4 ᠰᠠᠷ᠎ᠠ ᠶᠢᠨ 4᠄ ᠢᠷᠭᠡᠨ ᠣᠯᠣᠰ ᠤᠨ ᠦᠶ᠎ᠡ ᠶᠢᠨ ᠬᠡᠥᠬᠡᠳ ᠤᠨ ᠪᠠᠶᠠᠷ
ᠨᠡᠶᠢᠲᠡᠯᠡᠭᠰᠡᠨ ᠴᠠᠭ᠄
2015/6/1
      ᠢᠷᠭᠡᠨ ᠣᠯᠣᠰ ᠤᠨ ᠦᠶ᠎ᠡ ᠳᠤ ᠳᠣᠮᠳᠠᠳᠣ ᠣᠯᠣᠰ ᠤᠨ ᠪᠠᠭᠠᠴᠣᠳ ᠬᠡᠥᠬᠡᠳ ᠤᠨ ᠪᠠᠶᠠᠷ ᠪᠣᠯ 4 ᠰᠠᠷ᠎ᠠ ᠶᠢᠨ 4᠎ ᠤ ᠡᠳᠦᠷ ᠪᠣᠯᠣᠨ᠎ᠠ᠃ 1931 ᠣᠨ ᠤ 3 ᠰᠠᠷ᠎ᠠ ᠶᠢᠨ 7᠎ ᠤ ᠡᠳᠦᠷ᠂ ᠳᠣᠮᠳᠠᠳᠣ ᠶᠢᠨ ᠨᠢᠯᠬᠠᠰ ᠢ ᠡᠨᠡᠷᠢᠬᠦ ᠨᠡᠶᠢᠭᠡᠮᠯᠢᠭ ᠠᠴᠠ ︽ᠵᠢᠯ ᠪᠣᠯᠭᠠᠨ ᠤ 4 ᠰᠠᠷ᠎ᠠ ᠶᠢᠨ 4᠎ ᠤ ᠡᠳᠦᠷ ᠢ ᠪᠠᠭᠠᠴᠣᠳ ᠬᠡᠦᠬᠡᠳ ᠤᠨ ᠪᠠᠶᠠᠷ ᠤᠨ ᠡᠳᠦᠷ ᠪᠣᠯᠭᠠᠬᠤ ᠰᠠᠨᠠᠭᠤᠯᠭ᠎ᠠ︾ ᠳᠣᠷᠠᠳᠴᠣ᠂ ᠱᠠᠩᠬᠠᠢ ᠬᠤᠲᠠ ᠶᠢᠨ ᠵᠠᠰᠠᠭ ᠤᠨ ᠣᠷᠳᠣᠨ ᠠᠴᠠ ᠡᠨᠡᠬᠦ ᠳᠣᠷᠠᠳᠣᠯᠭ᠎ᠠ ᠶᠢ ᠢᠷᠭᠡᠨ ᠤ ᠵᠠᠰᠠᠭ ᠤᠨ ᠣᠷᠳᠣᠨ ᠳᠤ ᠳᠠᠮᠵᠢᠭᠤᠯᠤᠨ ᠮᠡᠳᠡᠭᠡᠯᠡᠵᠦ ᠵᠦᠪᠰᠢᠶᠡᠷᠡᠯ ᠣᠯᠣᠭᠰᠠᠨ ᠪᠠᠶᠢᠨ᠎ᠠ᠃      1935 ᠣᠨ ᠤ 4 ᠰᠠᠷ᠎ᠠ ᠶᠢᠨ 4᠎ ᠤ ᠡᠳᠦᠷ᠂ ᠳᠣᠮᠳᠠᠳᠣ ᠣᠯᠣᠰ ᠤᠨ ᠬᠡᠥᠬᠡᠳ ᠤᠳ ᠵᠠᠰᠠᠭ ᠤᠨ ᠣᠷᠣᠨ ᠎ ᠤ ᠠᠩᠬᠠᠳᠠᠭᠴᠢ ᠲᠣᠭᠳᠠᠭᠠᠭᠰᠠᠨ ᠬᠠᠥᠯᠢ ᠶᠣᠰᠣᠨ ᠤ ᠪᠠᠶᠠᠷ ᠤᠨ ᠡᠳᠦᠷ — ᠪᠠᠭᠠᠴᠣᠳ ᠬᠡᠦᠬᠡᠳ ᠢ ᠪᠠᠶᠠᠷ ᠢᠶᠠᠨ ᠠᠳᠬᠤᠯ᠎ᠠ᠃ ᠢᠷᠭᠡᠨ ᠤ ᠵᠠᠰᠠᠭ ᠤᠨ ᠣᠷᠳᠣᠨ ᠠᠴᠠ 1935 ᠣᠨ ᠤ 4 ᠰᠠᠷ᠎ᠠ ᠶᠢᠨ 4᠎ ᠤ ᠡᠳᠦᠷ ᠠᠴᠠ 1936 ᠣᠨ ᠤ 4 ᠰᠠᠷ᠎ᠠ ᠶᠢᠨ 3᠎ ᠤ ᠡᠳᠦᠷ ᠢ ᠪᠦᠬᠦ ᠣᠯᠣᠰ ᠤᠨ ᠪᠠᠭᠠᠴᠣᠳ ᠬᠡᠦᠬᠡᠳ ᠤᠨ ᠣᠨ ᠬᠡᠮᠡᠨ ᠲᠣᠭᠳᠠᠭᠠᠬᠤ ᠶᠢᠨ ᠬᠠᠮᠳᠣ ︽ᠬᠡᠦᠬᠡᠳ ᠪᠠᠭᠠᠴᠣᠣᠯ ᠪᠣᠯ ᠳᠣᠮᠳᠠᠳᠣ ᠶᠢᠨ ᠢᠷᠡᠭᠡᠳᠦᠢ ᠶᠢᠨ ᠡᠵᠡᠨ︾ ︽ᠬᠡᠦᠬᠡᠳ ᠪᠠᠭᠠᠴᠣᠳ ᠪᠣᠯ ᠰᠢᠨ᠎ᠡ ᠳᠣᠮᠳᠠᠳᠣ ᠣᠯᠣᠰ ᠢ ᠴᠣᠭᠴᠠᠯᠠᠨ ᠪᠠᠶᠢᠭᠤᠯᠬᠤ ᠶᠢᠨ ᠰᠠᠭᠤᠷᠢ ᠮᠦᠨ︾ ︽ᠬᠡᠥᠬᠡᠳ ᠪᠠᠭᠠᠴᠣᠳ ᠪᠣᠯ ᠳᠣᠮᠳᠠᠳᠣ ᠶᠢᠨ ᠦᠨᠳᠦᠰᠦᠲᠡᠨ ᠰᠡᠷᠭᠦᠨ ᠮᠠᠨᠳᠣᠯᠲᠠ ᠶᠢᠨ ᠰᠢᠨ᠎ᠡ ᠬᠦᠴᠦᠨ ᠮᠦᠨ︾ ᠭᠡᠬᠦ ᠮᠡᠲᠦ ᠶᠢᠨ ᠣᠷᠢᠶ᠎ᠠ ᠳᠣᠷᠠᠳᠴᠣ᠂ ᠪᠦᠬᠦ ᠣᠯᠣᠰ ᠲᠤ ᠲᠦᠭᠡᠮᠡᠯ ᠲᠠᠷᠬᠠᠭᠰᠠᠨ ᠪᠠᠶᠢᠨ᠎ᠠ᠃      1949 ᠣᠨ ᠤ 11 ᠰᠠᠷ᠎ᠠ ᠳᠤ᠂ ᠣᠷᠢᠳᠣ ᠶᠢᠨ ᠵᠦᠪᠯᠡᠯᠲᠦ ᠬᠤᠯᠪᠤᠭᠠᠳᠣ ᠣᠯᠣᠰ ᠲᠦᠷᠦᠭᠦᠯᠡᠭᠰᠡᠨ ︽ᠣᠯᠠᠨ ᠣᠯᠣᠰ ᠤᠨ ᠠᠷᠠᠳᠴᠢᠯᠠᠭᠰᠠᠨ ᠡᠮᠡᠭᠲᠡᠶᠢᠴᠣᠳ ᠤᠨ ᠬᠤᠯᠪᠤᠭᠠᠨ ᠤ ᠬᠤᠷᠠᠯ︾᠎ ᠤᠨ ᠬᠦᠢᠴᠡᠳᠭᠡᠭᠴᠢ ᠭᠡᠰᠢᠭᠦᠨ ᠎ ᠤ ᠵᠦᠪᠯᠡᠯ ᠤᠨ ᠬᠤᠷᠠᠯ ᠢ ᠮᠣᠰᠺᠠ ᠳᠤ ᠬᠤᠷᠠᠯᠳᠣᠵᠤ᠂ ᠪᠦᠬᠦ ᠳᠡᠯᠡᠬᠡᠢ ᠶᠢᠨ ᠬᠡᠥᠬᠡᠳ ᠪᠠᠭᠠᠴᠣᠳ ᠤᠨ ᠣᠷᠣᠰᠢᠨ ᠲᠣᠭᠳᠠᠨᠢᠬᠤ ᠡᠷᠬᠡ᠂ ᠡᠷᠡᠭᠦᠯ ᠮᠡᠨᠳᠦ ᠶᠢ ᠬᠠᠮᠠᠭᠠᠯᠠᠬᠤ ᠡᠷᠬᠡ ᠪᠠ ᠰᠣᠷᠭᠠᠨ ᠬᠦᠮᠦᠵᠢᠯ ᠬᠦᠷᠲᠡᠬᠦ ᠡᠷᠬᠡ ᠶᠢ ᠪᠠᠲᠤᠯᠠᠬᠤ ᠶᠢ ᠲᠦᠯᠦᠭᠡ᠂ ᠡᠵᠡᠷᠬᠡᠭ ᠳᠦᠷᠢᠮᠡᠬᠡᠶᠢᠴᠣᠳ ᠤᠨ ᠬᠡᠥᠬᠡᠳ ᠪᠠᠭᠠᠴᠣᠳ ᠢ ᠠᠯᠠᠵᠤ ᠬᠤᠣᠷᠯᠠᠬᠤ ᠶᠢ ᠡᠰᠡᠷᠭᠦᠴᠡᠨ᠂ ᠵᠢᠯ ᠪᠣᠯᠭᠠᠨ ᠤ 6 ᠰᠠᠷ᠎ᠠ ᠶᠢᠨ 1᠎ ᠤ ᠡᠳᠦᠷ ᠢ ︽ᠣᠯᠠᠨ ᠣᠯᠣᠰ ᠤᠨ ᠬᠡᠥᠬᠡᠳ ᠤᠨ ᠪᠠᠶᠠᠷ ᠤᠨ ᠡᠳᠦᠷ︾ ᠪᠤᠯᠭᠠᠨ ᠲᠣᠭᠲᠠᠭᠠᠬᠤ ᠶᠢ ᠰᠠᠨᠠᠭᠠᠴᠢᠯᠠᠵᠤ᠂ ᠣᠳᠠᠯ ᠦᠭᠡᠢ ᠡᠨᠡᠬᠦ ᠳᠣᠷᠠᠳᠣᠯᠭ᠎ᠠ ᠨᠢ ᠲᠦᠯᠦᠭᠡᠯᠡᠭᠴᠢ ᠶᠢᠨ ᠶᠡᠭᠡ ᠬᠤᠷᠠᠯ ᠤᠨ ᠵᠦᠪᠰᠢᠶᠡᠷᠡᠯ ᠢ ᠣᠯᠣᠭᠰᠠᠨ ᠪᠠᠶᠢᠨ᠎ᠠ᠃ 1949 ᠣᠨ ᠤ 12 ᠰᠠᠷ᠎ᠠ ᠶᠢᠨ 23᠎ ᠤ ᠡᠳᠦᠷ ᠳᠣᠮᠳᠠᠳᠣ ᠣᠯᠣᠰ ᠤᠨ ᠲᠦᠪ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠬᠤᠷᠢᠶᠠᠨ ᠠᠴᠠ ᠬᠠᠷᠠᠭᠠᠯᠵᠠᠭᠰᠠᠨ ᠲᠣᠭᠳᠠᠭᠠᠯ ᠭᠠᠷᠭᠠᠵᠤ ︽6.1 ᠣᠯᠠᠨ ᠣᠯᠣᠰ ᠤᠨ ᠪᠠᠭᠠᠴᠣᠳ ᠤᠨ ᠬᠡᠥᠬᠡᠳ ᠤᠨ ᠪᠠᠶᠠᠷ︾᠎ ᠢ ᠳᠣᠮᠳᠠᠳᠣ ᠣᠯᠣᠰ ᠤᠨ ᠬᠡᠥᠬᠡᠳ ᠤᠨ ᠪᠠᠶᠠᠷ ᠤᠨ ᠡᠳᠦᠷ ᠪᠣᠯᠭᠠᠨ ᠲᠣᠭᠳᠠᠭᠠᠭᠰᠠᠨ ᠪᠠᠶᠢᠨ᠎ᠠ᠃      1950 ᠣᠨ ᠤ 3 ᠰᠠᠷ᠎ᠠ ᠶᠢᠨ 30᠎ ᠤ ᠡᠳᠦᠷ᠂ ᠰᠣᠷᠭᠠᠨ ᠬᠦᠮᠦᠵᠢᠯ ᠤᠨ ᠶᠠᠮᠤᠨ ᠠᠴᠠ ᠵᠠᠷ ᠲᠠᠯᠪᠢᠵᠤ᠂ 6 ᠰᠠᠷ᠎ᠠ ᠶᠢᠨ 1᠎ ᠤ ᠡᠳᠦᠷ ᠢ ᠪᠠᠭᠠᠴᠣᠳ ᠬᠡᠥᠬᠡᠳ ᠤᠨ ᠪᠠᠶᠠᠷ ᠤᠨ ᠡᠳᠦᠷ ᠢᠶᠠᠷ ᠲᠣᠭᠳᠠᠭᠠᠬᠤ ᠶᠢᠨ ᠬᠠᠮᠲᠤ ︽4.4 ᠪᠠᠭᠠᠴᠣᠳ ᠬᠡᠥᠬᠡᠳ ᠤᠨ ᠪᠠᠶᠠᠷ ᠤᠨ ᠡᠳᠦᠷ︾᠎ ᠢ ᠬᠦᠴᠦᠨ ᠦᠭᠡᠢ ᠪᠣᠯᠭᠠᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号