ᠳᠠᠷᠬᠠᠬᠠᠭᠤᠯᠠ ᠰᠤᠮᠤ ᠶᠢᠨ ᠲᠦᠯᠦᠪᠯᠡᠬᠡᠳᠤ ᠦᠷᠡᠵᠢᠯ ᠤᠨ ᠠᠯᠪᠠᠨ ᠬᠡᠷ ᠨᠢ ᠲᠦᠯᠦᠪᠯᠡᠬᠡᠳᠤ ᠦᠷᠡᠵᠢᠯ  ᠤᠨ ᠤᠨᠴᠠᠭᠠᠢ ᠬᠦᠴᠢᠷᠳᠠᠢ ᠬᠡᠷ ᠪᠦᠯᠢ ᠶᠢ ᠲᠠᠮᠵᠢᠨ ᠲᠤᠰᠠᠯᠠᠪᠠ
ᠨᠡᠶᠢᠲᠡᠯᠡᠭᠰᠡᠨ ᠴᠠᠭ᠄
2015/7/29
     ᠲᠠᠷᠬᠠᠬᠠᠭᠤᠯᠠ ᠰᠤᠮᠤ ᠶᠢᠨ ᠲᠦᠯᠦᠪᠯᠡᠬᠡᠳᠤ ᠦᠷᠡᠵᠢᠯ ᠤᠨ ᠠᠯᠪᠠᠨ ᠬᠡᠷ ᠨᠢ ᠡᠯ᠎ᠡ ᠲᠠᠯ᠎ᠠ ᠶᠢᠨ ᠬᠦᠴᠦᠨ ᠪᠤᠯᠤᠨ ᠡᠬᠢ ᠪᠠᠶᠠᠯᠢᠭ ᠢ ᠢᠳᠡᠪᠬᠢᠳᠠᠢ ᠪᠠᠷ ᠬᠤᠷᠠᠮᠳᠤᠭᠤᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠡᠷ ᠪᠦᠯᠢ  ᠶᠢᠨ ᠬᠦᠴᠢᠷᠳᠠᠯ ᠢ ᠠᠪᠤᠷᠠᠨ ᠲᠡᠳᠬᠦᠬᠦ᠂ ᠲᠤᠰᠠᠯᠠᠨ ᠲᠡᠳᠬᠦᠬᠦ ᠠᠷᠭ᠎ᠠ ᠶᠢ ᠲᠠᠰᠤᠷᠠᠯᠳᠠ ᠦᠭᠡᠢ ᠰᠦᠪᠡᠭᠴᠢᠯᠡᠵᠤ᠂ ᠠᠵᠤ ᠠᠬᠤᠢ ᠶᠢᠨ ᠨᠦᠬᠦᠪᠤᠷᠢ᠂ ᠠᠮᠢᠳᠤᠷᠠᠯ ᠤᠨ ᠲᠤᠰᠠᠯᠠᠮᠵᠢ᠂ ᠰᠡᠳᠬᠢᠴᠠ ᠶᠢᠨ ᠵᠢᠯᠤᠭᠤᠳᠤᠯᠭ᠎ᠠ᠂ ᠨᠠᠰᠤᠵᠢᠯ ᠤᠨ ᠬᠠᠯᠠᠮᠵᠢᠯᠠᠯ ᠵᠡᠷᠬᠡ ᠲᠠᠯ᠎ᠠ ᠪᠠᠷ ᠰᠢᠷᠢᠰ ᠠᠷᠭ᠎ᠠ ᠬᠡᠮᠵᠢᠶ᠎ᠡ ᠠᠪᠴᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠬᠠᠯᠠᠮᠵᠢᠯᠠᠵᠤ᠂ ᠲᠦᠯᠦᠪᠯᠡᠬᠡᠳᠤ ᠦᠷᠡᠵᠢᠯ ᠤᠨ ᠠᠵᠢᠯ ᠤᠨ ᠯᠠᠪᠳᠠᠭᠤᠨ ᠪᠠᠳᠤᠳᠠᠢ᠂ ᠦᠷ᠎ᠡ ᠪᠦᠳᠦᠮᠵᠢᠳᠠᠢ ᠥᠷᠨᠢᠬᠦ ᠶᠢ ᠠᠬᠢᠭᠤᠯᠤᠭᠰᠠᠨ ᠪᠠᠶᠢᠨ᠎ᠠ᠃      ᠨᠢᠭᠡ ᠳᠤ ᠦᠵᠡᠯ ᠰᠠᠨᠠᠭᠠᠨ ᠤ ᠲᠠᠨᠢᠯᠳᠠ ᠪᠠᠨ ᠲᠡᠭᠡᠭᠰᠢᠯᠡᠬᠦᠯᠵᠤ᠂ ᠤᠳᠤᠷᠢᠳᠬᠤ ᠵᠤᠬᠢᠶᠠᠨ ᠪᠠᠶᠢᠭᠤᠯᠤᠯᠳᠠ  ᠶᠢ ᠪᠠᠶᠢᠭᠤᠯᠪᠠ᠃ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠪᠤᠯ ᠡᠪᠡᠳᠴᠢᠨ ᠡᠮᠬᠡᠭ ᠪᠤᠶᠤ ᠬᠡᠨᠡᠳᠳᠠ ᠶᠢᠨ ᠠᠳᠠᠯ ᠢᠶᠠᠷ ᠭᠠᠭᠴᠠ ᠦᠷ᠎ᠡ ᠬᠡᠤᠬᠡᠳ ᠢᠶᠠᠨ ᠠᠯᠳᠠᠵᠤ᠂ ᠲᠠᠬᠢᠨ ᠦᠷᠡᠵᠢᠬᠦ ᠴᠢᠳᠠᠪᠤᠷᠢ ᠦᠭᠡᠢ᠂ ᠨᠠᠰᠤᠵᠢᠯ ᠤᠨ ᠲᠠᠷᠤᠯᠳᠠ ᠪᠠ ᠦᠵᠡᠯ ᠰᠠᠨᠠᠭᠠᠨ ᠤ ᠲᠠᠷᠤᠯᠳᠠ ᠲᠠᠢ ᠪᠠᠶᠢᠭ᠎ᠠ ᠨᠢᠬᠡ ᠪᠦᠯᠦᠭ ᠤᠨᠴᠠᠭᠠᠢ ᠤᠴᠠᠷᠠᠯ ᠪᠦᠬᠦᠢ ᠬᠦᠮᠦᠰ ᠢ ᠬᠡᠯᠡᠳᠡᠭ᠃ ᠤᠯᠤᠰ ᠠᠴᠠ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯᠯᠠᠭᠠᠨ ᠢ ᠦᠷᠨᠢᠬᠦᠯᠬᠦ ᠶᠢᠨ ᠴᠢᠬᠤᠯᠠ ᠴᠢᠨᠠᠷ ᠢ ᠬᠦᠢᠴᠡᠳ ᠲᠠᠨᠢᠵᠤ᠂ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠶᠢ ᠵᠢᠯᠤᠭᠤᠳᠤᠨ ᠲᠤᠬᠤᠨᠢᠭᠤᠯᠬᠤ ᠬᠡᠯᠪᠡᠷᠢ ᠶᠢ ᠶᠠᠭ ᠰᠦᠪᠡᠭᠴᠢᠯᠡᠨ ᠭᠡᠷᠡᠭᠵᠢᠬᠦᠯᠵᠤ ᠪᠤᠢ᠃ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢᠨ ᠲᠦᠯᠦᠬᠡ᠂ ᠮᠠᠨ ᠤ ᠰᠤᠮᠤ ᠨᠢ ᠲᠦᠯᠦᠪᠯᠡᠬᠡᠳᠤ ᠦᠷᠡᠵᠢᠯ ᠤᠨ ᠠᠯᠪᠠᠨ ᠬᠡᠷ ᠤᠨ ᠪᠦᠬᠦ ᠠᠵᠢᠯᠳᠠᠨ ᠪᠤᠯᠤᠨ ᠭᠠᠴᠠᠭᠠᠨ ᠤ ᠲᠦᠯᠦᠪᠯᠡᠬᠡᠳᠤ ᠦᠷᠡᠵᠢᠯ ᠤᠨ ᠲᠤᠰᠬᠠᠢ ᠠᠵᠢᠯᠳᠠᠨ ᠢᠶᠠᠷ ᠪᠦᠷᠢᠯᠳᠦᠭᠰᠡᠨ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯᠯᠠᠭᠠᠨ ᠤ ᠤᠳᠤᠷᠢᠳᠬᠤ ᠲᠤᠭᠤᠶᠢᠯᠠᠩ ᠢ ᠵᠤᠬᠢᠶᠠᠨ ᠪᠠᠶᠢᠭᠤᠯᠵᠤ᠂ ᠡᠷᠦᠬᠡ ᠳᠤ ᠬᠦᠨᠵᠡᠬᠡᠶᠢᠷᠡᠨ ᠪᠠᠶᠢᠴᠠᠭᠠᠯᠳᠠ ᠬᠢᠵᠤ  ᠂ ᠪᠠᠶᠢᠳᠠᠯ ᠢ ᠨᠠᠷᠢᠯᠢᠭ ᠤᠶᠢᠯᠠᠭᠠᠵᠤ᠂ ᠭᠠᠴᠠᠭ᠎ᠠ ᠲᠤᠰᠬᠤᠨ ᠤ ᠪᠠᠶᠢᠳᠠᠯ ᠢ ᠤᠶᠢᠯᠠᠭᠠᠬᠤ ᠬᠦᠮᠦᠰ ᠢ ᠢᠳᠡᠪᠬᠢᠳᠠᠢ ᠪᠠᠷ ᠰᠤᠷᠪᠤᠯᠵᠢᠯᠠᠵᠤ᠂ ᠪᠦᠬᠦ ᠰᠤᠮᠤᠨ ᠤ ᠤᠨᠴᠠᠭᠠᠢ ᠬᠦᠴᠢᠷᠳᠠᠢ ᠬᠡᠷ ᠪᠦᠯᠢ ᠶᠢ ᠲᠤᠰᠠᠯᠠᠨ ᠲᠡᠳᠬᠦᠬᠦ ᠠᠵᠢᠯᠯᠠᠭᠠᠨ ᠤ ᠲᠡᠭᠡᠭᠰᠢ ᠮᠡᠳᠡᠬᠦᠯᠬᠦ᠂ ᠵᠤᠬᠢᠶᠠᠨ ᠪᠠᠶᠢᠭᠤᠯᠵᠤ ᠵᠤᠬᠢᠴᠠᠭᠤᠯᠬᠤ᠂ ᠱᠠᠭᠠᠷᠳᠠᠨ ᠪᠠᠶᠢᠴᠠᠭᠠᠵᠤ ᠵᠢᠭᠠᠨ ᠵᠢᠯᠤᠭᠤᠳᠬᠤ᠂ ᠲᠤᠰᠠᠯᠠᠨ ᠲᠡᠳᠬᠦᠬᠦ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠳᠤᠷ ᠬᠢᠵᠤ᠂ ᠲᠦᠯᠦᠪᠯᠡᠬᠡᠳᠤ ᠦᠷᠡᠵᠢᠯ ᠤᠨ ᠬᠡᠷ ᠪᠦᠯᠢ ᠶᠢ ᠬᠠᠪᠰᠤᠷᠤᠨ ᠠᠮᠢᠳᠤᠷᠠᠯ ᠤᠨ ᠬᠦᠴᠢᠷᠳᠠᠯ ᠠᠴᠠ ᠨᠢ ᠠᠩᠬᠢᠵᠢᠷᠠᠭᠤᠯᠬᠤ ᠪᠠᠷ ᠴᠢᠷᠮᠠᠶᠢᠭᠰᠠᠨ ᠪᠠᠶᠢᠨ᠎ᠠ᠃      ᠬᠤᠶᠠᠷ ᠲᠤ ᠤᠯᠠᠨ ᠠᠷᠭ᠎ᠠ ᠵᠠᠮ ᠢᠶᠠᠷ ᠪᠡᠯᠡ ᠮᠦᠩᠬᠦ ᠴᠤᠭᠯᠠᠭᠤᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠡᠷ ᠪᠦᠯᠢ ᠶᠢ ᠲᠤᠰᠠᠯᠠᠨ ᠲᠡᠳᠬᠦᠪᠡ᠃ ᠲᠡᠬᠡᠷ᠎ᠡ ᠱᠠᠳᠤᠨ ᠠᠴᠠ ︽ᠭᠠᠭᠴᠠ ᠬᠡᠤᠬᠡᠳ ᠢᠶᠠᠨ ᠠᠯᠳᠠᠭᠰᠠᠨ ︾ ᠬᠡᠷ ᠪᠦᠯᠢ ᠳᠠᠬᠢ ᠲᠠᠮᠵᠢᠨ ᠲᠤᠰᠠᠯᠠᠬᠤ ᠬᠦᠴᠦᠯᠡᠴᠠ ᠪᠠᠨ ᠲᠠᠰᠤᠷᠠᠯᠳᠠ ᠦᠭᠡᠢ ᠨᠡᠮᠡᠭᠳᠡᠬᠦᠯᠵᠤ᠂ 60 ᠪᠦᠬᠦᠯᠢ ᠨᠠᠰᠤᠨ ᠠᠴᠠ ᠲᠡᠭᠡᠭᠰᠢᠬᠢ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠳᠤ ᠵᠢᠯ ᠪᠦᠷᠢ 6450 ᠲᠦᠬᠦᠷᠢᠭ ᠦᠭᠪᠡ᠃ ᠰᠤᠮᠤᠨ ᠤ ᠲᠦᠯᠦᠪᠯᠡᠬᠡᠳᠤ ᠦᠷᠡᠵᠢᠯ ᠤᠨ ᠠᠯᠪᠠᠨ ᠬᠡᠷ ᠨᠢ ᠲᠡᠭᠡᠷ᠎ᠡ ᠱᠠᠳᠤᠨ ᠤ ᠡᠯ᠎ᠡ ᠲᠦᠷᠦᠯ ᠤᠨ ᠲᠦᠯᠦᠪᠯᠡᠬᠡᠳᠤ ᠦᠷᠡᠵᠢᠯ ᠤᠨ ᠱᠠᠩᠨᠠᠨ ᠬᠦᠬᠢᠬᠦᠯᠬᠦ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ  ᠶᠢ ᠢᠳᠡᠪᠬᠢᠳᠠᠢ ᠪᠠᠷ ᠨᠠᠶᠢᠳᠠᠪᠤᠷᠢᠵᠢᠭᠤᠯᠵᠤ᠂ ᠬᠦᠬᠢᠬᠦᠯᠦᠨ ᠲᠡᠳᠬᠦᠬᠦ ᠤᠨᠴᠠᠭᠠᠢ ᠶᠢ ᠲᠡᠳᠬᠦᠬᠦ ᠲᠦᠷᠢᠮ ᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠨᠦᠬᠦᠴᠡᠯ ᠳᠤ ᠨᠡᠶᠢᠴᠡᠬᠦ ᠪᠠᠶᠢᠭ᠎ᠠ ᠬᠦᠮᠦᠰ ᠢ ᠬᠦᠬᠢᠬᠦᠯᠦᠨ ᠲᠡᠳᠬᠦᠬᠦ ᠤᠨᠴᠠᠭᠠᠢ ᠶᠢ ᠲᠡᠳᠬᠦᠬᠦ ᠬᠦᠷᠢᠶ᠎ᠡ ᠬᠡᠪᠴᠢᠶᠡᠨ ᠳᠤ ᠴᠠᠭ ᠲᠤᠬᠠᠢ ᠳᠤᠨᠢ ᠤᠷᠤᠭᠤᠯᠤᠭᠰᠠᠨ ᠪᠠᠶᠢᠨ᠎ᠠ᠃ ᠲᠤᠰᠠᠯᠠᠨ ᠲᠡᠳᠬᠦᠬᠦ ᠠᠷᠭ᠎ᠠ ᠵᠠᠮ ᠢ ᠤᠯᠠᠮ ᠨᠢᠬᠡ ᠠᠯᠬᠤᠮ ᠦᠷᠬᠡᠳᠬᠡᠵᠤ᠂ ᠬᠦᠮᠦᠨ ᠠᠮᠠ ᠶᠢᠨ ᠬᠠᠯᠠᠮᠵᠢᠯᠠᠬᠤ ᠠᠪᠤᠷᠠᠨ ᠲᠤᠰᠠᠯᠠᠬᠤ ᠵᠤᠬᠢᠴᠠᠮᠵᠢ ᠶᠢ ᠲᠡᠬᠦᠯᠳᠡᠷᠵᠢᠬᠦᠯᠵᠤ᠂ ᠲᠦᠯᠦᠪᠯᠡᠬᠡᠳᠤ ᠦᠷᠡᠵᠢᠯ ᠤᠨ ᠬᠠᠯᠠᠮᠵᠢᠯᠠᠯ ᠤᠨ ᠠᠵᠢᠯ  ᠤᠨ ᠬᠢᠷᠢ ᠲᠦᠪᠰᠢᠨ ᠢᠶᠠᠨ ᠲᠡᠭᠡᠭᠰᠢᠯᠡᠬᠦᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ  ᠶᠢᠨ ᠠᠮᠢᠳᠤᠷᠠᠯ ᠢ ᠵᠤᠯ ᠵᠢᠷᠭᠠᠯ ᠲᠠᠢ ᠪᠠᠶᠢᠯᠭᠠᠬᠤ ᠶᠢ ᠦᠨᠡᠩᠬᠦ ᠠᠬᠢᠭᠤᠯᠤᠭᠰᠠᠨ ᠪᠠᠶᠢᠨ᠎ᠠ᠃      ᠭᠤᠷᠪᠠ ᠳᠤ ᠬᠠᠷᠢᠯᠴᠠᠬᠤ ᠬᠦᠮᠦᠨ ᠤ ᠲᠦᠷᠢᠮ ᠢ ᠪᠠᠶᠢᠭᠤᠯᠵᠤ᠂ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢ ᠬᠠᠪᠰᠤᠷᠤᠨ ᠲᠡᠳᠬᠦᠪᠡ᠃ ᠰᠤᠮᠤ᠂ ᠭᠠᠴᠠᠭ᠎ᠠ ᠠᠴᠠ ᠲᠦᠯᠦᠪᠯᠡᠬᠡᠳᠤ ᠦᠷᠡᠵᠢᠯ ᠤᠨ ᠤᠨᠴᠠᠭᠠᠢ ᠬᠦᠴᠢᠷᠳᠠᠢ ᠬᠡᠷ ᠪᠦᠯᠢ ᠶᠢᠨ ᠰᠤᠷᠠᠭ ᠵᠠᠩᠬᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠲᠤᠰ ᠲᠤᠰ ᠲᠤᠨᠢ ᠬᠠᠷᠭᠠᠯᠵᠠᠭᠰᠠᠨ ᠬᠠᠷᠢᠯᠴᠠᠬᠤ ᠬᠦᠮᠦᠨ ᠤ ᠲᠦᠷᠢᠮ ᠢ ᠬᠡᠷᠡᠭᠵᠢᠬᠦᠯᠦᠭᠰᠠᠨ ᠪᠠᠶᠢᠨ᠎ᠠ᠃ ᠰᠤᠮᠤᠨ ᠤ ᠲᠦᠯᠦᠪᠯᠡᠬᠡᠳᠤ ᠦᠷᠡᠵᠢᠯ ᠤᠨ ᠠᠯᠪᠠᠨ ᠬᠡᠷ ᠤᠨ ᠠᠵᠢᠯᠳᠠᠨ ᠦᠷᠬᠦᠯᠵᠢ ᠬᠦᠳᠡᠭᠡ ᠪᠠᠭᠤᠵᠤ᠂ ︽ᠭᠠᠭᠴᠠ ᠬᠡᠤᠬᠡᠳ ᠢᠶᠠᠨ ᠠᠯᠳᠠᠭᠰᠠᠨ︾ ᠨᠠᠰᠤᠳᠠᠶᠢᠴᠤᠳ ᠤᠨ ᠬᠡᠷ ᠲᠤ ᠬᠦᠷᠴᠤ᠂ ᠪᠠᠶᠢᠳᠠᠯ ᠢ ᠶᠠᠷᠢᠯᠴᠠᠨ ᠱᠠᠭᠠᠷᠳᠠᠯᠭ᠎ᠠ ᠶᠢ ᠨᠢ ᠤᠶᠢᠯᠠᠭᠠᠬᠤ  ᠶᠢᠨ ᠬᠠᠮᠳᠤ᠂ ᠴᠢᠬᠤᠯᠠ ᠪᠦᠬᠦᠢ ᠬᠠᠪᠰᠤᠷᠤᠯᠭ᠎ᠠ ᠬᠠᠩᠭᠠᠭᠰᠠᠨ ᠪᠠᠶᠢᠨ᠎ᠠ᠃ ᠭᠠᠴᠠᠭᠠᠨ ᠤ ᠲᠦᠯᠦᠪᠯᠡᠬᠡᠳᠤ ᠦᠷᠡᠵᠢᠯ  ᠤᠨ ᠠᠵᠢᠯᠳᠠᠨ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠶᠢ ᠰᠠᠷ᠎ᠠ ᠪᠦᠷᠢ ᠰᠤᠷᠪᠤᠯᠵᠢᠯᠠᠵᠤ᠂ ᠲᠦᠯᠦᠪᠯᠡᠬᠡᠳᠤ ᠦᠷᠡᠵᠢᠯ ᠤᠨ ᠠᠯᠪᠠᠨ ᠬᠡᠷ ᠤᠨ ᠬᠢᠨ ᠤᠯᠠᠷᠢᠯ ᠪᠦᠷᠢ ᠶᠢᠨ ᠬᠦᠳᠡᠭᠡ ᠪᠠᠭᠤᠵᠤ ᠡᠷᠦᠬᠡ ᠳᠤ ᠬᠦᠨᠵᠡᠬᠡᠶᠢᠷᠡᠬᠦ ᠦᠶ᠎ᠡ ᠳᠤ ᠴᠦᠮ ᠨᠠᠰᠤᠳᠠᠶᠢᠴᠤᠳ ᠤᠨ ᠬᠡᠷ ᠲᠤ ᠬᠦᠷᠴᠤ᠂ ᠲᠠᠳᠡᠨᠠᠷ ᠲᠤ ᠴᠢᠰᠤᠨ ᠲᠠᠷᠤᠯᠳᠠ ᠶᠢᠨ ᠪᠠᠶᠢᠴᠠᠭᠠᠯᠳᠠ᠂ B ᠬᠡᠳᠤ ᠲᠤᠯᠬᠢᠶᠡᠨ ᠤ ᠪᠠᠶᠢᠴᠠᠭᠠᠯᠳᠠ ᠬᠢᠵᠤ ᠦᠭᠴᠤ᠂ ᠦᠷᠬᠦᠯᠵᠢ ᠬᠡᠷᠡᠭᠯᠡᠳᠡᠭ ᠡᠮ ᠤᠨ ᠵᠦᠢᠯ  ᠢ ᠬᠦᠷᠬᠡᠵᠤ᠂ ᠲᠡᠳᠡᠨᠠᠷ ᠤᠨ ᠡᠷᠡᠬᠦᠯ ᠴᠢᠬᠢᠷᠠᠭ ᠤᠨ ᠪᠠᠶᠢᠳᠠᠯ ᠢ ᠬᠠᠯᠠᠮᠵᠢᠯᠠᠭᠰᠠᠨ ᠪᠠᠶᠢᠨ᠎ᠠ᠃      ᠲᠦᠷᠪᠡ ᠳᠤ ᠭᠠᠴᠠᠭᠠᠨ ᠤ ᠲᠦᠯᠦᠪᠯᠡᠬᠡᠳᠤ ᠦᠷᠡᠵᠢᠯ ᠤᠨ ᠵᠦᠪᠯᠡᠯ ᠤᠨ ᠬᠡᠰᠢᠬᠦᠨ ᠢ ᠲᠠᠶᠢᠴᠢᠯᠠᠵᠤ᠂ ︽ᠭᠠᠭᠴᠠ ᠬᠡᠤᠬᠡᠳ ᠢᠶᠠᠨ ᠠᠯᠳᠠᠭᠰᠠᠨ︾ ᠬᠡᠷ ᠪᠦᠯᠢ ᠶᠢ ᠬᠠᠯᠠᠮᠵᠢᠯᠠᠪᠠ᠃ ᠰᠤᠯᠠ ᠰᠡᠯᠡᠬᠦᠦ ᠴᠠᠭ ᠲᠤ ᠪᠠᠨ ᠨᠠᠰᠤᠳᠠᠶᠢᠴᠤᠳ ᠢ ᠬᠠᠪᠰᠤᠷᠤᠨ ᠤᠰᠤ ᠠᠪᠴᠢᠷᠠᠬᠤ᠂ ᠬᠡᠷ ᠴᠡᠪᠡᠷᠯᠡᠬᠦ᠂ ᠠᠷᠰᠠᠷ ᠠᠵᠢᠯ ᠬᠢᠬᠦ᠂ ᠵᠤᠭᠤᠭᠳᠠᠬᠤ ᠵᠡᠷᠬᠡ ᠬᠡᠯᠪᠡᠷᠢ ᠪᠠᠷ ᠨᠠᠰᠤᠳᠠᠶᠢᠴᠤᠳ ᠢ ᠭᠠᠭᠴᠠᠭᠠᠷᠳᠠᠮᠠᠯ ᠪᠠᠶᠢᠳᠠᠯ ᠢ ᠠᠩᠬᠢᠵᠢᠷᠠᠭᠤᠯᠵᠤ᠂ ᠲᠡᠳᠡᠨᠡᠷ ᠤᠨ ᠦᠳᠡᠯᠦᠬᠡ ᠨᠠᠰᠤ  ᠪᠠᠨ ᠪᠠᠶᠠᠷ ᠵᠢᠷᠭᠠᠯ ᠲᠠᠢ ᠦᠩᠬᠡᠷᠡᠬᠦᠯᠬᠦ ᠶᠢ ᠵᠤᠷᠢᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号