| ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ︽ᠦᠪᠦᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠠᠵᠢᠯ ᠤᠨ ᠭᠤᠷᠪᠠᠨ | ᠵᠢᠯ ᠤᠨ ᠠᠬᠢᠭᠤᠯᠬᠤ ᠲᠦᠯᠦᠪᠯᠡᠭᠡ ︵2015 — 2017 ᠤᠨ︶︾ ᠳᠤ᠂ 2017 ᠤᠨ ᠤ ᠰᠡᠬᠦᠯᠴᠢ | ᠪᠤᠯᠳᠠᠯ᠎ᠠ᠂ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢ ᠭᠤᠤᠯᠳᠠᠯᠭ᠎ᠠ ᠲᠠᠢ ᠬᠦᠭᠵᠢᠬᠦᠯᠬᠦ 10 ᠶᠡᠭᠡ | ᠲᠡᠬᠡᠳᠤ ᠰᠤᠷᠭᠠᠭᠤᠯᠢ ᠪᠤᠯᠤᠨ ᠤᠯᠤᠰ ᠤᠨ ᠲᠡᠰ ᠤᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ | ᠤᠨᠴᠠᠯᠢᠭᠳᠤ 60 ᠦᠨᠳᠦᠷ ᠲᠤᠮᠳᠠᠳᠤ᠂ 180 ᠠᠩᠬ᠎ᠠ ᠲᠤᠮᠳᠠᠳᠤ᠂ 360 ᠪᠠᠭ᠎ᠠ ᠰᠤᠷᠭᠠᠭᠤᠯᠢ᠂ ᠨᠠᠶᠢᠳᠠ | 610 ᠰᠠᠭᠤᠷᠢ ᠰᠤᠷᠭᠠᠭᠤᠯᠢ ᠶᠢᠨ ᠱᠠᠳᠤᠯᠵᠢᠨ ᠬᠡᠯᠪᠡᠷᠢ ᠶᠢᠨ ᠪᠦᠳᠦᠴᠠ ᠶᠢ ᠪᠦᠷᠢᠯᠳᠦᠬᠦᠯᠵᠤ᠂ ᠰᠤᠷᠭᠠᠭᠤᠯᠢ ᠶᠢᠨ | ᠬᠦᠷᠢᠶᠠᠨ ᠤ ᠬᠦᠯ ᠪᠦᠮᠪᠦᠭᠡ ᠶᠢᠨ ᠤᠷᠤᠯᠳᠤᠭᠠᠨ ᠪᠤᠯᠤᠨ ᠬᠦᠯ ᠪᠦᠮᠪᠦᠭᠡ ᠶᠢᠨ ᠬᠦᠳᠡᠯᠬᠡᠬᠡᠨ ᠳᠤ ᠦᠷᠬᠦᠯᠵᠢ | ᠤᠷᠤᠯᠴᠠᠳᠠᠭ ᠰᠤᠷᠤᠭᠴᠢ ᠶᠢᠨ ᠲᠤᠭ᠎ᠠ ᠶᠢ 60 ᠲᠦᠮᠡᠨ ᠬᠦᠮᠦᠨ ᠤ ᠤᠷᠴᠢᠮ ᠬᠦᠷᠬᠡᠬᠦ ᠪᠤᠯᠤᠨ᠎ᠠ᠃ | 3 ᠰᠠᠷ᠎ᠠ ᠶᠢᠨ 1 ᠤ ᠡᠳᠦᠷ᠂ 2015 ᠤᠨ ᠤ ᠪᠦᠬᠦ ᠤᠷᠤᠨ ᠤ ᠰᠤᠷᠭᠠᠭᠤᠯᠢ ᠶᠢᠨ ᠬᠦᠷᠢᠶᠠᠨ ᠤ ᠬᠦᠯ | ᠪᠦᠮᠪᠦᠭᠡ ᠶᠢᠨ ᠬᠤᠯᠪᠤᠭᠠᠳᠤ ᠤᠷᠤᠯᠳᠤᠭᠠᠨ ᠵᠢᠩᠬᠢᠨᠢ ᠪᠠᠷ ᠡᠬᠢᠯᠡᠭᠰᠡᠡ ᠤ ᠬᠠᠮᠳᠤ᠂ ᠬᠦᠯ ᠪᠦᠮᠪᠦᠭᠡ ᠶᠢᠨ ᠬᠢᠴᠢᠶᠠᠯ ᠢ | ᠦᠪᠡᠷᠳᠡᠬᠡᠨ ᠵᠠᠰᠠᠬᠤ ᠤᠷᠤᠨ ᠤ ᠬᠦᠯ ᠪᠦᠮᠪᠦᠭᠡ ᠶᠢᠨ ᠤᠨᠴᠠᠯᠢᠬᠳᠤ ᠰᠤᠷᠭᠠᠭᠤᠯᠢ ᠪᠤᠯᠭᠠᠨ ᠤ ᠬᠢᠴᠢᠶᠠᠯ ᠤᠨ | ᠬᠦᠰᠦᠨᠦᠭᠳᠤ ᠳᠤ ᠵᠢᠩᠬᠢᠨᠢ ᠪᠠᠷ ᠪᠢᠴᠢᠵᠤ ᠤᠷᠤᠭᠤᠯᠤᠨ᠂ ᠲᠠᠮᠢᠷ ᠤᠨ ᠬᠢᠴᠢᠶᠠᠯ ᠤᠨ ᠵᠠᠪᠠᠯ ᠰᠤᠷᠬᠤ ᠠᠭᠤᠯᠭ᠎ᠠ ᠶᠢᠨ | ᠬᠤᠪᠢ ᠪᠠᠷ ᠪᠦᠬᠦ ᠤᠷᠤᠨ ᠤ ᠡᠯ᠎ᠠ ᠲᠡᠰ ᠤᠨ ᠡᠯ᠎ᠠ ᠲᠦᠷᠦᠯ ᠤᠨ ᠰᠤᠷᠭᠠᠭᠤᠯᠢ ᠳᠤ ᠪᠦᠬᠦ ᠲᠠᠯ᠎ᠠ ᠪᠠᠷ ᠶᠠᠪᠤᠭᠳᠠᠵᠤ | ᠡᠬᠢᠯᠡᠭᠰᠡᠡ ᠪᠠᠶᠢᠨ᠎ᠠ᠃ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠭᠤᠯᠢ ᠶᠢᠨ ᠬᠦᠷᠢᠶᠠᠨ ᠤ | ᠬᠦᠯ ᠪᠦᠮᠪᠦᠭᠡ ᠶᠢᠨ ᠠᠵᠢᠯ ᠤᠨ ᠭᠤᠷᠪᠠᠨ ᠵᠢᠯ ᠤᠨ ᠠᠬᠢᠭᠤᠯᠬᠤ ᠲᠦᠯᠦᠪᠯᠡᠭᠡ ︵2015 — 2017 ᠤᠨ︶︾ | ᠳᠤ᠂ ᠪᠦᠬᠦ ᠤᠷᠤᠨ ᠤ ᠡᠯ᠎ᠠ ᠰᠤᠷᠭᠠᠭᠤᠯᠢ ᠭᠠᠷᠠᠭ ᠪᠦᠷᠢ ᠳᠡᠭᠡᠨ 1 ᠴᠠᠭ ᠤᠨ ᠬᠦᠯ ᠪᠦᠮᠪᠦᠭᠡ ᠶᠢᠨ ᠬᠢᠴᠢᠶᠠᠯ᠂ 3 | ᠤᠳᠠᠭᠠᠨ ᠠᠴᠠ ᠲᠡᠬᠡᠭᠰᠢᠬᠢ ᠬᠢᠴᠢᠶᠠᠯ ᠤᠨ ᠭᠠᠳᠠᠨᠠᠬᠢ ᠬᠦᠯ ᠪᠦᠮᠪᠦᠭᠡ ᠶᠢᠨ ᠬᠦᠳᠡᠯᠬᠡᠬᠡᠨ ᠢ ᠪᠠᠳᠤᠯᠠᠵᠤ᠂ ᠲᠡᠷᠡᠴᠢᠯᠠᠨ | ᠤᠨ ᠤ ᠪᠤᠯᠤᠨ ᠰᠤᠷᠭᠠᠭᠤᠯᠢ ᠶᠢᠨ ᠬᠦᠯ ᠪᠦᠮᠪᠦᠭᠡ ᠶᠢᠨ ᠲᠦᠯᠦᠬᠡᠯᠡᠭᠴᠢ ᠠᠩᠬᠢ ᠶᠢ ᠪᠠᠶᠢᠭᠤᠯᠵᠤ᠂ | ᠰᠤᠷᠭᠠᠭᠤᠯᠢ ᠶᠢᠨ ᠲᠤᠳᠤᠷᠠᠬᠢ ᠬᠦᠯ ᠪᠦᠮᠪᠦᠭᠡ ᠶᠢᠨ ᠤᠷᠤᠯᠳᠤᠭᠠᠨ ᠤ ᠲᠤᠭᠳᠠᠴᠠ ᠶᠢ ᠦᠷᠬᠦᠯᠵᠢ ᠶᠢᠨ ᠪᠠᠶᠢᠳᠠᠯ ᠲᠠᠢ | ᠪᠤᠯᠭᠠᠬᠤ ᠬᠡᠷᠡᠭᠳᠡᠢ ᠬᠡᠵᠤ ᠱᠠᠭᠠᠷᠳᠠᠭᠰᠠᠠ ᠪᠠᠶᠢᠨ᠎ᠠ᠃ | | ᠦᠪᠡᠷᠳᠡᠬᠡᠨ ᠵᠠᠰᠠᠬᠤ ᠤᠷᠤᠨ ᠤ ᠪᠠᠭᠰᠢ ᠶᠢᠨ ᠲᠦᠷᠦᠯ ᠤᠨ ᠲᠡᠬᠡᠳᠤ ᠰᠤᠷᠭᠠᠭᠤᠯᠢ ᠬᠦᠯ ᠪᠦᠮᠪᠦᠭᠡ ᠶᠢᠨ | ᠰᠤᠷᠭᠠᠨ ᠬᠦᠮᠦᠵᠢᠯ ᠪᠤᠯᠤᠨ ᠪᠤᠯᠪᠠᠰᠤᠷᠠᠯ ᠤᠨ ᠲᠤᠰᠬᠠᠢ ᠮᠡᠷᠬᠡᠵᠢᠯ ᠤᠨ ᠴᠢᠬ ᠭᠠᠷᠭᠠᠵᠤ᠂ ᠨᠦᠬᠦᠴᠡᠯ ᠳᠤ | ᠨᠡᠶᠢᠴᠡᠭᠰᠡᠡ ᠲᠠᠮᠢᠷᠴᠢᠨ ᠰᠤᠷᠤᠭᠴᠢ ᠶᠢ ᠡᠯᠰᠡᠵᠤ᠂ ᠲᠦᠯᠦᠪᠯᠡᠭᠡ ᠲᠠᠢ ᠪᠠᠷ ᠬᠦᠯ ᠪᠦᠮᠪᠦᠭᠡ ᠶᠢᠨ ᠰᠤᠷᠭᠠᠨ | ᠬᠦᠮᠦᠵᠢᠯ ᠤᠨ ᠪᠠᠭᠰᠢ ᠶᠢ ᠬᠦᠮᠦᠵᠢᠬᠦᠯᠬᠦ ᠪᠤᠯᠤᠨ᠎ᠠ᠃ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ | ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠠᠵᠢᠯ ᠤᠨ ᠭᠤᠷᠪᠠᠨ ᠵᠢᠯ ᠤᠨ ᠠᠬᠢᠭᠤᠯᠬᠤ ᠲᠦᠯᠦᠪᠯᠡᠭᠡ ︵ | 2015 — 2017 ᠤᠨ︶︾ ᠳᠤ᠂ ᠦᠨᠳᠦᠷ ᠬᠢᠷᠢ ᠲᠦᠪᠰᠢᠨ ᠤ ᠰᠤᠷᠭᠠᠭᠤᠯᠢ ᠶᠢᠨ ᠬᠦᠷᠢᠶᠠᠨ ᠤ ᠬᠦᠯ | ᠪᠦᠮᠪᠦᠭᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠪᠠᠨ ᠲᠦᠷᠬᠡᠳᠬᠡᠵᠤ᠂ 2017 ᠤᠨ ᠤ ᠰᠡᠬᠦᠯᠴᠢ | ᠪᠤᠯᠳᠠᠯ᠎ᠠ᠂ ᠪᠦᠬᠦ ᠤᠷᠤᠨ ᠤ ᠡᠯ᠎ᠠ ᠲᠡᠰ ᠤᠨ ᠡᠯ᠎ᠠ ᠲᠦᠷᠦᠯ ᠤᠨ 18 ᠠᠩᠬᠢ ᠠᠴᠠ ᠲᠤᠷᠤᠭᠰᠢᠬᠢ ᠰᠤᠷᠭᠠᠭᠤᠯᠢ | ᠪᠤᠯᠭᠠᠨ ᠳᠤ 1 ᠬᠦᠯ ᠪᠦᠮᠪᠦᠭᠡ ᠶᠢᠨ ᠪᠠᠭᠰᠢ ᠲᠤᠬᠢᠷᠠᠭᠤᠯᠬᠤ ᠶᠢ ᠪᠠᠳᠤᠯᠠᠵᠤ᠂ 18 ᠠᠩᠬᠢ ᠠᠴᠠ ᠲᠡᠬᠡᠭᠰᠢᠬᠢ | ᠰᠤᠷᠭᠠᠭᠤᠯᠢ ᠪᠤᠯᠭᠠᠨ ᠳᠤ ᠨᠠᠭᠠᠳᠤ ᠵᠠᠬ᠎ᠠ ᠳᠠᠭᠠᠨ 2 ᠬᠦᠯ ᠪᠦᠮᠪᠦᠭᠡ ᠶᠢᠨ ᠪᠠᠭᠰᠢ ᠲᠤᠬᠢᠷᠠᠭᠤᠯᠬᠤ ᠬᠡᠷᠡᠭᠳᠡᠢ︔ | ᠪᠦᠬᠦ ᠤᠷᠤᠨ ᠤ ᠲᠠᠰᠬᠠᠯᠵᠢᠭᠤᠯᠤᠭᠴᠢ ᠶᠢᠨ ᠪᠤᠯᠪᠠᠰᠤᠷᠠᠯ ᠤᠨ ᠬᠦᠮᠦᠨ ᠤ ᠲᠤᠭ᠎ᠠ ᠶᠢ 1200 ᠤᠷᠴᠢᠮ ᠳᠤ | ᠬᠦᠷᠬᠡᠵᠤ᠂ ︽ᠤᠯᠤᠰ ᠤᠨ ᠲᠡᠰ ᠤᠨ ᠰᠤᠷᠭᠠᠭᠤᠯᠢ ᠶᠢᠨ ᠬᠦᠷᠢᠶᠠᠨ ᠤ ᠬᠦᠯ ᠪᠦᠮᠪᠦᠭᠡ ᠶᠢᠨ ᠤᠨᠴᠠᠯᠢᠬᠳᠤ | ᠰᠤᠷᠭᠠᠭᠤᠯᠢ︾ ᠨᠠᠭᠠᠳᠤ ᠵᠠᠬ᠎ᠠ ᠳᠠᠭᠠᠨ 2 ᠲᠠᠰᠬᠠᠯᠵᠢᠭᠤᠯᠤᠭᠴᠢ ᠲᠠᠢ ᠪᠠᠶᠢᠬᠤ ᠶᠢ ᠪᠠᠳᠤᠯᠠᠬᠤ ᠬᠡᠷᠡᠭᠳᠡᠢ ᠬᠡᠵᠤ | ᠱᠠᠭᠠᠷᠳᠠᠭᠰᠠᠠ ᠪᠠᠶᠢᠨ᠎ᠠ᠃ | ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠭᠤᠯᠢ ᠶᠢᠨ ᠬᠦᠷᠢᠶᠠᠨ ᠤ ᠬᠦᠯ | ᠪᠦᠮᠪᠦᠭᠡ ᠶᠢᠨ ᠠᠵᠢᠯ ᠤᠨ ᠭᠤᠷᠪᠠᠨ ᠵᠢᠯ ᠤᠨ ᠠᠬᠢᠭᠤᠯᠬᠤ ᠲᠦᠯᠦᠪᠯᠡᠭᠡ ︵2015 — 2017 ᠤᠨ︶︾ ᠳᠤ | ᠪᠠᠰᠠ ᠦᠪᠦᠷ ᠮᠤᠩᠭᠤᠯ ᠤᠨ ᠡᠯ᠎ᠠ ᠱᠠᠳᠤᠨ ᠤ ᠡᠳ᠋ ᠤᠨ ᠵᠠᠰᠠᠭ 2015 ᠤᠨ ᠠᠴᠠ ᠡᠬᠢᠯᠡᠨ ᠰᠤᠷᠭᠠᠭᠤᠯᠢ ᠶᠢᠨ | ᠬᠦᠷᠢᠶᠠᠨ ᠤ ᠬᠦᠯ ᠪᠦᠮᠪᠦᠭᠡ ᠶᠢᠨ ᠲᠤᠰᠬᠠᠢ ᠲᠦᠷᠦᠯ ᠤᠨ ᠵᠠᠷᠤᠳᠠᠯ ᠮᠦᠩᠬᠦ ᠶᠢ ᠭᠠᠷᠭᠠᠵᠤ ᠲᠡᠷᠡᠴᠢᠯᠠᠨ ᠡᠳ᠋ ᠤᠨ | ᠵᠠᠰᠠᠭ ᠤᠨ ᠲᠦᠰᠦᠪ ᠲᠤ ᠤᠷᠤᠭᠤᠯᠤᠨ᠂ ᠡᠬᠦᠨ ᠤ ᠬᠠᠮᠳᠤ ᠪᠡᠶ᠎ᠠ ᠶᠢᠨ ᠲᠠᠮᠢᠷ ᠤᠨ ᠯᠤᠲᠲ᠋ᠧᠷᠢ ᠶᠢᠨ ᠨᠠᠶᠢᠳᠠ ᠶᠢᠨ | ᠠᠰᠠᠷᠠᠮᠵᠢ ᠶᠢᠨ ᠮᠦᠩᠬᠦ ᠠᠴᠠ ᠵᠤᠬᠢᠬᠤ ᠬᠠᠷᠢᠴᠠᠯ ᠤᠨ ᠪᠡᠯᠡ ᠮᠦᠩᠬᠦ ᠭᠠᠷᠭᠠᠵᠤ᠂ ᠰᠤᠷᠭᠠᠭᠤᠯᠢ ᠶᠢᠨ ᠬᠦᠷᠢᠶᠠᠨ ᠤ | ᠬᠦᠯ ᠪᠦᠮᠪᠦᠭᠡ ᠶᠢᠨ ᠬᠦᠭᠵᠢᠯᠳᠠ ᠳᠤ ᠦᠢᠯᠡᠴᠢᠯᠡᠬᠦᠯᠬᠦ ᠬᠡᠷᠡᠭᠳᠡᠢ ᠬᠡᠵᠤ ᠵᠢᠭᠠᠵᠤ ᠭᠠᠷᠭᠠᠭᠰᠠᠠ ᠪᠠᠶᠢᠨ᠎ᠠ᠃ | |