ᠳᠠᠷᠬᠠᠬᠠᠭᠤᠯᠠ ᠰᠤᠮᠤ ᠶᠢᠨ ᠲᠦᠯᠦᠪᠯᠡᠬᠡᠳᠤ ᠦᠷᠡᠵᠢᠯ ᠤᠨ ᠠᠯᠪᠠᠨ ᠬᠡᠷ ᠨᠢ ᠲᠦᠯᠦᠪᠯᠡᠬᠡᠳᠤ ᠦᠷᠡᠵᠢᠯ ᠎ ᠤᠨ ᠤᠨᠴᠠᠭᠠᠢ ᠬᠦᠴᠢᠷᠳᠠᠢ ᠬᠡᠷ ᠪᠦᠯᠢ ᠶᠢ ᠲᠠᠮᠵᠢᠨ ᠲᠤᠰᠠᠯᠠᠪᠠ
ᠨᠡᠶᠢᠲᠡᠯᠡᠭᠰᠡᠨ ᠴᠠᠭ᠄
2015/7/29
     ᠲᠠᠷᠬᠠᠬᠠᠭᠤᠯᠠ ᠰᠤᠮᠤ ᠶᠢᠨ ᠲᠦᠯᠦᠪᠯᠡᠬᠡᠳᠤ ᠦᠷᠡᠵᠢᠯ ᠤᠨ ᠠᠯᠪᠠᠨ ᠬᠡᠷ ᠨᠢ ᠡᠯ᠎ᠡ ᠲᠠᠯ᠎ᠠ ᠶᠢᠨ ᠬᠦᠴᠦᠨ ᠪᠤᠯᠤᠨ ᠡᠬᠢ ᠪᠠᠶᠠᠯᠢᠭ ᠢ ᠢᠳᠡᠪᠬᠢᠳᠠᠢ ᠪᠠᠷ ᠬᠤᠷᠠᠮᠳᠤᠭᠤᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠡᠷ ᠪᠦᠯᠢ ᠎ ᠶᠢᠨ ᠬᠦᠴᠢᠷᠳᠠᠯ ᠢ ᠠᠪᠤᠷᠠᠨ ᠲᠡᠳᠬᠦᠬᠦ᠂ ᠲᠤᠰᠠᠯᠠᠨ ᠲᠡᠳᠬᠦᠬᠦ ᠠᠷᠭ᠎ᠠ ᠶᠢ ᠲᠠᠰᠤᠷᠠᠯᠳᠠ ᠦᠭᠡᠢ ᠰᠦᠪᠡᠭᠴᠢᠯᠡᠵᠤ᠂ ᠠᠵᠤ ᠠᠬᠤᠢ ᠶᠢᠨ ᠨᠦᠬᠦᠪᠤᠷᠢ᠂ ᠠᠮᠢᠳᠤᠷᠠᠯ ᠤᠨ ᠲᠤᠰᠠᠯᠠᠮᠵᠢ᠂ ᠰᠡᠳᠬᠢᠴᠠ ᠶᠢᠨ ᠵᠢᠯᠤᠭᠤᠳᠤᠯᠭ᠎ᠠ᠂ ᠨᠠᠰᠤᠵᠢᠯ ᠤᠨ ᠬᠠᠯᠠᠮᠵᠢᠯᠠᠯ ᠵᠡᠷᠬᠡ ᠲᠠᠯ᠎ᠠ ᠪᠠᠷ ᠰᠢᠷᠢᠰ ᠠᠷᠭ᠎ᠠ ᠬᠡᠮᠵᠢᠶ᠎ᠡ ᠠᠪᠴᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠬᠠᠯᠠᠮᠵᠢᠯᠠᠵᠤ᠂ ᠲᠦᠯᠦᠪᠯᠡᠬᠡᠳᠤ ᠦᠷᠡᠵᠢᠯ ᠤᠨ ᠠᠵᠢᠯ ᠤᠨ ᠯᠠᠪᠳᠠᠭᠤᠨ ᠪᠠᠳᠤᠳᠠᠢ᠂ ᠦᠷ᠎ᠡ ᠪᠦᠳᠦᠮᠵᠢᠳᠠᠢ ᠥᠷᠨᠢᠬᠦ ᠶᠢ ᠠᠬᠢᠭᠤᠯᠤᠭᠰᠠᠨ ᠪᠠᠶᠢᠨ᠎ᠠ᠃      ᠨᠢᠭᠡ ᠳᠤ ᠦᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠬᠦᠯᠵᠤ᠂ ᠤᠳᠤᠷᠢᠳᠬᠤ ᠵᠤᠬᠢᠶᠠᠨ ᠪᠠᠶᠢᠭᠤᠯᠤᠯᠳᠠ ᠎ ᠶᠢ ᠪᠠᠶᠢᠭᠤᠯᠪᠠ᠃ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠪᠤᠯ ᠡᠪᠡᠳᠴᠢᠨ ᠡᠮᠬᠡᠭ ᠪᠤᠶᠤ ᠬᠡᠨᠡᠳᠳᠠ ᠶᠢᠨ ᠠᠳᠠᠯ ᠢᠶᠠᠷ ᠭᠠᠭᠴᠠ ᠦᠷ᠎ᠡ ᠬᠡᠤᠬᠡᠳ ᠢᠶᠠᠨ ᠠᠯᠳᠠᠵᠤ᠂ ᠲᠠᠬᠢᠨ ᠦᠷᠡᠵᠢᠬᠦ ᠴᠢᠳᠠᠪᠤᠷᠢ ᠦᠭᠡᠢ᠂ ᠨᠠᠰᠤᠵᠢᠯ ᠤᠨ ᠲᠠᠷᠤᠯᠳᠠ ᠪᠠ ᠦᠵᠡᠯ ᠰᠠᠨᠠᠭᠠᠨ ᠤ ᠲᠠᠷᠤᠯᠳᠠ ᠲᠠᠢ ᠪᠠᠶᠢᠭ᠎ᠠ ᠨᠢᠬᠡ ᠪᠦᠯᠦᠭ ᠤᠨᠴᠠᠭᠠᠢ ᠤᠴᠠᠷᠠᠯ ᠪᠦᠬᠦᠢ ᠬᠦᠮᠦᠰ ᠢ ᠬᠡᠯᠡᠳᠡᠭ᠃ ᠤᠯᠤᠰ ᠠᠴᠠ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯᠯᠠᠭᠠᠨ ᠢ ᠦᠷᠨᠢᠬᠦᠯᠬᠦ ᠶᠢᠨ ᠴᠢᠬᠤᠯᠠ ᠴᠢᠨᠠᠷ ᠢ ᠬᠦᠢᠴᠡᠳ ᠲᠠᠨᠢᠵᠤ᠂ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠶᠢ ᠵᠢᠯᠤᠭᠤᠳᠤᠨ ᠲᠤᠬᠤᠨᠢᠭᠤᠯᠬᠤ ᠬᠡᠯᠪᠡᠷᠢ ᠶᠢ ᠶᠠᠭ ᠰᠦᠪᠡᠭᠴᠢᠯᠡᠨ ᠭᠡᠷᠡᠭᠵᠢᠬᠦᠯᠵᠤ ᠪᠤᠢ᠃ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢᠨ ᠲᠦᠯᠦᠬᠡ᠂ ᠮᠠᠨ ᠤ ᠰᠤᠮᠤ ᠨᠢ ᠲᠦᠯᠦᠪᠯᠡᠬᠡᠳᠤ ᠦᠷᠡᠵᠢᠯ ᠤᠨ ᠠᠯᠪᠠᠨ ᠬᠡᠷ ᠤᠨ ᠪᠦᠬᠦ ᠠᠵᠢᠯᠳᠠᠨ ᠪᠤᠯᠤᠨ ᠭᠠᠴᠠᠭᠠᠨ ᠤ ᠲᠦᠯᠦᠪᠯᠡᠬᠡᠳᠤ ᠦᠷᠡᠵᠢᠯ ᠤᠨ ᠲᠤᠰᠬᠠᠢ ᠠᠵᠢᠯᠳᠠᠨ ᠢᠶᠠᠷ ᠪᠦᠷᠢᠯᠳᠦᠭᠰᠡᠨ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯᠯᠠᠭᠠᠨ ᠤ ᠤᠳᠤᠷᠢᠳᠬᠤ ᠲᠤᠭᠤᠶᠢᠯᠠᠩ ᠢ ᠵᠤᠬᠢᠶᠠᠨ ᠪᠠᠶᠢᠭᠤᠯᠵᠤ᠂ ᠡᠷᠦᠬᠡ ᠳᠤ ᠬᠦᠨᠵᠡᠬᠡᠶᠢᠷᠡᠨ ᠪᠠᠶᠢᠴᠠᠭᠠᠯᠳᠠ ᠬᠢᠵᠤ  ᠂ ᠪᠠᠶᠢᠳᠠᠯ ᠢ ᠨᠠᠷᠢᠯᠢᠭ ᠤᠶᠢᠯᠠᠭᠠᠵᠤ᠂ ᠭᠠᠴᠠᠭ᠎ᠠ ᠲᠤᠰᠬᠤᠨ ᠤ ᠪᠠᠶᠢᠳᠠᠯ ᠢ ᠤᠶᠢᠯᠠᠭᠠᠬᠤ ᠬᠦᠮᠦᠰ ᠢ ᠢᠳᠡᠪᠬᠢᠳᠠᠢ ᠪᠠᠷ ᠰᠤᠷᠪᠤᠯᠵᠢᠯᠠᠵᠤ᠂ ᠪᠦᠬᠦ ᠰᠤᠮᠤᠨ ᠤ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯᠯᠠᠭᠠᠨ ᠤ ᠲᠡᠭᠡᠭᠰᠢ ᠮᠡᠳᠡᠬᠦᠯᠬᠦ᠂ ᠵᠤᠬᠢᠶᠠᠨ ᠪᠠᠶᠢᠭᠤᠯᠵᠤ ᠵᠤᠬᠢᠴᠠᠭᠤᠯᠬᠤ᠂ ᠱᠠᠭᠠᠷᠳᠠᠨ ᠪᠠᠶᠢᠴᠠᠭᠠᠵᠤ ᠵᠢᠭᠠᠨ ᠵᠢᠯᠤᠭᠤᠳᠬᠤ᠂ ᠲᠤᠰᠠᠯᠠᠨ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠳᠤᠷ ᠬᠢᠵᠤ᠂ ᠲᠦᠯᠦᠪᠯᠡᠬᠡᠳᠤ ᠦᠷᠡᠵᠢᠯ ᠤᠨ ᠬᠡᠷ ᠪᠦᠯᠢ ᠶᠢ ᠬᠠᠪᠰᠤᠷᠤᠨ ᠠᠮᠢᠳᠤᠷᠠᠯ ᠤᠨ ᠬᠦᠴᠢᠷᠳᠠᠯ ᠠᠴᠠ ᠨᠢ ᠠᠩᠬᠢᠵᠢᠷᠠᠭᠤᠯᠬᠤ ᠪᠠᠷ ᠴᠢᠷᠮᠠᠶᠢᠭᠰᠠᠨ ᠪᠠᠶᠢᠨ᠎ᠠ᠃      ᠬᠤᠶᠠᠷ ᠲᠤ ᠤᠯᠠᠨ ᠠᠷᠭ᠎ᠠ ᠵᠠᠮ ᠢᠶᠠᠷ ᠪᠡᠯᠡ ᠮᠦᠩᠬᠦ ᠴᠤᠭᠯᠠᠭᠤᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠡᠷ ᠪᠦᠯᠢ ᠶᠢ ᠲᠤᠰᠠᠯᠠᠨ ᠲᠡᠳᠬᠦᠪᠡ᠃ ᠲᠡᠬᠡᠷ᠎ᠡ ᠱᠠᠳᠤᠨ ᠠᠴᠠ ︽ᠭᠠᠭᠴᠠ ᠬᠡᠤᠬᠡᠳ ᠢᠶᠠᠨ ᠠᠯᠳᠠᠭᠰᠠᠨ ︾ ᠬᠡᠷ ᠪᠦᠯᠢ ᠳᠠᠬᠢ ᠲᠠᠮᠵᠢᠨ ᠲᠤᠰᠠᠯᠠᠬᠤ ᠬᠦᠴᠦᠯᠡᠴᠠ ᠪᠠᠨ ᠲᠠᠰᠤᠷᠠᠯᠳᠠ ᠦᠭᠡᠢ ᠨᠡᠮᠡᠭᠳᠡᠬᠦᠯᠵᠤ᠂ 60 ᠪᠦᠬᠦᠯᠢ ᠨᠠᠰᠤᠨ ᠠᠴᠠ ᠲᠡᠭᠡᠭᠰᠢᠬᠢ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠳᠤ ᠵᠢᠯ ᠪᠦᠷᠢ 6450 ᠲᠦᠬᠦᠷᠢᠭ ᠦᠭᠪᠡ᠃ ᠰᠤᠮᠤᠨ ᠤ ᠲᠦᠯᠦᠪᠯᠡᠬᠡᠳᠤ ᠦᠷᠡᠵᠢᠯ ᠤᠨ ᠠᠯᠪᠠᠨ ᠬᠡᠷ ᠨᠢ ᠲᠡᠭᠡᠷ᠎ᠡ ᠱᠠᠳᠤᠨ ᠤ ᠡᠯ᠎ᠡ ᠲᠦᠷᠦᠯ ᠤᠨ ᠲᠦᠯᠦᠪᠯᠡᠬᠡᠳᠤ ᠦᠷᠡᠵᠢᠯ ᠤᠨ ᠱᠠᠩᠨᠠᠨ ᠬᠦᠬᠢᠬᠦᠯᠬᠦ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠎ ᠶᠢ ᠢᠳᠡᠪᠬᠢᠳᠠᠢ ᠪᠠᠷ ᠨᠠᠶᠢᠳᠠᠪᠤᠷᠢᠵᠢᠭᠤᠯᠵᠤ᠂ ᠬᠦᠬᠢᠬᠦᠯᠦᠨ ᠲᠡᠳᠬᠦᠬᠦ ᠤᠨᠴᠠᠭᠠᠢ ᠶᠢ ᠲᠡᠳᠬᠦᠬᠦ ᠲᠦᠷᠢᠮ ᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠨᠦᠬᠦᠴᠡᠯ ᠳᠤ ᠨᠡᠶᠢᠴᠡᠬᠦ ᠪᠠᠶᠢᠭ᠎ᠠ ᠬᠦᠮᠦᠰ ᠢ ᠬᠦᠬᠢᠬᠦᠯᠦᠨ ᠲᠡᠳᠬᠦᠬᠦ ᠤᠨᠴᠠᠭᠠᠢ ᠶᠢ ᠲᠡᠳᠬᠦᠬᠦ ᠬᠦᠷᠢᠶ᠎ᠡ ᠬᠡᠪᠴᠢᠶᠡᠨ ᠳᠤ ᠴᠠᠭ ᠲᠤᠬᠠᠢ ᠳᠤᠨᠢ ᠤᠷᠤᠭᠤᠯᠤᠭᠰᠠᠨ ᠪᠠᠶᠢᠨ᠎ᠠ᠃ ᠲᠤᠰᠠᠯᠠᠨ ᠲᠡᠳᠬᠦᠬᠦ ᠠᠷᠭ᠎ᠠ ᠵᠠᠮ ᠢ ᠤᠯᠠᠮ ᠨᠢᠬᠡ ᠠᠯᠬᠤᠮ ᠦᠷᠬᠡᠳᠬᠡᠵᠤ᠂ ᠬᠦᠮᠦᠨ ᠠᠮᠠ ᠶᠢᠨ ᠬᠠᠯᠠᠮᠵᠢᠯᠠᠬᠤ ᠠᠪᠤᠷᠠᠨ ᠲᠤᠰᠠᠯᠠᠬᠤ ᠵᠤᠬᠢᠴᠠᠮᠵᠢ ᠶᠢ ᠲᠡᠬᠦᠯᠳᠡᠷᠵᠢᠬᠦᠯᠵᠤ᠂ ᠲᠦᠯᠦᠪᠯᠡᠬᠡᠳᠤ ᠦᠷᠡᠵᠢᠯ ᠤᠨ ᠬᠠᠯᠠᠮᠵᠢᠯᠠᠯ ᠤᠨ ᠠᠵᠢᠯ ᠎ ᠤᠨ ᠬᠢᠷᠢ ᠲᠦᠪᠰᠢᠨ ᠢᠶᠠᠨ ᠲᠡᠭᠡᠭᠰᠢᠯᠡᠬᠦᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠎ ᠶᠢᠨ ᠠᠮᠢᠳᠤᠷᠠᠯ ᠢ ᠵᠤᠯ ᠵᠢᠷᠭᠠᠯ ᠲᠠᠢ ᠪᠠᠶᠢᠯᠭᠠᠬᠤ ᠶᠢ ᠦᠨᠡᠩᠬᠦ ᠠᠬᠢᠭᠤᠯᠤᠭᠰᠠᠨ ᠪᠠᠶᠢᠨ᠎ᠠ᠃      ᠭᠤᠷᠪᠠ ᠳᠤ ᠬᠠᠷᠢᠯᠴᠠᠬᠤ ᠬᠦᠮᠦᠨ ᠤ ᠲᠦᠷᠢᠮ ᠢ ᠪᠠᠶᠢᠭᠤᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠬᠠᠪᠰᠤᠷᠤᠨ ᠲᠡᠳᠬᠦᠪᠡ᠃ ᠰᠤᠮᠤ᠂ ᠭᠠᠴᠠᠭ᠎ᠠ ᠠᠴᠠ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢᠨ ᠰᠤᠷᠠᠭ ᠵᠠᠩᠬᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠲᠤᠰ ᠲᠤᠰ ᠲᠤᠨᠢ ᠬᠠᠷᠭᠠᠯᠵᠠᠭᠰᠠᠨ ᠬᠠᠷᠢᠯᠴᠠᠬᠤ ᠬᠦᠮᠦᠨ ᠤ ᠲᠦᠷᠢᠮ ᠢ ᠬᠡᠷᠡᠭᠵᠢᠬᠦᠯᠦᠭᠰᠠᠨ ᠪᠠᠶᠢᠨ᠎ᠠ᠃ ᠰᠤᠮᠤᠨ ᠤ ᠲᠦᠯᠦᠪᠯᠡᠬᠡᠳᠤ ᠦᠷᠡᠵᠢᠯ ᠤᠨ ᠠᠯᠪᠠᠨ ᠬᠡᠷ ᠤᠨ ᠠᠵᠢᠯᠳᠠᠨ ᠦᠷᠬᠦᠯᠵᠢ ᠬᠦᠳᠡᠭᠡ ᠪᠠᠭᠤᠵᠤ᠂ ︽ᠭᠠᠭᠴᠠ ᠬᠡᠤᠬᠡᠳ ᠢᠶᠠᠨ ᠠᠯᠳᠠᠭᠰᠠᠨ︾ ᠨᠠᠰᠤᠳᠠᠶᠢᠴᠤᠳ ᠤᠨ ᠬᠡᠷ ᠲᠤ ᠬᠦᠷᠴᠤ᠂ ᠪᠠᠶᠢᠳᠠᠯ ᠢ ᠶᠠᠷᠢᠯᠴᠠᠨ ᠱᠠᠭᠠᠷᠳᠠᠯᠭ᠎ᠠ ᠶᠢ ᠨᠢ ᠤᠶᠢᠯᠠᠭᠠᠬᠤ ᠎ ᠶᠢᠨ ᠬᠠᠮᠳᠤ᠂ ᠴᠢᠬᠤᠯᠠ ᠪᠦᠬᠦᠢ ᠬᠠᠪᠰᠤᠷᠤᠯᠭ᠎ᠠ ᠬᠠᠩᠭᠠᠭᠰᠠᠨ ᠪᠠᠶᠢᠨ᠎ᠠ᠃ ᠭᠠᠴᠠᠭᠠᠨ ᠤ ᠲᠦᠯᠦᠪᠯᠡᠬᠡᠳᠤ ᠦᠷᠡᠵᠢᠯ ᠎ ᠤᠨ ᠠᠵᠢᠯᠳᠠᠨ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠶᠢ ᠰᠠᠷ᠎ᠠ ᠪᠦᠷᠢ ᠰᠤᠷᠪᠤᠯᠵᠢᠯᠠᠵᠤ᠂ ᠲᠦᠯᠦᠪᠯᠡᠬᠡᠳᠤ ᠦᠷᠡᠵᠢᠯ ᠤᠨ ᠠᠯᠪᠠᠨ ᠬᠡᠷ ᠤᠨ ᠬᠢᠨ ᠤᠯᠠᠷᠢᠯ ᠪᠦᠷᠢ ᠶᠢᠨ ᠬᠦᠳᠡᠭᠡ ᠪᠠᠭᠤᠵᠤ ᠡᠷᠦᠬᠡ ᠳᠤ ᠬᠦᠨᠵᠡᠬᠡᠶᠢᠷᠡᠬᠦ ᠦᠶ᠎ᠡ ᠳᠤ ᠴᠦᠮ ᠨᠠᠰᠤᠳᠠᠶᠢᠴᠤᠳ ᠤᠨ ᠬᠡᠷ ᠲᠤ ᠬᠦᠷᠴᠤ᠂ ᠲᠠᠳᠡᠨᠠᠷ ᠲᠤ ᠴᠢᠰᠤᠨ ᠲᠠᠷᠤᠯᠳᠠ ᠶᠢᠨ ᠪᠠᠶᠢᠴᠠᠭᠠᠯᠳᠠ᠂ B ᠬᠡᠳᠤ ᠲᠤᠯᠬᠢᠶᠡᠨ ᠤ ᠪᠠᠶᠢᠴᠠᠭᠠᠯᠳᠠ ᠬᠢᠵᠤ ᠦᠭᠴᠤ᠂ ᠦᠷᠬᠦᠯᠵᠢ ᠬᠡᠷᠡᠭᠯᠡᠳᠡᠭ ᠡᠮ ᠤᠨ ᠵᠦᠢᠯ ᠎ ᠢ ᠬᠦᠷᠬᠡᠵᠤ᠂ ᠲᠡᠳᠡᠨᠠᠷ ᠤᠨ ᠡᠷᠡᠬᠦᠯ ᠴᠢᠬᠢᠷᠠᠭ ᠤᠨ ᠪᠠᠶᠢᠳᠠᠯ ᠢ ᠬᠠᠯᠠᠮᠵᠢᠯᠠᠭᠰᠠᠨ ᠪᠠᠶᠢᠨ᠎ᠠ᠃      ᠲᠦᠷᠪᠡ ᠳᠤ ᠭᠠᠴᠠᠭᠠᠨ ᠤ ᠲᠦᠯᠦᠪᠯᠡᠬᠡᠳᠤ ᠦᠷᠡᠵᠢᠯ ᠤᠨ ᠵᠦᠪᠯᠡᠯ ᠤᠨ ᠬᠡᠰᠢᠬᠦᠨ ᠢ ᠲᠠᠶᠢᠴᠢᠯᠠᠵᠤ᠂ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠶᠢ ᠬᠠᠯᠠᠮᠵᠢᠯᠠᠪᠠ᠃ ᠰᠤᠯᠠ ᠰᠡᠯᠡᠬᠦᠦ ᠴᠠᠭ ᠲᠤ ᠪᠠᠨ ᠨᠠᠰᠤᠳᠠᠶᠢᠴᠤᠳ ᠢ ᠬᠠᠪᠰᠤᠷᠤᠨ ᠤᠰᠤ ᠠᠪᠴᠢᠷᠠᠬᠤ᠂ ᠬᠡᠷ ᠴᠡᠪᠡᠷᠯᠡᠬᠦ᠂ ᠠᠷᠰᠠᠷ ᠠᠵᠢᠯ ᠬᠢᠬᠦ᠂ ᠵᠤᠭᠤᠭᠳᠠᠬᠤ ᠵᠡᠷᠬᠡ ᠬᠡᠯᠪᠡᠷᠢ ᠪᠠᠷ ᠨᠠᠰᠤᠳᠠᠶᠢᠴᠤᠳ ᠢ ᠭᠠᠭᠴᠠᠭᠠᠷᠳᠠᠮᠠᠯ ᠪᠠᠶᠢᠳᠠᠯ ᠢ ᠠᠩᠬᠢᠵᠢᠷᠠᠭᠤᠯᠵᠤ᠂ ᠲᠡᠳᠡᠨᠡᠷ ᠤᠨ ᠦᠳᠡᠯᠦᠬᠡ ᠨᠠᠰᠤ ᠎ ᠪᠠᠨ ᠪᠠᠶᠠᠷ ᠵᠢᠷᠭᠠᠯ ᠲᠠᠢ ᠦᠩᠬᠡᠷᠡᠬᠦᠯᠬᠦ ᠶᠢ ᠵᠤᠷᠢᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号