| — ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ | ᠲᠦᠷᠭᠡᠳᠭᠡᠨ ᠠᠬᠢᠭᠤᠯᠬᠤ ᠲᠤᠬᠠᠢ ᠰᠢᠷᠢᠰ | ᠰᠢᠭᠦᠮᠵᠢ | | ᠤᠢᠢᠷ᠎ᠠ ᠳᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠲᠤᠬᠠᠢ ᠰᠠᠨᠠᠯ ︾ ᠢ ᠨᠡᠶᠢᠳᠡᠯᠡᠵᠤ᠂ ᠠᠮᠢ | ᠠᠬᠤᠢ ᠶᠢᠨ ᠪᠤᠯᠪᠠᠰᠤᠨ ᠤ ᠪᠠᠶᠢᠭᠤᠯᠤᠯᠳᠠ ᠳᠤ ᠬᠦᠳᠦᠯᠪᠦᠷᠢ ᠶᠢᠨ ᠴᠢᠨᠠᠷᠳᠠᠢ ᠪᠢᠴᠢᠭ ᠮᠠᠲ᠋ᠧᠷᠢᠶᠠᠯ ᠬᠠᠨᠭ᠍ᠭᠠᠵᠠᠢ᠃ ︽ | ᠰᠠᠨᠠᠯ︾ ᠳᠤ ︽ᠬᠦᠬᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠡᠭᠭᠦᠨ ᠠᠭᠤᠯᠠ︾ ᠭᠡᠰᠡᠨ | ᠤᠢᠢᠯᠠᠭᠠᠬᠳᠠᠬᠤᠨ ᠲᠤᠤᠱᠯᠠᠬᠳᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ ᠪᠠᠶᠢᠳᠠᠯ ᠢ | ᠨᠡᠭᠡᠭᠡᠵᠤ᠂ ᠤᠯᠠᠨ ᠲᠦᠮᠡᠨ ᠤ ᠠᠭᠤᠯᠠ ᠬᠦᠬᠡᠮᠳᠦᠭ᠂ ᠤᠰᠤ ᠲᠤᠩᠭᠠᠯᠠᠭ᠂ ᠠᠭᠠᠷ ᠴᠡᠪᠡᠷ ᠪᠠᠶᠢᠬᠤ ᠲᠤᠯᠭᠠᠮ᠎ᠠ | ᠬᠦᠰᠡᠯ ᠳᠤ ᠬᠠᠷᠢᠭᠤ ᠲᠤᠰᠬᠠᠯ ᠦᠭᠭᠦᠭᠰᠡᠨ ᠪᠠᠶᠢᠨ᠎ᠠ᠃ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠮᠠᠨ ᠤ ᠤᠯᠤᠰ ᠤᠨ ᠤᠰᠤᠨ ᠤ | ᠪᠤᠬᠢᠷᠳᠤᠯ 