| 2005 ᠤᠨ ᠤ 5 ᠰᠠᠷ᠎ᠠ ᠶᠢᠨ 1 ᠳᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ︽ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠨᠡᠶᠢᠲᠡᠯᠡᠭᠳᠡᠨ ᠬᠡᠷᠡᠭᠵᠢᠬᠦᠯᠦᠭᠳᠡᠵᠦ᠂ | ᠤᠳᠤ ᠶᠠᠭ ᠰᠠᠶᠢᠬᠠᠨ ᠠᠷᠪᠠᠨ ᠵᠢᠯ ᠤᠨ ᠤᠢ ᠪᠠᠨ ᠤᠭᠲᠤᠨ ᠠᠪᠴᠢᠷᠠᠯ᠎ᠠ᠃ ︽ᠠᠵᠢᠯ ᠤᠨ ᠲᠦᠷᠢᠮ︾ ᠨᠢ | ᠦᠨᠳᠦᠰᠦᠲᠡᠨ ᠤ ᠦᠭᠡ ᠬᠡᠯᠡ ᠦᠰᠦᠭ ᠪᠢᠴᠢᠭ᠂ ᠰᠤᠶᠤᠯ ᠰᠤᠷᠭᠠᠨ ᠬᠦᠮᠦᠵᠢᠯ ᠤᠨ ᠦᠭᠡᠷᠡᠴᠢᠯᠡᠯᠲᠡ ᠳᠤ ᠮᠠᠰᠢ | ᠶᠡᠭᠡ ᠦᠢᠯᠡᠳᠦᠯ ᠦᠵᠡᠭᠦᠯᠦᠭᠰᠡᠨ ᠢ ᠦᠨᠡᠯᠡᠭᠦᠰᠢᠲᠠᠢ᠃ ︽ᠠᠵᠢᠯ ᠤᠨ ᠲᠦᠷᠢᠮ︾ ᠢ ᠬᠡᠷᠡᠭᠵᠢᠬᠦᠯᠦᠭᠰᠡᠨ ᠠᠴᠠ | ᠨᠠᠭᠠᠰᠢ ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠨᠢ ᠬᠠᠤᠯᠢ ᠶᠢᠨ ᠡᠰᠢ ᠪᠠᠷᠢᠮᠲᠠ ᠲᠠᠢ ᠪᠤᠯᠵᠦ᠂ | ᠦᠨᠳᠦᠰᠦᠲᠡᠨ ᠤ ᠤᠷᠤᠨ ᠳᠤ ᠬᠡᠯᠡ ᠰᠤᠶᠤᠯ ᠤᠨ ᠬᠦᠳᠡᠯᠭᠡᠭᠡᠨ ᠮᠠᠰᠢ ᠬᠦᠭᠵᠢᠶᠡᠨᠲᠠᠢ ᠶᠠᠪᠤᠭᠳᠠᠵᠦ ᠰᠤᠶᠤᠯ ᠤᠨ | ᠴᠡᠴᠡᠭᠯᠡᠯᠲᠡ ᠶᠢ ᠪᠤᠢ ᠪᠤᠯᠭᠠᠵᠠᠢ᠃ ᠬᠡᠪᠡᠴᠦ ︽ᠠᠵᠢᠯ ᠤᠨ ᠲᠦᠷᠢᠮ︾ ᠤᠨ ᠬᠡᠷᠡᠭᠵᠢᠬᠦᠯᠦᠯᠲᠡ ᠳᠤᠮᠳᠠ ᠪᠠᠰᠠ | ᠨᠡᠯᠢᠶᠡᠳ ᠤᠯᠠᠨ ᠠᠰᠠᠭᠤᠳᠠᠯ ᠣᠷᠤᠰᠢᠵᠦ ᠪᠤᠢ᠃ | ︽ᠠᠵᠢᠯ ᠤᠨ ᠲᠦᠷᠢᠮ︾ ᠤᠨ ᠲᠤᠬᠠᠢ ᠰᠤᠷᠲᠠᠯᠴᠢᠯᠠᠭ᠎ᠠ ᠤᠬᠠᠭᠤᠯᠭ᠎ᠠ ᠶᠢᠨ ᠠᠵᠢᠯ ᠬᠦᠢᠴᠡᠳ | ᠪᠤᠰᠤ ᠪᠠᠶᠢᠨ᠎ᠠ᠃ ᠵᠠᠷᠢᠮ ᠣᠳᠤᠷᠢᠳᠬᠤ ᠺᠠᠳ᠋ᠷ ᠠᠴᠠ ᠡᠬᠢᠯᠡᠭᠡᠳ ᠦᠨᠳᠦᠰᠦᠨ ᠱᠠᠲᠤᠨ ᠤ ᠵᠠᠷᠢᠮ ᠮᠠᠯᠴᠢᠨ | ᠲᠠᠷᠢᠶᠠᠴᠢᠨ ᠬᠦᠷᠲᠡᠯ᠎ᠡ ︽ᠠᠵᠢᠯ ᠤᠨ ᠲᠦᠷᠢᠮ︾ ᠤᠨ ᠲᠤᠬᠠᠢ ᠤᠶᠢᠯᠠᠭᠠᠯᠲᠠ ᠮᠦᠴᠢᠳ ᠪᠠᠶᠢᠵᠦ᠂ ᠴᠢᠨᠠᠭᠰᠢᠯᠠᠪᠠᠯ | ᠤᠭᠲᠤ ᠮᠡᠳᠡᠬᠦ ᠦᠭᠡᠢ ᠦᠵᠡᠭᠳᠡᠯ ᠤᠷᠤᠰᠢᠵᠦ ᠪᠤᠢ᠃ ᠡᠶᠢᠮᠦ ᠠᠴᠠ ᠠᠵᠢᠯ ᠤᠨ ᠳᠦᠷᠢᠮ ᠤᠨ ᠲᠤᠬᠠᠢ | ᠰᠤᠷᠲᠠᠯᠴᠢᠯᠠᠭ᠎ᠠ ᠤᠬᠠᠭᠤᠯᠭ᠎ᠠ ᠶᠢ ᠰᠠᠶᠢᠲᠤᠷ ᠬᠢᠵᠦ ᠨᠡᠶᠢᠬᠡᠮ ᠳᠠᠶᠠᠭᠠᠷ ᠮᠡᠳᠡᠭᠦᠯᠬᠦ᠂ ᠤᠶᠢᠯᠠᠭᠠᠵᠦ ᠬᠡᠷᠡᠭᠯᠡᠬᠦ ᠶᠢ | ᠴᠢᠬᠤᠯᠠᠴᠢᠯᠠᠬᠤ ᠬᠡᠷᠡᠭᠲᠠᠢ᠃ ︽ᠠᠵᠢᠯ ᠤᠨ ᠲᠦᠷᠢᠮ︾ ᠢ ᠬᠡᠷᠡᠭᠵᠢᠬᠦᠯᠬᠦ ᠶᠢ ᠪᠠᠶᠢᠴᠠᠭᠠᠬᠤ ᠲᠤᠰᠬᠠᠢ ᠠᠯᠪᠠᠨ | ᠪᠠᠶᠢᠭᠤᠯᠭ᠎ᠠ ᠲᠤᠭᠲᠠᠭᠠᠵᠦ᠂ ᠬᠠᠤᠯᠢ ᠶᠤᠰᠤᠭᠠᠷ ᠬᠡᠷᠡᠭᠵᠢᠬᠦᠯᠬᠦ ᠶᠢ ᠪᠠᠷᠢᠮᠲᠠᠯᠠᠬᠤ ᠬᠡᠷᠡᠭᠲᠠᠢ᠃ | ᠳᠡᠭᠡᠷ᠎ᠡ ᠱᠠᠲᠤᠨ ᠤ ᠪᠢᠴᠢᠭ ᠮᠠᠲ᠋ᠧᠷᠢᠶᠠᠯ ᠢ ᠮᠦᠨ ᠯᠡ ᠮᠤᠩᠭᠤᠯ ᠮᠠᠲ᠋ᠧᠷᠢᠶᠠᠯ ᠤᠨ ᠬᠡᠯᠪᠡᠷᠢ ᠪᠠᠷ | ᠪᠠᠭᠤᠯᠭᠠᠬᠤ ᠦᠬᠡᠢ ᠪᠠᠶᠢᠨ᠎ᠠ᠃ ᠢᠯᠠᠩᠭᠤᠶ᠎ᠠ ᠦᠨᠳᠤᠰᠦᠨ ᠱᠠᠲᠤᠨ ᠤ ᠮᠠᠯᠴᠢᠨ ᠲᠠᠷᠢᠶᠠᠴᠢᠨ ᠬᠢᠲᠠᠳ ᠦᠭᠡ ᠬᠡᠯᠡ | ᠦᠰᠦᠭ ᠪᠢᠴᠢᠭ ᠲᠤ ᠪᠠᠨ ᠠᠨᠠᠢ ᠲᠤᠯᠠ ᠨᠠᠮ ᠤᠨ ᠲᠦᠷᠦ ᠶᠢᠨ ᠪᠤᠳᠤᠯᠭ᠎ᠠ ᠶᠢᠨ ᠲᠤᠬᠠᠢ ᠰᠤᠷᠤᠯᠴᠠᠯᠭ᠎ᠠ ᠪᠠᠨ | ᠭᠦᠨᠵᠡᠭᠡᠶᠢᠷᠡᠭᠦᠯᠵᠦ ᠳᠡᠶᠢᠯᠬᠦ ᠦᠭᠡᠢ ᠪᠠᠶᠢᠨ᠎ᠠ᠃ ᠡᠶᠢᠮᠦ ᠠᠴᠠ ᠠᠯᠪᠠᠨ ᠤ ᠪᠢᠴᠢᠭ ᠮᠠᠲ᠋ᠧᠷᠢᠶᠠᠯ ᠢ ᠬᠢᠲᠠᠳ ᠮᠤᠩᠭᠤᠯ | ᠬᠤᠶᠠᠷ ᠬᠡᠯᠡ ᠪᠠᠷ ᠪᠠᠭᠤᠯᠭᠠᠨ ᠲᠠᠷᠬᠠᠭᠠᠬᠤ ᠶᠢ ᠱᠠᠭᠠᠷᠳᠠᠵᠦ ᠪᠤᠢ᠃ ᠴᠦᠮ ᠢᠶᠠᠷ ᠢᠶᠠᠨ ᠮᠤᠩᠭᠤᠯ ᠬᠦᠮᠦᠨ ᠪᠤᠶᠤ | ᠤᠯᠠᠩᠬᠢ ᠨᠢ ᠮᠤᠩᠭᠤᠯ ᠬᠦᠮᠦᠰ ᠤᠷᠤᠯᠴᠠᠵᠦ ᠪᠦᠬᠦᠢ ᠵᠠᠷᠢᠮ ᠬᠤᠷᠠᠯ ᠴᠤᠭᠯᠠᠭᠠᠨ ᠳᠤ ᠮᠤᠩᠭᠤᠯ ᠢᠶᠠᠷ ᠶᠠᠷᠢᠶ᠎ᠠ | ᠲᠠᠯᠪᠢᠬᠤ᠂ ᠮᠤᠩᠭᠤᠯ ᠮᠠᠲ᠋ᠧᠷᠢᠶᠠᠯ ᠤᠡᠭᠰᠢᠬᠤ ᠦᠵᠡᠭᠳᠡᠯ ᠳᠡᠮᠡᠢ ᠤᠯᠠᠨ ᠬᠠᠷᠠᠭᠳᠠᠬᠤ ᠦᠭᠡᠢ ᠪᠠᠶᠢᠨ᠎ᠠ᠃ | ᠬᠤᠶᠢᠰᠢᠲᠠ ᠬᠢᠲᠠᠳ ᠮᠤᠩᠭᠤᠯ ᠬᠤᠶᠠᠷ ᠬᠡᠯᠡ ᠪᠠᠷ ᠶᠠᠷᠢᠬᠤ ᠪᠤᠶᠤ ᠴᠤᠯ ᠮᠤᠩᠭᠤᠯ ᠢᠶᠠᠷ ᠬᠤᠷᠠᠯ ᠡᠷᠬᠢᠯᠡᠬᠦ ᠶᠢ | ᠰᠠᠨᠠᠭᠠᠴᠢᠯᠠᠵᠦ ᠪᠤᠢ᠃ | ᠵᠠᠷᠢᠮ ᠠᠯᠪᠠᠨ ᠪᠠᠶᠢᠭᠤᠯᠭ᠎ᠠ ᠶᠢᠨ ᠫᠠᠶᠢᠰᠠ ᠢᠯᠡᠷᠬᠡᠶᠢᠯᠡᠯ᠂ ᠠᠷᠠᠯᠵᠢᠶ᠎ᠠ ᠳᠡᠯᠭᠡᠭᠦᠷ᠂ | ᠦᠢᠯᠡᠴᠢᠯᠡᠭᠡᠨ ᠤ ᠭᠠᠵᠠᠷ ᠤᠨ ᠫᠠᠶᠢᠰᠠ ᠢᠯᠡᠷᠬᠡᠶᠢᠯᠡᠯ᠂ ᠨᠡᠶᠢᠬᠡᠮ ᠤᠨ ᠦᠡᠭᠬᠡᠨ ᠬᠡᠷᠡᠭᠯᠡᠭᠡᠨ ᠤ ᠮᠤᠩᠭᠤᠯ ᠦᠰᠦᠭ | ᠪᠢᠴᠢᠭ ᠢ ᠲᠠᠰᠢᠶ᠎ᠠ ᠪᠤᠷᠤᠭᠤ ᠪᠢᠴᠢᠬᠦ᠂ ᠬᠠᠯᠭᠤᠤ ᠲᠠᠰᠢᠶ᠎ᠠ ᠤᠷᠴᠢᠭᠤᠯᠬᠤ ᠦᠵᠡᠭᠳᠡᠯ ᠬᠦᠨᠳᠦ ᠰᠦᠷᠡᠬᠡᠢ ᠤᠷᠤᠰᠢᠵᠦ | ᠂ ᠦᠬᠡ ᠬᠡᠯᠡ ᠦᠰᠦᠭ ᠪᠢᠴᠢᠭ ᠤᠨ ᠨᠡᠷ᠎ᠡ ᠬᠦᠨᠳᠦ ᠶᠢ ᠬᠤᠬᠢᠷᠠᠭᠤᠯᠵᠦ ᠪᠠᠶᠢᠨ ᠠ᠃ ᠳᠠᠷᠤᠢ ᠲᠦᠷᠭᠡᠨ ᠪᠠᠶᠢᠴᠠᠭᠠᠨ | ᠬᠢᠨᠠᠵᠦ ᠵᠠᠰᠠᠨ ᠦᠭᠡᠷᠡᠴᠢᠯᠡᠬᠦ ᠶᠢ ᠱᠠᠭᠠᠷᠳᠠᠵᠦ ᠪᠤᠢ᠃ | ᠵᠠᠷᠢᠮ ᠠᠯᠪᠠᠨ ᠪᠠᠶᠢᠭᠤᠯᠭ᠎ᠠ᠂ ᠦᠢᠯᠡᠴᠢᠯᠡᠭᠡᠨ ᠤ ᠭᠠᠵᠠᠷ ᠲᠤ ᠮᠤᠩᠭᠤᠯ ᠠᠵᠢᠯᠴᠢᠨ ᠪᠠᠶᠢᠬᠤ | ᠦᠭᠡᠢ ᠠᠴᠠ ᠪᠤᠯᠵᠦ ᠠᠵᠢᠯ ᠶᠠᠪᠤᠳᠠᠯ ᠬᠦᠢᠴᠡᠳᠬᠡᠬᠦ ᠳᠤ ᠬᠠᠷᠰᠢ ᠰᠠᠭᠠᠳ ᠤᠴᠠᠷᠠᠵᠦ ᠪᠤᠢ᠃ ᠦᠭᠡ ᠬᠡᠯᠡ᠂ | ᠦᠰᠦᠭ ᠪᠢᠴᠢᠭ ᠨᠡᠪᠲᠡᠷᠡᠯᠴᠡᠬᠦ ᠦᠭᠡᠢ ᠠᠴᠠ ᠪᠤᠯᠵᠦ ᠬᠡᠷᠡᠭᠦᠯ ᠵᠢᠭᠤᠷᠠᠭᠠᠨ ᠭᠠᠷᠬᠤ ᠦᠵᠡᠭᠳᠡᠯ ᠬᠠᠷᠠᠭᠳᠠᠵᠦ ᠪᠤᠢ᠃ | ᠤᠨᠴᠠᠭᠠᠶᠢᠯᠠᠨ ᠰᠢᠤᠳᠠᠨ᠂ ᠪᠠᠩᠬᠢ ᠵᠡᠷᠭᠡ ᠭᠠᠵᠠᠷ ᠲᠤ ᠬᠡᠷᠡᠴᠢ ᠪᠢᠴᠢᠭ ᠲᠤ ᠮᠤᠩᠭᠤᠯ ᠢᠶᠠᠷ ᠭᠠᠷ ᠤᠨ ᠦᠰᠦᠭ | ᠵᠢᠷᠤᠭᠤᠯᠬᠤ ᠦᠭᠡᠢ ᠪᠠᠶᠢᠵᠦ᠂ ᠮᠤᠩᠭᠤᠯ ᠨᠡᠷ᠎ᠡ ᠶᠢᠨ ᠳᠠᠭᠤᠳᠠᠯᠭ᠎ᠠ ᠶᠢ ᠬᠢᠲᠠᠳ ᠢᠶᠠᠷ ᠠᠳᠠᠯᠢ ᠪᠤᠰᠤ ᠦᠰᠦᠭ ᠢᠶᠠᠷ | ᠲᠡᠮᠳᠡᠭᠯᠡᠬᠦ ᠦᠵᠡᠭᠳᠡᠯ ᠤᠴᠠᠷᠠᠪᠠᠯ ᠠᠵᠢᠯ ᠶᠠᠪᠤᠳᠠᠯ ᠢ ᠰᠢᠢᠳᠪᠦᠷᠢᠯᠡᠬᠦ ᠳᠤ ᠤᠷᠤᠭᠰᠢ ᠦᠭᠡᠢ ᠪᠤᠯᠵᠦ ᠬᠠᠷᠰᠢ | ᠰᠠᠭᠠᠳ ᠲᠤ ᠤᠴᠠᠷᠠᠳᠠᠭ᠃ ᠡᠶᠢᠮᠦ ᠠᠴᠠ ᠪᠡᠶ᠎ᠡ ᠶᠢᠨ ᠦᠨᠡᠮᠯᠡᠯ ᠳᠤ ᠮᠤᠩᠭᠤᠯ ᠢᠶᠠᠷ ᠨᠡᠷ᠎ᠡ ᠶᠢ ᠪᠢᠴᠢᠵᠦ ᠤᠷᠤᠭᠤᠯᠬᠤ | ᠂ ᠠᠯᠪᠠᠨ ᠪᠠᠶᠢᠭᠤᠯᠭ᠎ᠠ ᠳᠤ ᠮᠤᠩᠭᠤᠯ ᠦᠭᠡ ᠬᠡᠯᠡ ᠦᠰᠦᠭ ᠪᠢᠴᠢᠭ ᠮᠡᠳᠡᠳᠡᠭ ᠠᠵᠢᠯᠴᠢᠨ ᠢ ᠪᠤᠰᠢᠭᠤᠬᠠᠨ ᠨᠡᠮᠡᠵᠦ | ᠲᠤᠬᠢᠷᠠᠭᠤᠯᠬᠤ ᠶᠢ ᠱᠠᠭᠠᠷᠳᠠᠵᠦ ᠪᠤᠢ᠃ | ︽ᠠᠵᠢᠯ ᠤᠨ ᠲᠦᠷᠢᠮ︾ ᠳᠤ ᠲᠤᠭᠲᠠᠭᠠᠭᠰᠠᠨ ᠵᠠᠷᠢᠮ ᠵᠤᠷᠪᠤᠰ ᠨᠢ ᠲᠤᠤᠱᠯᠠᠭᠳᠠᠨ | ᠬᠡᠷᠡᠭᠵᠢᠭᠦᠯᠦᠭᠳᠡᠵᠦ ᠳᠡᠶᠢᠯᠦᠭᠡ ᠦᠭᠡᠢ ᠦᠵᠡᠭᠳᠡᠯ ᠪᠤᠢ᠃ ᠪᠤᠲᠠᠲᠠᠢ ᠪᠠᠷ ᠳᠤᠷᠠᠳᠪᠠᠯ᠄ ᠴᠦᠬᠡᠨ ᠲᠤᠭᠠᠲᠤ | ᠦᠨᠳᠦᠰᠦᠲᠡᠨ ᠤ ᠤᠷᠤᠨ ᠳᠤ ᠠᠵᠢᠯᠯᠠᠵᠦ ᠪᠦᠬᠦᠢ ᠺᠠᠳ᠋ᠷ ᠠᠵᠢᠯᠴᠢᠨ ᠡᠷᠬᠡᠪᠰᠢ ᠮᠤᠩᠭᠤᠯ ᠦᠭᠡ ᠬᠡᠯᠡ ᠦᠰᠦᠭ | ᠪᠢᠴᠢᠭ ᠢ ᠬᠦᠨᠳᠦᠳᠬᠡᠨ ᠴᠢᠬᠤᠯᠠᠴᠢᠯᠠᠵᠦ ᠰᠤᠷᠴᠤ ᠬᠡᠷᠡᠭᠯᠡᠬᠦ ᠬᠡᠷᠡᠭᠲᠡᠢ ᠬᠡᠬᠦ ᠵᠤᠷᠪᠤᠰ ᠨᠢ ᠨᠡᠯᠢᠶᠡᠳ ᠬᠦᠮᠦᠰ ᠤᠨ | ᠪᠡᠶᠡᠨ ᠲᠡᠭᠡᠷ᠎ᠡ ᠪᠠᠶᠠᠯᠡᠭᠳᠡᠵᠦ ᠦᠭᠡᠢ᠂ ᠮᠤᠩᠭᠤᠯ ᠢᠶᠠᠷ ᠰᠤᠷᠴᠤ᠂ ᠠᠵᠢᠯᠯᠠᠵᠦ ᠪᠦᠬᠦᠢ ᠬᠦᠮᠦᠰ ᠤᠨ ᠠᠰᠠᠷᠠᠮᠵᠢ | ᠬᠠᠷᠠᠭᠠᠯᠵᠠᠯ ᠢ ᠰᠠᠶᠢᠵᠢᠷᠠᠭᠤᠯᠬᠤ ᠬᠡᠰᠡᠨ ᠲᠤᠭᠲᠠᠭᠠᠯ ᠨᠢ ᠰᠠᠶᠢᠨ ᠲᠡᠭᠦᠯᠳᠡᠷᠵᠢᠭᠡᠳᠤᠢ᠃ | ᠮᠤᠩᠭᠤᠯ ᠰᠤᠷᠭᠠᠭᠤᠯᠢ ᠶᠢᠨ ᠨᠦᠬᠦᠴᠡᠯ ᠢ ᠰᠠᠶᠢᠵᠢᠷᠠᠭᠤᠯᠵᠦ᠂ ᠪᠡᠯᠡ ᠤᠷᠤᠭᠤᠯᠤᠯᠲᠠ ᠪᠠᠨ | ᠨᠡᠮᠡᠭᠳᠡᠭᠦᠯᠬᠦ ᠬᠡᠷᠡᠭᠲᠠᠢ᠃ ᠵᠠᠷᠢᠮ ᠬᠢᠲᠠᠳ ᠰᠤᠷᠭᠠᠭᠤᠯᠢ ᠲᠠᠢ ᠬᠠᠷᠢᠴᠠᠭᠤᠯᠪᠠᠯ ᠮᠤᠩᠭᠤᠯ ᠰᠤᠷᠭᠠᠭᠤᠯᠢ ᠶᠢᠨ | ᠨᠦᠬᠦᠴᠡᠯ ᠪᠠᠷᠤᠭᠲᠠᠢ ᠪᠠᠶᠢᠭ᠎ᠠ ᠦᠵᠡᠭᠳᠡᠯ ᠤᠷᠤᠰᠢᠵᠦ ᠪᠤᠢ᠃ ᠬᠦᠳᠡᠭᠡ ᠲᠤᠰᠬᠤᠨ ᠳᠤ ᠬᠡᠣᠬᠡᠳ ᠤᠨ ᠴᠡᠴᠡᠷᠯᠢᠭ ᠢ | ᠨᠡᠮᠡᠨ ᠪᠠᠶᠢᠭᠤᠯᠵᠦ ᠳᠦᠭᠦᠮ ᠦᠵᠡᠭᠦᠯᠬᠦ ᠶᠢ ᠠᠩᠬᠠᠷᠬᠤ ᠬᠡᠷᠡᠭᠲᠡᠢ᠃ ᠮᠤᠩᠭᠤᠯ ᠰᠤᠷᠭᠠᠭᠤᠯᠢ ᠳᠤ ᠬᠢᠷᠢ ᠲᠡᠩᠴᠡᠭᠰᠡᠨ | ᠲᠤᠰᠬᠠᠢ ᠮᠡᠷᠭᠡᠵᠢᠯ ᠤᠨ ᠪᠠᠭᠰᠢ ᠲᠤᠲᠠᠭᠳᠠᠵᠦ ᠪᠠᠶᠢᠭ᠎ᠠ ᠲᠤᠯᠠ ᠢᠯᠡᠭᠦᠬᠡᠨ ᠤᠷᠤᠨ ᠲᠤᠭ᠎ᠠ ᠤᠯᠭᠤᠬᠤ ᠪᠤᠶᠤ ᠪᠠᠭᠰᠢ | ᠡᠯᠰᠡᠬᠦ ᠳᠤ ᠰᠤᠷᠭᠠᠭᠤᠯᠢ ᠶᠢᠨ ᠲᠠᠯ᠎ᠠ ᠠᠴᠠ ᠰᠤᠩᠭᠤᠬᠤ ᠡᠷᠬᠡ ᠲᠠᠢ ᠪᠠᠶᠢᠬᠤ ᠶᠢ ᠱᠠᠭᠠᠷᠳᠠᠬᠤ᠂ ᠮᠤᠩᠭᠤᠯ ᠢᠶᠠᠷ ᠢᠶᠠᠨ | ᠰᠤᠷᠤᠭᠰᠠᠨ ᠰᠤᠷᠤᠭᠴᠢᠳ ᠤᠨ ᠠᠵᠢᠯ ᠤᠯᠭᠤᠯᠲᠠ ᠶᠢᠨ ᠠᠰᠠᠭᠤᠳᠠᠯ ᠢ ᠤᠯᠠᠮ ᠰᠠᠶᠢᠵᠢᠷᠠᠭᠤᠯᠬᠤ᠃ ᠵᠠᠷᠢᠮ ᠠᠯᠪᠠᠨ | ᠪᠠᠶᠢᠭᠤᠯᠭ᠎ᠠ ᠳᠤ ᠮᠤᠩᠭᠤᠯ ᠠᠵᠢᠯᠳᠠᠨ ᠤ ᠤᠷᠤᠨ ᠲᠤᠭ᠎ᠠ ᠶᠢ ᠪᠠᠲᠤᠯᠠᠵᠦ ᠦᠭᠬᠦ᠃ ᠵᠢᠱᠢᠶᠡᠯᠡᠪᠡᠯ ︽ᠦᠪᠦᠷ | ᠮᠤᠩᠭᠤᠯ ᠤᠨ ᠰᠤᠷᠭᠠᠨ ᠬᠦᠮᠦᠵᠢᠯ︾ ᠰᠡᠳᠭᠦᠯ ᠤᠨ ᠬᠤᠷᠢᠶᠠᠨ ᠤ ᠮᠤᠩᠭᠤᠯ ᠨᠠᠶᠢᠷᠠᠭᠤᠯᠬᠤ ᠬᠡᠯᠲᠡᠰ ᠲᠤ ᠬᠤᠶᠠᠷᠬᠠᠨ | ᠮᠤᠩᠭᠤᠯ ᠠᠵᠢᠯᠳᠠᠨ ᠲᠠᠢ ᠪᠠᠶᠢᠵᠦ᠂ ᠠᠵᠢᠯ ᠳᠤ ᠪᠠᠨ ᠡᠭᠦᠷᠲᠦᠨ ᠴᠠᠭ ᠲᠤᠬᠠᠢ ᠳᠤ ᠨᠢ ᠰᠡᠳᠭᠦᠯ ᠢᠶᠠᠨ | ᠨᠠᠶᠢᠷᠠᠭᠤᠯᠵᠦ ᠳᠡᠶᠢᠯᠬᠦ ᠦᠭᠡᠢ ᠦᠵᠡᠭᠳᠡᠯ ᠪᠤᠢ᠃ | ᠮᠤᠩᠭᠤᠯ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠮᠦᠨ ᠯᠡ | ᠢᠪᠴᠤᠤ ᠪᠠᠶᠢᠵᠦ᠂ ᠬᠦᠨᠳᠤᠳᠭᠡᠨ ᠴᠢᠬᠤᠯᠠᠴᠢᠯᠠᠭᠳᠠᠬᠤ ᠦᠭᠡᠢ ᠪᠠᠶᠢᠨ᠎ᠠ᠃ ᠬᠡᠰᠡᠭ ᠪᠦᠯᠥᠭ ᠳᠡᠭᠡᠳᠤ ᠱᠠᠲᠤᠨ ᠤ | ᠠᠯᠪᠠᠨ ᠪᠠᠶᠢᠭᠤᠯᠭ᠎ᠠ ᠶᠢᠨ ᠺᠠᠳ᠋ᠷ ᠬᠦᠨᠳᠦᠳᠬᠡᠨ ᠴᠢᠬᠤᠯᠠᠴᠢᠯᠠᠬᠤ ᠦᠭᠡᠢ ᠠᠴᠠ ᠪᠤᠯᠵᠦ ᠦᠨᠳᠦᠰᠦᠨ ᠱᠠᠲᠤᠨ ᠤ | ᠠᠯᠪᠠᠨ ᠪᠠᠶᠢᠭᠤᠯᠭ᠎ᠠ ᠴᠤ ᠬᠦᠨᠳᠦᠳᠬᠡᠬᠦ ᠦᠭᠡᠢ᠂ ᠠᠷᠠᠳ ᠴᠤ ᠬᠦᠨᠳᠤᠳᠬᠡᠬᠦ ᠦᠭᠡᠢ ᠦᠵᠡᠭᠳᠡᠯ ᠪᠤᠢ᠃ ᠵᠠᠷᠢᠮ | ᠪᠢᠴᠢᠭ ᠮᠠᠲ᠋ᠧᠷᠢᠶᠠᠯ ᠢ ᠮᠤᠩᠭᠤᠯ ᠢᠶᠠᠷ ᠳᠡᠭᠡᠭᠰᠢ ᠲᠤᠰᠢᠶᠠᠬᠤ ᠳᠤ ᠬᠦᠯᠢᠶᠡᠨ ᠠᠪᠬᠤ ᠦᠭᠡᠢ ᠵᠠᠪᠠᠯ ᠬᠢᠲᠠᠳ | ᠪᠢᠴᠢᠭ ᠢᠶᠠᠷ ᠲᠤᠰᠢᠶᠠᠯᠭᠠᠬᠤ ᠦᠵᠡᠭᠳᠡᠯ ᠬᠦᠨᠳᠦ ᠰᠦᠷᠡᠬᠡᠢ ᠤᠷᠤᠰᠢᠵᠦ ᠪᠤᠢ᠃ | ᠮᠤᠩᠭᠤᠯ ᠦᠭᠡ ᠬᠡᠯᠡ ᠪᠤᠯ ᠦᠨᠳᠦᠰᠦᠲᠡᠨ ᠤ ᠤᠷᠤᠨ ᠤ ᠨᠢᠭᠡᠳᠦᠭᠡᠷ ᠬᠡᠯᠡ ᠪᠤᠯᠬᠤᠷ ᠡᠷᠬᠡᠪᠰᠢ | ᠬᠦᠨᠳᠦᠳᠬᠡᠨ ᠬᠡᠷᠡᠭᠵᠢᠭᠦᠯᠵᠦ᠂ ᠳᠦᠷᠢᠮ ᠶᠤᠰᠤᠭᠠᠷ᠂ ᠬᠠᠤᠯᠢ ᠶᠤᠰᠤᠭᠠᠷ ᠢᠳᠡᠪᠬᠢᠲᠠᠢ ᠬᠡᠷᠡᠭᠵᠢᠭᠦᠯᠬᠦ ᠶᠢ ᠤᠨᠴᠠᠯᠠᠨ | ᠱᠠᠭᠠᠷᠳᠠᠵᠦ ᠪᠤᠢ᠃ ︽ᠠᠵᠢᠯ ᠤᠨ ᠲᠦᠷᠢᠮ︾ ᠲᠤᠤᠱᠲᠠᠢ ᠰᠠᠶᠢᠬᠠᠨ ᠬᠡᠷᠡᠭᠵᠢᠭᠦᠯᠦᠭᠳᠡᠵᠦ᠂ ᠮᠤᠩᠭᠤᠯ ᠦᠭᠡ ᠬᠡᠯᠡ | ᠦᠰᠦᠭ ᠪᠢᠴᠢᠭ ᠮᠢᠨᠢ ᠬᠠᠪᠤᠷ ᠤᠨ ᠬᠤᠷ᠎ᠠ ᠰᠢᠬ ᠱᠠᠬᠢᠨ᠂ ᠵᠤᠨ ᠤ ᠨᠠᠭᠤᠷ ᠮᠡᠲᠦ ᠠᠷᠪᠢᠵᠢᠨ᠂ ᠦᠨᠳᠦᠰᠦᠲᠡᠨ ᠤ | ᠰᠤᠶᠤᠯ ᠰᠤᠷᠭᠠᠨ ᠬᠦᠮᠦᠵᠢᠯ ᠤᠨ ᠮᠠᠨᠳᠤᠯ ᠡᠳᠦᠷ ᠠᠴᠠ ᠡᠳᠤᠷ ᠦᠭᠡᠳᠡᠯᠡᠨ ᠬᠦᠭᠵᠢᠬᠦ ᠰᠠᠶᠢᠬᠠᠨ ᠵᠦᠡᠭᠨᠡᠯ ᠢ | ᠳᠡᠪᠰᠢᠬᠦᠯᠦᠶ᠎ᠡ᠃ ︽ᠮᠤᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠤᠨ ᠨᠡᠶᠢᠲᠡᠯᠡᠭᠳᠡᠨ | ᠬᠡᠷᠡᠭᠵᠢᠭᠦᠯᠦᠭᠳᠡᠭᠰᠡᠨ ᠠᠷᠪᠠᠨ ᠵᠢᠯ ᠤᠨ ᠤᠢ ᠪᠠᠨ ᠪᠠᠶᠠᠷᠯᠠᠨ ᠪᠡᠯᠭᠡᠯᠡᠶ᠎ᠡ︕ ︵ᠣᠷᠳᠣᠰ ᠮᠣᠩᠭᠤᠯ ᠰᠦᠯᠵᠢᠶ᠎ᠡ︶ | |