ᠳᠠᠷᠬᠠᠬᠠᠭᠤᠯᠠ ᠰᠤᠮᠤ ᠨᠢ ᠲᠦᠯᠦᠪᠯᠡᠭᠡᠲᠦ ᠦᠷᠡᠵᠢᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2015/8/13
     ᠳᠠᠷᠬᠠᠬᠠᠭᠤᠯᠠ ᠰᠤᠮᠤ ᠨᠢ 8 ᠰᠠᠷ᠎ᠠ ᠶᠢᠨ 4 ᠤ ᠡᠲᠦᠷ ᠰᠤᠮᠤᠨ ᠤ ᠰᠠᠭᠤᠭᠠᠯᠢ ᠠᠷᠠᠳ ᠤᠨ ᠵᠦᠪᠯᠡᠯ ᠳᠤ ︽ᠤᠷᠤᠭᠯᠠᠵᠤ ᠭᠦᠩᠬᠡᠵᠢᠭᠦ ᠰᠢᠨ᠎ᠡ ᠭᠡᠪ ᠰᠤᠷᠳᠠᠯ ᠢ ᠪᠠᠳᠠᠷᠠᠭᠤᠯᠵᠦ᠂ ᠪᠠᠭᠤᠷᠠᠶᠢᠴᠤᠤᠯ ᠢ ᠬᠠᠯᠠᠮᠵᠢᠯᠠᠬᠤ︾ ᠪᠠᠷ ᠭᠤᠤᠯ ᠰᠡᠲᠦᠪ ᠪᠤᠯᠭᠠᠭᠰᠠᠨ ᠭᠦᠮᠦᠨ ᠠᠮᠠ ᠭᠢᠭᠡᠳ ᠲᠦᠯᠦᠪᠯᠡᠭᠡᠲᠦ ᠦᠷᠡᠵᠢᠯ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭᠠᠨ ᠤ ᠠᠭᠤᠯᠭ᠎ᠠ ᠳᠤ ᠭᠤᠤᠯᠳᠠᠭᠤ ᠤᠷᠤᠭᠯᠠᠵᠤ ᠭᠦᠩᠭᠡᠵᠢᠭᠦ ᠰᠢᠨ᠎ᠡ ᠭᠡᠪ ᠰᠤᠷᠳᠠᠯ ᠢ ᠤᠯᠠᠨ ᠲᠦᠮᠡᠨ ᠳᠤ ᠳᠠᠮᠵᠢᠭᠤᠯᠬᠤ᠂ ᠠᠰᠢᠭ ᠳᠤᠰᠠ ᠶᠢᠨ ᠵᠢᠯᠤᠭᠤᠳᠤᠮᠵᠢ᠂ ᠲᠦᠯᠦᠪᠯᠡᠭᠡᠲᠦ ᠦᠷᠡᠵᠢᠯ ᠤᠨ ᠱᠠᠩᠨᠠᠵᠦ ᠭᠦᠭᠢᠭᠦᠯᠭᠦ ᠲᠦᠷᠦ ᠶᠢᠨ ᠪᠤᠲᠤᠯᠭ᠎ᠠ᠂ ᠰᠢᠯᠢᠳᠡᠭ ᠢ ᠲᠦᠷᠦᠵᠦ ᠲᠤᠷᠨᠢᠭᠤᠨ ᠬᠦᠮᠦᠵᠢᠬᠦᠯᠬᠦ᠂ ᠦᠷᠡᠵᠢᠯ ᠤᠨ ᠡᠷᠡᠭᠦᠯᠵᠢᠯ ᠪᠤᠯᠤᠨ ᠭᠡᠷ ᠲᠡᠭᠡᠨ ᠬᠤᠴᠤᠷᠤᠭᠰᠠᠨ ᠭᠡᠤᠭᠡᠳ᠂ ᠭᠡᠷ ᠲᠡᠭᠡᠨ ᠬᠤᠴᠤᠷᠤᠭᠰᠠᠨ ᠨᠠᠰᠦᠲᠠᠶᠢᠴᠤᠳ᠂ ᠭᠦᠩᠬᠡᠵᠢᠭᠦ ᠨᠠᠰᠦᠨ ᠤ ᠡᠮᠡᠭᠲᠠᠢ᠂ ᠨᠡᠭᠦᠳᠡᠯ ᠭᠦᠮᠦᠨ ᠠᠮᠠ ᠶᠢᠨ ᠦᠨᠲᠦᠰᠦᠨ ᠰᠤᠷᠠᠭ ᠵᠠᠩᠭᠢ ᠶᠢ ᠬᠠᠷᠭᠤᠭᠤᠯᠬᠤ᠂ ᠲᠦᠯᠦᠪᠯᠡᠭᠡᠲᠦ ᠦᠷᠡᠵᠢᠯ ᠤᠨ ᠲᠦᠷᠦ ᠶᠢᠨ ᠪᠤᠲᠤᠯᠭ᠎ᠠ ᠬᠠᠤᠯᠢ ᠲᠦᠷᠢᠮ ᠤᠨ ᠤᠬᠠᠭᠤᠯᠭ᠎ᠠ ᠠᠰᠠᠭᠤᠨ ᠯᠠᠪᠯᠠᠯᠳᠠ ᠵᠡᠷᠭᠡ ᠪᠠᠭᠳᠠᠨ᠎ᠠ᠃ ᠤᠬᠠᠭᠤᠯᠭ᠎ᠠ ᠶᠢ ᠰᠠᠶᠢᠨ ᠬᠢᠬᠦ ᠶᠢᠨ ᠲᠦᠯᠦᠭᠡ᠂ ᠰᠠᠭᠤᠭᠠᠯᠢ ᠠᠷᠠᠳ ᠤᠨ ᠵᠦᠪᠯᠡᠯ ᠤᠨ ᠭᠦᠮᠦᠨ ᠠᠮᠠ ᠤᠯᠠᠨ ᠲᠦᠪᠯᠡᠷᠡᠭᠰᠡᠨ ᠭᠠᠵᠠᠷ ᠲᠤ ᠤᠯᠠᠨ ᠤᠬᠠᠭᠤᠯᠭ᠎ᠠ ᠶᠢᠨ ᠪᠢᠴᠢᠭᠡᠰᠦ ᠡᠯᠭᠦᠵᠦ᠂ ᠶᠡᠭᠡ ᠬᠡᠮᠵᠢᠶᠡᠨ ᠤ ᠤᠬᠠᠭᠤᠯᠭ᠎ᠠ ᠶᠢᠨ ᠤᠷᠢᠶ᠎ᠠ ᠨᠠᠭᠠᠵᠦ᠂ ᠠᠬᠤᠢ ᠳᠠᠯᠠᠪᠠᠢ ᠳᠤ ᠤᠬᠠᠭᠤᠯᠭ᠎ᠠ ᠶᠢᠨ ᠬᠠᠭᠤᠳᠠᠰᠦ ᠳᠠᠷᠬᠠᠭᠠᠨ᠂ ᠲᠤᠬᠠᠢ ᠶᠢᠨ ᠳᠠᠯᠠᠪᠠᠢ ᠳᠤ ᠤᠴᠢᠵᠦ ᠠᠰᠠᠭᠤᠨ ᠯᠠᠪᠯᠠᠭᠰᠠᠨ ᠤᠯᠠᠨ ᠲᠦᠮᠡᠨ ᠳᠤ ᠤᠬᠠᠭᠤᠯᠭ᠎ᠠ ᠶᠢᠨ ᠡᠳ᠋ ᠪᠤᠳᠠᠰ ᠪᠤᠯᠤᠨ ᠵᠢᠵᠢᠭ ᠪᠡᠯᠡᠭ ᠭᠦᠷᠭᠡᠭᠰᠡᠨ ᠪᠠᠶᠢᠨ᠎ᠠ᠃      ᠲᠤᠰ ᠤᠳᠠᠭᠠᠨ ᠤ ᠠᠵᠢᠯᠯᠠᠭᠠᠨ ᠨᠢ ᠨᠡᠯᠢᠶᠡᠳ ᠰᠠᠶᠢᠨ ᠦᠷ᠎ᠡ ᠠᠰᠢᠭ ᠤᠯᠵᠦ᠂ ᠦᠷᠬᠡᠨ ᠤᠯᠠᠨ ᠲᠦᠮᠡᠨ ᠤ ᠰᠠᠶᠢᠨ ᠦᠨᠡᠯᠡᠯᠳᠡ ᠶᠢ ᠤᠯᠪᠠ᠃ ᠲᠤᠰ ᠤᠳᠠᠭᠠᠨ ᠤ ᠠᠵᠢᠯᠯᠠᠭᠠᠨ ᠳᠤ 100 ᠭᠠᠷᠤᠢ ᠭᠦᠮᠦᠨ ᠤᠷᠤᠯᠴᠠᠵᠦ᠂ ᠠᠬᠤᠢ ᠳᠠᠯᠠᠪᠠᠢ ᠳᠤ ᠡᠯ᠎ᠡ ᠲᠦᠷᠦᠯ ᠤᠨ ᠤᠬᠠᠭᠤᠯᠭ᠎ᠠ ᠶᠢᠨ ᠬᠠᠭᠤᠳᠠᠰᠦ 200 ᠭᠠᠷᠤᠢ᠂ ᠤᠬᠠᠭᠤᠯᠭ᠎ᠠ ᠶᠢᠨ ᠡᠳ᠋ ᠪᠤᠳᠠᠰ 100 ᠭᠠᠷᠤᠢ ᠳᠠᠷᠬᠠᠭᠠᠪᠠ᠃ ᠠᠵᠢᠯᠯᠠᠭᠠᠨ ᠤ ᠤᠬᠠᠭᠤᠯᠭ᠎ᠠ ᠪᠠᠷ ᠳᠠᠮᠵᠢᠵᠦ᠂ ᠤᠯᠠᠨ ᠲᠦᠮᠡᠨ ᠤ ᠭᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ ᠤᠨ ᠮᠡᠳᠡᠯᠭᠡ ᠶᠢᠨ ᠳᠠᠨᠢᠯᠳᠠ ᠨᠡᠯᠢᠶᠡᠳ ᠳᠡᠭᠡᠭᠰᠢᠯᠡᠵᠦ᠂ ᠭᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ ᠤᠨ ᠠᠵᠢᠯ ᠢ ᠤᠷᠤᠭᠰᠢᠭᠲᠠᠢ ᠦᠷᠨᠢᠭᠦᠯᠭᠦ ᠶᠢ ᠤᠯᠠᠮ ᠨᠢᠭᠡ ᠠᠯᠬᠤᠮ ᠠᠭᠢᠭᠤᠯᠵᠦ ᠂ ᠬᠦᠮᠦᠨ ᠠᠮᠠ ᠶᠢᠨ ᠭᠡᠪ ᠴᠢᠨᠠᠷ ᠢ ᠳᠡᠭᠡᠭᠰᠢᠯᠡᠭᠦᠯᠭᠦ᠂ ᠭᠦᠮᠦᠨ ᠠᠮᠠ ᠶᠢᠨ ᠪᠦᠲᠦᠴᠡ ᠶᠢ ᠰᠢᠯᠢᠳᠡᠭᠵᠢᠭᠦᠯᠭᠦ ᠳᠤ ᠪᠠᠲᠦ ᠪᠠᠬᠢ ᠰᠠᠭᠤᠷᠢ ᠶᠢ ᠳᠠᠯᠪᠢᠭᠰᠠᠨ ᠪᠠᠶᠢᠨ᠎ᠠ᠃
 
ᠢᠷᠡᠯᠲᠡ᠄ ᠬᠡᠰᠢᠭᠲᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号