᠠᠭ ᠢ ᠢᠯᠡ ᠪᠠᠶᠢᠯᠭᠠᠬᠤ ᠲᠦᠷᠢᠮ ᠢ ᠬᠡᠷᠡᠭᠵᠢᠬᠦᠯᠬᠦ ᠶᠢ ᠠᠬᠢᠭᠤᠯᠤᠨ᠎ᠡ | ᠪᠠᠭᠰᠢ ᠶᠢᠨ ᠪᠤᠯᠪᠠᠰᠤᠷᠠᠯ ᠪᠤᠯᠤᠨ ᠪᠤᠯᠪᠠᠰᠤᠷᠠᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ | | ᠰᠢᠯᠭᠠᠯᠳᠡ ᠪᠠᠷ ᠰᠤᠷᠤᠭᠴᠢ ᠡᠯᠰᠡᠬᠦ ᠲᠦᠷᠢᠮ | ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ | | ︽ᠦᠨᠳᠦᠷ ᠲᠤᠮᠳᠠᠳᠤ ᠶᠢᠨ ᠱᠠᠳᠤᠨ ᠳᠤ ᠰᠢᠯᠭᠠᠯᠳᠡ ᠬᠢᠵᠦ ᠰᠤᠷᠤᠭᠴᠢ ᠡᠯᠰᠡᠬᠦ ᠲᠦᠷᠢᠮ ᠤᠨ | ᠦᠬᠡᠷᠡᠴᠢᠯᠡᠯᠳᠡ ᠶᠢ ᠵᠢᠯᠤᠭᠤᠳᠬᠤ ᠰᠠᠨᠠᠯ ᠢ ᠰᠤᠳᠤᠯᠤᠨ ᠭᠠᠷᠭᠠᠨ᠎ᠡ︾ | ᠡᠩ ᠤᠨ ᠦᠨᠳᠦᠷ ᠲᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠡ ᠪᠤᠯᠤᠨ | ᠶᠡᠷᠤᠩᠬᠡᠶᠢᠯᠡᠭᠰᠡᠨ ᠬᠡᠪ ᠴᠢᠨᠡᠷ ᠤᠨ ᠦᠨᠡᠯᠡᠯᠳᠡ ᠶᠢ ᠪᠦᠬᠦ ᠲᠠᠯ᠎ᠡ ᠪᠠᠷ ᠬᠡᠷᠡᠭᠵᠢᠬᠦᠯᠤᠨ᠎ᠡ | ᠡᠯ᠎ᠡ ᠭᠠᠵᠡᠷ ᠤᠨ ᠨᠢᠬᠡᠳᠤᠯᠳᠡᠢ ᠰᠢᠯᠭᠠᠯᠳᠡ ᠳᠤ ᠬᠤᠪᠢ ᠨᠡᠮᠡᠬᠦ ᠲᠦᠷᠦᠯ ᠵᠦᠢᠯ ᠢ ᠶᠡᠭᠡ ᠪᠠᠷ ᠪᠠᠭᠠᠰᠬᠠᠵᠤ᠂ | ᠲᠡᠮᠢᠷ᠂ ᠤᠷᠠᠯᠢᠭ ᠵᠡᠷᠬᠡ ᠤᠨᠴᠠᠭᠠᠢ ᠴᠢᠳᠠᠪᠤᠷᠢ ᠶᠢᠨ ᠬᠤᠪᠢ ᠨᠡᠮᠡᠬᠦ ᠲᠦᠷᠦᠯ ᠵᠦᠢᠯ ᠢ ᠬᠦᠴᠦᠨ ᠦᠬᠡᠢ ᠪᠤᠯᠭᠠᠨ᠎ᠡ | ᠦᠪᠡᠰᠤᠪᠠᠨ ᠡᠵᠡᠨ ᠮᠡᠳᠡᠵᠤ ᠰᠤᠷᠤᠭᠴᠢ ᠡᠯᠰᠡᠬᠦ᠂ ᠪᠦᠬᠦ ᠤᠯᠤᠰ ᠤᠨ ᠨᠢᠬᠡᠳᠤᠯᠳᠡᠢ ᠰᠢᠯᠭᠠᠯᠳᠡ ᠶᠢᠨ | ᠲᠠᠷᠠᠭ᠎ᠠ ᠦᠪᠡᠰᠤᠪᠠᠨ ᠡᠵᠡᠨ ᠮᠡᠳᠡᠵᠤ ᠰᠤᠷᠤᠭᠴᠢ ᠡᠯᠰᠡᠬᠦ ᠠᠵᠢᠯ ᠢ ᠰᠠᠶᠢᠳᠤᠷ ᠬᠢᠵᠤ ᠲᠡᠬᠦᠯᠳᠡᠷᠵᠢᠬᠦᠯᠦᠨ᠎ᠡ | ᠠᠰᠫᠢᠷᠠᠨᠲ ᠡᠯᠰᠡᠬᠦ ᠰᠢᠯᠭᠠᠯᠳᠡ ᠶᠢᠨ ᠲᠦᠷᠢᠮ ᠢ ᠦᠬᠡᠷᠡᠴᠢᠯᠡᠬᠦ ᠶᠢ ᠦᠷᠬᠦᠯᠵᠢᠯᠡᠨ ᠠᠬᠢᠭᠤᠯᠤᠨ᠎ᠡ | | ᠬᠠᠮᠢᠶᠠᠷᠬᠤ ᠡᠷᠬᠢᠯᠡᠬᠦ ᠦᠨᠡᠯᠡᠬᠦ ᠶᠢ ᠰᠠᠯᠭᠠᠬᠤ | | ᠨᠢᠬᠡ᠂ ᠬᠠᠮᠢᠶᠡᠷᠤᠯᠳᠡ ᠶᠢᠨ ᠨᠠᠷᠢᠨ ᠲᠠᠩᠰᠠ ᠶᠢ ᠪᠠᠶᠢᠭᠤᠯᠤᠨ᠎ᠡ | ︽ᠬᠠᠮᠢᠶᠠᠷᠬᠤ᠂ ᠡᠷᠬᠢᠯᠡᠬᠦ᠂ ᠦᠨᠡᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠰᠤᠷᠭᠠᠨ ᠬᠦᠮᠦᠵᠢᠯ ᠢ | ᠵᠠᠰᠠᠬᠤ ᠬᠢᠷᠢ ᠲᠦᠪᠰᠢᠨ ᠢᠶᠠᠨ ᠲᠡᠬᠡᠭᠰᠢᠯᠡᠬᠦᠯᠬᠦ ᠲᠤᠬᠠᠢ ᠰᠠᠨᠠᠯ︾ ᠢ ᠨᠡᠶᠢᠳᠡᠯᠡᠨ᠎ᠡ | ᠵᠠᠰᠠᠭ ᠢ ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠵᠤ᠂ ︽ᠰᠤᠷᠭᠠᠨ ᠬᠦᠮᠦᠵᠢᠯ ᠤᠨ ᠶᠠᠮᠤᠨ ᠤ ᠡᠷᠬᠡ | ᠲᠤᠰᠢᠶᠠᠯ ᠢ ᠬᠤᠪᠢᠷᠠᠭᠤᠯᠬᠤ ᠲᠦᠰᠦᠯ︾ ᠢ ᠬᠦᠨᠵᠡᠬᠡᠢ ᠨᠠᠶᠢᠳᠠᠪᠤᠷᠢᠵᠢᠭᠤᠯᠬᠤ ᠶᠢ ᠤᠯᠠᠮ ᠨᠢᠬᠡ ᠠᠯᠬᠤᠮ | ᠠᠬᠢᠭᠤᠯᠤᠨ᠎ᠡ | ᠨᠠᠷᠢᠨ ᠲᠠᠩᠰᠠ ᠶᠢᠨ ᠬᠠᠮᠢᠶᠠᠷᠤᠯᠳᠡ᠂ ᠡᠷᠬᠡ ᠶᠢᠨ ᠨᠠᠷᠢᠨ ᠲᠠᠩᠰᠠ ᠪᠤᠯᠤᠨ ᠬᠠᠷᠢᠭᠤᠴᠠᠯᠭ᠎ᠠ ᠶᠢᠨ ᠨᠠᠷᠢᠨ | ᠲᠠᠩᠰᠡ ᠶᠢ ᠬᠠᠤᠯᠢ ᠪᠠᠷ ᠲᠤᠳᠤᠷᠬᠠᠢᠢᠯᠠᠵᠤ ᠬᠡᠷᠡᠭᠵᠢᠬᠦᠯᠤᠨ᠎ᠡ | ᠬᠤᠶᠡᠷ᠂ ᠤᠳᠤᠬᠢᠴᠢᠯᠡᠬᠰᠠᠨ ᠰᠤᠷᠭᠠᠭᠤᠯᠢ ᠶᠢᠨ ᠲᠦᠷᠢᠮ ᠤᠨ ᠪᠠᠶᠢᠭᠤᠯᠤᠯᠳᠡ ᠶᠢ ᠲᠦᠷᠬᠡᠳᠬᠡᠨ᠎ᠡ | ᠰᠤᠷᠭᠠᠨ ᠬᠦᠮᠦᠵᠢᠯ ᠤᠨ ᠠᠵᠢᠯ ᠦᠢᠯᠡᠰ ᠤᠨ ᠨᠢᠬᠡᠴᠡ ᠶᠢ ᠲᠦᠷᠦᠯ ᠬᠤᠪᠢᠶᠠᠨ ᠦᠬᠡᠷᠡᠴᠢᠯᠡᠬᠦ ᠪᠤᠯᠤᠨ | ᠤᠳᠤᠬᠢᠴᠢᠯᠡᠬᠰᠠᠨ ᠰᠤᠷᠭᠠᠭᠤᠯᠢ ᠶᠢᠨ ᠲᠦᠷᠢᠮ ᠤᠨ ᠪᠠᠶᠢᠭᠤᠯᠤᠯᠳᠡ ᠶᠢ ᠲᠦᠷᠬᠡᠳᠬᠡᠬᠦ ᠶᠢ ᠠᠬᠢᠭᠤᠯᠤᠨ᠎ᠡ | ᠶᠡᠭᠡ ᠲᠡᠬᠡᠳᠤ ᠰᠤᠷᠭᠠᠭᠤᠯᠢ ᠠᠴᠠ ᠲᠦᠷᠢᠮ ᠢ ᠲᠤᠬᠳᠠᠭᠠᠬᠤ ᠠᠵᠢᠯ ᠢ ᠪᠡᠶᠡᠯᠡᠬᠦᠯᠵᠤ᠂ ᠨᠢᠬᠡ ᠰᠤᠷᠭᠠᠭᠤᠯᠢ | ᠨᠢᠬᠡ ᠲᠦᠷᠢᠮ ᠲᠠᠢ ᠪᠠᠶᠢᠬᠤ ᠶᠢ ᠠᠬᠢᠭᠤᠯᠤᠨ᠎ᠡ | ᠠᠰᠫᠢᠷᠠᠨᠲ ᠤᠨ ᠶᠡᠰᠤ ᠴᠢᠨᠡᠷ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠵᠢᠩᠬᠢᠨᠢ ᠠᠩᠬᠢ ᠶᠢᠨ | ᠲᠤᠰᠬᠠᠢ ᠮᠡᠷᠬᠡᠵᠢᠯ ᠤᠨ ᠬᠦᠳᠡᠯᠦᠩᠬᠦᠢ ᠪᠠᠶᠢᠳᠠᠯ ᠤᠨ ᠲᠤᠬᠢᠷᠠᠭᠤᠯᠤᠯᠳᠡ ᠪᠤᠯᠤᠨ ᠲᠤᠰᠬᠠᠢ ᠮᠡᠷᠬᠡᠵᠢᠯ ᠤᠨ | ᠤᠷᠢᠳᠴᠢᠯᠡᠨ ᠰᠡᠷᠡᠮᠵᠢᠯᠡᠬᠦᠯᠬᠦ ᠲᠤᠬᠳᠠᠴᠡ ᠶᠢ ᠪᠠᠶᠢᠭᠤᠯᠬᠤ ᠶᠢ ᠲᠦᠷᠬᠡᠳᠬᠡᠨ᠎ᠡ | | ᠤᠳᠤᠬᠢᠴᠢᠯᠠᠬᠰᠠᠨ ᠠᠵᠢᠯ ᠮᠡᠷᠬᠡᠵᠢᠯ ᠤᠨ | ᠰᠤᠷᠭᠠᠨ ᠬᠦᠮᠦᠵᠢᠯ ᠤᠨ ᠰᠢᠰᠲ᠋ᠧᠮ | | ᠨᠢᠬᠡ᠂ ᠬᠡᠷᠡᠭᠯᠡᠬᠡᠨ ᠤ ᠮᠡᠷᠬᠡᠵᠢᠯ ᠤᠨ ᠶᠡᠭᠡ ᠲᠡᠬᠡᠳᠤ ᠰᠤᠷᠭᠠᠭᠤᠯᠢ ᠶᠢ ᠪᠦᠳᠦᠬᠡᠨ ᠪᠠᠶᠢᠭᠤᠯᠤᠨ᠎ᠡ | ᠵᠠᠷᠢᠮ ᠭᠠᠵᠡᠷ ᠤᠷᠤᠨ ᠤ ᠶᠡᠭᠡ ᠲᠡᠬᠡᠳᠤ ᠰᠤᠷᠭᠠᠭᠤᠯᠢ ᠶᠢ ᠤᠳᠤᠷᠢᠳᠤᠨ ᠲᠠᠭᠠᠭᠤᠯᠵᠤ᠂ ᠬᠡᠷᠡᠭᠯᠡᠬᠡᠨ ᠤ | ᠮᠡᠷᠬᠡᠵᠢᠯ ᠤᠨ ᠶᠡᠭᠡ ᠲᠡᠬᠡᠳᠤ ᠰᠤᠷᠭᠠᠭᠤᠯᠢ ᠵᠦᠭ ᠬᠡᠯᠪᠡᠷᠢ ᠪᠠᠨ ᠬᠤᠪᠢᠷᠠᠭᠤᠯᠤᠨ ᠦᠬᠡᠷᠡᠴᠢᠯᠡᠬᠦ ᠲᠤᠷᠰᠢᠯᠳᠡ ᠶᠢᠨ | ᠴᠡᠭ ᠤᠨ ᠵᠢᠯᠤᠭᠤᠳᠬᠤ ᠰᠠᠨᠠᠯ ᠢ ᠬᠡᠪᠯᠡᠨ ᠲᠠᠷᠬᠠᠭᠠᠨᠡ | ᠲᠤᠷᠰᠢᠯᠳᠡ ᠶᠢᠨ ᠴᠡᠭ ᠢ ᠦᠬᠡᠷᠡᠴᠢᠯᠡᠨ᠂ ᠨᠢᠬᠡ ᠪᠦᠯᠦᠭ ᠨᠦᠬᠦᠴᠡᠯ ᠲᠠᠢ᠂ ᠬᠦᠰᠡᠯ ᠲᠠᠢ ᠭᠠᠵᠡᠷ ᠤᠷᠤᠨ ᠤ | ᠶᠡᠭᠡ ᠲᠡᠬᠡᠳᠤ ᠰᠤᠷᠭᠠᠭᠤᠯᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠲᠡᠰ ᠲᠠᠷᠠᠭ᠎ᠠ ᠲᠠᠢ ᠪᠠᠷ | ᠤᠳᠤᠷᠢᠳᠤᠨ ᠲᠠᠭᠠᠭᠤᠯᠤᠨ᠎ᠡ | ᠬᠤᠶᠡᠷ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠶᠠᠰᠤ ᠴᠢᠨᠡᠷ ᠤᠨ ᠲᠡᠬᠡᠭᠰᠢᠯᠡᠯᠳᠡ ᠶᠢ | ᠠᠬᠢᠭᠤᠯᠤᠨ᠎ᠡ | ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠲᠡᠬᠡᠳᠤ ᠲᠠᠪᠬᠤᠷᠭ᠎ᠠ ᠶᠢᠨ ᠰᠤᠷᠭᠠᠭᠤᠯᠢ ᠳᠤ | ᠰᠤᠷᠤᠯᠴᠠᠬᠤ ᠠᠷᠭ᠎ᠠ ᠶᠢ ᠬᠠᠶᠢᠨ ᠰᠦᠪᠡᠭᠴᠢᠯᠡᠵᠤ ᠲᠤᠬᠳᠠᠭᠠᠨ᠎ᠡ | ᠭᠤᠷᠪᠠᠳᠤᠭᠠᠷ ᠪᠦᠯᠦᠭ ᠤᠨ ᠤᠯᠤᠰ ᠤᠨ ᠲᠤᠮᠳᠠ ᠵᠡᠷᠬᠡ ᠶᠢᠨ ᠪᠤᠶᠤ ᠲᠡᠬᠡᠳᠤ ᠵᠡᠷᠬᠡ ᠶᠢᠨ ᠠᠵᠢᠯ | ᠮᠡᠷᠬᠡᠵᠢᠯ ᠤᠨ ᠰᠤᠷᠭᠠᠭᠤᠯᠢ ᠶᠢᠨ ᠵᠢᠱᠢᠶ᠎ᠡ ᠦᠵᠡᠬᠦᠯᠬᠦ ᠰᠤᠷᠭᠠᠭᠤᠯᠢ ᠶᠢᠨ ᠰᠢᠯᠭᠠᠨ ᠪᠠᠶᠢᠴᠠᠭᠠᠬᠤ ᠠᠵᠢᠯ ᠢ ᠬᠢᠨ᠎ᠡ | ᠮᠠᠯᠵᠢᠬᠤ ᠲᠠᠷᠢᠶᠠᠯᠠᠬᠤ ᠤᠷᠤᠨ ᠳᠤ ᠬᠠᠨᠳᠤᠬᠰᠠᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ | ᠬᠦᠭᠵᠢᠬᠦᠯᠵᠤ᠂ ᠰᠢᠨ᠎ᠡ ᠬᠡᠯᠪᠡᠷᠢ ᠶᠢᠨ ᠲᠤᠰᠬᠠᠢ ᠮᠡᠷᠬᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠶᠢ ᠪᠦᠬᠦ | ᠬᠦᠴᠦ ᠪᠠᠷ ᠲᠦᠷᠬᠡᠳᠬᠡᠨ᠎ᠡ | ᠤᠯᠤᠰ ᠤᠨ ᠲᠡᠰ ᠤᠨ ᠲᠠᠷᠢᠶᠡᠯᠡᠬᠤ ᠤᠷᠤᠨ ᠤ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠤᠯᠤᠨ | ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠵᠢᠱᠢᠶ᠎ᠡ ᠦᠵᠡᠬᠦᠯᠬᠦ ᠰᠢᠶᠠᠨ ︵ᠬᠤᠳᠡ᠂ ᠤᠷᠤᠨ︶ | ᠪᠠᠶᠢᠭᠤᠯᠬᠤ ᠠᠵᠢᠯ ᠢ ᠠᠬᠢᠭᠤᠯᠤᠨ᠎ᠡ | | ᠰᠤᠷᠭᠠᠨ ᠬᠦᠮᠦᠵᠢᠯ ᠤᠨ ᠠᠵᠢᠯ ᠢ ᠬᠠᠤᠯᠢ ᠪᠠᠷ ᠵᠠᠰᠠᠬᠤ | | ᠰᠤᠷᠭᠠᠨ ᠬᠦᠮᠦᠵᠢᠯ ᠤᠨ ᠠᠵᠢᠯ ᠢ ᠬᠠᠤᠯᠢ ᠪᠠᠷ ᠵᠠᠰᠠᠬᠤ ᠲᠦᠷᠢᠮ ᠲᠤᠬᠳᠠᠭᠠᠨ᠎ᠡ | ᠰᠤᠷᠭᠠᠨ ᠬᠦᠮᠤᠵᠢᠯ ᠤᠨ ᠠᠵᠢᠯ ᠢ ᠬᠠᠤᠯᠢ ᠪᠠᠷ ᠵᠠᠰᠠᠬᠤ ᠲᠤᠬᠠᠢ ᠪᠢᠴᠢᠭ ᠮᠠᠲ᠋ᠧᠷᠢᠶᠠᠯ ᠢ ᠪᠦᠬᠦ ᠲᠠᠯ᠎ᠡ ᠪᠠᠷ | ᠬᠡᠷᠡᠭᠵᠢᠬᠦᠯᠵᠤ᠂ ᠰᠤᠷᠭᠠᠨ ᠬᠦᠮᠦᠵᠢᠯ ᠢ ᠬᠠᠤᠯᠢ ᠪᠠᠷ ᠵᠠᠰᠠᠬᠤ ᠠᠬᠢᠴᠡ ᠶᠢ ᠪᠦᠬᠦ ᠲᠠᠯ᠎ᠡ ᠪᠠᠷ ᠠᠬᠢᠭᠤᠯᠤᠨ᠎ᠡ | ᠰᠤᠷᠭᠠᠨ ᠬᠦᠮᠤᠵᠢᠯ ᠤᠨ ᠠᠵᠢᠯ ᠢ ᠬᠠᠤᠯᠢ ᠪᠠᠷ ᠵᠠᠰᠠᠬᠤ ᠵᠢᠱᠢᠶ᠎ᠡ ᠦᠵᠡᠬᠦᠯᠬᠦ ᠤᠷᠤᠨ ᠢ ᠪᠠᠶᠢᠭᠤᠯᠤᠨ᠎ᠡ | ᠰᠤᠷᠭᠠᠨ ᠬᠦᠮᠦᠵᠢᠯ ᠤᠨ ᠠᠵᠢᠯ ᠤᠨ ᠵᠠᠰᠠᠬ ᠶᠠᠪᠤᠭᠤᠯᠵᠤ ᠬᠠᠤᠯᠢ ᠬᠡᠷᠡᠭᠵᠢᠬᠦᠯᠬᠦ ᠲᠤᠬᠳᠠᠯᠴᠠᠭ᠎ᠠ᠂ | ᠲᠤᠬᠳᠠᠴᠡ ᠶᠢᠨ ᠦᠬᠡᠷᠡᠴᠢᠯᠡᠯᠳᠡ ᠶᠢ ᠠᠬᠢᠭᠤᠯᠤᠨ᠎ᠡ | ︽ᠬᠠᠤᠯᠢ ᠶᠢᠨ ᠵᠦᠪᠯᠡᠭᠴᠢ ᠶᠢᠨ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠬᠤ ᠲᠤᠬᠠᠢ ᠰᠠᠨᠠᠯ︾ ᠢ | ᠭᠠᠷᠭᠠᠨ᠎ᠡ | | ᠰᠤᠷᠭᠠᠨ ᠬᠦᠮᠦᠵᠢᠯ ᠤᠨ ᠡᠷᠬᠡ ᠲᠡᠭᠰᠢ | | ᠨᠢᠬᠡ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠢ ᠠᠩᠬᠠᠷᠤᠨ᠎ᠠ | ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢ ᠲᠡᠮᠵᠢᠬᠦ ᠲᠦᠯᠦᠪᠯᠡᠭᠡ ᠪᠤᠯᠤᠨ ᠮᠠᠯᠵᠢᠬᠤ ᠲᠠᠷᠢᠶᠠᠯᠠᠬᠤ | ᠤᠷᠤᠨ ᠤ ᠪᠠᠭᠰᠢ ᠶᠢᠨ ᠠᠮᠢᠳᠤᠷᠠᠯ ᠤᠨ ᠨᠦᠬᠦᠪᠦᠷᠢ ᠶᠢ ᠨᠠᠶᠢᠳᠠᠪᠤᠷᠢᠵᠢᠭᠤᠯᠵᠤ ᠬᠡᠷᠡᠭᠵᠢᠬᠦᠯᠤᠨ᠎ᠡ | ᠬᠠᠮᠤᠭ ᠤᠨ ᠰᠠᠶᠢᠨ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢ ᠡᠷᠢᠬᠦ ᠠᠵᠢᠯᠯᠠᠭ᠎ᠠ ᠶᠢ ᠬᠢᠨ᠎ᠡ ᠮᠠᠯᠵᠢᠬᠤ | ᠲᠠᠷᠢᠶᠠᠯᠠᠬᠤ ᠤᠷᠤᠨ ᠤ ᠰᠤᠷᠤᠭᠴᠢᠳ ᠤᠨ ᠭᠤᠤᠯᠳᠠᠯᠭ᠎ᠠ ᠲᠠᠢ ᠶᠡᠭᠡ ᠲᠡᠬᠡᠳᠤ ᠰᠤᠷᠭᠠᠭᠤᠯᠢ ᠳᠤ ᠤᠷᠤᠬᠤ ᠲᠤᠭ᠎ᠠ ᠶᠢ | ᠤᠯᠠᠮ ᠨᠢᠬᠡ ᠠᠯᠬᠤᠮ ᠨᠡᠮᠡᠭᠳᠡᠬᠦᠯᠦᠨ᠎ᠡ | ᠬᠤᠶᠡᠷ᠂ ᠰᠤᠷᠭᠠᠨ ᠬᠦᠮᠦᠵᠢᠯ ᠤᠨ ᠰᠢᠯᠢᠳᠡᠭ ᠲᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠎ᠡ | ᠨᠡᠬᠦᠳᠡᠯ ᠢᠷᠬᠡᠨ ᠤ ᠦᠷ᠎ᠡ ᠬᠡᠤᠬᠡᠳ ᠲᠤᠬᠠᠢ ᠶᠢᠨ ᠭᠠᠵᠡᠷ ᠲᠤᠨᠢ ᠠᠯᠪᠠᠨ ᠵᠢᠷᠤᠮ ᠤᠨ ᠰᠤᠷᠭᠠᠨ ᠬᠦᠮᠦᠵᠢᠯ | ᠬᠦᠷᠳᠡᠭᠰᠡᠡ ᠤ ᠲᠠᠷᠠᠭ᠎ᠠ ᠲᠤᠬᠠᠢ ᠶᠢᠨ ᠭᠠᠵᠡᠷ ᠲᠤᠨᠢ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠳᠡ ᠳᠤ ᠤᠷᠤᠯᠴᠠᠵᠤ | ᠪᠤᠯᠬᠤ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠦᠨ᠎ᠡ | ᠭᠤᠤᠯᠳᠠᠯᠭ᠎ᠠ ᠲᠠᠢ ᠶᠡᠭᠡ ᠬᠤᠳᠡ ᠰᠢᠯᠭᠠᠯᠳᠡ ᠲᠠᠮᠵᠢᠬᠤ ᠦᠬᠡᠢ ᠪᠠᠷ ᠰᠤᠷᠭᠠᠭᠤᠯᠢ ᠳᠤ ᠤᠷᠤᠬᠤ ᠲᠦᠰᠦᠯ ᠢ | ᠤᠯᠠᠮ ᠨᠢᠬᠡ ᠠᠯᠬᠤᠮ ᠨᠠᠶᠢᠳᠠᠪᠤᠷᠢᠵᠢᠭᠤᠯᠤᠨ᠎ᠡ | ᠲᠤᠮᠳᠠ ᠪᠠᠷᠠᠭᠤᠨ ᠤᠷᠤᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠬᠦ ᠶᠢ | ᠲᠦᠷᠬᠡᠳᠬᠡᠨ᠎ᠡ | ᠵᠡᠮᠳᠡᠭᠴᠤᠳ ᠤᠨ ᠡᠩ ᠤᠨ ᠶᠡᠭᠡ ᠲᠡᠬᠡᠳᠤ ᠰᠤᠷᠭᠠᠭᠤᠯᠢ ᠶᠢᠨ ᠨᠢᠬᠡᠳᠤᠯᠳᠡᠢ ᠰᠢᠯᠭᠠᠯᠳᠡ ᠪᠤᠯᠤᠨ | ᠠᠰᠫᠢᠷᠠᠨᠲ ᠤᠨ ᠰᠢᠯᠭᠠᠯᠳᠡ ᠳᠤ ᠤᠷᠤᠯᠴᠠᠬᠤ ᠤᠨᠴᠠᠭᠠᠢ ᠪᠠᠳᠤᠯᠠᠭ᠎ᠠ ᠶᠢᠨ ᠠᠷᠭ᠎ᠠ ᠶᠢ ᠲᠤᠭᠳᠠᠭᠠᠨ᠎ᠡ | | ︵ᠲᠤᠮᠳᠠᠳᠤ ᠤᠯᠤᠰ ᠤᠨ ᠰᠤᠷᠭᠠᠨ ᠬᠦᠮᠦᠵᠢᠯ ᠤᠨ ᠰᠤᠨᠢᠨ ᠠᠴᠠ︶ | | |