70% ᠤᠨ ᠭᠤᠤᠯ ᠮᠦᠷᠡᠨ ᠨᠠᠭᠤᠷ ᠴᠦᠭᠦᠷᠤᠮ ᠪᠠ ᠬᠦᠮᠦᠨ ᠮᠠᠯ ᠤᠨ ᠤᠰᠤ ᠤᠮᠳᠠ ᠶᠢᠨ ᠠᠮᠤᠷ | ᠲᠦᠪᠰᠢᠨ ᠢ ᠰᠦᠷᠳᠡᠭᠦᠯᠵᠤ᠂ ᠤᠯᠤᠰ ᠠᠴᠠ ᠵᠢᠯ ᠪᠦᠷᠢ 2400 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠵᠤ | ᠂ ᠤᠰᠤᠨ ᠤ ᠪᠤᠬᠢᠷᠳᠤᠯ ᠢ ᠵᠠᠰᠠᠵᠤ ᠪᠠᠶᠢᠨ᠎ᠠ︔ ᠠᠭᠠᠷ ᠮᠠᠨᠳᠠᠯ ᠤᠨ ᠪᠤᠬᠢᠷᠳᠤᠯ ᠪᠦᠬᠦ ᠤᠯᠤᠰ ᠤᠨ 1\3 ᠶᠢᠨ | ᠲᠠᠯᠠᠪᠠᠢ ᠶᠢᠨ ᠨᠤᠳᠤᠭ ᠲᠡᠪᠢᠰᠭᠡᠷ ᠢ ᠵᠢᠯ ᠲᠤᠷᠰᠢᠳᠠ ᠬᠦᠴᠢᠯᠯᠢᠭ ᠪᠤᠷᠤᠭᠠᠨ ᠤᠷᠤᠵᠤ ᠮᠡᠳᠡᠬᠦ ᠠᠶᠤᠯ ᠭᠠᠮᠰᠢᠭ ᠲᠤ | ᠤᠴᠠᠷᠠᠭᠤᠯᠵᠤ᠂ ᠵᠢᠯ ᠪᠦᠷᠢ ᠬᠡᠳᠦᠨ ᠵᠠᠭᠤᠨ ᠲᠦᠮᠡᠨ ᠬᠦᠮᠦᠨ ᠠᠮᠢᠰᠬᠤᠯ ᠤᠨ ᠵᠠᠮ ᠤᠨ ᠡᠪᠡᠳᠴᠢᠨ ᠤᠯᠵᠤ ᠪᠤᠢ︔ | ᠪᠡᠭᠡᠵᠢᠩ᠂ ᠱᠠᠩᠬᠠᠢ ᠵᠡᠷᠭᠡ ᠬᠤᠳᠠ ᠪᠤᠬᠢᠷ ᠮᠠᠨᠠᠨ ᠤ ᠰᠦᠷᠳᠡᠭᠦᠯᠦᠯ ᠳᠤ ᠤᠴᠠᠷᠠᠵᠤ᠂ ᠤᠷᠴᠢᠨ ᠲᠤᠭᠤᠷᠢᠨ ᠤ | ᠪᠤᠬᠢᠷᠳᠤᠯ ᠬᠡᠴᠢᠨᠡᠨ ᠬᠦᠨᠳᠦ ᠨᠤᠴᠢᠳᠠᠢ ᠪᠤᠯᠤᠬᠰᠠᠨ ᠢ ᠬᠦᠮᠦᠨ ᠪᠦᠬᠦᠨ ᠳᠤ ᠮᠡᠳᠡᠷᠡᠭᠦᠯᠵᠤ ᠪᠠᠶᠢᠨ᠎ᠠ᠃ ᠪᠦᠷᠢᠳᠭᠡᠯ ᠢ | ᠦᠨᠳᠦᠰᠦᠯᠡᠪᠡᠯ᠂ 2012 ᠤᠨ ᠳᠤ ᠤᠯᠤᠰ ᠠᠴᠠ ᠤᠷᠴᠢᠨ ᠲᠤᠭᠤᠷᠢᠨ ᠤ ᠪᠤᠬᠢᠷᠳᠤᠯ ᠢ ᠵᠠᠰᠠᠬᠤ ᠳᠤ 7000 | ᠭᠠᠷᠤᠢ ᠳ᠋ᠦᠡᠭᠰᠢᠭᠤᠷ ᠲᠦᠭᠦᠷᠢᠭ ᠵᠠᠷᠤᠴᠠᠭᠤᠯᠵᠤ᠂ 2020 ᠤᠨ ᠪᠤᠯᠳᠠᠯ᠎ᠠ ᠤᠰᠤᠨ ᠤ ᠪᠤᠬᠢᠷᠳᠤᠯ ᠢ ᠰᠡᠷᠭᠡᠶᠢᠯᠡᠵᠤ | ᠵᠠᠰᠠᠬᠤ ᠳᠤ 2 ᠲᠦᠮᠡᠨ ᠳ᠋ᠦᠡᠭᠰᠢᠭᠤᠷ ᠲᠦᠭᠦᠷᠢᠭ ᠤᠨ ᠪᠠᠯᠠ ᠤᠷᠤᠭᠤᠯᠬᠤ ᠪᠤᠯᠤᠨ᠎ᠠ᠃ | ᠦᠨᠦᠳᠦᠷ ᠤᠨ ᠤᠷᠴᠢᠨ ᠲᠤᠭᠤᠷᠢᠨ ᠤ ᠬᠦᠨᠳᠤ ᠨᠤᠴᠢᠳᠠᠢ ᠪᠠᠶᠢᠳᠠᠯ ᠨᠢ ᠠᠵᠤ ᠠᠬᠤᠢ ᠶᠢᠨ | ᠲᠦᠷᠭᠡᠨ ᠨᠡᠮᠡᠭᠳᠡᠯ ᠢ ᠦᠷᠦᠭᠡᠰᠦᠯ ᠢᠶᠠᠷ ᠬᠦᠭᠡᠭᠡᠴᠡᠯᠳᠦᠭᠰᠡᠨ ᠲᠠᠢ ᠰᠠᠯᠵᠤ ᠪᠤᠯᠤᠰᠢ ᠦᠭᠡᠢ ᠬᠠᠷᠢᠴᠠᠭ᠎ᠠ ᠲᠠᠢ ᠶᠤᠮ᠃ | GDP᠂ ᠡᠳ᠋ ᠤᠨ ᠵᠠᠰᠠᠭ ᠤᠨ ᠤᠷᠤᠯᠭ᠎ᠠ ᠪᠠᠷ ︽ᠪᠠᠭᠠᠳᠤᠷ ᠢᠳᠡᠳᠡᠨ︾ ᠢ ᠰᠢᠯᠭᠠᠷᠠᠭᠤᠯᠵᠤ ᠪᠠᠶᠢᠬᠰᠠᠨ ᠨᠢᠭᠡ | ᠬᠡᠰᠡᠭ ᠬᠤᠭᠤᠴᠠᠭᠠᠨ ᠳᠤ᠂ ᠤᠯᠠᠩᠬᠢ ᠭᠠᠵᠠᠷ ᠤᠷᠤᠨ ᠡᠬᠢ ᠪᠠᠶᠠᠯᠢᠭ ᠢ ᠳᠠᠯᠬᠢᠭᠳᠠᠯ ᠤᠨ ᠴᠢᠨᠠᠷᠳᠠᠢ ᠨᠡᠭᠡᠭᠡᠨ | ᠠᠰᠢᠬᠯᠠᠵᠤ᠂ ᠤᠷᠴᠢᠨ ᠲᠤᠭᠤᠷᠢᠨ ᠢ ᠬᠦᠨᠳᠤ ᠨᠤᠴᠢᠳᠠᠢ ᠡᠪᠳᠡᠵᠠᠢ︔ ᠵᠠᠷᠢᠮ ᠭᠠᠵᠠᠷ ᠤᠷᠤᠨ ᠨᠢ ᠡᠳ᠋ ᠤᠨ | ᠵᠠᠰᠠᠭ ᠤᠨ ᠤᠷᠤᠯᠭ᠎ᠠ ᠶᠢᠨ ᠨᠡᠮᠡᠭᠳᠡᠯ ᠢᠶᠠᠨ ᠪᠠᠳᠤᠯᠠᠬᠤ ᠶᠢᠨ ᠲᠦᠯᠦᠭᠡ᠂ ᠪᠤᠬᠢᠷᠳᠤᠯ ᠲᠦᠢᠯ ᠤᠨ ᠬᠦᠨᠳᠤ ᠨᠤᠴᠢᠳᠠᠢ | ᠠᠵᠤ ᠠᠬᠤᠢᠢᠯᠠᠯ ᠢ ᠤᠷᠤᠭᠤᠯᠤᠠ ᠠᠪᠴᠢᠷᠠᠵᠤ᠂ ᠤᠷᠴᠢᠨ ᠲᠤᠭᠤᠷᠢᠨ ᠢ ᠪᠤᠬᠢᠷᠳᠤᠭᠤᠯᠵᠤ ᠪᠤᠢ︔ ᠵᠠᠷᠢᠮ ᠭᠠᠵᠠᠷ | ᠤᠷᠤᠨ ᠨᠢ ᠪᠤᠬᠢᠷᠳᠤᠯ ᠲᠠᠢ ᠠᠵᠤ ᠠᠬᠤᠢᠢᠯᠠᠯ ᠤᠨ ᠪᠤᠵᠠᠷ ᠤᠰᠤ ᠪᠤᠬᠢᠷ ᠤᠳᠤᠭ᠎ᠠ ᠲᠤᠭᠤᠰᠤ ᠶᠡᠭᠡ ᠬᠡᠮᠵᠢᠶ ᠠ ᠪᠠᠷ | ᠭᠠᠳᠠᠬᠰᠢᠯᠠᠭᠤᠯᠵᠤ ᠪᠠᠶᠢᠬᠤ ᠶᠢ ᠰᠡᠷᠡᠵᠤ ᠮᠡᠳᠡᠪᠡᠴᠤ᠂ ᠤᠷᠤᠨ ᠨᠤᠳᠤᠭ ᠤᠨ ᠠᠰᠢᠭ ᠲᠤᠰᠠ ᠪᠠᠨ ᠪᠤᠳᠤᠭᠠᠳ | ᠡᠭᠦᠳᠡ ᠶᠢ ᠨᠢ ᠬᠠᠭᠠᠯᠭᠠᠬᠤ ᠦᠭᠡᠢ᠂ ᠦᠭᠡᠷᠡᠴᠢᠯᠡᠭᠦᠯᠦᠨ ᠵᠠᠰᠠᠭᠤᠯᠬᠤ ᠦᠭᠡᠢ᠂ ᠦᠵᠡᠭᠰᠡᠨ ᠪᠤᠯᠪᠠᠴᠦ ᠦᠵᠡᠭᠰᠡᠨ | ᠦᠬᠡᠢ ᠰᠢᠭ ᠦᠩᠬᠡᠷᠡᠬᠦᠯᠵᠤ ᠪᠤᠢ᠃ ᠡᠶᠢᠮᠤᠷᠬᠦ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠦᠷᠦᠭᠡᠰᠦᠯ ᠢᠶᠠᠷ | ᠬᠦᠭᠡᠭᠡᠴᠡᠯᠳᠦᠭᠰᠡᠨ ᠨᠢ ︽ᠲᠠᠬᠢᠶ᠎ᠠ ᠪᠠᠨ ᠠᠯᠠᠵᠤ ᠦᠨᠳᠡᠭᠡ ᠶᠢ ᠨᠢ ᠠᠪᠬᠤ︾᠂ ︽ᠬᠤᠤᠷ᠎ᠠ ᠤᠤᠭᠤᠵᠤ ᠤᠮᠳᠠ ᠪᠠᠨ | ᠲᠠᠶᠢᠯᠤᠬᠰᠠᠨ︾ ᠲᠠᠢ ᠠᠳᠠᠯᠢ ᠬᠦᠨᠳᠤ ᠨᠤᠴᠢᠳᠠᠢ ᠦᠷ᠎ᠠ ᠳ᠋ᠦᠩ ᠠᠪᠴᠢᠷᠠᠪᠠ᠃ | ᠲᠤᠰᠬᠠᠢ ᠮᠡᠷᠭᠡᠵᠢᠯᠳᠡᠨ ᠤ ᠵᠢᠭᠠᠵᠤ ᠭᠠᠷᠭᠠᠬᠰᠠᠨ ᠢᠶᠠᠷ᠂ ᠨᠢᠭᠡ ᠰᠨᠨᠲ᠋ᠢᠮᠧᠲᠷ ᠬᠠᠷ᠎ᠠ ᠬᠦᠷᠦᠰᠦ | ᠪᠦᠷᠢᠯᠳᠦᠬᠦ ᠳᠤ ᠬᠡᠳᠦᠨ ᠵᠠᠭᠤᠨ ᠵᠢᠯ ᠤᠷᠤᠳᠠᠭ᠃ ᠦᠭᠡᠷ᠎ᠡ ᠪᠠᠷ ᠬᠡᠯᠡᠪᠡᠯ ᠨᠢᠭᠡ ᠭᠠᠵᠠᠷ ᠤᠷᠤᠨ ᠤ ᠬᠦᠷᠦᠰᠦ | ᠰᠢᠷᠤᠢ ᠡᠪᠳᠡᠭᠳᠡᠪᠡᠯ ᠬᠡᠳᠦᠨ ᠵᠠᠭᠤᠨ ᠵᠢᠯ ᠤᠨ ᠲᠠᠷᠠᠭ᠎ᠠ ᠰᠠᠶᠢ ᠰᠡᠷᠭᠦᠵᠤ ᠲᠡᠶᠢᠯᠦᠨ᠎ᠡ᠃ ᠮᠠᠨ ᠤ ᠤᠷᠤᠨ ᠢᠶᠠᠷ | ᠠᠪᠴᠤ ᠬᠡᠯᠡᠪᠡᠯ᠂ ᠠᠮᠢ ᠠᠬᠤᠢ ᠲᠦᠢᠯ ᠤᠨ ᠬᠡᠪᠡᠷᠡᠭ ᠤᠷᠤᠨ ᠳᠤ ᠪᠠᠭᠳᠠᠵᠤ᠂ ᠬᠤᠷ᠎ᠠ ᠲᠤᠨᠤᠳᠠᠰᠤ ᠪᠠᠭ᠎ᠠ᠂ | ᠤᠰᠤᠨ ᠤ ᠡᠬᠢ ᠰᠤᠷᠪᠤᠯᠵᠢ ᠶᠢᠨ ᠬᠠᠳᠠᠭᠠᠯᠠᠬᠳᠠᠴᠠ ᠲᠤᠤᠷ᠎ᠠ ᠮᠦᠷᠳᠡᠭᠡᠨ ᠲᠠᠷᠬᠠᠯᠳᠠ ᠵᠢᠭᠳᠡ ᠪᠤᠰᠤ ᠵᠡᠷᠭᠡ ᠨᠢ ᠠᠮᠢ | ᠠᠬᠤᠢ ᠶᠢᠨ ᠬᠠᠮᠠᠭᠠᠯᠠᠯᠳᠠ ᠶᠢ ᠵᠠᠪᠠᠯ ᠲᠡᠷᠢᠭᠦᠨ ᠪᠠᠶᠢᠷᠢᠨ ᠳᠤ ᠲᠠᠯᠪᠢᠬᠤ ᠬᠡᠷᠡᠭᠳᠠᠢ ᠭᠡᠳᠡᠭ ᠢ ᠬᠠᠷᠠᠭᠤᠯᠵᠤ ᠪᠤᠢ᠃ | ᠡᠶᠢᠮᠦᠷᠬᠦ ᠪᠠᠶᠢᠳᠠᠯ ᠲᠤᠤᠷ᠎ᠠ᠂ ᠪᠢᠳᠡ ᠠᠵᠤ ᠠᠬᠤᠢ ᠶᠢᠨ ᠬᠦᠭᠵᠢᠯᠳᠡ ᠬᠢᠭᠡᠳ ᠤᠷᠴᠢᠨ ᠲᠤᠭᠤᠷᠢᠨ ᠤ | ᠬᠤᠭᠤᠷᠤᠨᠳᠡᠬᠢ ᠵᠦᠷᠢᠴᠡᠯ ᠢ ᠨᠠᠮᠳᠠᠭᠤᠯᠬᠤ ᠳᠤ ᠵᠠᠪᠠᠯ ᠰᠢᠨᠵᠢᠯᠡᠬᠦ ᠤᠬᠠᠭᠠᠨ ᠤ ᠠᠭᠤᠯᠬᠤᠨ ᠦᠨᠳᠦᠷ᠂ ᠡᠬᠢ | ᠪᠠᠶᠠᠯᠢᠭ ᠤᠨ ᠬᠤᠷᠤᠬᠳᠠᠯ ᠪᠠᠭ᠎ᠠ᠂ ᠤᠷᠴᠢᠨ ᠲᠤᠭᠤᠷᠢᠨ ᠤ ᠪᠤᠬᠢᠷᠳᠤᠯ ᠲᠤᠤᠷ᠎ᠠ ᠠᠵᠤ ᠦᠢᠯᠡᠰ ᠤᠨ ᠪᠦᠳᠦᠴᠡ ᠶᠢ | ᠪᠦᠷᠢᠯᠳᠦᠭᠦᠯᠵᠤ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠬᠤᠪᠢᠷᠠᠭᠤᠯᠤᠨ᠂ ᠪᠤᠬᠢᠷᠳᠤᠯ ᠦᠬᠡᠢ ᠬᠦᠭᠵᠢᠯᠳᠠ ᠶᠢ | ᠠᠯᠢ ᠲᠦᠷᠭᠡᠨ ᠢᠶᠠᠷ ᠠᠬᠢᠭᠤᠯᠵᠤ᠂ ᠬᠦᠭᠵᠢᠯᠳᠡ ᠠᠴᠠ ᠪᠤᠯᠤᠬᠰᠠᠨ ᠡᠬᠢ ᠪᠠᠶᠠᠯᠢᠭ ᠤᠷᠴᠢᠨ ᠲᠤᠭᠤᠷᠢᠨ ᠤ | ᠦᠷᠳᠡᠭ ᠢ ᠪᠦᠳᠦᠮᠵᠢᠳᠠᠢ ᠪᠠᠭᠠᠰᠬᠠᠬᠤ ᠬᠡᠷᠡᠭᠳᠠᠢ᠃ | ᠪᠢᠳᠡ ᠶᠠᠭ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠬᠡᠪ ᠪᠠᠶᠢᠳᠠᠯ ᠢ ᠳᠠᠨᠢᠵᠤ ᠵᠤᠬᠢᠴᠠᠨ | ᠬᠦᠳᠦᠯᠦᠨ ᠳᠠᠭᠠᠭᠤᠯᠬᠤ ᠴᠠᠭ ᠬᠤᠭᠤᠴᠠᠭᠠᠨ ᠳᠤ ᠤᠷᠤᠰᠢᠵᠤ ᠪᠤᠢ᠃ ᠡᠯ᠎ᠡ ᠭᠠᠵᠠᠷ ᠤᠷᠤᠨ ︽ᠰᠠᠨᠠᠯ ︾ ᠤᠨ | ᠵᠤᠷᠢᠭ ᠰᠠᠨᠠᠭ᠎ᠠ ᠶᠢ ᠡᠷᠬᠡᠪᠰᠢ ᠰᠠᠶᠢᠳᠤᠷ ᠰᠤᠷᠤᠯᠴᠠᠨ ᠲᠤᠤᠱᠯᠠᠭᠤᠯᠵᠤ᠂ ︽ᠰᠠᠨᠠᠯ︾ ᠤᠨ ᠵᠤᠷᠢᠭ ᠰᠠᠨᠠᠭ᠎ᠠ ᠪᠠᠷ | ᠠᠵᠤ ᠠᠬᠤᠢ ᠶᠢᠨ ᠠᠵᠢᠯᠯᠠᠭ᠎ᠠ ᠪᠠᠨ ᠵᠢᠯᠤᠭᠤᠳᠤᠭᠤᠯᠵᠤ᠂ ᠠᠮᠢ ᠠᠬᠤᠢ ᠶᠢᠨ ᠦᠷᠡᠭᠳᠡᠯ ᠢᠶᠠᠷ ᠠᠵᠤ ᠠᠬᠤᠢ ᠶᠢᠨ | ᠬᠤᠷᠳᠤᠴᠠ ᠶᠢ ᠰᠤᠯᠢᠬᠤ ᠦᠵᠡᠯᠳᠡ ᠰᠡᠳᠬᠢᠴᠡ ᠪᠠᠨ ᠪᠦᠷᠢᠮᠤᠰᠤᠨ ᠲᠠᠶᠠᠬᠳᠠᠵᠤ᠂ ︽ᠦᠵᠡᠰᠭᠦᠯᠡᠩᠳᠤ ᠰᠠᠶᠢᠬᠠᠨ | ᠳᠠᠯ᠎ᠠ ᠨᠤᠳᠤᠭ ᠪᠤᠯ ᠲᠠᠷᠤᠢ ᠠᠯᠳᠠᠨ ᠮᠦᠡᠭᠭᠦᠨ ᠠᠭᠤᠯᠠ ᠮᠦᠨ︾ ᠭᠡᠰᠡᠨ ᠲᠠᠨᠢᠯᠳᠠ ᠶᠢ ᠪᠤᠢ ᠪᠤᠯᠭᠠᠪᠠᠯ ᠵᠤᠬᠢᠨ᠎ᠠ᠃ | |