| | | 6 ᠰᠠᠷ᠎ᠠ ᠶᠢᠨ 28 ᠤ ᠡᠳᠤᠷ ︵ᠪᠢᠯᠢᠭ ᠤᠨ ᠤᠯᠠᠷᠢᠯ ᠤᠨ 5 ᠰᠠᠷ᠎ᠠ ᠶᠢᠨ 13 ᠤ ᠡᠳᠤᠷ︶᠂ | ᠬᠡᠰᠢᠭᠳᠡᠨ ᠬᠤᠰᠢᠭᠤᠨ ᠤ ᠪᠠᠶᠠᠨᠵᠢᠷᠦᠬᠡ ᠤᠪᠤᠭ᠎ᠠ ᠶᠢᠨ ᠲᠠᠬᠢᠯᠭ᠎ᠠ ᠨᠢ ᠪᠠᠶ᠋ᠬᠠᠤᠪᠤᠭ᠎ᠠ ᠳᠤ ᠥᠪᠡᠳᠡᠭᠰᠢ ᠶᠡᠬᠡᠪᠡᠷ | ᠶᠠᠪᠤᠭᠳᠠᠪᠠ᠃ ᠲᠠᠬᠢᠯᠭ᠎ᠠ ᠳᠤ ᠡᠯ᠎ᠡ ᠬᠤᠰᠢᠭᠤ ᠨᠤᠳᠤᠭ ᠠᠴᠠ ᠬᠦᠷᠦᠯᠴᠡᠨ ᠢᠷᠡᠭᠰᠡᠨ ᠵᠢᠭᠤᠯᠴᠢᠯᠠᠭᠰᠠᠳ᠂ ᠬᠡᠷᠡᠯ | ᠵᠢᠷᠤᠭᠴᠢᠳ ᠵᠢᠴᠢ ᠨᠤᠳᠤᠭ ᠤᠨ ᠮᠠᠯᠴᠢᠳ ᠲᠦᠮᠡ ᠭᠠᠷᠤᠢ ᠬᠦᠮᠦᠰ ᠴᠤᠭᠯᠠᠷᠠᠵᠤ᠂ ᠬᠡᠰᠢᠭᠳᠡᠨ ᠬᠤᠰᠢᠭᠤᠨ ᠤ ᠵᠤᠨ | ᠤ ᠤᠯᠠᠷᠢᠯ ᠤᠨ ᠰᠤᠶᠤᠯ ᠵᠢᠭᠤᠯᠴᠢᠯᠠᠯ ᠤᠨ ᠬᠦᠰᠢᠬᠡ ᠶᠢ ᠰᠡᠬᠦᠭᠰᠡᠨ ᠪᠠᠶᠢᠨ᠎ᠠ᠃ | ᠪᠠᠶᠠᠨᠵᠢᠷᠦᠬᠡ ᠤᠪᠤᠭ᠎ᠠ ᠶᠢᠨ ᠲᠠᠬᠢᠯᠭ᠎ᠠ ᠨᠢ ᠬᠡᠰᠢᠭᠳᠡᠨ ᠮᠤᠩᠭᠤᠯᠴᠤᠳ ᠤᠨ ᠤᠯᠠᠮᠵᠢᠯᠠᠯᠳᠤ | ᠰᠤᠶᠤᠯ ᠵᠠᠩᠰᠢᠯ ᠪᠤᠯᠤᠨ᠎ᠠ᠂ ᠮᠦᠨᠴᠤ ᠮᠤᠩᠭᠤᠯᠴᠤᠳ ᠤᠨ ᠮᠦᠩᠬᠡ ᠲᠡᠭᠷᠢ ᠶᠢᠨ ᠰᠢᠳᠦᠯᠬᠡ ᠶᠢᠨ ᠨᠢᠬᠡᠨ ᠬᠡᠯᠪᠡᠷᠢ | ᠪᠤᠯᠵᠤ᠂ ᠮᠤᠩᠭᠤᠯ ᠦᠨᠳᠤᠰᠤᠳᠠᠨ ᠤ ᠤᠯᠠᠮᠵᠢᠯᠠᠯᠳᠤ ᠨᠡᠬᠦᠳᠡᠯ ᠰᠤᠶᠤᠯ ᠤᠨ ᠤᠨᠴᠠᠯᠢᠭ ᠢ ᠶᠡᠬᠡᠬᠡᠨ ᠬᠠᠳᠠᠭᠠᠯᠠᠵᠠᠢ᠃ | ᠤᠪᠤᠭ᠎ᠠ ᠶᠢᠨ ᠰᠤᠶᠤᠯ ᠨᠢ ᠮᠤᠩᠭᠤᠯᠴᠤᠳ ᠤᠨ ᠪᠠᠶᠢᠭᠠᠯᠢ ᠠᠬᠤᠢ ᠪᠠᠨ ᠬᠠᠮᠠᠭᠠᠯᠠᠬᠤ ᠤᠬᠠᠮᠰᠠᠷ ᠢ ᠲᠤᠪᠤᠶᠢᠮ᠎ᠠ | ᠲᠤᠰᠬᠠᠵᠤ᠂ ᠬᠦᠮᠦᠨ ᠪᠠᠶᠢᠭᠠᠯᠢ ᠶᠢᠨ ᠡᠶ᠎ᠡ ᠵᠤᠬᠢᠴᠠᠯ ᠢ ᠬᠦᠢᠴᠡᠳ ᠬᠠᠷᠠᠭᠤᠯᠤᠭᠰᠠᠨ ᠶᠤᠮ᠃ ᠤᠳᠤ ᠪᠤᠯᠬᠤ ᠳᠤ | ᠤᠪᠤᠭ᠎ᠠ ᠶᠢᠨ ᠲᠠᠬᠢᠯᠭ᠎ᠠ ᠨᠢ ᠮᠤᠩᠭᠤᠯ ᠨᠤᠳᠤᠭ ᠤᠨ ᠰᠤᠶᠤᠯ ᠵᠢᠭᠤᠯᠴᠢᠯᠠᠯ ᠤᠨ ᠴᠢᠬᠤᠯᠠ ᠨᠢᠬᠡᠨ ᠠᠭᠤᠯᠭ᠎ᠠ ᠪᠤᠯᠵᠤ | ᠂ ᠡᠯ᠎ᠡ ᠦᠨᠳᠤᠰᠤᠳᠠᠨ ᠤ ᠠᠷᠠᠳ ᠲᠦᠮᠡᠨ ᠤ ᠬᠤᠷᠠᠯ ᠴᠤᠭᠯᠠᠷᠠᠬᠤ ᠦᠪᠡᠳᠡᠭᠰᠢ ᠪᠠᠶᠠᠷ ᠤᠨ ᠡᠳᠤᠷ ᠪᠤᠯᠤᠭᠰᠠᠨ ᠶᠤᠮ | ᠃ | 2009 ᠤᠨ ᠳᠤ ᠪᠠᠶᠠᠨᠵᠢᠷᠦᠬᠡ ᠤᠪᠤᠭ᠎ᠠ ᠶᠢ ᠦᠪᠤᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠵᠠᠰᠠᠭ ᠤᠨ ᠤᠷᠳᠤᠨ ᠠᠴᠠ ᠪᠤᠳᠠᠰ ᠤᠨ ᠪᠤᠰᠤ ᠰᠤᠶᠤᠯ ᠤᠨ ᠦᠪ ᠤᠨ ᠨᠡᠷᠡᠰ ᠲᠤ ᠵᠢᠭᠰᠠᠭᠠᠨ | ᠲᠡᠮᠳᠡᠭᠯᠡᠭᠰᠡᠨ ᠪᠠᠶᠢᠨ᠎ᠠ᠃ | | | | | | | |