6 ᠰᠠᠷ᠎ᠠ ᠶᠢᠨ 23 ᠤ ᠡᠳᠦᠷ ᠦᠪᠦᠷ ᠮᠣᠩᠭᠤᠯ ᠤᠨ ᠤᠯᠤᠰ ᠤᠨ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ
ᠨᠡᠶᠢᠲᠡᠯᠡᠭᠰᠡᠨ ᠴᠠᠭ᠄
2015/6/11
     6 ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠮᠣᠩᠭᠤᠯ ᠬᠡᠯᠡ ᠪᠢᠴᠢᠭ ︵ᠬᠦᠬᠡᠭᠴᠢᠨ︶ ᠤᠨ ᠰᠡᠳᠦᠪ ᠬᠢᠭᠡᠳ ᠴᠦᠭᠡᠨ ᠲᠣᠭᠠᠲᠤ ᠦᠨᠳᠦᠰᠦᠳᠡᠨ ᠤ ᠰᠤᠷᠤᠬᠴᠢ ᠶᠢᠨ ᠬᠢᠳᠠᠳ ᠢᠶᠠᠷ ᠰᠢᠯᠭᠠᠬᠤ ᠭᠤᠷᠪᠠᠳᠤᠭᠠᠷ ᠲᠡᠰ ᠤᠨ ᠰᠡᠳᠤᠪ ᠵᠡᠷᠭᠡ ᠬᠤᠶᠠᠷ ᠬᠢᠴᠢᠶᠡᠯ ᠲᠦᠷᠦᠯ ᠤᠨ ᠰᠢᠯᠭᠠᠯᠲᠠ ᠳᠠᠭᠤᠰᠴᠤ᠂ ᠥᠪᠥᠷ ᠮᠣᠩᠭᠤᠯ ᠤᠨ 2015 ᠣᠨ ᠤ ᠡᠩ ᠤᠨ ᠶᠡᠭᠡ ᠲᠡᠬᠡᠳᠤ ᠰᠤᠷᠭᠠᠭᠤᠯᠢ ᠶᠢᠨ ᠰᠤᠷᠤᠭᠴᠢ ᠡᠯᠰᠡᠬᠦ ᠨᠢᠬᠡᠳᠤᠯᠳᠡᠢ ᠰᠢᠯᠭᠠᠯᠳᠡ ᠠᠮᠵᠢᠯᠳᠡ ᠲᠠᠢ ᠦᠨᠳᠦᠷᠯᠡᠪᠡ᠃      ᠤᠶᠢᠯᠠᠭᠠᠭᠰᠠᠨ ᠢᠶᠠᠷ᠂ 6 ᠰᠠᠷ᠎ᠠ ᠶᠢᠨ 10 ᠤ ᠡᠳᠦᠷ ᠠᠴᠠ ᠡᠬᠢᠯᠡᠨ᠂ ᠪᠦᠬᠦ ᠣᠷᠣᠨ ᠨᠢᠭᠡᠲᠦᠯᠲᠡᠢ ᠪᠠᠷ ᠰᠦᠯᠵᠢᠶᠡᠨ ᠳᠡᠭᠡᠷ᠎ᠡ ᠰᠢᠯᠭᠠᠯᠲᠠ ᠬᠢᠨᠠᠵᠤ᠂ 6 ᠰᠠᠷ᠎ᠠ ᠶᠢᠨ 23 ᠤ ᠡᠳᠦᠷ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠨ᠎ᠡ᠃ ᠰᠢᠯᠭᠠᠭᠤᠯᠤᠬᠰᠠᠳ 4 ᠲᠠᠯ᠎ᠡ ᠶᠢᠨ ᠠᠷᠭ᠎ᠠ ᠪᠠᠷ ᠲᠠᠮᠵᠢᠨ ᠬᠤᠪᠢ ᠪᠠᠨ ᠦᠵᠡᠵᠤ ᠪᠤᠯᠤᠨ᠎ᠡ᠃ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠬᠴᠢ ᠡᠯᠰᠡᠬᠦ ᠰᠢᠯᠭᠠᠯᠳᠡ ᠶᠢᠨ ᠮᠡᠳᠡᠭᠡ ᠵᠠᠩᠬᠢ ᠶᠢᠨ ᠰᠦᠯᠵᠢᠶ᠎ᠡ ᠳᠤ ᠭᠠᠷᠴᠤ ᠬᠤᠪᠢ ᠪᠠᠨ ᠦᠵᠡᠵᠤ ᠪᠤᠯᠤᠨ᠎ᠡ︔ ᠰᠢᠯᠵᠢᠬᠡ ᠬᠤᠯᠪᠤᠭ᠎ᠠ ᠶᠢᠨ ᠭᠠᠷ ᠤᠳᠠᠰᠤ ᠪᠠᠷ ︽gkcf ᠰᠢᠯᠭᠠᠭᠤᠯᠬᠤ ᠳ᠋ᠤᠭᠠᠷ︾ ᠢᠶᠠᠨ 10628833 ᠳᠤ ᠶᠠᠪᠤᠭᠤᠯᠵᠤ ᠬᠤᠪᠢ ᠪᠠᠨ ᠦᠵᠡᠵᠤ ᠪᠤᠯᠤᠨ᠎ᠡ︔ ᠤᠷᠤᠨ ᠤ ᠲᠤᠳᠤᠭᠠᠳᠤ ᠶᠢᠨ ᠨᠢᠬᠡᠳᠤᠮᠡᠯ ᠬᠤᠯᠪᠤᠭ᠎ᠠ ᠶᠢᠨ ᠭᠠᠷ ᠤᠳᠠᠰᠤ ᠪᠠᠷ 16897788᠂ ᠲᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠭᠠᠷ ᠤᠳᠠᠰᠤ ᠪᠠᠷ 16817788᠂ ᠲᠤᠮᠳᠠᠳᠤ ᠤᠯᠤᠰ ᠤᠨ ᠲᠠᠮᠤᠷ ᠵᠠᠮ ᠤᠨ ᠬᠤᠯᠪᠤᠭ᠎ᠠ ᠶᠢᠨ ᠭᠠᠷ ᠤᠳᠠᠰᠤ ᠪᠠᠷ 95105168᠂ ᠲᠤᠮᠳᠠᠳᠤ ᠤᠯᠤᠰ ᠤᠨ ᠰᠢᠯᠵᠢᠬᠡ ᠬᠤᠯᠪᠤᠭ᠎ᠠ ᠶᠢᠨ ᠭᠠᠷ ᠤᠳᠠᠰᠤ ᠪᠠᠷ 1255088 ᠳᠤ ᠤᠳᠠᠰᠤᠳᠠᠵᠤ᠂ ᠠᠦ᠋ᠲ᠋ᠣ᠋ ᠬᠡᠯᠡᠨ ᠤ ᠮᠡᠳᠡᠭᠡ ᠵᠠᠩᠬᠢ ᠶᠢᠨ ᠲᠠᠪᠴᠡᠩ ᠢᠶᠠᠷ ᠲᠠᠮᠵᠢᠨ ᠠᠰᠠᠭᠤᠵᠤ ᠪᠤᠯᠤᠨ᠎ᠡ︔ ᠨᠢᠬᠡᠳᠤᠮᠡᠯ ᠬᠤᠯᠪᠤᠭ᠎ᠠ ᠶᠢᠨ ᠭᠠᠷ ᠤᠳᠠᠰᠤ ᠪᠠᠷ ᠬᠦᠮᠦᠨ ᠤ ᠦᠢᠯᠡᠴᠢᠯᠡᠭᠡ ᠲᠠᠢ ᠮᠡᠳᠡᠭᠡ ᠵᠠᠩᠬᠢ ᠶᠢᠨ ᠲᠠᠪᠴᠡᠩ ᠳᠤ ᠬᠤᠯᠪᠤᠬᠳᠠᠵᠤ ᠰᠢᠯᠭᠠᠯᠳᠡ ᠶᠢᠨ ᠬᠤᠪᠢ ᠪᠠᠨ ᠠᠰᠠᠭᠤᠵᠤ ᠪᠤᠯᠤᠨ᠎ᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号