| | ︽ᠲᠤᠮᠳᠠᠳᠤ ᠠᠦ᠋ᠰᠲᠷᠠᠯᠢᠶ᠎ᠠ ᠶᠢᠨ ᠴᠢᠯᠥᠬᠡᠳᠤ ᠠᠷᠠᠯᠵᠢᠶᠠᠨ ᠤ ᠬᠡᠯᠡᠯᠴᠡᠭᠡᠷ︾ | ᠲᠠᠬᠢ ᠮᠠᠯ ᠠᠵᠤ ᠠᠬᠤᠢ ᠲᠠᠢ ᠬᠤᠯᠪᠤᠭᠳᠠᠬᠤ ᠠᠭᠤᠯᠭ᠎ᠠ ᠨᠤᠭᠤᠳ | | | | 6 ᠰᠠᠷ᠎ᠠ ᠶᠢᠨ 17 ᠤ ᠡᠳᠦᠷ᠂ ᠲᠤᠮᠳᠠᠳᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠠᠶᠢᠳ | ᠭᠤᠤ ᠬᠤ᠋ ᠴᠧᠩ ᠪᠤᠯᠤᠨ ᠠᠦ᠋ᠰᠲᠷᠠᠯᠢᠶ᠎ᠠ ᠶᠢᠨ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠶᠠᠮᠤᠨ ᠤ ᠰᠠᠶᠢᠳ | ᠠᠨᠳ᠋ᠷᠸᠧ · ᠷᠤᠪᠪ ︽ᠲᠤᠮᠳᠠᠳᠤ ᠠᠦ᠋ᠰᠲᠷᠠᠯᠢᠶ᠎ᠠ ᠶᠢᠨ ᠴᠢᠯᠥᠬᠡᠳᠤ ᠠᠷᠠᠯᠵᠢᠶᠠᠨ ᠤ ᠬᠡᠯᠡᠯᠴᠡᠭᠡᠷ︾ ᠲᠤ ᠵᠢᠩᠬᠢᠨᠢ | ᠪᠠᠷ ᠭᠠᠷ ᠤᠨ ᠦᠰᠦᠭ ᠵᠢᠷᠦᠵᠤ 10 ᠵᠢᠯ ᠶᠠᠪᠤᠭᠳᠠᠭᠰᠠᠨ ᠡᠨᠡᠬᠦ ᠬᠡᠯᠡᠯᠴᠡᠬᠡᠷ ᠢ ᠦᠷ᠎ᠡ ᠳ᠋ᠦᠩ ᠲᠠᠢ ᠪᠤᠯᠭᠠᠪᠠ᠃ | ᠠᠦ᠋ᠰᠲᠷᠠᠯᠢᠶ᠎ᠠ ᠪᠤᠯ ᠮᠠᠯ ᠠᠵᠤ ᠠᠬᠤᠢ ᠶᠢᠨ ᠲᠤᠮᠤ ᠤᠯᠤᠰ ᠮᠦᠨ᠂ ᠢᠩᠬᠢᠬᠦᠯᠠᠷ ︽ᠲᠤᠮᠳᠠᠳᠤ | ᠠᠦ᠋ᠰᠲᠷᠠᠯᠢᠶ᠎ᠠ ᠶᠢᠨ ᠴᠢᠯᠥᠬᠡᠳᠤ ᠠᠷᠠᠯᠵᠢᠶᠠᠨ ᠤ ᠬᠡᠯᠡᠯᠴᠡᠭᠡᠷ︾ ᠲᠤ ᠮᠠᠯ ᠠᠵᠤ ᠠᠬᠤᠢ ᠲᠠᠢ ᠬᠤᠯᠪᠤᠭ᠎ᠠ ᠪᠦᠬᠦᠢ | ᠵᠤᠷᠪᠤᠰ ᠤᠳ ᠪᠠᠭ᠎ᠠ ᠪᠤᠰᠤ ᠪᠠᠭᠳᠠᠵᠠᠢ᠃ ᠡᠳᠡᠬᠡᠷ ᠵᠦᠢᠯ ᠵᠤᠷᠪᠤᠰ ᠤᠳ ᠨᠢ ᠦᠪᠦᠷ ᠮᠤᠩᠭᠤᠯ ᠵᠡᠷᠭᠡ ᠮᠠᠯᠵᠢᠬᠤ | ᠤᠷᠤᠨ ᠤ ᠬᠦᠮᠦᠰ ᠤᠨ ᠠᠮᠢᠳᠤᠷᠠᠯ ᠪᠠ ᠠᠰᠢᠭ ᠤᠷᠤᠯᠭ᠎ᠠ ᠳᠤ ᠶᠠᠮᠠᠷ ᠨᠦᠯᠦᠬᠡ ᠦᠵᠡᠬᠦᠯᠳᠡᠭ ᠪᠤᠯ︖ ᠮᠠᠯᠴᠢᠳ | ᠮᠢᠨᠢ ᠰᠢᠨ᠎ᠡ ᠨᠢᠬᠡ ᠰᠢᠯᠭᠠᠯᠳᠠ ᠳᠤ ᠪᠡᠯᠡᠳᠭᠡᠯ ᠲᠠᠢ ᠪᠠᠶᠢᠭ᠎ᠠ ᠪᠤᠯ ᠦᠦ︖ ᠲᠤᠤᠷ᠎ᠠ ᠪᠢᠳᠡ ᠡᠳᠡᠬᠡᠷ ᠵᠦᠢᠯ ᠵᠤᠷᠪᠤᠰ | ᠤᠳ ᠢ ᠵᠢᠭᠰᠠᠭᠠᠵᠤ ᠦᠵᠡᠶ᠎ᠡ᠄ | 1. ᠦᠭᠡᠷ ᠤᠨ ᠮᠢᠬᠠᠨ ᠤ ᠲᠤᠮᠳᠠᠴᠢ ᠪᠤᠭᠤᠮᠳᠠ ᠶᠢᠨ ᠭᠠᠶᠢᠯᠢ ᠨᠢ ᠤᠳᠤᠬᠠᠨ ᠤ 15.5% ᠠᠴᠠ ᠲᠡᠭ | ᠪᠤᠯᠵᠥ ᠪᠠᠭᠤᠷᠠᠨ᠎ᠠ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠲᠠᠨᠢᠯᠴᠠᠭᠤᠯᠤᠭᠰᠠᠠ ᠢᠶᠠᠷ᠂ ᠠᠦ᠋ᠰᠲᠷᠠᠯᠢᠶ᠎ᠠ ᠪᠤᠯ | ᠮᠠᠨ ᠤ ᠤᠯᠤᠰ ᠤᠨ ᠦᠬᠡᠷ ᠤᠨ ᠮᠢᠬ᠎ᠠ ᠬᠠᠮᠤᠭ ᠤᠨ ᠶᠡᠭᠡ ᠤᠷᠤᠭᠤᠯᠳᠠᠭ ᠤᠯᠤᠰ ᠪᠤᠯᠤᠨ᠎ᠠ᠂ ᠮᠠᠨ ᠤ ᠤᠯᠤᠰ ᠤᠨ | ᠪᠦᠬᠦ ᠭᠠᠳᠠᠭᠠᠳᠤ ᠤᠷᠤᠭᠤᠯᠤᠯᠳᠠ ᠶᠢᠨ 56.8% ᠢ ᠡᠵᠡᠯᠡᠵᠥ ᠪᠠᠶᠢᠨ᠎ᠠ᠂ ᠭᠠᠶᠢᠯᠢ ᠶᠢ ᠪᠠᠭᠤᠷᠠᠭᠤᠯᠬᠤ | ᠰᠢᠯᠵᠢᠯᠳᠡ ᠶᠢᠨ ᠬᠤᠭᠤᠴᠠᠭ᠎ᠠ ᠨᠢ 10 ᠵᠢᠯ᠃ ᠪᠦᠷᠢᠨ ᠴᠢᠯᠥᠬᠡᠳᠡᠢ ᠪᠤᠯᠭᠠᠬᠤ ᠶᠢ ᠪᠡᠶᠡᠯᠡᠬᠦᠯᠥᠭᠰᠡᠡ ᠤ ᠲᠠᠷᠠᠭ᠎ᠠ᠂ | ᠦᠭᠡᠷ ᠤᠨ ᠮᠢᠬᠠᠨ ᠤ ᠲᠤᠮᠳᠠᠴᠢ ᠪᠤᠭᠤᠮᠳᠠ ᠶᠢᠨ ᠭᠠᠶᠢᠯᠢ ᠨᠢ ᠤᠳᠤᠬᠠᠨ ᠤ 15.5% ᠠᠴᠠ ᠲᠡᠭ ᠪᠤᠯᠵᠥ | ᠪᠠᠭᠤᠷᠠᠨ᠎ᠠ᠃ | 2. ᠴᠠᠭᠠᠨ ᠢᠳᠡᠭᠡᠨ ᠤ ᠪᠦᠳᠦᠭᠡᠭᠳᠡᠬᠦᠨ ᠤ ᠲᠤᠮᠳᠠᠴᠢ ᠪᠤᠭᠤᠮᠳᠠ ᠶᠢᠨ ᠭᠠᠶᠢᠯᠢ ᠨᠢ ᠤᠳᠤᠬᠠᠨ ᠤ 12. | 3% ᠠᠴᠠ ᠲᠡᠭ ᠪᠤᠯᠵᠥ ᠪᠠᠭᠤᠷᠠᠨ᠎ᠠ᠃ ᠴᠢᠨᠠᠷ ᠰᠠᠶᠢᠳᠠᠢ ᠴᠠᠭᠠᠨ ᠢᠳᠡᠭᠡᠨ ᠤ ᠪᠦᠳᠦᠭᠡᠭᠳᠡᠬᠦᠨ ᠨᠢ ᠬᠦᠮᠥᠰ ᠲᠤ | ᠶᠡᠭᠡ ᠲᠠᠭᠠᠰᠢᠶᠠᠭᠳᠠᠳᠠᠭ᠂ ᠠᠦ᠋ᠰᠲᠷᠠᠯᠢᠶ᠎ᠠ ᠶᠢᠨ ᠬᠢᠨ ᠮᠠᠨ ᠤ ᠤᠯᠤᠰ ᠤᠨ ᠴᠠᠭᠠᠨ ᠢᠳᠡᠭᠡᠨ ᠤ ᠪᠦᠳᠦᠭᠡᠭᠳᠡᠬᠦᠨ ᠤ | ᠭᠠᠳᠠᠭᠠᠳᠤ ᠤᠷᠤᠭᠤᠯᠤᠯᠳᠠ ᠶᠢᠨ ᠢᠷᠡᠯᠳᠡ ᠶᠢᠨ ᠤᠯᠤᠰ ᠤᠨ ᠲᠦᠷᠪᠡᠳᠤᠭᠡᠷ ᠲᠤ ᠵᠢᠭᠰᠠᠭᠠᠭᠳᠠᠵᠥ᠂ ᠮᠠᠨ ᠤ | ᠤᠯᠤᠰ ᠤᠨ ᠪᠦᠬᠦ ᠤᠷᠤᠭᠤᠯᠤᠯᠳᠠ ᠶᠢᠨ 4.4% ᠢ ᠡᠵᠡᠯᠡᠵᠥ ᠪᠠᠶᠢᠨ᠎ᠠ᠃ ᠲᠤᠮᠳᠠᠳᠤ ᠠᠦ᠋ᠰᠲᠷᠠᠯᠢᠶ᠎ᠠ ᠶᠢᠨ | ᠴᠢᠯᠥᠭᠡᠳᠤ ᠠᠷᠠᠯᠵᠢᠶᠠᠨ ᠤ ᠬᠡᠯᠡᠯᠴᠡᠭᠡᠷ ᠲᠤ᠂ ᠮᠠᠨ ᠤ ᠤᠯᠤᠰ ᠴᠠᠭᠠᠨ ᠢᠳᠡᠭᠡᠨ ᠤ ᠪᠦᠳᠦᠭᠡᠭᠳᠡᠬᠦᠨ ᠳᠤ ᠲᠤᠰ ᠲᠤᠰ | 5 ᠵᠢᠯ᠂ 10 ᠵᠢᠯ ᠪᠤᠯᠤᠨ 12 ᠵᠢᠯ ᠤᠨ ᠰᠢᠯᠵᠢᠳᠡ ᠶᠢᠨ ᠬᠤᠭᠤᠴᠠᠭ᠎ᠠ ᠲᠤᠭᠳᠠᠭᠰᠠᠠ ᠪᠠᠶᠢᠨ᠎ᠠ᠃ ᠪᠦᠷᠢᠨ | ᠴᠢᠯᠦᠬᠡᠳᠡᠢ ᠪᠤᠯᠭᠠᠬᠤ ᠶᠢ ᠪᠡᠶᠡᠯᠡᠬᠦᠯᠥᠭᠰᠡᠡ ᠤ ᠲᠠᠷᠠᠭ᠎ᠠ᠂ ᠴᠠᠭᠠᠨ ᠢᠳᠡᠭᠡᠨ ᠤ ᠪᠦᠳᠦᠭᠡᠭᠳᠡᠬᠦᠨ ᠤ ᠲᠤᠮᠳᠠᠴᠢ | ᠪᠤᠭᠤᠮᠳᠠ ᠶᠢᠨ ᠭᠠᠶᠢᠯᠢ ᠨᠢ ᠤᠳᠤᠬᠠᠨ ᠤ 12.3% ᠪᠠᠶᠢᠭᠰᠠᠠ ᠠᠴᠠ ᠲᠡᠭ ᠪᠤᠯᠵᠥ ᠪᠠᠭᠤᠷᠠᠨ᠎ᠠ᠃ ᠡᠬᠦᠨ ᠳᠤ᠂ | ᠰᠦᠨ ᠲᠠᠯᠬ᠎ᠠ ᠶᠢᠨ ᠤᠳᠤ ᠶᠢᠨ ᠬᠡᠷᠡᠭᠵᠢᠬᠦᠯᠵᠥ ᠪᠠᠶᠢᠭ᠎ᠠ 10% ᠤᠨ ᠪᠤᠭᠤᠮᠳᠠ ᠶᠢᠨ ᠭᠠᠶᠢᠯᠢ ᠨᠢ ᠬᠡᠯᠡᠯᠴᠡᠭᠡᠷ | ᠬᠦᠴᠦᠨ ᠲᠠᠢ ᠪᠤᠯᠤᠭᠰᠠᠠ ᠤ ᠲᠠᠷᠠᠭᠠᠬᠢ 12 ᠵᠢᠯ ᠳᠤ ᠲᠡᠭ ᠪᠤᠯᠵᠥ ᠪᠠᠭᠤᠷᠠᠨ᠎ᠠ᠃ | 3. ᠬᠤᠨᠢᠨ ᠨᠤᠤᠰᠤ ᠶᠢᠨ ᠪᠦᠳᠦᠭᠡᠭᠳᠡᠬᠦᠨ ᠤ ᠤᠯᠤᠰ ᠢᠯᠭᠠᠨ ᠬᠢᠵᠠᠭᠠᠷᠯᠠᠭᠰᠠᠠ ᠲᠤᠭ᠎ᠠ ᠶᠢᠨ ᠲᠤᠳᠤᠷᠠᠬᠢ | ᠪᠤᠭᠤᠮᠳᠠ ᠶᠢᠨ ᠭᠠᠶᠢᠯᠢ ᠨᠢ ᠲᠡᠭ ᠪᠤᠯᠤᠨ᠎ᠠ᠃ ᠠᠦ᠋ᠰᠲᠷᠠᠯᠢᠶ᠎ᠠ ᠪᠤᠯ ᠮᠠᠨ ᠤ ᠤᠯᠤᠰ ᠤᠨ ᠬᠠᠮᠤᠭ ᠶᠡᠭᠡ ᠬᠤᠨᠢᠨ | ᠨᠤᠤᠰᠦ ᠶᠢᠨ ᠪᠦᠳᠦᠭᠡᠭᠳᠡᠬᠦᠨ ᠤᠷᠤᠭᠤᠯᠳᠠᠭ ᠢᠷᠡᠯᠳᠡ ᠶᠢᠨ ᠤᠯᠤᠰ ᠪᠤᠯᠤᠨ᠎ᠠ᠂ ᠮᠠᠨ ᠤ ᠤᠯᠤᠰ ᠤᠨ ᠲᠡᠯᠡᠬᠡᠢ ᠠᠴᠠ | ᠤᠷᠤᠭᠤᠯᠵᠥ ᠪᠠᠶᠢᠭ᠎ᠠ ᠬᠤᠪᠢ ᠶᠢᠨ 68.8% ᠢ ᠡᠵᠡᠯᠡᠵᠥ ᠪᠠᠶᠢᠨ᠎ᠠ᠃ ᠲᠤᠮᠳᠠᠳᠤ ᠠᠦ᠋ᠰᠲᠷᠠᠯᠢᠶ᠎ᠠ ᠶᠢᠨ ᠴᠢᠯᠥᠬᠡᠳᠤ | ᠠᠷᠠᠯᠵᠢᠶᠠᠨ ᠤ ᠬᠡᠯᠡᠯᠴᠡᠭᠡᠷ ᠲᠤ᠂ ᠮᠠᠨ ᠤ ᠤᠯᠤᠰ ᠠᠦ᠋ᠰᠲᠷᠠᠯᠢᠶ᠎ᠠ ᠶᠢᠨ ᠬᠤᠨᠢᠨ ᠨᠤᠤᠰᠤ ᠶᠢᠨ ᠪᠦᠳᠦᠭᠡᠭᠳᠡᠬᠦᠨ ᠳᠤ | ᠤᠯᠤᠰ ᠢᠯᠭᠠᠨ ᠬᠢᠵᠠᠭᠠᠷᠯᠠᠬᠤ ᠶᠢ ᠬᠡᠷᠡᠭᠵᠢᠬᠦᠯᠵᠥ᠂ ᠬᠢᠵᠠᠭᠠᠷᠯᠠᠭᠰᠠᠠ ᠲᠤᠭ᠎ᠠ ᠶᠢᠨ ᠲᠤᠳᠤᠷᠠᠬᠢ ᠪᠤᠭᠤᠮᠳᠠ ᠶᠢᠨ | ᠭᠠᠶᠢᠯᠢ ᠨᠢ ᠲᠡᠭ ᠪᠤᠯᠤᠨ᠎ᠠ᠃ ︵ᠦᠷᠯᠦᠭᠭᠦᠦ︶ | | | | |