ᠳ᠋ᠠ ᠲᠠᠩ ᠬᠡᠰᠢᠭᠳᠡᠨ ᠬᠤᠰᠢᠭᠤᠨ ᠳᠠᠬᠢ ᠨᠡᠬᠦᠷᠡᠰᠤ ᠶᠢ ᠬᠡᠶᠢᠵᠢᠬᠦᠯᠬᠦ ᠲᠦᠷᠦᠯ ᠵᠦᠢᠯ ᠤᠨ Ⅰ ᠰᠢᠷᠢᠰ ᠎ ᠤᠨ ᠬᠡᠢ ᠶᠢᠨ ᠬᠠᠩᠭᠠᠯᠳᠠ ᠨᠢ 5 ᠳ᠋ᠦᠩᠰᠢᠭᠤᠷ ᠺᠦᠪ ᠮᠧᠲᠷ ᠢ ᠲᠠᠪᠠᠪᠠ
ᠨᠡᠶᠢᠲᠡᠯᠡᠭᠰᠡᠨ ᠴᠠᠭ᠄
2015/5/28
       ᠳ᠋ᠠ ᠲᠠᠩ ᠬᠡᠰᠢᠭᠳᠡᠨ ᠬᠤᠰᠢᠭᠤᠨ ᠳᠠᠬᠢ ᠨᠡᠬᠦᠷᠡᠰᠤ ᠶᠢ ᠬᠡᠶᠢᠵᠢᠬᠦᠯᠬᠦ ᠲᠦᠷᠦᠯ ᠵᠦᠢᠯ ᠤᠨ Ⅰ ᠰᠢᠷᠢᠰ ᠨᠢ 2014 ᠤᠨ ᠤ 11 ᠰᠠᠷ᠎ᠠ ᠶᠢᠨ 28᠎ ᠤ ᠡᠳᠤᠷ ᠠᠴᠠ ᠦᠢᠯᠡᠳᠪᠤᠷᠢᠯᠡᠯ ᠢᠶᠠᠨ ᠰᠡᠷᠬᠦᠬᠡᠭᠰᠡᠨ ᠠᠴᠠ ᠨᠠᠰᠢ᠂ ᠦᠷᠬᠦᠯᠵᠢᠯᠡᠨ ᠲᠤᠭᠳᠠᠭᠤᠨ ᠢᠶᠠᠷ ᠠᠵᠢᠯᠯᠠᠭᠤᠯᠤᠭᠰᠠᠨ ᠪᠠᠶᠢᠨ᠎ᠠ᠃ ᠲᠤᠰ ᠲᠦᠷᠦᠯ ᠵᠦᠢᠯ ᠨᠢ 2013 ᠤᠨ ᠤ ᠰᠡᠬᠦᠯᠴᠢ ᠪᠠᠷ ᠲᠤᠷᠰᠢᠨ ᠡᠵᠡᠩᠨᠡᠭᠰᠡᠨ ᠠᠴᠠ ᠨᠠᠰᠢ᠂ ᠪᠡᠬᠡᠵᠢᠩ ᠳᠤ ᠬᠠᠩᠭᠠᠭᠰᠠᠨ ᠨᠡᠶᠢᠳᠠ ᠬᠡᠢ ᠶᠢᠨ ᠬᠠᠩᠭᠠᠯᠳᠠ ᠨᠢ ᠨᠢᠬᠡᠨᠳᠠ 5 ᠳ᠋ᠦᠩᠰᠢᠭᠤᠷ ᠺᠦᠪ ᠮᠧᠲᠷ ᠢ ᠲᠠᠪᠠᠭᠰᠠᠨ ᠪᠠᠶᠢᠨ᠎ᠠ᠃      ᠲᠦᠷᠦᠯ ᠵᠦᠢᠯ ᠤᠨ Ⅰ ᠰᠢᠷᠢᠰ ᠤᠨ ᠲᠤᠨᠤᠭᠯᠠᠭᠰᠠᠨ 7 ᠰᠠᠭᠤᠷᠢ ᠵᠤᠤᠬ᠎ᠠ ᠨᠢ ᠬᠡᠪ ᠢᠶᠠᠷ ᠠᠵᠢᠯᠯᠠᠵᠤ᠂ ᠬᠦᠳᠡᠯᠬᠡᠭᠴᠢ ᠬᠦᠴᠦᠨ ᠤ 3#᠂ 4# ᠵᠤᠤᠬ᠎ᠠ ᠶᠢᠨ ᠱᠠᠤ ᠦᠬᠡᠶᠢᠵᠢᠬᠦᠯᠦᠨ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠪᠡᠶᠡᠯᠡᠬᠦᠯᠦᠭᠰᠡᠨ ᠤ ᠲᠠᠷᠠᠭ᠎ᠠ᠂ Ⅰ ᠰᠢᠷᠢᠰ ᠤᠨ ᠲᠤᠨᠤᠭᠯᠠᠭᠰᠠᠨ 16 ᠰᠠᠭᠤᠷᠢ ᠵᠤᠤᠬ᠎ᠠ ᠨᠢ ᠪᠦᠷᠢᠨ ᠲᠠᠭᠠᠭᠠᠴᠠ ᠪᠠᠷ ᠦᠢᠯᠡᠳᠪᠤᠷᠢᠯᠡᠬᠦ ᠶᠢ ᠪᠡᠶᠡᠯᠡᠬᠦᠯᠵᠤ᠂ ᠡᠳᠤᠷ ᠪᠦᠷᠢ ᠶᠢᠨ ᠬᠡᠢ ᠬᠠᠩᠭᠠᠬᠤ ᠬᠡᠮᠵᠢᠶ᠎ᠡ ᠨᠢ 400 ᠲᠦᠮᠡᠨ ᠺᠦᠪ ᠮᠧᠲᠷ ᠲᠤ ᠬᠦᠷᠬᠦ ᠪᠤᠯᠤᠨ᠎ᠠ᠃ ᠡᠨᠡ ᠵᠢᠯ᠂ ᠲᠦᠷᠤᠯ ᠵᠦᠢᠯ ᠨᠢ 10 ᠳ᠋ᠦᠩᠰᠢᠭᠤᠷ ᠺᠦᠪ ᠮᠧᠲᠷ ᠤᠨ ᠦᠢᠯᠡᠳᠪᠤᠷᠢᠯᠡᠯ ᠢ ᠪᠠᠳᠤᠯᠠᠬᠤ ᠪᠠᠷ ᠲᠦᠯᠦᠪᠯᠡᠵᠤ᠂ 11 ᠳ᠋ᠦᠩᠰᠢᠭᠤᠷ ᠺᠦᠪ ᠮᠧᠲᠷ ᠤᠨ ᠦᠢᠯᠡᠳᠪᠤᠷᠢᠯᠡᠯ ᠳᠤ ᠬᠦᠷᠬᠡᠬᠦ ᠪᠠᠷ ᠴᠢᠷᠮᠠᠶᠢᠨ ᠲᠡᠮᠡᠴᠡᠵᠤ᠂ ᠵᠢᠱᠢᠭᠰᠡᠨ ᠢᠶᠠᠷ 30 ᠳ᠋ᠦᠩᠰᠢᠭᠤᠷ ᠲᠦᠬᠦᠷᠢᠭ ᠤᠨ ᠪᠤᠷᠤᠯᠠᠭᠤᠯᠭ᠎ᠠ ᠶᠢᠨ ᠤᠷᠤᠯᠭ᠎ᠠ ᠶᠢ ᠪᠡᠶᠡᠯᠡᠬᠦᠯᠬᠦ ᠪᠤᠯᠤᠨ᠎ᠠ᠃ 
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号