2015᠄ ᠰᠤᠷᠭᠠᠨ ᠬᠦᠮᠦᠵᠢᠯ ᠤᠨ 7 ᠵᠡᠩᠬᠢᠯᠠᠭ᠎ᠠ ᠶᠢᠨ ᠦᠬᠡᠰ
ᠨᠡᠶᠢᠲᠡᠯᠡᠭᠰᠡᠨ ᠴᠠᠭ᠄
2015/4/8
        ᠶᠤᠰᠤ ᠮᠤᠷᠠᠯ ᠢᠶᠠᠷ ᠬᠦᠮᠦᠨ ᠬᠦᠮᠦᠵᠢᠬᠦᠯᠬᠦ        ᠨᠢᠬᠡ᠂ ᠰᠤᠷᠭᠠᠨ ᠬᠦᠮᠦᠵᠢᠯ ᠤᠨ ᠰᠢᠰᠲ᠋ᠧᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠳᠤᠷ ᠬᠢᠨ᠎ᠡ      ︽ᠮᠠᠷᠺᠰ ᠤᠨ ᠦᠵᠡᠯ ᠤᠨ ᠤᠨᠤᠯ ᠤᠨ ᠰᠢᠨᠵᠢᠯᠡᠬᠡᠨ ᠤ ᠤᠳᠤᠷᠢᠳᠬᠤ ᠲᠦᠯᠦᠪᠯᠡᠭᠡ︾᠂ ᠶᠡᠭᠡ ᠲᠡᠬᠡᠳᠤ ᠰᠤᠷᠭᠠᠭᠤᠯᠢ ᠶᠢᠨ ᠮᠠᠷᠺᠰ ᠤᠨ ᠦᠵᠡᠯ ᠤᠨ ᠲᠡᠬᠡᠳᠤ ᠰᠤᠷᠭᠠᠭᠤᠯᠢ ᠶᠢ ᠪᠠᠶᠢᠭᠤᠯᠬᠤ ᠪᠠᠷᠢᠮᠵᠢᠶ᠎ᠡ ᠶᠢ ᠰᠤᠳᠤᠯᠤᠨ ᠲᠤᠭᠳᠠᠭᠠᠨ᠎ᠡ᠃      ᠶᠡᠭᠡ ᠲᠡᠬᠡᠳᠤ ᠰᠤᠷᠭᠠᠭᠤᠯᠢ ᠶᠢᠨ ᠤᠯᠤᠰ ᠲᠦᠷᠦ ᠦᠵᠡᠯ ᠰᠠᠨᠠᠭᠠᠨ ᠤ ᠬᠢᠴᠢᠶᠡᠯ ᠤᠨ ᠪᠠᠶᠢᠭᠤᠯᠤᠯᠳᠡ ᠶᠢᠨ ᠰᠢᠰᠲ᠋ᠧᠮ ᠤᠨ ᠰᠢᠨ᠎ᠡ ᠶᠢ ᠡᠬᠦᠳᠬᠦ ᠲᠦᠯᠦᠪᠯᠡᠭᠡ ᠪᠤᠯᠤᠨ ᠶᠡᠭᠡ ᠲᠡᠬᠡᠳᠤ ᠰᠤᠷᠭᠠᠭᠤᠯᠢ ᠶᠢᠨ ᠤᠯᠤᠰ ᠲᠦᠷᠦ ᠦᠵᠡᠯ ᠰᠠᠨᠠᠭᠠᠨ ᠤ ᠬᠢᠴᠢᠶᠡᠯ ᠤᠨ ᠤᠨᠴᠡ ᠤᠷᠢᠬᠰᠠᠨ ᠫᠷᠤᠹᠧᠰᠰᠤᠷ ᠤᠨ ᠲᠤᠷᠰᠢᠯᠳᠡ ᠶᠢᠨ ᠴᠡᠭ ᠢ ᠲᠤᠭᠳᠠᠭᠠᠨ ᠬᠡᠷᠡᠭᠵᠢᠬᠦᠯᠦᠨ᠎ᠡ      ᠰᠦᠯᠵᠢᠶᠡᠨ ᠤ ᠦᠵᠡᠯ ᠰᠠᠨᠠᠭ᠎ᠠ ᠰᠤᠶᠤᠯ ᠤᠨ ᠰᠠᠭᠤᠷᠢᠨ ᠪᠤᠯᠤᠨ ᠠᠭᠤᠯᠤᠬᠳᠠᠬᠤᠨ ᠤ ᠪᠠᠶᠢᠭᠤᠯᠤᠯᠳᠡ ᠶᠢ ᠴᠢᠩᠭᠠᠳᠬᠠᠨ᠎ᠡ      ᠬᠤᠶᠡᠷ᠂ ᠵᠠᠰᠠᠭ ᠵᠠᠬᠢᠷᠭᠠᠨ ᠤ ᠰᠤᠷᠳᠠᠯ᠂ ᠠᠵᠢᠯ ᠤᠨ ᠰᠤᠷᠳᠠᠯ᠂ ᠡᠷᠳᠡᠮ ᠰᠢᠨᠵᠢᠯᠡᠬᠡᠨ ᠤ ᠰᠤᠷᠳᠠᠯ ᠤᠨ ᠪᠠᠶᠢᠭᠤᠯᠤᠯᠳᠡ ᠶᠢ ᠴᠢᠩᠭᠠᠳᠬᠠᠨ᠎ᠡ      ᠰᠤᠷᠭᠠᠨ ᠬᠦᠮᠦᠵᠢᠯ ᠤᠨ ᠠᠵᠢᠯ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠶᠢᠨ ᠬᠡᠷᠡᠭᠵᠢᠬᠦᠯᠬᠦ ᠰᠠᠨᠠᠯ ᠢ ᠲᠤᠬᠳᠠᠭᠠᠨ᠎ᠡ      ᠰᠤᠷᠭᠠᠭᠤᠯᠢ ᠶᠢᠨ ᠡᠷᠳᠡᠮ ᠰᠢᠨᠵᠢᠯᠡᠬᠡᠨ ᠤ ᠲᠦᠪ ᠪᠤᠰᠤ ᠦᠢᠯᠡ ᠠᠵᠢᠯᠯᠠᠭ᠎ᠠ ᠶᠢ ᠰᠢᠢᠳᠪᠤᠷᠢᠯᠡᠬᠦ ᠠᠷᠭ᠎ᠠ ᠶᠢ ᠨᠡᠶᠢᠳᠡᠯᠡᠨ᠎ᠡ           ᠶᠡᠷᠦᠩᠬᠡᠶᠢᠯᠡᠭᠰᠡᠨ ᠦᠬᠡᠷᠡᠴᠢᠯᠡᠯᠲᠡ        ᠨᠢᠬᠡ᠂ ᠰᠤᠷᠭᠠᠨ ᠬᠦᠮᠦᠵᠢᠯ ᠤᠨ ᠶᠡᠷᠤᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ      ᠡᠯ᠎ᠡ ᠮᠤᠵᠢ ︵ᠤᠷᠤᠨ᠂ ᠬᠤᠳᠡ︶ ᠪᠤᠯᠤᠨ ᠶᠡᠭᠡ ᠲᠡᠬᠡᠳᠤ ᠰᠤᠷᠭᠠᠭᠤᠯᠢ ᠠᠴᠠ ᠰᠤᠷᠭᠠᠨ ᠬᠦᠮᠦᠵᠢᠯ ᠤᠨ ᠶᠡᠷᠤᠩᠬᠡᠶᠢᠯᠡᠭᠰᠡᠨ ᠦᠬᠡᠷᠡᠴᠢᠯᠡᠯᠳᠡ ᠶᠢᠨ ᠲᠦᠰᠦᠯ ᠢ ᠲᠤᠭᠳᠠᠭᠠᠨ ᠬᠡᠷᠡᠭᠵᠢᠬᠦᠯᠬᠦ ᠶᠢ ᠵᠢᠭᠠᠨ ᠵᠢᠯᠤᠭᠤᠳᠤᠨ᠎ᠡ      ᠪᠡᠬᠡᠵᠢᠩ ᠲᠢᠶᠠᠨᠵᠢᠨ ᠡᠾᠧᠪᠸᠢ ᠶᠢᠨ ᠰᠤᠷᠭᠠᠨ ᠬᠦᠮᠦᠵᠢᠯ ᠢ ᠲᠦᠯᠬᠢᠨ ᠠᠬᠢᠭᠤᠯᠵᠤ᠂ ᠬᠠᠮᠵᠢᠯᠴᠠᠨ ᠬᠥᠭᠵᠢᠬᠦ ᠶᠢ ᠬᠡᠷᠡᠭᠵᠢᠬᠦᠯᠬᠦ ᠰᠠᠨᠠᠯ ᠢ ᠰᠤᠳᠤᠯᠤᠨ ᠲᠤᠬᠳᠠᠭᠠᠨ᠎ᠡ      ᠰᠤᠷᠭᠠᠭᠤᠯᠢ ᠪᠤᠯᠭᠠᠨ ᠳᠤ ᠢᠨᠲ᠋ᠧᠷᠨᠧᠲ ᠰᠦᠯᠵᠢᠶ᠎ᠡ ᠶᠢ ᠪᠦᠷᠬᠦᠬᠦᠯᠬᠦ ᠶᠢ ᠦᠨᠳᠦᠰᠤᠨ ᠳᠤᠨᠢ ᠪᠡᠶᠡᠯᠡᠬᠦᠯᠬᠦ ᠪᠠᠷ ᠴᠢᠷᠮᠠᠶᠢᠨ᠎ᠡ      ᠡᠯ᠎ᠡ ᠱᠠᠳᠤᠨ ᠤ ᠰᠤᠷᠭᠠᠨ ᠬᠦᠮᠦᠵᠢᠯ ᠪᠤᠯᠭᠠᠨ ᠳᠤ ᠵᠤᠭᠤᠰ ᠰᠠᠯᠭᠠᠨ ᠦᠭᠬᠦ ᠲᠦᠷᠢᠮ ᠢ ᠪᠠᠶᠢᠭᠤᠯᠵᠤ᠂ ᠠᠯᠪᠠᠨ ᠵᠢᠷᠤᠮ ᠤᠨ ᠪᠤᠰᠤ ᠰᠤᠷᠭᠠᠨ ᠬᠦᠮᠦᠵᠢᠯ ᠤᠨ ᠱᠠᠳᠤᠨ ᠳᠠᠬᠢ ᠦᠪᠡᠷ ᠤᠨ ᠦᠷᠳᠡᠭ ᠢ ᠬᠤᠪᠢᠶᠠᠨ ᠡᠬᠦᠷᠬᠡᠯᠡᠬᠦ ᠲᠤᠬᠳᠠᠴᠡ ᠶᠢ ᠲᠡᠬᠦᠯᠳᠡᠷᠵᠢᠬᠦᠯᠬᠦ ᠶᠢ ᠲᠦᠯᠬᠢᠨ ᠠᠬᠢᠭᠤᠯᠤᠨ᠎ᠡ      ᠬᠤᠶᠡᠷ᠂ ᠮᠡᠳᠡᠭᠡ ᠵᠠᠩᠬᠢ ᠶᠢᠨ ᠢᠯᠡ ᠪᠠᠶᠢᠬᠤ ᠶᠢ ᠠᠬᠢᠭᠤᠯᠤᠨ᠎ᠡ      ︽ᠰᠤᠷᠭᠠᠨ ᠬᠦᠮᠦᠵᠢᠯ ᠤᠨ ᠠᠵᠢᠯ ᠤᠨ ᠢᠳᠡᠬᠡᠮᠵᠢ ᠶᠢᠨ ᠰᠢᠰᠲ᠋ᠧᠮ ᠤᠨ ᠪᠠᠶᠢᠭᠤᠯᠤᠯᠳᠡ ᠶᠢ ᠬᠡᠷᠡᠭᠵᠢᠬᠦᠯᠬᠦ ᠰᠠᠨᠠᠯ ᠢ ᠲᠤᠭᠳᠠᠭᠠᠨ᠎ᠡ︾      ᠰᠤᠷᠭᠠᠭᠤᠯᠢ ᠠᠴᠠ ᠡᠳ᠋ ᠤᠨ ᠵᠠᠰᠠᠭ ᠢ ᠢᠯᠡ ᠪᠠᠶᠢᠯᠭᠠᠬᠤ ᠲᠦᠷᠢᠮ ᠢ ᠬᠡᠷᠡᠭᠵᠢᠬᠦᠯᠬᠦ ᠶᠢ ᠠᠬᠢᠭᠤᠯᠤᠨ᠎ᠡ      ᠪᠠᠭᠰᠢ ᠶᠢᠨ ᠪᠤᠯᠪᠠᠰᠤᠷᠠᠯ ᠪᠤᠯᠤᠨ ᠪᠤᠯᠪᠠᠰᠤᠷᠠᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠎ᠡ           ᠰᠢᠯᠭᠠᠯᠳᠡ ᠪᠠᠷ ᠰᠤᠷᠤᠭᠴᠢ ᠡᠯᠰᠡᠬᠦ ᠲᠦᠷᠢᠮ           ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ        ︽ᠦᠨᠳᠦᠷ ᠲᠤᠮᠳᠠᠳᠤ ᠶᠢᠨ ᠱᠠᠳᠤᠨ ᠳᠤ ᠰᠢᠯᠭᠠᠯᠳᠡ ᠬᠢᠵᠦ ᠰᠤᠷᠤᠭᠴᠢ ᠡᠯᠰᠡᠬᠦ ᠲᠦᠷᠢᠮ ᠤᠨ ᠦᠬᠡᠷᠡᠴᠢᠯᠡᠯᠳᠡ ᠶᠢ ᠵᠢᠯᠤᠭᠤᠳᠬᠤ ᠰᠠᠨᠠᠯ ᠢ ᠰᠤᠳᠤᠯᠤᠨ ᠭᠠᠷᠭᠠᠨ᠎ᠡ︾      ᠡᠩ ᠤᠨ ᠦᠨᠳᠦᠷ ᠲᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠳᠡ ᠪᠤᠯᠤᠨ ᠶᠡᠷᠤᠩᠬᠡᠶᠢᠯᠡᠭᠰᠡᠨ ᠬᠡᠪ ᠴᠢᠨᠡᠷ ᠤᠨ ᠦᠨᠡᠯᠡᠯᠳᠡ ᠶᠢ ᠪᠦᠬᠦ ᠲᠠᠯ᠎ᠡ ᠪᠠᠷ ᠬᠡᠷᠡᠭᠵᠢᠬᠦᠯᠤᠨ᠎ᠡ      ᠡᠯ᠎ᠡ ᠭᠠᠵᠡᠷ ᠤᠨ ᠨᠢᠬᠡᠳᠤᠯᠳᠡᠢ ᠰᠢᠯᠭᠠᠯᠳᠡ ᠳᠤ ᠬᠤᠪᠢ ᠨᠡᠮᠡᠬᠦ ᠲᠦᠷᠦᠯ ᠵᠦᠢᠯ ᠢ ᠶᠡᠭᠡ ᠪᠠᠷ ᠪᠠᠭᠠᠰᠬᠠᠵᠤ᠂ ᠲᠡᠮᠢᠷ᠂ ᠤᠷᠠᠯᠢᠭ ᠵᠡᠷᠬᠡ ᠤᠨᠴᠠᠭᠠᠢ ᠴᠢᠳᠠᠪᠤᠷᠢ ᠶᠢᠨ ᠬᠤᠪᠢ ᠨᠡᠮᠡᠬᠦ ᠲᠦᠷᠦᠯ ᠵᠦᠢᠯ ᠢ ᠬᠦᠴᠦᠨ ᠦᠬᠡᠢ ᠪᠤᠯᠭᠠᠨ᠎ᠡ      ᠦᠪᠡᠰᠤᠪᠠᠨ ᠡᠵᠡᠨ ᠮᠡᠳᠡᠵᠤ ᠰᠤᠷᠤᠭᠴᠢ ᠡᠯᠰᠡᠬᠦ᠂ ᠪᠦᠬᠦ ᠤᠯᠤᠰ ᠤᠨ ᠨᠢᠬᠡᠳᠤᠯᠳᠡᠢ ᠰᠢᠯᠭᠠᠯᠳᠡ ᠶᠢᠨ ᠲᠠᠷᠠᠭ᠎ᠠ ᠦᠪᠡᠰᠤᠪᠠᠨ ᠡᠵᠡᠨ ᠮᠡᠳᠡᠵᠤ ᠰᠤᠷᠤᠭᠴᠢ ᠡᠯᠰᠡᠬᠦ ᠠᠵᠢᠯ ᠢ ᠰᠠᠶᠢᠳᠤᠷ ᠬᠢᠵᠤ ᠲᠡᠬᠦᠯᠳᠡᠷᠵᠢᠬᠦᠯᠦᠨ᠎ᠡ      ᠠᠰᠫᠢᠷᠠᠨᠲ ᠡᠯᠰᠡᠬᠦ ᠰᠢᠯᠭᠠᠯᠳᠡ ᠶᠢᠨ ᠲᠦᠷᠢᠮ ᠢ ᠦᠬᠡᠷᠡᠴᠢᠯᠡᠬᠦ ᠶᠢ ᠦᠷᠬᠦᠯᠵᠢᠯᠡᠨ ᠠᠬᠢᠭᠤᠯᠤᠨ᠎ᠡ           ᠬᠠᠮᠢᠶᠠᠷᠬᠤ ᠡᠷᠬᠢᠯᠡᠬᠦ ᠦᠨᠡᠯᠡᠬᠦ ᠶᠢ ᠰᠠᠯᠭᠠᠬᠤ        ᠨᠢᠬᠡ᠂ ᠬᠠᠮᠢᠶᠡᠷᠤᠯᠳᠡ ᠶᠢᠨ ᠨᠠᠷᠢᠨ ᠲᠠᠩᠰᠠ ᠶᠢ ᠪᠠᠶᠢᠭᠤᠯᠤᠨ᠎ᠡ      ︽ᠬᠠᠮᠢᠶᠠᠷᠬᠤ᠂ ᠡᠷᠬᠢᠯᠡᠬᠦ᠂ ᠦᠨᠡᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠰᠤᠷᠭᠠᠨ ᠬᠦᠮᠦᠵᠢᠯ ᠢ ᠵᠠᠰᠠᠬᠤ ᠬᠢᠷᠢ ᠲᠦᠪᠰᠢᠨ ᠢᠶᠠᠨ ᠲᠡᠬᠡᠭᠰᠢᠯᠡᠬᠦᠯᠬᠦ ᠲᠤᠬᠠᠢ ᠰᠠᠨᠠᠯ︾ ᠢ ᠨᠡᠶᠢᠳᠡᠯᠡᠨ᠎ᠡ      ᠵᠠᠰᠠᠭ ᠢ ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠵᠤ᠂ ︽ᠰᠤᠷᠭᠠᠨ ᠬᠦᠮᠦᠵᠢᠯ ᠤᠨ ᠶᠠᠮᠤᠨ ᠤ ᠡᠷᠬᠡ ᠲᠤᠰᠢᠶᠠᠯ ᠢ ᠬᠤᠪᠢᠷᠠᠭᠤᠯᠬᠤ ᠲᠦᠰᠦᠯ︾ ᠢ ᠬᠦᠨᠵᠡᠬᠡᠢ ᠨᠠᠶᠢᠳᠠᠪᠤᠷᠢᠵᠢᠭᠤᠯᠬᠤ ᠶᠢ ᠤᠯᠠᠮ ᠨᠢᠬᠡ ᠠᠯᠬᠤᠮ ᠠᠬᠢᠭᠤᠯᠤᠨ᠎ᠡ      ᠨᠠᠷᠢᠨ ᠲᠠᠩᠰᠠ ᠶᠢᠨ ᠬᠠᠮᠢᠶᠠᠷᠤᠯᠳᠡ᠂ ᠡᠷᠬᠡ ᠶᠢᠨ ᠨᠠᠷᠢᠨ ᠲᠠᠩᠰᠠ ᠪᠤᠯᠤᠨ ᠬᠠᠷᠢᠭᠤᠴᠠᠯᠭ᠎ᠠ ᠶᠢᠨ ᠨᠠᠷᠢᠨ ᠲᠠᠩᠰᠡ ᠶᠢ ᠬᠠᠤᠯᠢ ᠪᠠᠷ ᠲᠤᠳᠤᠷᠬᠠᠢᠢᠯᠠᠵᠤ ᠬᠡᠷᠡᠭᠵᠢᠬᠦᠯᠤᠨ᠎ᠡ      ᠬᠤᠶᠡᠷ᠂ ᠤᠳᠤᠬᠢᠴᠢᠯᠡᠬᠰᠠᠨ ᠰᠤᠷᠭᠠᠭᠤᠯᠢ ᠶᠢᠨ ᠲᠦᠷᠢᠮ ᠤᠨ ᠪᠠᠶᠢᠭᠤᠯᠤᠯᠳᠡ ᠶᠢ ᠲᠦᠷᠬᠡᠳᠬᠡᠨ᠎ᠡ      ᠰᠤᠷᠭᠠᠨ ᠬᠦᠮᠦᠵᠢᠯ ᠤᠨ ᠠᠵᠢᠯ ᠦᠢᠯᠡᠰ ᠤᠨ ᠨᠢᠬᠡᠴᠡ ᠶᠢ ᠲᠦᠷᠦᠯ ᠬᠤᠪᠢᠶᠠᠨ ᠦᠬᠡᠷᠡᠴᠢᠯᠡᠬᠦ ᠪᠤᠯᠤᠨ ᠤᠳᠤᠬᠢᠴᠢᠯᠡᠬᠰᠠᠨ ᠰᠤᠷᠭᠠᠭᠤᠯᠢ ᠶᠢᠨ ᠲᠦᠷᠢᠮ ᠤᠨ ᠪᠠᠶᠢᠭᠤᠯᠤᠯᠳᠡ ᠶᠢ ᠲᠦᠷᠬᠡᠳᠬᠡᠬᠦ ᠶᠢ ᠠᠬᠢᠭᠤᠯᠤᠨ᠎ᠡ      ᠶᠡᠭᠡ ᠲᠡᠬᠡᠳᠤ ᠰᠤᠷᠭᠠᠭᠤᠯᠢ ᠠᠴᠠ ᠲᠦᠷᠢᠮ ᠢ ᠲᠤᠬᠳᠠᠭᠠᠬᠤ ᠠᠵᠢᠯ ᠢ ᠪᠡᠶᠡᠯᠡᠬᠦᠯᠵᠤ᠂ ᠨᠢᠬᠡ ᠰᠤᠷᠭᠠᠭᠤᠯᠢ ᠨᠢᠬᠡ ᠲᠦᠷᠢᠮ ᠲᠠᠢ ᠪᠠᠶᠢᠬᠤ ᠶᠢ ᠠᠬᠢᠭᠤᠯᠤᠨ᠎ᠡ      ᠠᠰᠫᠢᠷᠠᠨᠲ ᠤᠨ ᠶᠡᠰᠤ ᠴᠢᠨᠡᠷ ᠤᠨ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠵᠤ᠂ ᠵᠢᠩᠬᠢᠨᠢ ᠠᠩᠬᠢ ᠶᠢᠨ ᠲᠤᠰᠬᠠᠢ ᠮᠡᠷᠬᠡᠵᠢᠯ ᠤᠨ ᠬᠦᠳᠡᠯᠦᠩᠬᠦᠢ ᠪᠠᠶᠢᠳᠠᠯ ᠤᠨ ᠲᠤᠬᠢᠷᠠᠭᠤᠯᠤᠯᠳᠡ ᠪᠤᠯᠤᠨ ᠲᠤᠰᠬᠠᠢ ᠮᠡᠷᠬᠡᠵᠢᠯ ᠤᠨ ᠤᠷᠢᠳᠴᠢᠯᠡᠨ ᠰᠡᠷᠡᠮᠵᠢᠯᠡᠬᠦᠯᠬᠦ ᠲᠤᠬᠳᠠᠴᠡ ᠶᠢ ᠪᠠᠶᠢᠭᠤᠯᠬᠤ ᠶᠢ ᠲᠦᠷᠬᠡᠳᠬᠡᠨ᠎ᠡ           ᠤᠳᠤᠬᠢᠴᠢᠯᠠᠬᠰᠠᠨ ᠠᠵᠢᠯ ᠮᠡᠷᠬᠡᠵᠢᠯ ᠤᠨ         ᠰᠤᠷᠭᠠᠨ  ᠬᠦᠮᠦᠵᠢᠯ  ᠤᠨ  ᠰᠢᠰᠲ᠋ᠧᠮ        ᠨᠢᠬᠡ᠂ ᠬᠡᠷᠡᠭᠯᠡᠬᠡᠨ ᠤ ᠮᠡᠷᠬᠡᠵᠢᠯ ᠤᠨ ᠶᠡᠭᠡ ᠲᠡᠬᠡᠳᠤ ᠰᠤᠷᠭᠠᠭᠤᠯᠢ ᠶᠢ ᠪᠦᠳᠦᠬᠡᠨ ᠪᠠᠶᠢᠭᠤᠯᠤᠨ᠎ᠡ      ᠵᠠᠷᠢᠮ ᠭᠠᠵᠡᠷ ᠤᠷᠤᠨ ᠤ ᠶᠡᠭᠡ ᠲᠡᠬᠡᠳᠤ ᠰᠤᠷᠭᠠᠭᠤᠯᠢ ᠶᠢ ᠤᠳᠤᠷᠢᠳᠤᠨ ᠲᠠᠭᠠᠭᠤᠯᠵᠤ᠂ ᠬᠡᠷᠡᠭᠯᠡᠬᠡᠨ ᠤ ᠮᠡᠷᠬᠡᠵᠢᠯ ᠤᠨ ᠶᠡᠭᠡ ᠲᠡᠬᠡᠳᠤ ᠰᠤᠷᠭᠠᠭᠤᠯᠢ ᠵᠦᠭ ᠬᠡᠯᠪᠡᠷᠢ ᠪᠠᠨ ᠬᠤᠪᠢᠷᠠᠭᠤᠯᠤᠨ ᠦᠬᠡᠷᠡᠴᠢᠯᠡᠬᠦ ᠲᠤᠷᠰᠢᠯᠳᠡ ᠶᠢᠨ ᠴᠡᠭ ᠤᠨ ᠵᠢᠯᠤᠭᠤᠳᠬᠤ ᠰᠠᠨᠠᠯ ᠢ ᠬᠡᠪᠯᠡᠨ ᠲᠠᠷᠬᠠᠭᠠᠨ᠎ᠡ      ᠲᠤᠷᠰᠢᠯᠳᠡ ᠶᠢᠨ ᠴᠡᠭ ᠢ ᠦᠬᠡᠷᠡᠴᠢᠯᠡᠨ᠂ ᠨᠢᠬᠡ ᠪᠦᠯᠦᠭ ᠨᠦᠬᠦᠴᠡᠯ ᠲᠠᠢ᠂ ᠬᠦᠰᠡᠯ ᠲᠠᠢ ᠭᠠᠵᠡᠷ ᠤᠷᠤᠨ ᠤ ᠶᠡᠭᠡ ᠲᠡᠬᠡᠳᠤ ᠰᠤᠷᠭᠠᠭᠤᠯᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢ ᠲᠡᠰ ᠲᠠᠷᠠᠭ᠎ᠠ ᠲᠠᠢ ᠪᠠᠷ ᠤᠳᠤᠷᠢᠳᠤᠨ ᠲᠠᠭᠠᠭᠤᠯᠤᠨ᠎ᠡ      ᠬᠤᠶᠡᠷ᠂ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠶᠠᠰᠤ ᠴᠢᠨᠡᠷ ᠤᠨ ᠲᠡᠬᠡᠭᠰᠢᠯᠡᠯᠳᠡ ᠶᠢ ᠠᠬᠢᠭᠤᠯᠤᠨ᠎ᠡ      ᠠᠵᠢᠯ ᠮᠡᠷᠬᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠲᠡᠬᠡᠳᠤ ᠲᠠᠪᠬᠤᠷᠭ᠎ᠠ ᠶᠢᠨ ᠰᠤᠷᠭᠠᠭᠤᠯᠢ ᠳᠤ ᠰᠤᠷᠤᠯᠴᠠᠬᠤ ᠠᠷᠭ᠎ᠠ ᠶᠢ ᠬᠠᠶᠢᠨ ᠰᠦᠪᠡᠭᠴᠢᠯᠡᠵᠤ ᠲᠤᠬᠳᠠᠭᠠᠨ᠎ᠡ      ᠭᠤᠷᠪᠠᠳᠤᠭᠠᠷ ᠪᠦᠯᠦᠭ ᠤᠨ ᠤᠯᠤᠰ ᠤᠨ ᠲᠤᠮᠳᠠ ᠵᠡᠷᠬᠡ ᠶᠢᠨ ᠪᠤᠶᠤ ᠲᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠵᠢᠱᠢᠶ᠎ᠡ ᠦᠵᠡᠬᠦᠯᠬᠦ ᠰᠤᠷᠭᠠᠭᠤᠯᠢ ᠶᠢᠨ ᠰᠢᠯᠭᠠᠨ ᠪᠠᠶᠢᠴᠠᠭᠠᠬᠤ ᠠᠵᠢᠯ ᠢ ᠬᠢᠨ᠎ᠡ      ᠮᠠᠯᠵᠢᠬᠤ ᠲᠠᠷᠢᠶᠠᠯᠠᠬᠤ ᠤᠷᠤᠨ ᠳᠤ ᠬᠠᠨᠳᠤᠬᠰᠠᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠬᠦᠭᠵᠢᠬᠦᠯᠵᠤ᠂ ᠰᠢᠨ᠎ᠡ ᠬᠡᠯᠪᠡᠷᠢ ᠶᠢᠨ ᠲᠤᠰᠬᠠᠢ ᠮᠡᠷᠬᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠬᠦᠯᠬᠦ ᠶᠢ ᠪᠦᠬᠦ ᠬᠦᠴᠦ ᠪᠠᠷ ᠲᠦᠷᠬᠡᠳᠬᠡᠨ᠎ᠡ      ᠤᠯᠤᠰ ᠤᠨ ᠲᠡᠰ ᠤᠨ ᠲᠠᠷᠢᠶᠡᠯᠡᠬᠤ ᠤᠷᠤᠨ ᠤ ᠠᠵᠢᠯ ᠮᠡᠷᠬᠡᠵᠢᠯ ᠤᠨ ᠰᠤᠷᠭᠠᠨ ᠬᠦᠮᠦᠵᠢᠯ ᠪᠤᠯᠤᠨ ᠨᠠᠰᠤᠨ ᠳᠤ ᠬᠦᠷᠦᠭᠰᠡᠳ ᠤᠨ ᠰᠤᠷᠭᠠᠨ ᠬᠦᠮᠦᠵᠢᠯ ᠤᠨ ᠵᠢᠱᠢᠶ᠎ᠡ ᠦᠵᠡᠬᠦᠯᠬᠦ ᠰᠢᠶᠠᠨ ︵ᠬᠤᠳᠡ᠂ ᠤᠷᠤᠨ︶ ᠪᠠᠶᠢᠭᠤᠯᠬᠤ ᠠᠵᠢᠯ ᠢ ᠠᠬᠢᠭᠤᠯᠤᠨ᠎ᠡ           ᠰᠤᠷᠭᠠᠨ ᠬᠦᠮᠦᠵᠢᠯ ᠤᠨ ᠠᠵᠢᠯ ᠢ ᠬᠠᠤᠯᠢ ᠪᠠᠷ ᠵᠠᠰᠠᠬᠤ        ᠰᠤᠷᠭᠠᠨ ᠬᠦᠮᠦᠵᠢᠯ ᠤᠨ ᠠᠵᠢᠯ ᠢ ᠬᠠᠤᠯᠢ ᠪᠠᠷ ᠵᠠᠰᠠᠬᠤ ᠲᠦᠷᠢᠮ ᠲᠤᠬᠳᠠᠭᠠᠨ᠎ᠡ      ᠰᠤᠷᠭᠠᠨ ᠬᠦᠮᠤᠵᠢᠯ ᠤᠨ ᠠᠵᠢᠯ ᠢ ᠬᠠᠤᠯᠢ ᠪᠠᠷ ᠵᠠᠰᠠᠬᠤ ᠲᠤᠬᠠᠢ ᠪᠢᠴᠢᠭ ᠮᠠᠲ᠋ᠧᠷᠢᠶᠠᠯ ᠢ ᠪᠦᠬᠦ ᠲᠠᠯ᠎ᠡ ᠪᠠᠷ ᠬᠡᠷᠡᠭᠵᠢᠬᠦᠯᠵᠤ᠂ ᠰᠤᠷᠭᠠᠨ ᠬᠦᠮᠦᠵᠢᠯ ᠢ ᠬᠠᠤᠯᠢ ᠪᠠᠷ ᠵᠠᠰᠠᠬᠤ ᠠᠬᠢᠴᠡ ᠶᠢ ᠪᠦᠬᠦ ᠲᠠᠯ᠎ᠡ ᠪᠠᠷ ᠠᠬᠢᠭᠤᠯᠤᠨ᠎ᠡ      ᠰᠤᠷᠭᠠᠨ ᠬᠦᠮᠤᠵᠢᠯ ᠤᠨ ᠠᠵᠢᠯ ᠢ ᠬᠠᠤᠯᠢ ᠪᠠᠷ ᠵᠠᠰᠠᠬᠤ ᠵᠢᠱᠢᠶ᠎ᠡ ᠦᠵᠡᠬᠦᠯᠬᠦ ᠤᠷᠤᠨ ᠢ ᠪᠠᠶᠢᠭᠤᠯᠤᠨ᠎ᠡ      ᠰᠤᠷᠭᠠᠨ ᠬᠦᠮᠦᠵᠢᠯ ᠤᠨ ᠠᠵᠢᠯ ᠤᠨ ᠵᠠᠰᠠᠬ ᠶᠠᠪᠤᠭᠤᠯᠵᠤ ᠬᠠᠤᠯᠢ ᠬᠡᠷᠡᠭᠵᠢᠬᠦᠯᠬᠦ ᠲᠤᠬᠳᠠᠯᠴᠠᠭ᠎ᠠ᠂ ᠲᠤᠬᠳᠠᠴᠡ ᠶᠢᠨ ᠦᠬᠡᠷᠡᠴᠢᠯᠡᠯᠳᠡ ᠶᠢ ᠠᠬᠢᠭᠤᠯᠤᠨ᠎ᠡ      ︽ᠬᠠᠤᠯᠢ ᠶᠢᠨ ᠵᠦᠪᠯᠡᠭᠴᠢ ᠶᠢᠨ ᠲᠦᠷᠢᠮ ᠤᠨ ᠪᠠᠶᠢᠭᠤᠯᠤᠯᠳᠡ ᠶᠢ ᠴᠢᠩᠭᠠᠳᠬᠠᠬᠤ ᠲᠤᠬᠠᠢ ᠰᠠᠨᠠᠯ︾ ᠢ ᠭᠠᠷᠭᠠᠨ᠎ᠡ           ᠰᠤᠷᠭᠠᠨ ᠬᠦᠮᠦᠵᠢᠯ ᠤᠨ ᠡᠷᠬᠡ ᠲᠡᠭᠰᠢ        ᠨᠢᠬᠡ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠨ ᠬᠦᠮᠦᠵᠢᠯ ᠢ ᠠᠩᠬᠠᠷᠤᠨ᠎ᠠ      ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢ ᠲᠡᠮᠵᠢᠬᠦ ᠲᠦᠯᠦᠪᠯᠡᠭᠡ ᠪᠤᠯᠤᠨ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢᠨ ᠠᠮᠢᠳᠤᠷᠠᠯ ᠤᠨ ᠨᠦᠬᠦᠪᠦᠷᠢ ᠶᠢ ᠨᠠᠶᠢᠳᠠᠪᠤᠷᠢᠵᠢᠭᠤᠯᠵᠤ ᠬᠡᠷᠡᠭᠵᠢᠬᠦᠯᠤᠨ᠎ᠡ      ᠬᠠᠮᠤᠭ ᠤᠨ ᠰᠠᠶᠢᠨ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢ ᠡᠷᠢᠬᠦ ᠠᠵᠢᠯᠯᠠᠭ᠎ᠠ ᠶᠢ ᠬᠢᠨ᠎ᠡ ᠮᠠᠯᠵᠢᠬᠤ ᠲᠠᠷᠢᠶᠠᠯᠠᠬᠤ ᠤᠷᠤᠨ ᠤ ᠰᠤᠷᠤᠭᠴᠢᠳ ᠤᠨ ᠭᠤᠤᠯᠳᠠᠯᠭ᠎ᠠ ᠲᠠᠢ ᠶᠡᠭᠡ ᠲᠡᠬᠡᠳᠤ ᠰᠤᠷᠭᠠᠭᠤᠯᠢ ᠳᠤ ᠤᠷᠤᠬᠤ ᠲᠤᠭ᠎ᠠ ᠶᠢ ᠤᠯᠠᠮ ᠨᠢᠬᠡ ᠠᠯᠬᠤᠮ ᠨᠡᠮᠡᠭᠳᠡᠬᠦᠯᠦᠨ᠎ᠡ      ᠬᠤᠶᠡᠷ᠂ ᠰᠤᠷᠭᠠᠨ ᠬᠦᠮᠦᠵᠢᠯ ᠤᠨ ᠰᠢᠯᠢᠳᠡᠭ ᠲᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠎ᠡ      ᠨᠡᠬᠦᠳᠡᠯ ᠢᠷᠬᠡᠨ ᠤ ᠦᠷ᠎ᠡ ᠬᠡᠤᠬᠡᠳ ᠲᠤᠬᠠᠢ ᠶᠢᠨ ᠭᠠᠵᠡᠷ ᠲᠤᠨᠢ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠭᠰᠡᠡ ᠤ ᠲᠠᠷᠠᠭ᠎ᠠ ᠲᠤᠬᠠᠢ ᠶᠢᠨ ᠭᠠᠵᠡᠷ ᠲᠤᠨᠢ ᠶᠡᠭᠡ ᠰᠤᠷᠭᠠᠭᠤᠯᠢ ᠳᠤ ᠲᠠᠪᠰᠢᠬᠤ ᠰᠢᠯᠭᠠᠯᠳᠡ ᠳᠤ ᠤᠷᠤᠯᠴᠠᠵᠤ ᠪᠤᠯᠬᠤ ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠦᠨ᠎ᠡ      ᠭᠤᠤᠯᠳᠠᠯᠭ᠎ᠠ ᠲᠠᠢ ᠶᠡᠭᠡ ᠬᠤᠳᠡ ᠰᠢᠯᠭᠠᠯᠳᠡ ᠲᠠᠮᠵᠢᠬᠤ ᠦᠬᠡᠢ ᠪᠠᠷ ᠰᠤᠷᠭᠠᠭᠤᠯᠢ ᠳᠤ ᠤᠷᠤᠬᠤ ᠲᠦᠰᠦᠯ ᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠤᠨ᠎ᠡ      ᠲᠤᠮᠳᠠ ᠪᠠᠷᠠᠭᠤᠨ ᠤᠷᠤᠨ ᠤ ᠰᠤᠷᠭᠠᠨ ᠬᠦᠮᠦᠵᠢᠯ ᠤᠨ ᠬᠦᠭᠵᠢᠯᠳᠡ ᠶᠢᠨ ᠲᠦᠯᠦᠪᠯᠡᠭᠡ ᠶᠢ ᠬᠡᠷᠡᠭᠵᠢᠬᠦᠯᠬᠦ ᠶᠢ ᠲᠦᠷᠬᠡᠳᠬᠡᠨ᠎ᠡ      ᠵᠡᠮᠳᠡᠭᠴᠤᠳ ᠤᠨ ᠡᠩ ᠤᠨ ᠶᠡᠭᠡ ᠲᠡᠬᠡᠳᠤ ᠰᠤᠷᠭᠠᠭᠤᠯᠢ ᠶᠢᠨ ᠨᠢᠬᠡᠳᠤᠯᠳᠡᠢ ᠰᠢᠯᠭᠠᠯᠳᠡ ᠪᠤᠯᠤᠨ ᠠᠰᠫᠢᠷᠠᠨᠲ ᠤᠨ ᠰᠢᠯᠭᠠᠯᠳᠡ ᠳᠤ ᠤᠷᠤᠯᠴᠠᠬᠤ ᠤᠨᠴᠠᠭᠠᠢ ᠪᠠᠳᠤᠯᠠᠭ᠎ᠠ ᠶᠢᠨ ᠠᠷᠭ᠎ᠠ ᠶᠢ ᠲᠤᠭᠳᠠᠭᠠᠨ᠎ᠡ                 ︵ᠲᠤᠮᠳᠠᠳᠤ ᠤᠯᠤᠰ ᠤᠨ ᠰᠤᠷᠭᠠᠨ ᠬᠦᠮᠦᠵᠢᠯ ᠤᠨ ᠰᠤᠨᠢᠨ ᠠᠴᠠ︶
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号