| ᠰᠤᠷᠪᠤᠯᠵᠢᠯᠠᠨ ᠶᠠᠷᠢᠯᠴᠠᠭᠰᠠᠨ ᠴᠠᠭ᠄ | 2015 ᠤᠨ ᠤ 7 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ ᠶᠢᠨ 10 ᠴᠠᠭ | ᠰᠤᠷᠪᠤᠯᠵᠢᠯᠠᠨ ᠶᠠᠷᠢᠯᠴᠠᠭᠰᠠᠨ ᠵᠣᠴᠢᠨ᠄ | ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠥᠪ ᠤᠨ | ᠡᠷᠬᠢᠯᠡᠭᠴᠢ ᠹᠧᠩ ᠯᠢ ᠰᠠᠨ | ᠰᠤᠷᠪᠤᠯᠵᠢᠯᠠᠨ ᠶᠠᠷᠢᠯᠴᠠᠭᠰᠠᠨ ᠲᠣᠪᠴᠢ᠄ | ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠢ ᠭᠦᠨᠵᠡᠭᠡᠶ ᠳᠥᠯᠭᠢᠨ ᠠᠬᠢᠭᠤᠯᠬᠤ ᠶᠢ ᠵᠠᠰᠠᠭ ᠤᠨ ᠣᠷᠳᠣᠨ ᠤ ᠲᠤᠰ | ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠬᠦᠴᠦᠨ | ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠪᠠᠨ ᠲᠠᠰᠤᠷᠠᠯᠲᠠ ᠦᠭᠡᠶ | ᠨᠡᠮᠡᠭᠳᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ | ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠠᠬᠢᠭᠤᠯᠪᠠ᠃ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠶ ᠣᠶᠢᠯᠭᠠᠬᠤ ᠶᠢᠨ ᠲᠤᠰᠠᠳᠠ᠂ ᠣᠶᠢᠷ᠎ᠠ ᠳᠤ᠂ ᠪᠢᠳᠡ | ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠤᠨ ᠡᠷᠬᠢᠯᠡᠭᠴᠢ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠲᠥᠪ ᠤᠨ ᠡᠷᠬᠢᠯᠡᠭᠴᠢ ᠹᠧᠩ ᠯᠢ ᠰᠠᠨ ᠢ ︽ᠳᠤᠮᠳᠠᠳᠤ ᠤᠯᠤᠰ · ᠥᠪᠥᠷ ᠮᠣᠩᠭᠤᠯ︾ | ᠰᠦᠯᠵᠢᠶ᠎ᠡ ᠳᠤ ᠤᠷᠢᠵᠤ᠂ ᠳᠠᠶᠠᠭᠠᠷ ᠣᠯᠠᠨ ᠲᠠᠢ ᠶᠠᠷᠢᠯᠴᠠᠭᠤᠯᠬᠤ ᠪᠤᠯᠤᠨ᠎ᠠ᠃ ᠥᠷᠭᠡᠨ ᠣᠯᠠᠨ ᠰᠦᠯᠵᠢᠶᠡᠨ ᠠᠨᠳᠠ | ᠨᠡᠷ ᠲᠤᠬᠠᠢ ᠶᠢᠨ ᠴᠠᠭ ᠲᠤᠨᠢ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ﹇ᠬᠥᠲᠥᠯᠥᠭᠴᠢ﹈᠄ ᠰᠦᠯᠵᠢᠶᠡᠨ ᠠᠨᠳᠠ ᠨᠡᠷ᠂ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠠᠪᠴᠤ | ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ᠵᠠᠰᠠᠭ ᠤᠨ | ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠭᠦᠨᠵᠡᠭᠡᠶ ᠳᠥᠯᠭᠢᠨ | ᠠᠬᠢᠭᠤᠯᠬᠤ ᠶᠢ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ᠂ ᠵᠠᠰᠠᠭ ᠤᠨ | ᠣᠷᠳᠣᠨ ᠤ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ᠂ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ | ᠪᠣᠳᠠᠲᠤ ᠦᠷ᠎ᠡ ᠪᠦᠲᠦᠮᠵᠢ ᠪᠠᠨ ᠲᠠᠰᠤᠷᠠᠯᠲᠠ ᠦᠭᠡᠶ ᠨᠡᠮᠡᠭᠳᠡᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ | ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ | ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠬᠦ | ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠪᠠ᠃ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠶ | ᠣᠶᠢᠯᠭᠠᠬᠤ ᠶᠢᠨ ᠲᠤᠰᠠᠳᠠ᠂ ᠣᠶᠢᠷ᠎ᠠ ᠳᠤ᠂ ᠪᠢᠳᠡ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠤᠯᠠᠭᠠᠨᠬᠠᠳᠠ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠲᠥᠪ ᠤᠨ ᠡᠷᠬᠢᠯᠡᠭᠴᠢ ᠹᠧᠩ ᠯᠢ ᠰᠠᠨ ᠢ ᠤᠷᠢᠵᠤ | ᠥᠷᠭᠡᠨ ᠣᠯᠠᠨ ᠰᠦᠯᠵᠢᠶᠡᠨ ᠠᠨᠳᠠ ᠨᠡᠷ ᠲᠤ ᠨᠠᠷᠢᠨ ᠲᠣᠳᠣᠷᠬᠠᠶ ᠲᠠᠶᠢᠯᠪᠤᠷᠢᠯᠠᠯᠲᠠ ᠬᠢᠯᠬᠡᠬᠦ ᠪᠠᠷ ᠪᠣᠯᠪᠠ᠃ ᠥᠷᠭᠡᠨ | ᠣᠯᠠᠨ ᠰᠦᠯᠵᠢᠶᠡᠨ ᠠᠨᠳᠠ ᠨᠡᠷ ᠶᠢᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠹᠧᠩ | ᠡᠷᠬᠢᠯᠡᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠹᠧᠩ ᠯᠢ ᠰᠠᠨ﹈᠄ ᠬᠦᠲᠦᠯᠦᠭᠴᠢ ᠰᠠᠶᠢᠨ ᠤᠤ︖ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︖ | ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠪᠠᠷ ᠳᠠᠮᠵᠢᠭᠤᠯᠤᠨ ᠲᠠ ᠪᠦᠬᠦᠨ ᠲᠠᠢ ᠵᠣᠭᠤᠭᠳᠠᠬᠤ | ᠪᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠮᠠᠨ ᠤ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠢ ᠠᠩᠬᠠᠷᠴᠦ ᠳᠡᠮᠵᠢᠭᠰᠡᠭᠡᠷ ᠢᠷᠡᠭᠰᠡᠨ ᠲᠠ ᠪᠦᠬᠦᠨ ᠳᠤ ᠲᠠᠯᠠᠷᠬᠠᠵᠣ ᠪᠠᠶᠢᠨ᠎ᠠ︕ | ﹇ᠬᠥᠲᠥᠯᠥᠭᠴᠢ﹈᠄ ᠣᠶᠢᠷ᠎ᠠ ᠶᠢᠨ ᠵᠢᠯ ᠳᠤ᠂ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠳᠤ ᠴᠥᠮ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ﹇ᠹᠧᠩ ᠯᠢ ᠰᠠᠨ﹈᠄ ᠡᠨᠡ ᠵᠢᠯ ᠤᠨ 5 ᠳ᠋ᠤᠭᠠᠷ ᠰᠠᠷ᠎ᠠ ᠪᠠ 6 ᠳ᠋ᠤᠭᠠᠷ ᠰᠠᠷ᠎ᠠ ᠳᠤ᠂ ᠤᠯᠠᠭᠠᠨᠬᠠᠳᠠ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠬᠠᠷᠢᠭᠤᠴᠠᠵᠤ ᠪᠠᠶᠢᠭ᠎ᠠ ᠨᠥᠬᠦᠳ ᠲᠤᠰ ᠲᠤᠰ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠯᠠᠭ᠎ᠠ ᠶᠢᠨ | ᠲᠥᠪ ᠲᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠢ ᠪᠡᠶ᠎ᠡ ᠪᠠᠷ ᠢᠶᠠᠨ ᠰᠤᠳᠤᠯᠤᠨ | ᠪᠠᠶᠢᠷᠢᠯᠠᠭᠤᠯᠪᠠ᠃ ᠣᠶᠢᠷ᠎ᠠ ᠶᠢᠨ ᠵᠢᠯ ᠤᠨ ᠲᠠᠰᠤᠷᠠᠯᠲᠠ ᠦᠭᠡᠶ ᠴᠢᠷᠮᠠᠶᠢᠯᠭ᠎ᠠ ᠪᠠᠷ ᠳᠠᠮᠵᠢᠭᠠᠳ᠂ ᠤᠯᠠᠭᠠᠨᠬᠠᠳᠠ | ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠣᠭᠲᠠᠴᠠ ᠠᠯᠬᠤᠮ ᠠᠯᠬᠤᠮ ᠢᠶᠠᠷ | ᠪᠠᠶᠢᠭᠤᠯᠤᠭᠳᠠᠨ ᠪᠦᠷᠢᠨᠰᠢᠵᠦ ᠪᠠᠶᠢᠨ᠎ᠠ᠃ | ︵ᠨᠢᠭᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠪᠠᠶᠢᠭᠤᠯᠤᠯ ᠲᠠᠰᠤᠷᠠᠯᠲᠠ | ᠦᠭᠡᠶ ᠰᠢᠯᠤᠭᠤᠳᠪᠠ᠃ ᠮᠠᠨ ᠤ ᠬᠤᠲᠠ ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ | ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠲᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠳᠤᠨᠢ | ᠬᠤᠲᠠ ᠶᠢᠨ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ᠂ ᠤᠬᠠᠭᠤᠯᠬᠤ | ᠬᠡᠯᠲᠡᠰ᠂ ᠵᠣᠬᠢᠶᠠᠨ ᠪᠠᠶᠢᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠢᠯᠲᠠᠨ ᠤ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠬᠡᠯᠲᠡᠰ ᠬᠤᠷᠢᠶ᠎ᠠ ᠠᠯᠪᠠᠨ ᠭᠡᠷ | ᠲᠣᠪᠴᠢᠶ᠎ᠠ ᠶᠢᠨ ᠬᠠᠷᠢᠭᠤᠴᠠᠯᠭᠠᠲᠠᠳ ᠪᠤᠢ᠃ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠢ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠲᠣᠬᠢᠷᠠᠭᠤᠯᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠡᠭᠦᠨ ᠤ | ᠬᠠᠮᠲᠤ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠪᠦᠬᠦ ᠬᠤᠲᠠ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠬᠤ᠂ ᠵᠢᠯᠣᠭᠤᠳᠬᠤ᠂ ᠵᠣᠬᠢᠴᠠᠭᠤᠯᠬᠤ ᠪᠠ ᠬᠢᠨᠠᠯᠲᠠ | ᠲᠠᠯᠪᠢᠬᠤ ᠶᠢ ᠬᠠᠷᠢᠭᠤᠴᠠᠪᠠ᠃ ᠡᠨᠡ ᠬᠦ ᠠᠵᠢᠯ ᠢ ᠦᠨᠡᠨ ᠬᠦ ᠴᠢᠩᠭᠠᠳᠬᠠᠬᠤ ᠶᠢᠨ ᠲᠤᠰᠠᠳᠠ᠂ ᠬᠤᠲᠠ ᠶᠢᠨ | ᠵᠠᠰᠠᠭ ᠤᠨ ᠣᠷᠳᠣᠨ ᠤ ᠠᠯᠪᠠᠨ ᠲᠢᠩᠬᠢᠮ ᠵᠠᠰᠠᠭ ᠤᠨ ᠶᠠᠪᠤᠳᠠᠯ ᠢ ᠢᠯᠡ ᠪᠣᠯᠭᠠᠬᠤ ᠰᠠᠯᠠᠭ᠎ᠠ ᠪᠠᠶᠢᠭᠤᠯᠵᠤ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠡᠷᠡᠭ ᠡᠷᠬᠢᠯᠡᠬᠦ ᠪᠠᠶᠢᠭᠤᠯᠤᠮᠵᠢ ᠪᠣᠯᠭᠠᠨ᠂ 3 ᠨᠦᠬᠦᠷ | ᠲᠣᠬᠢᠷᠠᠭᠤᠯᠵᠤ ᠲᠤᠰᠬᠠᠶᠢᠯᠠᠨ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ | ᠠᠵᠢᠯ ᠢ ᠬᠠᠷᠢᠴᠠᠭᠤᠯᠤᠨ᠂ ᠡᠨᠡᠬᠦ ᠠᠵᠢᠯ ᠢ ᠠᠳᠬᠤᠬᠤ ᠬᠥᠮᠥᠨ ᠲᠠᠢ᠂ ᠬᠠᠮᠢᠶᠠᠷᠬᠤ ᠬᠥᠮᠦᠨ ᠲᠠᠢ ᠪᠣᠯᠭᠠᠵᠤ᠂ | ᠬᠤᠲᠠ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠨ ᠴᠢᠬᠤᠯᠠ ᠠᠵᠢᠯ ᠪᠣᠯᠭᠠᠪᠠ᠃ ᠡᠯ᠎ᠡ ᠬᠤᠰᠢᠭᠤ | ᠰᠢᠶᠠᠨ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠨᠤᠭᠤᠳ ᠴᠦ | ᠵᠠᠰᠠᠭ ᠤᠨ ᠶᠠᠪᠤᠳᠠᠯ ᠢ ᠢᠯᠡ ᠪᠣᠯᠭᠠᠬᠤ ᠤᠳᠤᠷᠢᠳᠬᠤ ᠳᠤᠭᠤᠶᠢᠯᠠᠩ ᠢ ᠵᠣᠬᠢᠴᠠᠩᠭᠤᠢ ᠪᠠᠷ ᠪᠠᠶᠢᠭᠤᠯᠪᠠ᠃ ᠪᠦᠬᠦ | ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠨᠢ ᠬᠥᠨᠳᠡᠯᠡᠨ ᠢᠶᠠᠷ ᠡᠯ᠎ᠡ ᠱᠠᠲᠤᠨ ᠤ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ᠲᠤ ᠬᠦᠷᠴᠦ᠂ ᠭᠤᠯᠳᠤ ᠪᠠᠷ ᠰᠤᠮᠤ ᠰᠢᠶᠠᠩ ᠪᠠᠯᠭᠠᠰᠤ ᠶᠢᠨ ᠦᠨᠳᠦᠰᠦᠨ | ᠱᠠᠲᠤᠨ ᠤ ᠥᠷᠲᠡᠭᠡ ᠭᠠᠵᠠᠷ ᠲᠤ ᠬᠦᠷᠴᠦ᠂ ᠨᠢᠭᠡ ᠱᠠᠲᠤ ᠨᠢ ᠨᠢᠭᠡ ᠱᠠᠲᠤ ᠪᠠᠨ ᠠᠳᠬᠤᠬᠤ᠂ ᠨᠢᠭᠡ ᠱᠠᠲᠤ ᠨᠢ | ᠨᠢᠭᠡ ᠱᠠᠲᠤ ᠪᠠᠨ ᠠᠬᠢᠭᠤᠯᠬᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ᠂ ᠴᠤᠭ ᠢᠶᠠᠷ | ᠠᠳᠬᠤᠵᠤ ᠬᠠᠮᠲᠤ ᠪᠠᠷ ᠬᠠᠮᠢᠶᠠᠷᠬᠤ ᠠᠵᠢᠯ ᠤᠨ ᠪᠠᠶᠢᠳᠠᠯ ᠢ ᠪᠤᠶ ᠪᠣᠯᠭᠠᠪᠠ᠃ | ︵ᠬᠤᠶᠠᠷ︶ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠦᠷᠢᠮ ᠲᠠᠰᠤᠷᠠᠯᠲᠠ ᠦᠭᠡᠶ | ᠲᠡᠭᠦᠯᠳᠡᠷᠵᠢᠪᠡ᠃ ᠣᠶᠢᠷ᠎ᠠ ᠶᠢᠨ ᠵᠢᠯ ᠳᠤ᠂ ᠮᠠᠨ ᠤ ᠬᠤᠲᠠ ᠤᠷᠢᠳ ᠬᠤᠵᠢᠳ ︽ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠶᠣᠰᠣᠭᠠᠷ ᠢᠯᠡ ᠪᠣᠯᠭᠠᠬᠤ ᠳᠦᠷᠢᠮ︾᠂ | ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠠᠬᠢ ᠨᠢᠭᠤᠴᠠ ᠶᠢ ᠬᠠᠮᠠᠭᠠᠯᠠᠬᠤ ᠶᠢᠨ ᠬᠢᠨᠠᠨ | ᠪᠠᠶᠢᠴᠠᠭᠠᠬᠤ ᠳᠦᠷᠢᠮ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠰᠢᠯᠭᠠᠨ | ᠬᠢᠨᠠᠬᠤ ᠳᠦᠷᠢᠮ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠨᠡᠶᠢᠭᠡᠮ ᠤᠨ | ᠵᠥᠪᠳᠡᠯᠴᠡᠬᠦ ᠳᠦᠷᠢᠮ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠣᠭᠲᠠᠭᠠᠯ ᠢ | ᠵᠥᠷᠢᠴᠡᠭᠰᠡᠨ ᠦᠢᠯᠡ ᠠᠵᠢᠯᠯᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾᠂ ︽ᠰᠣᠨᠢᠨ ᠮᠡᠳᠡᠭᠡ ᠶᠢᠨ | ᠥᠭᠦᠯᠡᠭᠴᠢ ᠶᠢᠨ ᠳᠦᠷᠢᠮ︾᠂ ︽ᠵᠠᠰᠠᠭ ᠤᠨ ᠣᠷᠳᠣᠨ ᠤ ᠮᠡᠳᠡᠭᠡ ᠵᠠᠩᠭᠢ ᠨᠡᠶᠢᠲᠡᠯᠡᠬᠦ ᠶᠢᠨ ᠵᠣᠬᠢᠴᠠᠭᠤᠯᠬᠤ | ᠳᠦᠷᠢᠮ︾ ᠵᠡᠷᠭᠡ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠢ ᠣᠯᠠᠨ ᠬᠠᠮᠢᠶ᠎ᠠ ᠪᠦᠬᠦᠢ ᠳᠦᠷᠢᠮ ᠢ ᠲᠣᠭᠲᠠᠭᠠᠪᠠ᠃ | ᠡᠭᠦᠨ ᠳᠤ ︽ᠰᠣᠨᠢᠨ ᠮᠡᠳᠡᠭᠡ ᠶᠢᠨ ᠦᠭᠦᠯᠡᠭᠴᠢ ᠶᠢᠨ ᠳᠦᠷᠢᠮ︾ ᠳᠤ ᠰᠣᠨᠢᠨ ᠮᠡᠳᠡᠭᠡ ᠶᠢᠨ ᠦᠭᠦᠯᠡᠭᠴᠢ ᠶᠢ ᠶᠠᠮᠠᠷ | ᠬᠥᠮᠦᠨ ᠡᠭᠦᠷᠭᠡᠯᠡᠪᠡᠰᠦ ᠵᠣᠬᠢᠬᠤ᠂ ᠰᠣᠨᠢᠨ ᠮᠡᠳᠡᠭᠡ ᠨᠡᠶᠢᠲᠡᠯᠡᠬᠦ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ | ᠰᠣᠨᠢᠨ ᠮᠡᠳᠡᠭᠡ ᠨᠡᠶᠢᠲᠡᠯᠡᠬᠦ ᠠᠭᠤᠯᠭ᠎ᠠ᠂ ᠰᠣᠨᠢᠨ ᠮᠡᠳᠡᠭᠡ ᠨᠡᠶᠢᠲᠡᠯᠡᠬᠦ ᠬᠡᠯᠪᠡᠷᠢ᠂ ᠬᠠᠮᠢᠶᠠᠷᠤᠯᠲᠠ ᠪᠠ ᠵᠥᠪᠰᠢᠶᠡᠷᠡᠯᠲᠡ | ᠵᠡᠷᠭᠡ ᠰᠣᠨᠢᠨ ᠮᠡᠳᠡᠭᠡ ᠦᠭᠦᠯᠡᠬᠦ ᠶᠢᠨ ᠬᠠᠮᠢᠶ᠎ᠠ ᠪᠦᠬᠦᠢ ᠴᠢᠬᠤᠯᠠ ᠬᠦᠴᠦᠨ ᠵᠦᠢᠯ ᠢ ᠲᠣᠲᠣᠷᠬᠠᠶᠢᠯᠠᠪᠠ︔ ︽ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠠᠬᠢ ᠨᠢᠭᠤᠴᠠ ᠶᠢ ᠬᠠᠮᠠᠭᠠᠯᠠᠬᠤ ᠶᠢᠨ ᠬᠢᠨᠠᠨ | ᠪᠠᠶᠢᠴᠠᠭᠠᠬᠤ ᠳᠦᠷᠢᠮ︾ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠠᠬᠢ ᠨᠢᠭᠤᠴᠠ ᠶᠢ | ᠬᠠᠮᠠᠭᠠᠯᠠᠬᠤ ᠶᠢᠨ ᠬᠢᠨᠠᠨ ᠪᠠᠶᠢᠴᠠᠭᠠᠵᠤ ᠵᠥᠪᠰᠢᠶᠡᠷᠡᠬᠦ ᠳᠠᠷᠠᠭᠠᠯᠠᠯ᠂ ᠢᠯᠡ ᠪᠣᠯᠭᠠᠵᠤ ᠪᠣᠯᠬᠤ ᠦᠭᠡᠢ ᠵᠠᠰᠠᠭ ᠤᠨ | ᠣᠷᠳᠣᠨ ᠤ ᠮᠡᠳᠡᠭᠡ ᠵᠠᠩᠭᠢ ᠶᠢᠨ ᠲᠥᠷᠥᠯ ᠵᠦᠢᠯ ᠵᠡᠷᠭᠡ ᠠᠭᠤᠯᠭ᠎ᠠ ᠶᠢ ᠲᠣᠲᠣᠷᠬᠠᠶᠢᠯᠠᠪᠠ︔ ︽ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠶᠣᠰᠣᠭᠠᠷ ᠢᠯᠡ | ᠪᠣᠯᠭᠠᠬᠤ ᠳᠦᠷᠢᠮ︾ ᠳᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠲᠥᠷᠥᠯ ᠵᠦᠢᠯ ᠪᠠ ᠢᠯᠡ ᠪᠣᠯᠭᠠᠬᠤ ᠳᠡᠰ ᠳᠠᠷᠠᠭᠠᠯᠠᠯ ᠵᠢᠴᠢ ᠨᠢᠭᠡᠨᠲᠡ ᠭᠤᠶᠤᠴᠢᠯᠠᠭᠠᠳ ᠢᠯᠡ ᠪᠣᠯᠭᠠᠵᠤ ᠪᠣᠯᠬᠤ | ᠲᠥᠷᠥᠯ ᠵᠦᠢᠯ ᠪᠠ ᠭᠦᠢᠴᠡᠳᠬᠡᠬᠦ ᠳᠡᠰ ᠳᠠᠷᠠᠭᠠᠯᠠᠯ ᠢ ᠲᠣᠲᠣᠷᠬᠠᠶᠢᠯᠠᠪᠠ᠃ ᠪᠣᠳᠠᠲᠠᠶ ᠠᠵᠢᠯ ᠤᠨ ᠳᠤᠮᠳᠠ᠂ ᠮᠠᠨ ᠤ | ᠬᠤᠲᠠ ᠡᠳᠡᠭᠡᠷ ᠳᠦᠷᠢᠮ ᠢ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠮᠡᠳᠡᠭᠡ ᠵᠠᠩᠭᠢ ᠶᠢ ᠢᠯᠡ ᠪᠣᠯᠭᠠᠬᠤ ᠳᠠᠬᠢ | ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠲᠣᠭᠲᠠᠴᠠ ᠶᠢ ᠠᠯᠪᠠᠨ ᠪᠢᠴᠢᠭ ᠢ ᠡᠷᠭᠢᠯᠳᠦᠭᠦᠯᠬᠦ᠂ ᠮᠡᠳᠡᠭᠡ | ᠵᠠᠩᠭᠢ ᠨᠡᠶᠢᠲᠡᠯᠡᠬᠦ ᠳᠡᠰ ᠳᠠᠷᠠᠭᠠᠯᠠᠯ ᠲᠠᠢ ᠤᠶᠠᠯᠳᠤᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠴᠠᠭ ᠲᠤᠬᠠᠶ ᠳᠤᠨᠢ ᠪᠠᠶᠢᠯᠭᠠᠬᠤ ᠶᠢ ᠪᠠᠲᠤᠯᠠᠭᠰᠠᠨ ᠮᠥᠷᠲᠡᠭᠡᠨ ᠪᠠᠰᠠ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ | ︵ᠭᠤᠷᠪᠠ︶ ᠵᠠᠰᠠᠭ ᠤᠨ ᠶᠠᠪᠤᠳᠠᠯ ᠢ ᠢᠯᠡ ᠪᠤᠯᠭᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ | ᠲᠠᠰᠤᠷᠠᠯᠲᠠ ᠦᠭᠡᠢ ᠴᠢᠩᠭᠠᠳᠬᠠᠭᠳᠠᠪᠠ᠃ ᠨᠢᠭᠡ ᠳᠤ ᠵᠠᠰᠠᠭ ᠤᠨ ᠤᠷᠳᠤᠨ ᠤ ᠰᠦᠯᠵᠢᠶᠡᠨ ᠤ ᠴᠢᠳᠠᠮᠵᠢ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠪᠡ᠃ ᠮᠠᠨ ᠤ ᠬᠤᠲᠠ ᠵᠠᠰᠠᠭ ᠤᠨ ᠤᠷᠳᠤᠨ ᠤ ᠰᠦᠯᠵᠢᠶᠡᠨ ᠤ ᠪᠦᠲᠦᠭᠡᠨ | ᠪᠠᠶᠢᠭᠤᠯᠤᠯᠲᠠ ᠪᠤᠯᠤᠨ ᠬᠠᠮᠢᠶᠠᠷᠤᠯᠲᠠ ᠪᠠᠨ ᠲᠠᠰᠤᠷᠤᠯᠲᠠ ᠦᠭᠡᠢ ᠴᠢᠩᠭᠠᠳᠬᠠᠨ᠂ ᠵᠠᠰᠠᠭ ᠤᠨ ᠤᠷᠳᠤᠨ ᠤ | ᠰᠦᠯᠵᠢᠶ᠎ᠡ ᠶᠢ ᠴᠠᠭ ᠲᠤᠬᠠᠢ ᠳᠤᠨᠢ ᠤᠨᠤᠪᠴᠢᠲᠠᠢ᠂ ᠢᠯᠡ ᠲᠤᠳᠤ ᠵᠠᠰᠠᠭ ᠤᠨ ᠤᠷᠳᠤᠨ ᠤ ᠮᠡᠳᠡᠭᠡ ᠵᠠᠩᠬᠢ | ᠨᠡᠶᠢᠲᠡᠯᠡᠬᠦ ᠲᠠᠪᠴᠠᠩ ᠪᠤᠯᠭᠠᠨ ᠪᠠᠶᠢᠭᠤᠯᠪᠠ᠃ ᠵᠠᠰᠠᠭ ᠤᠨ ᠣᠷᠳᠣᠨ ᠤ ᠰᠦᠯᠵᠢᠶᠡᠨ ᠤ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ 2014 ᠣᠨ ᠳᠤ ᠮᠠᠨ ᠤ ᠬᠤᠲᠠ ᠵᠠᠰᠠᠭ ᠤᠨ ᠣᠷᠳᠣᠨ ᠤ | ᠰᠦᠯᠵᠢᠶ᠎ᠡ ᠶᠢᠨ ᠬᠡᠪ ᠢ ᠦᠭᠡᠷᠡᠴᠢᠯᠡᠵᠣ᠂ ᠰᠦᠯᠵᠢᠶ᠎ᠡ ᠳᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠡᠳ᠋ ᠤᠨ | ᠵᠠᠰᠠᠭ ᠤᠨ ᠲᠥᠰᠦᠪ ᠪᠤᠯᠤᠨ ᠲᠥᠰᠦᠪ ᠤᠨ ᠭᠦᠢᠴᠡᠳᠬᠡᠯ ᠬᠢᠭᠡᠳ ︽ᠭᠤᠷᠪᠠᠨ ᠠᠯᠪᠠᠨ ᠶᠠᠪᠤᠳᠠᠯ ᠤᠨ ᠵᠠᠷᠤᠳᠠᠯ︾᠂ | ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ᠂ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠵᠣᠬᠢᠴᠠᠩᠭᠤᠶ ᠲᠤᠰᠬᠠᠶ ᠪᠤᠯᠤᠩ | ᠨᠡᠭᠡᠭᠡᠵᠤ᠂ ᠨᠡᠶᠢᠭᠡᠮ ᠤᠨ ᠬᠢᠨ ᠤ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠢᠳᠡᠪᠬᠢᠲᠡᠶ ᠬᠠᠷᠢᠭᠤᠯᠲᠠ ᠥᠭᠴᠦ᠂ | ᠵᠠᠰᠠᠭ ᠤᠨ ᠣᠷᠳᠣᠨ ᠤ ᠠᠵᠢᠯ ᠤᠨ ᠲᠤᠩᠭᠠᠴᠠ ᠶᠢ ᠳᠡᠭᠡᠭᠰᠢᠯᠡᠭᠦᠯᠪᠡ᠃ ᠤᠯᠠᠭᠠᠨᠬᠠᠳᠠ ᠬᠤᠲᠠ ᠶᠢᠨ ᠵᠠᠰᠠᠭ ᠤᠨ | ᠣᠷᠳᠣᠨ ᠤ ᠰᠦᠯᠵᠢᠶ᠎ᠡ ᠨᠢ ᠳᠤᠮᠳᠠᠳᠤ ᠤᠯᠤᠰ ᠤᠨ ᠮᠡᠳᠡᠭᠡ ᠵᠠᠩᠭᠢ ᠶᠢᠨ ᠨᠡᠶᠢᠭᠡᠮᠯᠢᠭ ᠤᠨ 2014 ᠣᠨ ᠤ | ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠤᠯᠠᠮᠵᠢᠯᠠᠨ ᠲᠠᠷᠬᠠᠭᠠᠬᠤ | ᠬᠦᠴᠦᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠵᠠᠰᠠᠭ ᠤᠨ ᠣᠷᠳᠣᠨ ᠤ | ᠰᠦᠯᠵᠢᠶ᠎ᠡ ᠶᠢᠨ 2 ᠳ᠋ᠤᠭᠠᠷ ᠨᠡᠷ᠎ᠡ ᠳᠤ ᠤᠷᠤᠵᠤ᠂ ᠡᠯᠧᠺᠲᠷᠤᠨ ᠵᠠᠰᠠᠭ ᠤᠨ ᠶᠠᠪᠤᠳᠠᠯ ᠤᠨ ᠬᠡᠷᠡᠭ ᠡᠷᠬᠢᠯᠡᠭᠴᠢᠳ ᠤᠨ | ᠵᠦᠪᠯᠡᠯ ᠠᠴᠠ ᠰᠦᠯᠵᠢᠶᠡᠨ ᠤ ᠬᠠᠷᠰᠢ ᠰᠠᠭᠠᠳ ᠦᠭᠡᠶ ᠦᠵᠡᠬᠦ ᠪᠤᠯᠤᠩ ᠢ 2014 ᠣᠨ ᠤ ᠵᠠᠰᠠᠭ ᠤᠨ | ᠣᠷᠳᠣᠨ ᠤ ᠰᠦᠯᠵᠢᠶᠡᠨ ᠤ ᠵᠠᠰᠠᠭ ᠤᠨ ᠣᠷᠳᠣᠨ ᠪᠤᠯᠤᠨ ᠠᠷᠠᠳ ᠤᠨ ᠬᠠᠮᠲᠤᠷᠠᠨ ᠬᠦᠳᠡᠯᠦᠯᠴᠡᠬᠦ ᠰᠣᠳᠣᠨ | ᠪᠤᠯᠤᠩ ᠢᠶᠠᠷ ᠦᠨᠡᠯᠡᠪᠡ᠃ ᠬᠤᠶᠠᠷ ᠲᠤ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢ ᠤᠯᠠᠮ ᠨᠢᠭᠡ ᠠᠯᠬᠤᠮ | ᠡᠯᠪᠡᠭ ᠪᠠᠶᠠᠯᠢᠭ ᠪᠤᠯᠭᠠᠪᠠ᠃ ᠰᠦᠯᠵᠢᠶᠡᠨ ᠤ ᠮᠡᠳᠡᠭᠡ ᠵᠠᠩᠭᠢ ᠤᠯᠠᠮᠵᠢᠯᠠᠨ ᠲᠠᠷᠬᠠᠭᠠᠬᠤ ᠠᠷᠭ᠎ᠠ ᠵᠠᠮ ᠢ ᠤᠯᠠᠮ ᠨᠢᠭᠡ | ᠠᠯᠬᠤᠮ ᠦᠷᠭᠡᠵᠢᠬᠦᠯᠬᠦ ᠶᠢᠨ ᠲᠤᠰᠠᠳᠠ᠂ ᠮᠠᠨ ᠤ ᠬᠤᠲᠠ 2014 ᠤᠨ ᠤ 9 ᠳ᠋ᠤᠭᠡᠷ ᠰᠠᠷ᠎ᠠ ᠳᠤ ︽ᠳᠤᠮᠳᠠᠳᠤ | ᠤᠯᠤᠰ ᠤᠯᠠᠭᠠᠨᠬᠠᠳᠠ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠢ ᠨᠡᠭᠡᠭᠡᠭᠰᠡᠨ ᠪᠥᠭᠡᠳ ᠵᠠᠰᠠᠭ ᠤᠨ | ᠣᠷᠳᠣᠨ ᠤ ᠫᠤᠷᠲ᠋ᠧᠯ ᠰᠠᠶᠢᠲ ᠤᠨ ᠲᠡᠷᠢᠭᠦᠨ ᠨᠢᠭᠤᠷ ᠲᠤ ᠬᠤᠶᠠᠷ ᠬᠡᠮᠵᠢᠯᠳᠦ ᠺᠣᠳ᠋ ᠢ ᠨᠡᠶᠢᠲᠡᠯᠡᠪᠡ᠃ ︽ᠳᠤᠮᠳᠠᠳᠤ | ᠤᠯᠤᠰ ᠤᠯᠠᠭᠠᠨᠬᠠᠳᠠ︾ ᠸᠢᠴᠠᠲ ᠤᠨ ᠣᠯᠠᠨ ᠨᠡᠶᠢᠲᠡ ᠶᠢᠨ ᠲᠠᠪᠴᠠᠩ ᠨᠢ ᠡᠯ᠎ᠡ ᠲᠥᠷᠥᠯ ᠤᠨ ᠡᠷᠭᠡ ᠰᠦᠷᠲᠦ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠢᠯᠠᠩᠭᠤᠶ᠎ᠠ ᠣᠯᠠᠨ ᠨᠡᠶᠢᠲᠡ ᠶᠢᠨ | ᠬᠡᠷᠡᠭ ᠶᠠᠪᠤᠳᠠᠯ ᠪᠣᠯᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠯ᠎ᠠ ᠶᠢᠨ ᠮᠡᠳᠡᠭᠡ ᠵᠠᠩᠭᠢ ᠶᠢ | ᠨᠡᠶᠢᠲᠡᠯᠡᠵᠤ᠂ ᠥᠷᠭᠡᠨ ᠣᠯᠠᠨ ᠬᠤᠲᠠ ᠶᠢᠨ ᠠᠷᠠᠳ ᠰᠢᠯᠵᠢᠮᠡᠯ ᠳᠠᠪᠲᠠᠭ ᠢᠶᠠᠷ ᠳᠠᠮᠵᠢᠨ ᠵᠠᠰᠠᠭ ᠤᠨ ᠣᠷᠳᠣᠨ ᠤ | ᠮᠡᠳᠡᠭᠡ ᠵᠠᠩᠭᠢ ᠪᠤᠯᠤᠨ ᠦᠢᠯᠡᠴᠢᠯᠡᠭᠡ ᠶᠢ ᠴᠠᠭ ᠲᠤᠬᠠᠶ ᠳᠤᠨᠢ ᠤᠯᠬᠤ ᠳᠤ ᠳᠦᠭᠦᠮ ᠪᠤᠯᠭᠠᠪᠠ᠃ | ︵ᠳᠥᠷᠪᠡ︶ ᠵᠠᠰᠠᠭ ᠤᠨ ᠶᠠᠪᠤᠳᠠᠯ ᠢ ᠢᠯᠡ ᠪᠣᠯᠭᠠᠬᠤ ᠪᠤᠯᠪᠠᠰᠤᠷᠠᠭᠤᠯᠤᠯ ᠤᠨ ᠰᠢᠮᠳᠠᠭᠤᠯᠤᠨ | ᠪᠠᠶᠢᠴᠠᠭᠠᠬᠤ ᠶᠢ ᠲᠠᠰᠤᠷᠠᠯᠲᠠ ᠦᠭᠡᠶ ᠴᠢᠩᠭᠠᠷᠠᠭᠤᠯᠪᠠ᠃ ᠮᠠᠨ ᠤ ᠬᠤᠲᠠ ᠵᠠᠰᠠᠭ ᠤᠨ ᠶᠠᠪᠤᠳᠠᠯ ᠢ ᠢᠯᠡ ᠪᠤᠯᠭᠠᠬᠤ | ᠪᠤᠯᠪᠠᠰᠤᠷᠠᠭᠤᠯᠤᠯ ᠳᠤ ᠠᠯᠪᠠᠲᠠᠨ ᠤ ᠪᠤᠯᠪᠠᠰᠤᠷᠠᠭᠤᠯᠤᠯ ᠤᠨ ᠲᠥᠯᠥᠪᠯᠡᠭᠡ ᠶᠢ ᠣᠷᠣᠭᠤᠯᠵᠤ᠂ ᠬᠥᠮᠦᠵᠢᠯ | ᠪᠤᠯᠪᠠᠰᠤᠷᠠᠭᠤᠯᠤᠯ ᠤᠨ ᠲᠥᠯᠥᠪᠯᠡᠭᠡ ᠶᠢ ᠲᠤᠭᠲᠠᠭᠠᠭᠰᠠᠨ ᠤ ᠬᠠᠮᠲᠤ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠬᠦᠯᠪᠡ | ᠃ 2014 ᠣᠨ ᠳᠤ᠂ ᠬᠤᠲᠠ ᠳᠠᠶᠠᠭᠠᠷ ᠡᠯ᠎ᠡ ᠲᠥᠷᠥᠯ ᠤᠨ ᠪᠤᠯᠪᠠᠰᠤᠷᠠᠭᠤᠯᠤᠯ ᠤᠨ ᠠᠩᠭᠢ ᠶᠢ 25 ᠬᠤᠭᠤᠴᠠᠭ᠎ᠠ | ᠡᠷᠬᠢᠯᠡᠵᠤ᠂ ᠨᠡᠶᠢᠲᠡ 1921 ᠬᠥᠮᠦᠨ ᠤᠳᠠᠭ᠎ᠠ ᠪᠤᠯᠪᠠᠰᠤᠷᠠᠭᠤᠯᠪᠠ᠃ ᠬᠤᠲᠠ ᠶᠢᠨ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠡᠳᠦᠷ ᠲᠤᠲᠤᠮ ᠤᠨ ᠠᠵᠢᠯ ᠢ ᠵᠢᠯᠤᠭᠤᠳᠬᠤ᠂ | ᠪᠠᠶᠢᠴᠠᠭᠠᠬᠤ ᠪᠠ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠵᠤ᠂ ᠮᠡᠳᠡᠭᠡ ᠵᠠᠩᠭᠢ ᠶᠢ ᠢᠯᠡ ᠪᠣᠯᠭᠠᠬᠤ ᠣᠨ ᠤ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠥᠰᠦᠪ ᠪᠤᠯᠤᠨ | ᠲᠥᠰᠦᠪ ᠤᠨ ᠭᠦᠢᠴᠡᠳᠬᠡᠯ ᠬᠢᠭᠡᠳ ︽ᠭᠤᠷᠪᠠᠨ ᠠᠯᠪᠠᠨ ᠶᠠᠪᠤᠳᠠᠯ ᠤᠨ ᠵᠠᠷᠤᠳᠠᠯ︾ ᠤᠨ ᠲᠥᠰᠦᠪ ᠤᠨ | ᠭᠦᠢᠴᠡᠳᠬᠡᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠡᠭᠦᠷᠭᠡ ᠶᠢ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠵᠡᠷᠭᠡ ᠶᠢ ᠰᠢᠮᠳᠠᠭᠤᠯᠤᠨ ᠪᠠᠶᠢᠴᠠᠭᠠᠵᠤ᠂ ᠡᠯ᠎ᠡ ᠪᠦᠷᠢᠯᠳᠦᠬᠦᠨ ᠨᠢᠭᠡᠴᠡ ᠶᠢ | ᠵᠤᠬᠢᠴᠠᠭᠤᠯᠤᠨ ᠵᠤᠬᠢᠴᠠᠩᠭᠤᠢ ᠡᠭᠦᠷᠭᠡ ᠬᠠᠷᠢᠭᠤᠴᠠᠯᠭ᠎ᠠ ᠶᠢ ᠨᠢ ᠬᠢᠨᠠᠮᠠᠭᠠᠶ ᠭᠦᠢᠴᠡᠳᠭᠡᠯᠭᠡᠨ᠂ ᠨᠡᠪᠲᠡᠷᠡᠯᠴᠡᠭᠡ ᠪᠠᠨ | ᠴᠢᠩᠭᠠᠳᠬᠠᠨ᠂ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠵᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠦᠷᠨᠢᠭᠦᠯᠬᠦ ᠶᠢ ᠪᠦᠲᠦᠮᠵᠢᠲᠡᠶ ᠪᠠᠷ ᠳᠥᠯᠭᠢᠨ ᠠᠬᠢᠭᠤᠯᠪᠠ᠃ | ﹇ᠬᠥᠲᠥᠯᠥᠭᠴᠢ﹈᠄ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠲᠤ᠂ ᠲᠥᠷᠥ ᠶᠢᠨ ᠶᠠᠪᠤᠳᠠᠯ ᠤᠨ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠴᠥᠮ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ | ᠢᠯᠡ ᠪᠣᠯᠭᠠᠬᠤ ᠠᠵᠢᠯ ᠢ ᠮᠠᠰᠢ ᠴᠢᠬᠤᠯᠠᠴᠢᠯᠠᠨ ᠦᠵᠡᠵᠦ ᠪᠤᠢ᠂ ᠤᠯᠠᠭᠠᠨᠬᠠᠳᠠ ᠬᠤᠲᠠ ᠶᠢᠨ ᠡᠨᠡ ᠲᠠᠯ᠎ᠠ ᠪᠠᠷ ᠬᠢ | ᠠᠵᠢᠯ ᠤᠨ ᠠᠬᠢᠴᠠ ᠶᠠᠮᠠᠷ ᠵᠡᠷᠭᠡ ᠪᠤᠶ︖ | ﹇ᠹᠧᠩ ᠯᠢ ᠰᠠᠨ﹈᠄ ᠶᠠᠭ ᠲᠠᠨ ᠤ ᠬᠡᠯᠡᠭᠰᠡᠨ ᠰᠢᠭ ᠢᠶᠠᠷ᠂ ᠭᠤᠣᠯᠳᠠᠯᠭ᠎ᠠ ᠲᠠᠢ ᠬᠦᠷᠢᠶᠡᠨ ᠤ ᠮᠡᠳᠡᠭᠡ | ᠵᠠᠩᠭᠢ ᠶᠢ ᠢᠯᠡ ᠪᠣᠯᠭᠠᠬᠤ ᠶᠢ ᠳᠥᠯᠭᠢᠨ ᠠᠬᠢᠭᠤᠯᠬᠤ ᠪᠣᠯ ᠤᠯᠤᠰ ᠪᠤᠯᠤᠨ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢᠨ ᠴᠢᠬᠤᠯᠠ ᠠᠵᠢᠯ ᠪᠤᠯᠤᠨ᠎ᠠ᠃ 2014 ᠣᠨ ᠳᠤ᠂ | ᠮᠠᠨ ᠤ ᠬᠤᠲᠠ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠶᠡᠬᠡᠪᠡᠷ ᠳᠥᠯᠭᠢᠨ | ᠠᠬᠢᠭᠤᠯᠵᠤ᠂ ᠳᠣᠯᠣᠭᠠᠨ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ | ᠭᠤᠣᠯᠳᠠᠯᠭ᠎ᠠ ᠲᠠᠢ ᠪᠠᠷ ᠳᠥᠯᠭᠢᠨ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠤᠭᠰᠠᠨ ᠪᠠᠶᠢᠨ᠎ᠠ᠃ ᠵᠠᠰᠠᠭ | ᠵᠠᠬᠢᠷᠭᠠᠨ ᠤ ᠡᠷᠬᠡ ᠶᠢᠨ ᠠᠵᠢᠯᠯᠠᠭᠠᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠮᠠᠨ ᠤ ᠬᠤᠲᠠ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠲᠤᠰ ᠬᠤᠭᠤᠴᠠᠭᠠᠨ ᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠠᠴᠠ ᠨᠠᠰᠢᠬᠢ ᠬᠤᠶᠠᠳᠤᠭᠠᠷ ᠤᠳᠠᠭ᠎ᠠ ᠶᠢᠨ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠢᠯᠭᠠᠷᠠᠭᠤᠯᠤᠨ ᠴᠣᠮᠬᠠᠳᠬᠠᠬᠤ ᠠᠵᠢᠯ ᠢ ᠶᠠᠪᠤᠭᠳᠠᠭᠤᠯᠪᠠ᠃ ᠢᠯᠭᠠᠷᠠᠭᠤᠯᠬᠤ ᠪᠠᠷ ᠳᠠᠮᠵᠢᠭᠠᠳ᠂ ᠣᠳᠣ | ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ 104 ᠵᠦᠢᠯ ᠪᠠᠶᠢᠵᠤ᠂ ᠳᠣᠷᠣᠭᠰᠢ | ᠪᠠᠭᠤᠯᠭᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ 36 ᠵᠦᠢᠯ ᠪᠠᠶᠢᠵᠤ᠂ ᠵᠠᠰᠠᠭ ᠵᠠᠬᠢᠷᠭᠠᠨ ᠤ | ᠦᠢᠯᠡᠴᠢᠯᠡᠭᠡ ᠪᠤᠯᠭᠠᠨ ᠬᠤᠪᠢᠷᠠᠭᠤᠯᠤᠭᠰᠠᠨ ᠵᠦᠢᠯᠡᠰ 26 ᠵᠦᠢᠯ ᠪᠠᠶᠢᠵᠤ᠂ ᠨᠡᠶᠢᠯᠡᠭᠦᠯᠦᠭᠰᠡᠨ ᠨᠢ 80 ᠵᠦᠢᠯ | ᠪᠠᠶᠢᠵᠤ᠂ 16 ᠵᠦᠢᠯ ᠢ ᠬᠦᠴᠦᠨ ᠦᠭᠡᠶ ᠪᠤᠯᠭᠠᠪᠠ᠃ ᠢᠯᠭᠠᠷᠠᠭᠤᠯᠤᠭᠰᠠᠨ ᠦᠷ᠎ᠡ ᠳ᠋ᠦᠩ ᠢ ᠬᠤᠲᠠ ᠶᠢᠨ | ᠵᠠᠰᠠᠭ ᠤᠨ ᠣᠷᠳᠣᠨ ᠤ ᠫᠤᠷᠲ᠋ᠧᠯ ᠰᠠᠶᠢᠲ ᠢᠶᠠᠷ ᠳᠠᠮᠵᠢᠭᠤᠯᠤᠨ ᠨᠡᠶᠢᠭᠡᠮ ᠳᠤ ᠢᠯᠡ ᠪᠤᠯᠭᠠᠨ᠂ ᠡᠭᠦᠨ ᠳᠡᠭᠡᠨ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ ᠲᠥᠷᠥᠯ ᠵᠦᠢᠯ ᠤᠨ ᠨᠡᠷᠡᠶᠢᠳᠦᠯ᠂ ᠪᠠᠶᠢᠭᠤᠯᠤᠭᠰᠠᠨ | ᠦᠨᠳᠦᠰᠦᠯᠡᠯ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠨ᠎ᠠ᠃ ᠡᠳ᠋ ᠤᠨ ᠵᠠᠰᠠᠭ ᠤᠨ ᠪᠡᠯᠡ ᠮᠦᠡᠭᠭᠦ ᠶᠢᠨ ᠮᠡᠳᠡᠭᠡ | ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠬᠤᠲᠠ ᠶᠢᠨ ᠲᠤᠰ ᠱᠠᠲᠤ ᠬᠢᠭᠡᠳ 12 ᠬᠤᠰᠢᠭᠤ ᠰᠢᠶᠠᠨ ᠲᠣᠭᠤᠷᠢᠭ | ᠲᠤᠰ ᠲᠤᠰ ᠦᠪᠡᠷ ᠦᠪᠡᠷᠰᠡᠳ ᠤᠨ ᠢᠶᠠᠨ ᠵᠠᠰᠠᠭ ᠤᠨ ᠣᠷᠳᠣᠨ ᠤ ᠶᠡᠷᠦᠩᠭᠡᠶᠢᠯᠡᠭᠰᠡᠨ ᠰᠦᠯᠵᠢᠶᠡᠨ ᠳᠤ ᠵᠠᠰᠠᠭ ᠤᠨ | ᠤᠷᠳᠤᠨ ᠤ ᠲᠦᠰᠦᠪ᠂ ︽ᠭᠤᠷᠪᠠᠨ ᠠᠯᠪᠠᠨ ᠶᠠᠪᠤᠳᠠᠯ ᠤᠨ ᠵᠠᠷᠤᠳᠠᠯ︾ ᠤᠨ ᠲᠥᠰᠦᠪ ᠤᠨ ᠬᠢᠭᠡᠳ ᠵᠠᠰᠠᠭ ᠤᠨ | ᠣᠷᠳᠣᠨ ᠤ ᠶᠡᠷᠦᠩᠬᠡᠶ ᠲᠥᠰᠦᠪ ᠤᠨ ᠭᠦᠢᠴᠡᠳᠬᠡᠯ ᠢ ᠢᠯᠡ ᠪᠤᠯᠭᠠᠵᠤ᠂ ᠬᠤᠲᠠ ᠶᠢᠨ ᠲᠤᠰ ᠱᠠᠲᠤᠨ ᠤ 181 | ᠲᠥᠰᠦᠪ ᠬᠢᠵᠤ ᠪᠦᠬᠦᠢ ᠨᠢᠭᠡᠴᠡ ᠪᠤᠯᠤᠨ ᠬᠤᠰᠢᠭᠤ ᠰᠢᠶᠠᠨ ᠲᠣᠭᠤᠷᠢᠭ ᠤᠨ 1195 ᠲᠥᠰᠦᠪ ᠬᠢᠵᠤ ᠪᠦᠬᠦᠢ | ᠨᠢᠭᠡᠴᠡ ᠠᠳᠠᠯᠢ ᠪᠤᠰᠤ ᠬᠡᠯᠪᠡᠷᠢ ᠪᠠᠷ ᠰᠠᠯᠠᠭ᠎ᠠ ᠮᠥᠴᠢᠷ ᠤᠨ ᠲᠥᠰᠦᠪ ᠪᠤᠯᠤᠨ ︽ᠭᠤᠷᠪᠠᠨ ᠠᠯᠪᠠᠨ ᠶᠠᠪᠤᠳᠠᠯ ᠤᠨ | ᠵᠠᠷᠤᠳᠠᠯ︾ ᠤᠨ ᠲᠥᠰᠦᠪ ᠢᠶᠠᠨ ᠢᠯᠡ ᠪᠤᠯᠭᠠᠨ᠂ ᠬᠤᠲᠠ ᠶᠢᠨ ᠲᠤᠰ ᠱᠠᠲᠤᠨ ᠤ 166 ᠨᠢᠭᠡᠴᠡ ᠪᠤᠯᠤᠨ | ᠬᠤᠰᠢᠭᠤ ᠰᠢᠶᠠᠨ ᠲᠣᠭᠤᠷᠢᠭ ᠤᠨ 996 ᠨᠢᠭᠡᠴᠡ ᠠᠳᠠᠯᠢ ᠪᠤᠰᠤ ᠬᠡᠯᠪᠡᠷᠢ ᠪᠠᠷ ᠰᠠᠯᠠᠭ᠎ᠠ ᠮᠥᠴᠢᠷ ᠤᠨ | ᠲᠥᠰᠦᠪ ᠤᠨ ᠭᠦᠢᠴᠡᠳᠬᠡᠯ ᠢᠶᠠᠨ ᠢᠯᠡ ᠪᠤᠯᠭᠠᠭᠰᠠᠨ ᠪᠠᠶᠢᠨ᠎ᠠ᠃ ᠣᠯᠠᠨ ᠨᠡᠶᠢᠲᠡ ᠶᠢᠨ ᠡᠬᠢ ᠪᠠᠶᠠᠯᠢᠭ ᠤᠨ | ᠲᠤᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠭᠠᠵᠠᠷ ᠰᠢᠷᠣᠶ ᠲᠠᠲᠠᠪᠤᠷᠢᠯᠠᠭᠰᠠᠨ ᠤ | ᠲᠥᠯᠥᠪᠦᠷᠢ ᠥᠭᠬᠦ ᠲᠥᠰᠦᠯ ᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ ᠠᠯᠪᠠᠨ ᠵᠠᠷ ᠨᠡᠶᠢᠲᠡᠯᠡᠬᠦ᠂ ᠮᠡᠳᠡᠭᠳᠡᠬᠦ᠂ | ᠨᠤᠲᠠᠯᠠᠯᠲᠠ ᠬᠢᠬᠦ᠂ ᠰᠠᠨᠠᠯ ᠰᠣᠨᠣᠰᠬᠤ ᠵᠡᠷᠭᠡ ᠳᠡᠰ ᠳᠠᠷᠠᠭᠠᠯᠠᠯ ᠢ ᠴᠢᠩᠭ᠎ᠠ ᠬᠦᠢᠴᠡᠳᠭᠡᠵᠤ᠂ ᠭᠠᠵᠠᠷ ᠰᠢᠷᠣᠶ | ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠳᠤ ᠨᠡᠶᠢᠭᠡᠮ ᠤᠨ ᠣᠯᠠᠨ ᠨᠡᠶᠢᠲᠡ ᠶᠢᠨ ᠬᠢᠨ ᠤ ᠣᠷᠣᠯᠴᠠᠬᠤ ᠶᠢ | ᠦᠷᠭᠡᠳᠭᠡᠵᠤ᠂ ᠲᠥᠯᠥᠪᠦᠷᠢ ᠥᠭᠬᠦ ᠲᠥᠰᠦᠯ᠂ ᠲᠦᠯᠦᠪᠦᠷᠢ ᠥᠭᠬᠦ ᠪᠠᠷᠢᠮᠵᠢᠶ᠎ᠠ᠂ ᠲᠦᠯᠦᠪᠦᠷᠢ ᠦᠭᠭᠦᠭᠰᠡᠨ ᠦᠷ᠎ᠡ | ᠳ᠋ᠦᠩ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠪᠡ︔ ᠤᠯᠤᠰ ᠤᠨ ᠦᠮᠴᠢᠯᠡᠯᠲᠦ ᠭᠠᠵᠠᠷ | ᠰᠢᠷᠣᠶ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠭᠰᠠᠨ ᠪᠠ ᠲᠥᠯᠥᠪᠦᠷᠢ ᠦᠭᠭᠦᠭᠰᠡᠨ ᠮᠡᠳᠡᠭᠡ ᠵᠠᠩᠭᠢ ᠶᠢ ᠢᠯᠡ | ᠪᠣᠯᠭᠠᠬᠤ ᠶᠢ ᠭᠦᠨᠵᠡᠭᠡᠶᠢᠷᠡᠭᠦᠯᠵᠦ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠤᠯᠤᠨ | ᠤᠯᠠᠭᠠᠨᠬᠠᠳᠠ ᠬᠤᠲᠠ ᠶᠢᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶᠠᠨ ᠤ ᠰᠦᠯᠵᠢᠶ᠎ᠡ ᠪᠠᠷ ᠳᠠᠮᠵᠢᠭᠤᠯᠤᠨ | ︽ᠤᠯᠠᠭᠠᠨᠬᠠᠳᠠ ᠬᠤᠲᠠ ᠶᠢᠨ ᠭᠡᠷ ᠪᠠᠶᠢᠰᠢᠩ ᠲᠠᠲᠠᠪᠤᠷᠢᠯᠠᠬᠤ ᠪᠠ ᠲᠥᠯᠥᠪᠦᠷᠢ ᠥᠭᠬᠦ ᠶᠢᠨ ᠲᠦᠷ ᠬᠡᠷᠡᠭᠵᠢᠭᠦᠯᠬᠦ | ᠲᠣᠭᠲᠠᠭᠠᠯ︾ ᠭᠡᠰᠡᠨ ᠪᠢᠴᠢᠭ ᠮᠠᠲ᠋ᠧᠷᠢᠶᠠᠯ ᠢ ᠪᠦᠬᠦ ᠤᠳᠬ᠎ᠠ ᠪᠠᠷ ᠨᠢ ᠨᠡᠶᠢᠲᠡᠯᠡᠪᠡ︔ ᠪᠠᠲᠤᠯᠠᠭ᠎ᠠ ᠶᠢᠨ ᠴᠢᠨᠠᠷᠲᠠᠶ | ᠣᠷᠣᠨ ᠰᠠᠭᠤᠴᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠳᠥᠯᠭᠢᠨ ᠠᠬᠢᠭᠤᠯᠵᠤ᠂ ᠨᠡᠶᠢᠭᠡᠮ ᠲᠣᠭᠤᠷᠢᠭ ᠤᠨ | ᠤᠬᠠᠭᠤᠯᠭ᠎ᠠ᠂ ᠠᠯᠪᠠᠨ ᠵᠠᠷ ᠨᠠᠭᠠᠬᠤ᠂ ᠲᠧᠯᠸᠢᠰ ᠵᠠᠭᠤᠴᠢ ᠨᠡᠪᠳᠡᠷᠡᠭᠦᠯᠦᠭᠦᠷ ᠬᠢᠭᠡᠳ ᠤᠬᠠᠭᠤᠯᠭ᠎ᠠ ᠶᠢᠨ ᠲᠡᠷᠭᠡ | ᠭᠠᠷᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠤᠨ ᠮᠡᠳᠡᠭᠡ ᠵᠠᠩᠭᠢ᠂ ᠭᠡᠷ ᠪᠠᠶᠢᠰᠢᠩ ᠤᠨ ᠮᠡᠳᠡᠭᠡ ᠵᠠᠩᠭᠢ ᠶᠢ ᠪᠦᠬᠦ ᠲᠠᠯ᠎ᠠ ᠪᠠᠷ | ᠢᠯᠡ ᠪᠤᠯᠭᠠᠨ᠂ ᠣᠷᠣᠨ ᠰᠠᠭᠤᠴᠠ ᠶᠢᠨ ᠪᠠᠲᠤᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢ | ᠠᠷᠠᠳ ᠣᠯᠠᠨ ᠤ ᠤᠶᠢᠯᠠᠭᠠᠬᠤ ᠳᠤ ᠳᠥᠭᠦᠮ ᠦᠵᠡᠭᠦᠯᠪᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠮᠡᠳᠡᠭᠡ | ᠵᠠᠩᠭᠢ ᠶᠢ ᠢᠯᠡ ᠪᠣᠯᠭᠠᠬᠤ ᠲᠠᠯ᠎ᠠ ᠪᠠᠷ᠂ ︽ᠠᠵᠢᠯ ᠣᠯᠭᠤᠯᠲᠠ ᠪᠠ ᠠᠵᠢᠯ ᠠᠯᠳᠠᠯᠲᠠ ᠶᠢ ᠲᠡᠮᠳᠡᠭᠯᠡᠭᠰᠡᠨ ᠦᠨᠡᠮᠯᠡᠯ︾ | ᠬᠦᠢᠴᠡᠳᠭᠡᠬᠦ᠂ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠤᠯᠭᠤᠬᠤ᠂ ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠵᠡᠷᠭᠡ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠠᠵᠢᠯ ᠤᠨ ᠴᠤᠪᠤᠷᠠᠯ ᠪᠤᠯᠤᠨ | ᠠᠵᠢᠯ ᠤᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠢᠯᠡ ᠪᠤᠯᠭᠠᠪᠠ︔ ᠮᠠᠨ ᠤ ᠬᠤᠲᠠ ᠬᠤᠲᠠ ᠪᠠᠯᠭᠠᠰᠤ ᠶᠢᠨ | ᠦᠨᠳᠦᠰᠦᠨ ᠡᠮᠨᠡᠯᠭᠡ ᠶᠢᠨ ᠳᠠᠭᠠᠳᠬᠠᠯ ᠪᠤᠯᠤᠨ ᠠᠵᠢᠯᠲᠠᠨ ᠠᠵᠢᠯᠴᠢᠨ ᠤ ᠦᠷᠡᠵᠢᠯ ᠤᠨ ᠳᠠᠭᠠᠳᠬᠠᠯ ᠤᠨ | ᠤᠯᠭᠤᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢ ︽ᠤᠯᠠᠭᠠᠨᠬᠠᠳᠠ ᠶᠢᠨ | ᠡᠳᠦᠷ ᠤᠨ ᠰᠣᠨᠢᠨ︾᠂ ︽ᠤᠯᠠᠭᠠᠨᠬᠠᠳᠠ ᠶᠢᠨ ᠣᠷᠣᠶ ᠶᠢᠨ ᠰᠣᠨᠢᠨ︾ ᠵᠡᠷᠭᠡ ᠰᠣᠨᠢᠨ ᠰᠡᠳᠬᠦᠯ ᠳᠡᠭᠡᠷ᠎ᠡ | ᠨᠡᠶᠢᠲᠡᠯᠡᠪᠡ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠡᠳᠡᠭᠡ ᠵᠠᠩᠭᠢ ᠶᠢ ᠰᠦᠯᠵᠢᠶᠡᠨ ᠳᠡᠭᠡᠷ᠎ᠡ | ᠨᠡᠶᠢᠲᠡᠯᠡᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠭᠡᠷ ᠪᠦᠯᠢ ᠶᠢᠨ ᠲᠥᠷᠥᠯ ᠵᠦᠢᠯ᠂ | ᠪᠠᠲᠤᠯᠠᠭ᠎ᠠ ᠶᠢᠨ ᠮᠥᠩᠭᠦ ᠶᠢᠨ ᠪᠠᠷᠢᠮᠵᠢᠶ᠎ᠠ ᠵᠡᠷᠭᠡ ᠶᠢ ᠨᠡᠶᠢᠭᠡᠮ ᠳᠤ ᠢᠯᠡ ᠪᠤᠯᠭᠠᠭᠰᠠᠨ ᠤ ᠬᠠᠮᠲᠤ ᠢᠯᠡᠴᠢᠯᠡᠨ | ᠮᠡᠳᠡᠭᠦᠯᠬᠦ ᠳ᠋ᠢᠶᠠᠩᠬᠤᠸᠠ ᠶᠢ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠪᠡ᠃ ᠣᠯᠠᠨ | ᠨᠡᠶᠢᠲᠡ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ ᠬᠤᠲᠠ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠶᠢᠨ ᠰᠦᠯᠵᠢᠶ᠎ᠡ ᠨᠢ ᠪᠣᠬᠢᠷᠲᠤᠯ ᠤᠨ ᠡᠬᠢ ᠰᠤᠷᠪᠤᠯᠵᠢ ᠶᠢᠨ ᠣᠷᠴᠢᠨ | ᠲᠤᠭᠤᠷᠢᠨ ᠢ ᠬᠢᠨᠠᠨ ᠬᠠᠮᠢᠶᠠᠷᠬᠤ ᠮᠡᠳᠡᠭᠡ ᠵᠠᠩᠭᠢ ᠶᠢ ᠢᠯᠡ ᠪᠤᠯᠭᠠᠬᠤ ᠲᠤᠰᠬᠠᠢ ᠪᠤᠯᠤᠩ ᠭᠠᠷᠭᠠᠵᠤ᠂ ᠪᠣᠬᠢᠷᠲᠤᠯ ᠤᠨ | ᠡᠬᠢ ᠰᠤᠷᠪᠤᠯᠵᠢ ᠶᠢᠨ ᠬᠢᠨᠠᠨ ᠬᠠᠮᠢᠶᠠᠷᠤᠯᠲᠠ ᠶᠢᠨ ᠮᠡᠳᠡᠭᠡ ᠵᠠᠩᠭᠢ ᠶᠢ ᠢᠯᠡ ᠪᠤᠯᠭᠠᠬᠤ ᠶᠢ ᠤᠯᠠᠮ ᠨᠢᠭᠡ ᠠᠯᠬᠤᠮ | ᠵᠢᠷᠤᠮᠵᠢᠭᠤᠯᠤᠨ ᠳᠥᠯᠭᠢᠨ ᠠᠬᠢᠭᠤᠯᠪᠠ︔ ᠤᠯᠠᠭᠠᠨᠬᠠᠳᠠ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ | ᠰᠦᠯᠵᠢᠶ᠎ᠡ ᠪᠤᠯᠤᠨ ᠤᠯᠠᠭᠠᠨᠬᠠᠳᠠ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠯᠪᠠᠨ ᠤ ᠪᠢᠴᠢᠯ ᠪᠯᠤᠭ ᠪᠠᠷ | ᠳᠠᠮᠵᠢᠭᠤᠯᠤᠨ ᠣᠷᠴᠢᠨ ᠲᠤᠭᠤᠷᠢᠨ ᠤ ᠶᠠᠰᠤ ᠴᠢᠨᠠᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠪᠡ︔ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠲᠤᠪᠴᠢᠶ᠎ᠠ ᠶᠢᠨ ᠰᠦᠯᠵᠢᠶᠡᠨ ᠤ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠤᠨ ᠠᠶᠤᠯ ᠦᠭᠡᠢ ᠶᠢᠨ ᠡ᠊ᠨᠳᠡᠯ ᠢ ᠪᠠᠶᠢᠴᠠᠭᠠᠨ | ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠠᠶᠤᠯ ᠦᠭᠡᠢ ᠦᠢᠯᠡᠳᠪᠦᠷᠢᠯᠡᠯ ᠤᠨ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ᠃ | ﹇ᠬᠥᠲᠥᠯᠥᠭᠴᠢ﹈᠄ ᠹᠸᠡᠭ ᠡᠷᠬᠢᠯᠡᠭᠴᠢ ᠡ᠂ ᠲᠠ ᠰᠠᠶ᠋ᠢ 2014 ᠣᠨ ᠤ ᠤᠯᠠᠭᠠᠨᠬᠠᠳᠠ ᠬᠤᠲᠠ ᠶᠢᠨ | ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠤᠯᠭᠠᠭᠰᠠᠨ ᠠᠵᠢᠯ ᠤᠨ ᠲᠤᠬᠠᠢ ᠳᠤᠷᠠᠳᠪᠠ᠂ 2015 | ᠣᠨ ᠬᠠᠭᠠᠰ ᠵᠢᠯ ᠦᠯᠡᠳᠡᠭᠡᠳ ᠪᠠᠶᠢᠨ᠎ᠠ᠂ ᠤᠯᠠᠭᠠᠨᠬᠠᠳᠠ ᠬᠤᠲᠠ ᠶᠢᠨ ᠭᠤᠣᠯᠳᠠᠯᠭ᠎ᠠ ᠲᠠᠢ ᠬᠦᠷᠢᠶᠡᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠶᠠᠮᠠᠷ ᠰᠢᠨ᠎ᠡ ᠠᠬᠢᠴᠠ ᠪᠤᠯᠤᠨ ᠦᠷ᠎ᠡ ᠪᠦᠲᠦᠮᠵᠢ ᠲᠠᠢ ᠪᠤᠢ︖ | ﹇ᠹᠧᠩ ᠯᠢ ᠰᠠᠨ﹈᠄ 2015 ᠣᠨ ᠳᠤ᠂ ᠮᠠᠨ ᠤ ᠬᠤᠲᠠ ᠭᠤᠣᠯᠳᠠᠯᠭ᠎ᠠ ᠲᠠᠢ ᠬᠦᠷᠢᠶᠡᠨ ᠤ ᠮᠡᠳᠡᠭᠡ | ᠵᠠᠩᠭᠢ ᠶᠢ ᠢᠯᠡ ᠪᠣᠯᠭᠠᠬᠤ ᠠᠵᠢᠯ ᠢ ᠦᠷᠭᠦᠯᠵᠢᠯᠡᠨ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ | ᠠᠵᠢᠯᠯᠠᠭ᠎ᠠ᠂ ᠡᠳ᠋ ᠤᠨ ᠵᠠᠰᠠᠭ ᠤᠨ ᠪᠡᠯᠡ ᠮᠥᠩᠭᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ᠂ | ᠣᠯᠠᠨ ᠨᠡᠶᠢᠲᠡ ᠶᠢᠨ ᠦᠢᠯᠡᠴᠢᠯᠡᠭᠡ ᠪᠤᠯᠤᠨ ᠣᠯᠠᠨ ᠨᠡᠶᠢᠲᠡ ᠶᠢᠨ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ | ᠢᠯᠡ ᠪᠣᠯᠭᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠤᠯᠭᠠᠬᠤ ᠪᠠᠷ ᠴᠢᠷᠮᠠᠶᠢᠵᠤ ᠪᠠᠶᠢᠨ᠎ᠠ᠃ ᠵᠠᠰᠠᠭ ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ | ᠢᠯᠡ ᠪᠤᠯᠭᠠᠬᠤ ᠲᠠᠯ᠎ᠠ ᠪᠠᠷ᠂ 5 ᠳ᠋ᠤᠭᠠᠷ ᠰᠠᠷ᠎ᠠ ᠶᠢᠨ 25 ᠤ ᠡᠳᠦᠷ᠂ ᠤᠯᠠᠭᠠᠨᠬᠠᠳᠠ ᠬᠤᠲᠠ ᠶᠢᠨ ᠵᠠᠰᠠᠭ ᠤᠨ | ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠨᠢ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠨ ᠬᠡᠷᠡᠭᠵᠢᠭᠦᠯᠬᠦ ᠵᠠᠰᠠᠭ ᠵᠠᠬᠢᠷᠭᠠᠨ ᠤ ᠡᠷᠬᠡ ᠶᠢ ᠬᠤᠷᠢᠶᠠᠩᠭᠤᠶᠢᠯᠠᠵᠤ᠂ ᠬᠤᠲᠠ ᠶᠢᠨ ᠵᠠᠰᠠᠭ ᠤᠨ | ᠣᠷᠳᠣᠨ ᠤ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠷᠬᠡ ᠶᠢᠨ ᠲᠥᠷᠥᠯ ᠵᠦᠢᠯ ᠤᠨ | ᠬᠤᠷᠢᠶᠠᠩᠭᠤᠶᠢᠯᠠᠭᠰᠠᠨ ᠵᠢᠭᠰᠠᠭᠠᠯᠲᠠ ᠶᠢ ᠪᠤᠶ ᠪᠤᠯᠭᠠᠭᠰᠠᠨ ᠤ ᠬᠠᠮᠲᠤ᠂ ᠬᠤᠲᠠ ᠶᠢᠨ ᠵᠠᠰᠠᠭ ᠤᠨ ᠣᠷᠳᠣᠨ ᠤ | ᠫᠤᠷᠲ᠋ᠧᠯ ᠰᠦᠯᠵᠢᠶᠡᠨ ᠳᠤ ᠲᠤᠰᠬᠠᠶ ᠪᠤᠯᠤᠩ ᠭᠠᠷᠭᠠᠨ ᠨᠠᠶᠢᠲᠡ ᠳᠤ ᠵᠠᠷᠯᠠᠵᠤ᠂ ᠡᠭᠦᠨ ᠤ ᠬᠠᠮᠲᠤ ᠬᠤᠲᠠ ᠶᠢᠨ | ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠠᠯᠪᠠᠨ ᠭᠡᠷ ᠵᠠᠰᠠᠭ ᠵᠠᠬᠢᠷᠭᠠᠨ ᠤ ᠡᠷᠬᠡ ᠶᠢᠨ ᠲᠦᠷᠦᠯ | ᠵᠦᠢᠯ ᠤᠨ ᠨᠠᠷᠢᠨ ᠳᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠪᠠᠶᠢᠭᠤᠯᠵᠤ᠂ ᠨᠡᠶᠢᠭᠡᠮ ᠤᠨ ᠡᠯ᠎ᠡ | ᠲᠠᠯ᠎ᠠ ᠶᠢᠨ ᠬᠢᠨ ᠤ ᠰᠠᠨᠠᠯ ᠢ ᠭᠦᠢᠴᠡᠳ ᠰᠤᠨᠤᠰᠤᠭᠰᠠᠨ ᠪᠠ ᠰᠢᠩᠭᠡᠭᠡᠨ ᠠᠪᠤᠭᠰᠠᠨ ᠰᠠᠭᠤᠷᠢᠨ ᠳᠡᠭᠡᠷ᠎ᠡ᠂ ᠵᠠᠰᠠᠭ | ᠵᠠᠬᠢᠷᠭᠠᠨ ᠤ ᠡᠷᠬᠡ ᠶᠢᠨ ᠨᠠᠷᠢᠨ ᠳᠠᠩᠰᠠ ᠶᠢ ᠲᠣᠬᠢᠷᠠᠭᠤᠯᠬᠤ᠂ ᠰᠢᠯᠢᠳᠡᠭᠵᠢᠭᠦᠯᠬᠦ ᠪᠠ ᠲᠡᠭᠦᠯᠳᠡᠷᠵᠢᠭᠦᠯᠬᠦ ᠶᠢ ᠤᠯᠠᠮ | ᠨᠢᠭᠡ ᠠᠯᠬᠤᠮ ᠳᠥᠯᠭᠢᠨ ᠠᠬᠢᠭᠤᠯᠪᠠ᠃ ᠡᠳ᠋ ᠤᠨ ᠵᠠᠰᠠᠭ ᠤᠨ ᠪᠡᠯᠡ ᠮᠦᠡᠭᠭᠦ ᠶᠢᠨ ᠮᠡᠳᠡᠭᠡ ᠵᠠᠩᠭᠢ ᠶᠢ ᠢᠯᠡ | ᠪᠣᠯᠭᠠᠬᠤ ᠲᠠᠯ᠎ᠠ ᠪᠠᠷ᠂ ᠣᠳᠣᠬᠠᠨ ᠳᠤ᠂ ᠬᠤᠲᠠ ᠶᠢᠨ ᠲᠤᠰ ᠱᠠᠲᠤ ᠬᠢᠭᠡᠳ ᠪᠦᠬᠦ ᠬᠤᠲᠠ ᠶᠢᠨ 76 ᠨᠢᠭᠡᠴᠡ ᠶᠢᠨ | ᠡᠳ᠋ ᠤᠨ ᠵᠠᠰᠠᠭ ᠤᠨ ᠲᠥᠰᠦᠪ ᠪᠤᠯᠤᠨ ︽ᠭᠤᠷᠪᠠᠨ ᠠᠯᠪᠠᠨ ᠶᠠᠪᠤᠳᠠᠯ ᠤᠨ ᠵᠠᠷᠤᠳᠠᠯ︾ ᠤᠨ ᠲᠥᠰᠦᠪ ᠢ | ᠬᠤᠲᠠ ᠶᠢᠨ ᠵᠠᠰᠠᠭ ᠤᠨ ᠣᠷᠳᠣᠨ ᠤ ᠫᠤᠷᠲ᠋ᠧᠯ ᠰᠦᠯᠵᠢᠶᠡᠨ ᠤ ᠡᠳ᠋ ᠤᠨ ᠵᠠᠰᠠᠭ ᠤᠨ ᠮᠡᠳᠡᠭᠡ ᠵᠠᠩᠭᠢ ᠪᠤᠯᠤᠩ ᠢᠶᠠᠷ | ᠳᠠᠮᠵᠢᠭᠤᠯᠤᠨ ᠨᠡᠶᠢᠭᠡᠮ ᠳᠤ ᠨᠢᠭᠡᠳᠦᠯᠲᠡᠶ ᠢᠯᠡ ᠪᠤᠯᠭᠠᠪᠠ᠃ ᠡᠭᠦᠨ ᠤ ᠬᠠᠮᠲᠤ᠂ ᠮᠠᠨ ᠤ ᠬᠤᠲᠠ ᠣᠯᠠᠨ | ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠮᠡᠳᠡᠭᠡ ᠵᠠᠩᠭᠢ ᠶᠢ ᠢᠯᠡ ᠪᠣᠯᠭᠠᠬᠤ᠂ ᠴᠢᠬᠤᠯᠠ ᠶᠡᠭᠡ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠮᠡᠳᠡᠭᠡ ᠵᠠᠩᠭᠢ ᠶᠢ ᠢᠯᠡ ᠪᠣᠯᠭᠠᠬᠤ᠂ ᠣᠯᠠᠨ ᠨᠡᠶᠢᠲᠡ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢ ᠢᠯᠡ ᠪᠣᠯᠭᠠᠬᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠭᠡ | ᠵᠠᠩᠭᠢ ᠶᠢ ᠢᠯᠡ ᠪᠣᠯᠭᠠᠬᠤ᠂ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠮᠡᠳᠡᠭᠡ ᠵᠠᠩᠭᠢ ᠶᠢ ᠢᠯᠡ | ᠪᠣᠯᠭᠠᠬᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠤᠯᠠᠮ ᠨᠢᠭᠡ ᠠᠯᠬᠤᠮ | ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ | ᠦᠭᠡᠶ ᠨᠡᠮᠡᠭᠳᠡᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | ﹇ᠬᠥᠲᠥᠯᠥᠭᠴᠢ﹈᠄ ᠰᠣᠨᠢᠨ ᠮᠡᠳᠡᠭᠡᠨ ᠤ ᠮᠡᠳᠡᠭᠡᠯᠡᠭᠰᠡᠨ ᠢᠶᠠᠷ᠂ ᠣᠶᠢᠷ᠎ᠠ ᠳᠤ ᠤᠯᠠᠭᠠᠨᠬᠠᠳᠠ ᠬᠤᠲᠠ | ᠥᠪᠡᠷᠲᠡᠭᠡᠨ ᠵᠠᠰᠠᠬᠤ ᠣᠷᠣᠨ ᠤ 18 ᠣᠷᠣᠨᠲᠤ ᠺᠣᠳ᠋ ᠪᠦᠬᠦᠢ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ | ᠦᠨᠡᠮᠯᠡᠯ ᠨᠢᠭᠡ ᠨᠣᠮᠧᠷ︾ ᠪᠣᠯᠭᠠᠭᠰᠠᠨ ᠠᠩᠬᠠᠳᠠᠭᠴᠢ ᠡᠵᠡᠩᠨᠡᠯᠲᠡ ᠶᠢᠨ ᠦᠨᠡᠮᠯᠡᠯ ᠲᠠᠷᠬᠠᠭᠠᠪᠠ᠃ ᠲᠠ ᠪᠢᠳᠡᠨ ᠳᠤ | ᠪᠤᠲᠠᠳᠠᠢ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠤᠤ︖ | ﹇ᠹᠧᠩ ᠯᠢ ᠰᠠᠨ﹈᠄ 2015 ᠣᠨ ᠤ 6 ᠳ᠋ᠤᠭᠠᠷ ᠰᠠᠷ᠎ᠠ ᠶᠢᠨ 2 ᠤᠨ ᠡᠳᠦᠷ᠂ ᠤᠯᠠᠭᠠᠨᠬᠠᠳᠠ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠨᠢ ᠤᠯᠠᠭᠠᠨᠬᠠᠳᠠ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠦᠬᠦ ᠣᠷᠣᠨ ᠤ 18 ᠣᠷᠣᠨᠲᠤ ᠺᠣᠳ᠋ ᠪᠦᠬᠦᠢ ︽ᠭᠤᠷᠪᠠᠨ ᠦᠨᠡᠮᠯᠡᠯ ᠢ | ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾ ᠤᠨ ᠠᠩᠬᠠᠨ ᠤ ᠡᠵᠡᠩᠨᠡᠯᠲᠡ ᠶᠢᠨ ᠦᠨᠡᠮᠯᠡᠯ ᠢ ᠲᠠᠷᠬᠠᠭᠠᠪᠠ᠃ ᠡᠨᠡ | ᠪᠣᠯ ᠤᠯᠠᠭᠠᠨᠬᠠᠳᠠ ᠬᠤᠲᠠ ᠶᠡᠷᠦᠩᠬᠡᠶ ᠰᠠᠶᠢᠳ ᠯᠢ ᠺᠧ ᠴᠢᠶᠠᠩ ᠤᠨ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ | ᠦᠨᠡᠮᠯᠡᠯ ᠨᠢᠭᠡ ᠨᠣᠮᠧᠷ︾ ᠪᠦᠬᠦᠢ ᠪᠦᠷᠢᠳᠬᠡᠭᠦᠯᠬᠦ ᠳᠦᠷᠢᠮ ᠤᠨ ᠥᠭᠡᠷᠡᠴᠢᠯᠡᠯᠲᠡ ᠶᠢᠨ ᠲᠣᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠶ ᠠᠷᠭ᠎ᠠ ᠬᠡᠮᠵᠢᠶ᠎ᠡ ᠪᠣᠯᠣᠨ | ᠠᠮᠵᠢᠯᠲᠠ ᠣᠯᠤᠭᠰᠠᠨ ᠦᠢᠯᠡᠳᠦᠯᠭᠡ ᠪᠣᠯᠬᠤ ᠪᠦᠭᠡᠳ ᠡᠨᠡ ᠨᠢ ᠬᠠᠤᠯᠢ ᠶᠢᠨ ᠡᠷᠬᠡᠲᠡᠨ ᠪᠣᠯᠣᠨ ᠪᠤᠰᠤᠳ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠣᠷᠣᠯᠠᠬᠤ ᠨᠣᠮᠧᠷ ᠤᠨ | ᠳᠦᠷᠢᠮ ᠤᠨ ᠮᠠᠨ ᠤ ᠬᠤᠲᠠ ᠳᠤ ᠦᠨᠳᠦᠰᠦᠨ ᠳᠡᠭᠡᠨ ᠪᠠᠶᠢᠭᠤᠯᠤᠭᠳᠠᠭᠰᠠᠨ ᠢ ᠬᠠᠷᠠᠭᠤᠯᠵᠤ᠂ ᠪᠦᠬᠦ ᠤᠷᠤᠨ | ᠴᠢᠨᠠᠭᠰᠢᠯᠠᠪᠠᠯ ᠪᠦᠬᠦ ᠤᠯᠤᠰ ᠤᠨ ᠬᠤᠳᠠᠯᠳᠤᠭᠠᠨ ᠤ ᠶᠠᠪᠤᠳᠠᠯ ᠪᠣᠯᠣᠨ ᠬᠤᠳᠠᠯᠳᠤᠭᠠᠨ ᠤ ᠪᠤᠰᠤ ᠶᠠᠪᠤᠳᠠᠯ ᠤᠨ | ᠪᠡᠶᠡᠴᠢ ᠴᠣᠭᠴᠠ ᠶᠢᠨ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠺᠣᠳ᠋ ᠤᠨ ᠥᠭᠡᠷᠡᠴᠢᠯᠡᠯᠲᠡ ᠳᠤ ᠲᠤᠷᠰᠢᠯᠭ᠎ᠠ | ᠬᠤᠷᠠᠮᠳᠤᠭᠤᠯᠤᠨ᠂ ᠦᠯᠢᠭᠡᠷ ᠵᠢᠱᠢᠶ᠎ᠡ ᠬᠠᠩᠭᠠᠭᠰᠠᠨ ᠶᠠᠪᠤᠳᠠᠯ ᠪᠣᠯᠣᠨ᠎ᠠ᠃ | ﹇ᠬᠥᠲᠥᠯᠥᠭᠴᠢ﹈᠄ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾ ᠪᠦᠬᠦᠢ | ᠪᠦᠷᠢᠳᠬᠡᠭᠦᠯᠬᠦ ᠳᠦᠷᠢᠮ ᠤᠨ ᠳᠠᠪᠠᠭᠤᠯᠢᠭ ᠲᠠᠯ᠎ᠠ ᠨᠢ ᠶᠠᠭᠤ ᠪᠤᠶ︖ | ﹇ᠹᠧᠩ ᠯᠢ ᠰᠠᠨ﹈᠄ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾ ᠪᠦᠬᠦᠢ | ᠪᠦᠷᠢᠳᠬᠡᠭᠦᠯᠬᠦ ᠳᠦᠷᠢᠮ ᠨᠢ ᠳᠣᠣᠷᠠᠬᠢ ᠮᠡᠲᠦ ᠶᠢᠨ ᠳᠠᠪᠠᠭᠤᠯᠢᠭ ᠲᠠᠯ᠎ᠠ ᠲᠠᠢ ᠪᠠᠶᠢᠳᠠᠭ᠄ ᠨᠢᠭᠡ ᠳᠤ ᠭᠤᠶᠤᠴᠢᠯᠠᠬᠤ | ᠴᠤᠪᠤᠷᠠᠯ ᠢ ᠨᠢᠭᠡᠳᠬᠡᠪᠡ᠃ ᠤᠤᠯ ᠨᠢ ᠵᠠᠬ᠎ᠠ ᠳᠡᠯᠭᠡᠭᠦᠷ ᠤᠨ ᠬᠢᠨᠠᠨ ᠬᠠᠮᠢᠶᠠᠷᠬᠤ᠂ ᠶᠠᠰᠤ ᠴᠢᠨᠠᠷ ᠲᠤ ᠮᠡᠷᠭᠡᠵᠢᠯ ᠢᠶᠠᠷ | ᠬᠢᠨᠠᠯᠲᠠ ᠲᠠᠯᠪᠢᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠳᠡᠰ ᠳᠠᠷᠠᠭᠠᠯᠠᠨ ᠭᠤᠶᠤᠴᠢᠯᠠᠯ ᠭᠠᠷᠭᠠᠳᠠᠭ | ᠪᠠᠶᠢᠭᠰᠠᠨ ᠪᠣᠯ ᠣᠳᠣ ᠶᠡᠷᠦᠩᠬᠡᠶᠢᠯᠡᠭᠰᠡᠨ ᠬᠦᠯᠢᠶᠡᠨ ᠠᠪᠬᠤ ᠴᠣᠩᠬᠤ ᠳᠤ ᠨᠢᠭᠡᠳᠦᠯᠲᠡᠶ ᠬᠤᠷᠢᠶᠠᠵᠤ ᠠᠪᠤᠨ᠎ᠠ᠃ | ᠬᠤᠶᠠᠷ ᠲᠤ ᠲᠤᠰᠢᠶᠠᠬᠤ ᠮᠠᠲ᠋ᠧᠷᠢᠶᠠᠯ ᠢᠯᠡᠳᠲᠡ ᠪᠠᠭᠠᠰᠴᠤ᠂ ᠤᠤᠯ ᠨᠢ 26 ᠬᠤᠪᠢ ᠮᠠᠲ᠋ᠧᠷᠢᠶᠠᠯ ᠲᠤᠰᠢᠶᠠᠳᠠᠭ | ᠪᠠᠶᠢᠭᠰᠠᠨ ᠪᠣᠯ ᠣᠳᠣ ᠵᠥᠪᠬᠡᠨ 13 ᠬᠤᠪᠢ ᠲᠤᠰᠢᠶᠠᠬᠤ ᠪᠣᠯᠵᠤ᠂ ᠬᠠᠭᠠᠰ ᠢᠶᠠᠷ ᠪᠠᠭᠠᠰᠪᠠ᠃ ᠭᠤᠷᠪᠠ ᠳᠤ | ᠲᠠᠭᠯᠠᠵᠤ ᠪᠢᠴᠢᠬᠦ ᠠᠭᠤᠯᠭ᠎ᠠ ᠶᠡᠭᠡ ᠬᠡᠮᠵᠢᠶ᠎ᠡ ᠪᠠᠷ ᠪᠠᠭᠠᠰᠴᠤ᠂ ᠤᠤᠯ ᠨᠢ 166 ᠲᠤᠭ᠎ᠠ ᠪᠠᠷᠢᠮᠲᠠ ᠶᠢᠨ ᠵᠦᠢᠯ ᠢ | ᠲᠠᠭᠯᠠᠬᠤ ᠪᠠᠶᠢᠭᠰᠠᠨ ᠪᠣᠯ ᠣᠳᠣ ᠵᠥᠪᠬᠡᠨ 74 ᠲᠤᠭ᠎ᠠ ᠪᠠᠷᠢᠮᠲᠠ ᠶᠢᠨ ᠵᠦᠢᠯ ᠲᠠᠭᠯᠠᠬᠤ ᠪᠣᠯᠵᠤ᠂ ᠬᠠᠭᠠᠰ | ᠢᠯᠡᠭᠦᠦ ᠶᠢ ᠬᠠᠰᠤᠭᠳᠠᠪᠠ᠃ ᠳᠥᠷᠪᠡ ᠳᠤ ᠬᠢᠨᠠᠨ ᠵᠥᠪᠰᠢᠶᠡᠷᠡᠬᠦ ᠠᠭᠤᠯᠭ᠎ᠠ ᠴᠤᠮᠬᠠᠳᠬᠠᠭᠳᠠᠵᠤ᠂ ᠤᠤᠯ ᠨᠢ ᠡᠯ᠎ᠡ | ᠰᠠᠯᠠᠭ᠎ᠠ ᠮᠥᠴᠢᠷ ᠮᠡᠳᠡᠭᠦᠯᠦᠭᠰᠡᠨ ᠵᠦᠢᠯᠡᠰ ᠢ ᠥᠪᠡᠷ ᠥᠪᠡᠷᠰᠡᠳ ᠢᠶᠠᠨ ᠬᠢᠨᠠᠨ ᠪᠠᠶᠢᠴᠠᠭᠠᠳᠠᠭ ᠪᠠᠶᠢᠭᠰᠠᠨ ᠪᠣᠯ ᠣᠳᠣ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠨᠠᠨ ᠪᠠᠶᠢᠴᠠᠭᠠᠭᠰᠠᠨ ᠢ ᠨᠢ ᠪᠤᠰᠤᠳ | ᠰᠠᠯᠠᠭ᠎ᠠ ᠮᠥᠴᠢᠷ ᠳᠠᠪᠬᠤᠷᠳᠠᠭᠤᠯᠤᠨ ᠬᠢᠨᠠᠨ ᠪᠠᠶᠢᠴᠠᠭᠠᠬᠤ ᠦᠭᠡᠢ ᠪᠣᠯᠪᠠ᠃ ᠲᠠᠪᠤ ᠳᠤ ᠭᠡᠷᠡᠴᠢ ᠲᠡᠮᠳᠡᠭ ᠤᠨ ᠲᠤᠭ᠎ᠠ | ᠬᠡᠮᠵᠢᠶ᠎ᠡ ᠶᠢᠨ ᠲᠠᠯ᠎ᠠ ᠪᠠᠷ ᠭᠤᠷᠪᠠ ᠶᠢ ᠨᠡᠶᠢᠯᠡᠭᠦᠯᠵᠦ᠂ ᠤᠤᠯ ᠨᠢ ᠡᠵᠡᠩᠨᠡᠯᠲᠡ ᠶᠢᠨ ᠦᠨᠡᠮᠯᠡᠯ᠂ ᠵᠣᠬᠢᠶᠠᠨ | ᠪᠠᠶᠢᠭᠤᠯᠤᠯᠲᠠ ᠪᠣᠯᠤᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ | ᠪᠦᠷᠢᠳᠬᠡᠭᠦᠯᠦᠭᠰᠡᠨ ᠦᠨᠡᠮᠯᠡᠯ ᠵᠡᠷᠭᠡ 3 ᠦᠨᠡᠮᠯᠡᠯ ᠣᠯᠭᠤᠳᠠᠭ ᠪᠠᠶᠢᠭᠰᠠᠨ ᠢ ᠣᠳᠣ 1 ᠯᠡ ᠡᠵᠡᠩᠨᠡᠯᠲᠡ ᠶᠢᠨ | ᠦᠨᠡᠮᠯᠡᠯ ᠤᠯᠭᠤᠬᠤ ᠪᠣᠯᠭᠠᠪᠠ᠃ | ﹇ᠬᠥᠲᠥᠯᠥᠭᠴᠢ﹈᠄ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾ ᠪᠦᠬᠦᠢ | ᠪᠦᠷᠢᠳᠬᠡᠭᠦᠯᠬᠦ ᠳᠦᠷᠢᠮ ᠤᠨ ᠦᠷ᠎ᠡ ᠪᠦᠲᠦᠮᠵᠢ ᠨᠢ ᠶᠠᠮᠠᠷ ᠪᠤᠶ︖ | ﹇ᠹᠧᠩ ᠯᠢ ᠰᠠᠨ﹈᠄ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ ᠦᠨᠡᠮᠯᠡᠯ ᠨᠢᠭᠡ ᠨᠣᠮᠧᠷ︾ ᠤᠨ | ᠪᠦᠷᠢᠳᠬᠡᠭᠦᠯᠬᠦ ᠳᠦᠷᠢᠮ ᠤᠨ ᠦᠷ᠎ᠡ ᠪᠦᠲᠦᠮᠵᠢ ᠨᠢ ᠭᠤᠣᠯᠳᠠᠭᠤ ᠳᠣᠣᠷᠠᠬᠢ ᠮᠡᠲᠦ ᠬᠡᠳᠦᠨ ᠵᠦᠢᠯ ᠪᠤᠶ᠄ ᠨᠢᠭᠡ ᠳᠤ | ᠭᠤᠶᠤᠴᠢᠯᠠᠭᠴᠢ ᠳᠤ ᠲᠥᠭᠦᠮ ᠦᠵᠡᠭᠦᠯᠪᠡ᠂ ᠭᠤᠶᠤᠴᠢᠯᠠᠭᠴᠢ ᠵᠥᠪᠬᠡᠨ ᠱᠠᠭᠠᠷᠳᠠᠯᠭ᠎ᠠ ᠶᠣᠰᠣᠭᠠᠷ ᠬᠦᠯᠢᠶᠡᠨ ᠠᠪᠬᠤ | ᠴᠣᠩᠬᠤᠨ ᠳᠤ ᠭᠤᠶᠤᠴᠢᠯᠠᠯ ᠤᠨ ᠬᠦᠰᠦᠨᠦᠭᠲᠦ ᠲᠠᠭᠯᠠᠵᠤ᠂ ᠪᠦᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ | ᠲᠤᠰᠢᠶᠠᠪᠠᠯ᠂ ᠬᠠᠤᠯᠢ ᠪᠠᠷ ᠲᠣᠭᠲᠠᠭᠠᠭᠰᠠᠨ ᠬᠤᠭᠤᠴᠠᠭᠠᠨ ᠳᠤ ᠡᠵᠡᠩᠨᠡᠯᠲᠡ ᠶᠢᠨ ᠦᠨᠡᠮᠯᠡᠯ ᠢᠶᠠᠨ ᠠᠪᠴᠤ ᠪᠣᠯᠬᠤ | ᠲᠤᠯᠠ᠂ ᠭᠤᠶᠤᠴᠢᠯᠠᠭᠴᠢ ᠶᠢᠨ ᠬᠥᠮᠦᠨ ᠤ ᠬᠦᠴᠦ ᠪᠣᠯᠣᠨ ᠴᠠᠭ ᠬᠤᠭᠤᠴᠠᠭ᠎ᠠ ᠥᠪᠡᠷ ᠤᠨ ᠥᠷᠲᠡᠭ ᠢ | ᠪᠦᠲᠦᠮᠵᠢᠲᠠᠢ ᠪᠠᠷ ᠠᠷᠪᠢᠯᠠᠪᠠ᠃ ᠬᠤᠶᠠᠷ ᠲᠤ ᠠᠵᠤ ᠠᠬᠤᠶᠢᠯᠠᠯ ᠪᠠᠶᠢᠭᠤᠯᠬᠤ ᠥᠪᠡᠷ ᠤᠨ ᠥᠷᠲᠡᠭ ᠢ | ᠪᠠᠭᠤᠷᠠᠭᠤᠯᠪᠠ᠂ ᠪᠦᠷᠢᠳᠬᠡᠭᠦᠯᠬᠦ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠰᠦᠢᠳᠬᠡᠯ ᠬᠤᠷᠢᠶᠠᠬᠤ ᠳᠦᠷᠢᠮ᠂ ᠣᠨ ᠤ | ᠪᠠᠶᠢᠴᠠᠭᠠᠯᠲᠠ ᠶᠢᠨ ᠳᠦᠷᠢᠮ᠂ 4 ᠵᠢᠯ ᠤᠨ ᠬᠦᠴᠦᠨ ᠪᠦᠬᠦᠢ ᠬᠤᠭᠤᠴᠠᠭᠠᠨ ᠤ ᠳᠦᠷᠢᠮ ᠢ ᠬᠦᠴᠦᠨ ᠦᠭᠡᠢ | ᠪᠣᠯᠭᠠᠵᠤ᠂ ᠺᠣᠮᠫᠠᠨᠢ ᠶᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠪᠡᠯᠡ ᠰᠢᠯᠭᠠᠭᠰᠠᠨ ᠮᠡᠳᠡᠭᠦᠯᠦᠯᠲᠡ ᠪᠣᠯᠣᠨ | ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠰᠢᠶᠠᠬᠤ ᠶᠢ ᠱᠠᠭᠠᠷᠳᠠᠬᠤ ᠪᠠᠨ ᠪᠣᠯᠢᠭᠰᠠᠨ ᠠᠴᠠ ᠠᠵᠤ | ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠥᠭᠡᠷᠡᠴᠢᠯᠡᠯᠲᠡ ᠶᠢᠨ ᠠᠰᠢᠭ ᠲᠤᠰᠠ ᠶᠢ ᠪᠡᠯᠡ | ᠣᠷᠣᠭᠤᠯᠤᠭᠴᠢ ᠳᠤ ᠦᠨᠡᠨ ᠪᠣᠳᠠᠲᠠᠶ ᠬᠦᠷᠲᠡᠭᠡᠪᠡ᠃ ᠭᠤᠷᠪᠠ ᠳᠤ ᠵᠠᠰᠠᠭ ᠤᠨ ᠣᠷᠳᠣᠨ ᠤ ᠨᠡᠶᠢᠲᠡ ᠳᠤ | ᠢᠲᠡᠭᠡᠭᠦᠯᠬᠦ ᠬᠦᠴᠦᠨ ᠢ ᠳᠡᠭᠡᠭᠰᠢᠯᠡᠭᠦᠯᠪᠡ᠂ ᠣᠯᠠᠨ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠯᠠᠨ ᠦᠨᠡᠮᠯᠡᠯ ᠢ ᠬᠠᠮᠲᠤᠷᠠᠨ | ᠭᠦᠢᠴᠡᠳᠬᠡᠬᠦ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠦᠢᠯᠡᠴᠢᠯᠡᠭᠡᠨ ᠤ ᠪᠠᠷᠢᠮᠵᠢᠶ᠎ᠠ ᠶᠢ | ᠨᠢᠭᠡᠳᠬᠡᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠪᠣᠯᠣᠨ ᠨᠡᠶᠢᠲᠡ ᠳᠤ | ᠢᠲᠡᠭᠡᠭᠦᠯᠬᠦ ᠬᠦᠴᠦᠨ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠪᠡ᠃ ᠳᠦᠷᠪᠡ ᠳᠤ ᠪᠦᠷᠢᠳᠬᠡᠭᠦᠯᠬᠦ ᠪᠠ | ᠬᠠᠮᠢᠶᠠᠷᠬᠤ ᠶᠢᠨ ᠬᠠᠷᠢᠴᠠᠭ᠎ᠠ ᠶᠢ ᠲᠣᠲᠤᠷᠬᠠᠶᠢᠯᠠᠵᠤ᠂ ︽ᠭᠤᠷᠪᠠᠨ ᠦᠨᠡᠮᠯᠡᠯ ᠢ ᠨᠡᠶᠢᠯᠡᠭᠦᠯᠦᠭᠰᠡᠨ︾ ᠪᠦᠷᠢᠳᠬᠡᠭᠦᠯᠬᠦ | ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠤᠯᠤᠰ ᠤᠨ | ᠭᠠᠶᠢᠯᠢ ᠶᠢᠨ ᠶᠠᠪᠤᠳᠠᠯ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ᠂ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠲᠥᠪ ᠭᠠᠵᠠᠷ ᠲᠠᠬᠢ ᠠᠵᠤ ᠠᠬᠤᠶᠢᠯᠠᠯ ᠤᠨ ᠳᠠᠩᠰᠠᠯᠠᠭᠤᠯᠤᠭᠰᠠᠨ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠭᠠᠶᠢᠯᠢ ᠲᠠᠲᠠᠪᠤᠷᠢᠯᠠᠨ ᠬᠠᠮᠢᠶᠠᠷᠬᠤ ᠶᠢ ᠴᠢᠩᠭᠠᠳᠬᠠᠬᠤ᠂ | ᠢᠲᠡᠭᠡᠮᠵᠢ ᠶᠢᠨ ᠲᠠᠯ᠎ᠠ ᠶᠢᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ᠂ ᠵᠠᠬ᠎ᠠ ᠳᠡᠯᠭᠡᠭᠦᠷ ᠠᠴᠠ ᠪᠤᠴᠠᠭᠠᠵᠤ | ᠭᠠᠷᠭᠠᠬᠤ ᠶᠢ ᠴᠢᠩᠳᠠᠯᠠᠬᠤ ᠵᠡᠷᠭᠡ ᠲᠠᠯ᠎ᠠ ᠪᠠᠷ ᠬᠢ ᠰᠠᠯᠠᠭ᠎ᠠ ᠮᠦᠴᠢᠷ ᠤᠳ ᠤᠨ ᠬᠠᠮᠲᠤᠷᠠᠨ ᠬᠦᠳᠡᠯᠦᠯᠴᠡᠬᠦ ᠶᠢ | ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠳᠤ ᠦᠷᠲᠦᠭᠳᠡᠬᠦ ᠦᠭᠡᠢ ᠣᠷᠣᠨ ᠭᠠᠷᠬᠤ ᠶᠢ ᠲᠠᠰᠤ ᠬᠤᠷᠢᠭᠯᠠᠵᠤ᠂ | ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠪᠣᠯᠣᠨ ᠨᠡᠶᠢᠭᠡᠮ ᠤᠨ ᠬᠢᠨ ᠤ ᠬᠠᠮᠲᠤ ᠪᠠᠷ ᠵᠠᠰᠠᠬᠤ ᠶᠢ ᠪᠣᠢ | ᠪᠣᠯᠭᠠᠪᠠ᠃ | ﹇ᠬᠥᠲᠥᠯᠥᠭᠴᠢ﹈᠄ ᠮᠠᠨ ᠤ ᠰᠠᠶ᠋ᠢ ᠶᠢᠨ ᠳᠤᠷᠠᠳᠤᠭᠰᠠᠨ᠂ ︽ᠭᠤᠷᠪᠠᠨ ᠦᠨᠡᠮᠯᠡᠯ ᠢ ᠨᠡᠶᠢᠯᠡᠭᠦᠯᠵᠦ᠂ ᠨᠢᠭᠡ | ᠦᠨᠡᠮᠯᠡᠯ ᠨᠢᠭᠡ ᠨᠣᠮᠧᠷ︾ ᠪᠦᠬᠦᠢ ᠠᠩᠬᠠᠳᠠᠭᠴᠢ ᠡᠵᠡᠩᠨᠡᠯᠲᠡ ᠶᠢᠨ ᠦᠨᠡᠮᠯᠡᠯ ᠢ ᠪᠣᠯ ᠤᠯᠠᠭᠠᠨᠬᠠᠳᠠ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠣᠯᠭᠤᠭᠰᠠᠨ ᠪᠠᠶᠢᠨ᠎ᠠ᠂ ᠲᠠ ᠪᠢᠳᠡᠨ ᠳᠤ ᠤᠯᠠᠭᠠᠨᠬᠠᠳᠠ | ᠬᠤᠲᠠ ᠶᠢᠨ ᠵᠠᠰᠠᠭ ᠤᠨ ᠣᠷᠳᠣᠨ ᠤ ᠦᠢᠯᠡᠴᠢᠯᠡᠭᠡᠨ ᠤ ᠲᠥᠪ ᠤᠨ ᠮᠡᠳᠡᠭᠡ ᠵᠠᠩᠭᠢ ᠶᠢ ᠢᠯᠡ ᠪᠣᠯᠭᠠᠬᠤ ᠲᠠᠯ᠎ᠠ ᠪᠠᠷ᠂ | ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠢ ᠲᠠᠨᠢᠯᠴᠠᠭᠤᠯᠤᠭᠠᠳ | ᠦᠭᠭᠦᠨ᠎ᠡ ᠤᠤ︖ | ᠨᠡᠶᠢᠲᠡᠯᠢᠭ ᠵᠢᠱᠢᠶ᠎ᠡ ᠪᠠᠷ ᠬᠦᠲᠦᠯᠦᠨ ᠳᠠᠭᠠᠭᠤᠯᠵᠤ ᠭᠤᠣᠯᠳᠠᠯᠭ᠎ᠠ ᠲᠠᠢ ᠪᠠᠷ ᠳᠥᠯᠭᠢᠨ ᠠᠬᠢᠭᠤᠯᠬᠤ ᠪᠣᠯ | ᠮᠠᠨ ᠤ ᠲᠤᠰ ᠤᠳᠠᠭᠠᠨ ᠤ ᠰᠤᠷᠪᠤᠯᠵᠢᠯᠠᠭ᠎ᠠ ᠶᠢᠨ ᠭᠤᠣᠯ ᠰᠡᠳᠦᠪ ᠪᠣᠯᠣᠨ᠎ᠠ᠂ ᠤᠯᠠᠭᠠᠨᠬᠠᠳᠠ ᠬᠤᠲᠠ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠤᠨ ᠨᠡᠶᠢᠲᠡᠯᠢᠭ ᠵᠢᠱᠢᠶ᠎ᠡ ᠶᠢ ᠪᠣᠢ ᠪᠣᠯᠭᠠᠬᠤ ᠲᠠᠯ᠎ᠠ ᠪᠠᠷ ᠶᠠᠮᠠᠷ ᠶᠠᠮᠠᠷ ᠠᠵᠢᠯ | ᠬᠢᠭᠰᠡᠨ ᠪᠣᠢ︖ | ﹇ᠹᠧᠩ ᠯᠢ ᠰᠠᠨ﹈᠄ ᠣᠶᠢᠷ᠎ᠠ ᠶᠢᠨ ᠵᠢᠯ ᠤᠳ ᠲᠤ᠂ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ ᠢᠯᠡ | ᠪᠣᠯᠭᠠᠬᠤ ᠠᠵᠢᠯ ᠤᠨ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠤᠩᠭᠤᠨ ᠪᠣᠢ ᠪᠣᠯᠭᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠡᠶᠢᠲᠡᠯᠢᠭ ᠵᠢᠱᠢᠶ᠎ᠡ ᠪᠠᠷ ᠳᠠᠭᠠᠭᠤᠯᠬᠤ ᠠᠷᠭ᠎ᠠ ᠶᠢ ᠠᠪᠴᠤ᠂ ᠪᠦᠬᠦ ᠤᠯᠤᠰ᠂ ᠪᠦᠬᠦ | ᠣᠷᠣᠨ᠂ ᠪᠦᠬᠦ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠨᠢᠭᠡ ᠪᠦᠯᠦᠭ ᠲᠡᠷᠢᠭᠦᠨ ᠤ | ᠨᠡᠶᠢᠲᠡᠯᠢᠭ ᠵᠢᠱᠢᠶ᠎ᠡ ᠶᠢ ᠪᠤᠶᠢᠵᠢᠭᠤᠯᠵᠤ᠂ ᠣᠩᠨᠢᠭᠤᠳ ᠬᠤᠰᠢᠭᠤ ᠶᠢ ᠪᠦᠬᠦ ᠤᠯᠤᠰ ᠤᠨ ᠡᠯᠧᠺᠲᠷᠤᠨ ᠵᠠᠰᠠᠭ ᠤᠨ | ᠶᠠᠪᠤᠳᠠᠯ ᠤᠨ ᠲᠠᠪᠴᠠᠩ ᠢᠶᠠᠷ ᠲᠦᠰᠢᠭ ᠪᠣᠯᠭᠠᠨ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠩᠭᠠᠳᠬᠠᠬᠤ ᠨᠡᠶᠢᠲᠡᠯᠢᠭ ᠵᠢᠱᠢᠶ᠎ᠡ ᠪᠣᠯᠭᠠᠬᠤ ᠪᠠᠷ ᠪᠣᠶᠢᠵᠢᠭᠤᠯᠪᠠ᠂ | ᠠᠤᠬᠠᠨ ᠬᠤᠰᠢᠭᠤ ᠪᠣᠯ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠡᠷᠢᠭᠦᠨ ᠤ | ᠨᠢᠭᠡᠴᠡ᠂ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠱᠢᠶ᠎ᠡ ᠦᠵᠡᠭᠦᠯᠬᠦ ᠴᠢᠭ᠋ ᠪᠠᠶᠢᠵᠤ᠂ | ᠬᠠᠷᠠᠴᠢᠨ ᠬᠤᠰᠢᠭᠤ ᠪᠦᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠱᠢᠶ᠎ᠡ ᠦᠵᠡᠭᠦᠯᠬᠦ ᠴᠢᠭ᠋ | ᠪᠣᠯᠣᠭᠰᠠᠨ ᠤ ᠬᠤᠪᠢ ᠳᠤ᠂ ᠪᠢᠳᠡ ᠡᠳᠡᠭᠡᠷ ᠲᠡᠷᠢᠭᠦᠨ ᠤ ᠨᠡᠶᠢᠲᠡᠯᠢᠭ ᠵᠢᠱᠢᠶ᠎ᠡ ᠨᠦᠭᠦᠳ ᠤᠨ ᠤᠷᠮᠠᠰᠢᠭᠤᠯᠬᠤ᠂ | ᠦᠯᠢᠭᠡᠷ ᠵᠢᠱᠢᠶ᠎ᠡ ᠦᠵᠡᠭᠦᠯᠬᠦ ᠪᠠ ᠤᠳᠤᠷᠢᠳᠤᠮᠵᠢ ᠶᠢᠨ ᠦᠢᠯᠡᠳᠦᠯ ᠢ ᠢᠳᠡᠪᠬᠢᠲᠡᠢ ᠪᠠᠷ ᠪᠠᠳᠠᠷᠠᠭᠤᠯᠵᠤ᠂ ᠴᠢᠭ᠋ ᠢᠶᠠᠷ | ᠨᠡᠶᠢᠳᠡᠮ ᠢ ᠳᠠᠶᠢᠴᠢᠯᠠᠨ᠂ ᠴᠢᠭ᠋ ᠬᠢᠭᠡᠳ ᠨᠡᠶᠢᠳᠡᠮ ᠢ ᠤᠶᠠᠯᠳᠤᠭᠤᠯᠵᠤ᠂ ᠪᠦᠬᠦ ᠬᠤᠲᠠ ᠶᠢᠨ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠦᠷᠨᠢᠭᠦᠯᠬᠦ ᠶᠢ ᠲᠦᠯᠬᠢᠨ ᠠᠬᠢᠭᠤᠯᠪᠠ᠃ | ﹇ᠬᠥᠲᠥᠯᠥᠭᠴᠢ﹈᠄ ᠪᠢᠳᠡᠨ ᠳᠤ ᠡᠳᠡᠭᠡᠷ ᠨᠡᠶᠢᠲᠡᠯᠢᠭ ᠵᠢᠱᠢᠶ᠎ᠡ ᠨᠦᠭᠦᠳ ᠤᠨ ᠰᠠᠶᠢᠨ ᠲᠤᠷᠰᠢᠯᠭ᠎ᠠ᠂ ᠰᠠᠶᠢᠨ | ᠠᠷᠭ᠎ᠠ ᠪᠠᠷᠢᠯ ᠢ ᠪᠣᠳᠠᠲᠠᠶ ᠪᠠᠷ ᠲᠠᠨᠢᠯᠴᠠᠭᠤᠯᠵᠤ ᠥᠭᠭᠦᠨ᠎ᠡ ᠤᠤ︖ | ᠣᠩᠨᠢᠭᠤᠳ ᠬᠤᠰᠢᠭᠤ ᠪᠦᠬᠦ ᠤᠯᠤᠰ ᠤᠨ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠢᠶᠠᠷ ᠲᠦᠰᠢᠭ | ᠪᠣᠯᠭᠠᠨ ᠰᠢᠶᠠᠨ ᠤ ᠱᠠᠲᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠴᠢᠩᠭᠠᠳᠬᠠᠬᠤ ᠲᠤᠷᠰᠢᠯᠲᠠ ᠶᠢᠨ ᠴᠢᠭ᠋ ᠪᠣᠯᠣᠭᠰᠠᠨ ᠤ ᠬᠤᠪᠢ ᠳᠤ᠂ ᠣᠶᠢᠷ᠎ᠠ ᠶᠢᠨ ᠵᠢᠯ ᠤᠳ ᠲᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠶ | ᠴᠢᠩᠭᠠᠳᠬᠠᠨ᠂ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠤᠣᠯᠳᠠᠯᠭ᠎ᠠ ᠲᠠᠢ ᠲᠦᠯᠬᠢᠨ | ᠠᠬᠢᠭᠤᠯᠵᠤ᠂ ᠣᠯᠠᠨ ᠲᠦᠮᠡᠨ ᠳᠤ ᠳᠥᠭᠦᠮ ᠳᠥᠲᠡ ᠪᠥᠭᠡᠳ ᠦᠨᠳᠦᠷ ᠦᠷ᠎ᠡ ᠪᠦᠲᠦᠮᠵᠢᠲᠠᠢ᠂ ᠢᠯᠡ ᠲᠤᠲᠤᠷᠬᠠᠢ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠬᠤ ᠲᠠᠯ᠎ᠠ ᠪᠠᠷ ᠬᠦᠴᠦ ᠲᠠᠯᠪᠢᠨ᠂ ᠪᠤᠲᠠᠲᠠᠢ ᠦᠷ᠎ᠡ ᠪᠦᠲᠦᠮᠵᠢ ᠶᠢ | ᠡᠷᠬᠢᠮᠯᠡᠵᠦ᠂ ᠠᠷᠠᠳ ᠲᠤ ᠳᠥᠭᠦᠮ ᠦᠵᠡᠭᠦᠯᠵᠦ ᠠᠷᠠᠳ ᠲᠤ ᠲᠤᠰᠠᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠢ ᠴᠢᠷᠮᠠᠶᠢᠨ ᠪᠠᠶᠢᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠨᠣᠲᠠᠯᠠᠯᠲᠠ ᠪᠠ | ᠳᠡᠭᠡᠳᠦ ᠬᠡᠮᠵᠢᠶᠡᠨ ᠤ ᠦᠨᠡᠯᠡᠯᠲᠡ ᠶᠢ ᠣᠯᠣᠭᠰᠠᠨ ᠪᠠᠶᠢᠨ᠎ᠠ᠃ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ | ᠫᠣᠷᠲ᠋ᠧᠯ ᠰᠦᠯᠵᠢᠶ᠎ᠡ ︽ᠵᠠᠰᠠᠭ ᠤᠨ ᠣᠷᠳᠣᠨ ᠢᠯᠡ ᠮᠡᠳᠡᠭᠡ ᠵᠠᠩᠭᠢ︾ ᠪᠠ ︽ᠵᠠᠰᠠᠭ ᠤᠨ ᠶᠠᠪᠤᠳᠠᠯ ᠤᠨ | ᠦᠢᠯᠡᠴᠢᠯᠡᠭᠡ︾ ᠲᠤᠰᠬᠠᠶ ᠪᠤᠯᠤᠩ ᠢ ᠨᠡᠭᠡᠭᠡᠭᠰᠡᠨ ᠪᠥᠭᠡᠳ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ | ᠪᠣᠯᠭᠠᠭᠰᠠᠨ ᠶᠢ ᠪᠦᠷᠢᠳᠬᠡᠬᠦ ᠪᠠ ᠵᠠᠰᠠᠭ ᠵᠠᠬᠢᠷᠭᠠᠨ ᠤ ᠡᠷᠬᠡ ᠲᠤᠰᠢᠶᠠᠯ ᠤᠨ ᠵᠦᠢᠯᠡᠰ ᠢ ᠵᠢᠷᠤᠮᠵᠢᠭᠤᠯᠬᠤ ᠠᠵᠢᠯ ᠢ | ᠪᠡᠶᠡᠯᠡᠭᠦᠯᠵᠦ᠂ 2014 ᠣᠨ ᠳᠤ ᠪᠦᠬᠦ ᠬᠤᠰᠢᠭᠤᠨ ᠤ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠮᠡᠳᠡᠭᠡ | ᠵᠠᠩᠭᠢ 4130 ᠵᠣᠷᠪᠤᠰ᠂ ᠲᠤᠬᠠᠶᠢᠯᠠᠭᠰᠠᠨ ᠠᠵᠢᠯ ᠤᠨ ᠬᠥᠳᠡᠯᠦᠩᠭᠦᠶ ᠪᠠᠶᠢᠳᠠᠯ ᠤᠨ ᠲᠥᠷᠥᠯ ᠤᠨ ᠮᠡᠳᠡᠭᠡ ᠵᠠᠩᠭᠢ | 2000 ᠭᠠᠷᠤᠶ ᠵᠣᠷᠪᠤᠰ᠂ ᠵᠠᠰᠠᠭ ᠤᠨ ᠣᠷᠳᠣᠨ ᠬᠤᠳᠠᠯᠳᠤᠨ ᠠᠪᠬᠤ ᠲᠥᠷᠥᠯ ᠤᠨ ᠮᠡᠳᠡᠭᠡ ᠵᠠᠩᠭᠢ 160 ᠵᠦᠢᠯ | ᠪᠠᠶᠢᠵᠤ᠂ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ᠂ ᠣᠯᠠᠨ ᠨᠡᠶᠢᠲᠡ ᠶᠢᠨ ᠡᠷᠢᠵᠦ ᠦᠵᠡᠬᠦ ᠲᠠᠯᠠᠪᠤᠷ ᠤᠨ | ᠰᠤᠷᠪᠤᠯᠵᠢᠯᠠᠭᠰᠠᠨ ᠲᠤᠭ᠎ᠠ 10 ᠭᠠᠷᠤᠢ ᠲᠦᠮᠡᠨ ᠤᠳᠠᠭ᠎ᠠ ᠳᠤ ᠬᠦᠷᠦᠭᠰᠡᠨ ᠪᠠᠶᠢᠨ᠎ᠠ᠃ ︽ᠬᠠᠰᠤᠬᠤ ᠶᠢ ᠨᠢ ᠵᠠᠪᠠᠯ | ᠬᠠᠰᠤᠵᠤ᠂ ᠳᠤᠷᠤᠭᠰᠢ ᠪᠠᠭᠤᠯᠭᠠᠬᠤ ᠶᠢ ᠨᠢ ᠵᠠᠪᠠᠯ ᠳᠣᠷᠣᠭᠰᠢ ᠪᠠᠭᠤᠯᠭᠠᠬᠤ︾ ᠵᠠᠷᠴᠢᠮ ᠤᠨ ᠶᠤᠰᠤᠭᠠᠷ᠂ ᠪᠦᠬᠦ | ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠲᠠᠰᠤᠷᠠᠯᠲᠠ ᠦᠭᠡᠶ ᠵᠢᠷᠤᠮᠵᠢᠭᠤᠯᠤᠨ᠂ | ᠬᠦᠴᠦᠨ ᠦᠭᠡᠶ ᠪᠣᠯᠭᠠᠬᠤ᠂ ᠨᠡᠶᠢᠯᠡᠭᠦᠯᠬᠦ᠂ ᠳᠤᠷᠤᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠪᠠᠨ ᠲᠦᠷ | ᠵᠣᠭᠰᠤᠭᠠᠬᠤ᠂ ᠦᠢᠯᠡᠴᠢᠯᠡᠭᠡᠨ ᠤ ᠵᠦᠢᠯᠡᠰ ᠢ ᠪᠣᠯᠭᠠᠨ ᠬᠤᠪᠢᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠤᠤᠯ ᠤᠨ 307 ᠵᠦᠢᠯ ᠠᠴᠠ ᠨᠢ 85 ᠵᠦᠢᠯ ᠪᠣᠯᠭᠠᠨ | ᠪᠠᠭᠠᠰᠬᠠᠵᠤ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠡᠭᠦᠷᠭᠡᠯᠡᠵᠦ ᠪᠠᠶᠢᠭᠰᠠᠨ ᠰᠠᠯᠠᠭ᠎ᠠ ᠮᠥᠴᠢᠷ ᠤᠤᠯ ᠤᠨ 35 | ᠪᠠᠶᠢᠭᠰᠠᠨ ᠠᠴᠠ ᠨᠢ 27 ᠪᠣᠯᠲᠠᠯ᠎ᠠ ᠪᠠᠭᠠᠰᠬᠠᠭᠰᠠᠨ ᠤ ᠬᠠᠮᠲᠤ 2356 ᠵᠦᠢᠯ ᠡᠷᠬᠡ ᠶᠢᠨ ᠨᠠᠷᠢᠨ ᠳᠠᠩᠰᠠ ᠶᠢ ᠪᠦᠬᠦ | ᠨᠡᠶᠢᠭᠡᠮ ᠳᠤ ᠨᠡᠶᠢᠲᠡᠯᠡᠪᠡ᠃ 2014 ᠣᠨ ᠤ 3 ᠳ᠋ᠤᠭᠠᠷ ᠰᠠᠷ᠎ᠠ ᠶᠢᠨ 28 ᠤ ᠡᠳᠦᠷ᠂ ᠯᠢ ᠺᠧ ᠴᠢᠶᠠᠩ ᠶᠡᠷᠦᠩᠬᠡᠶ | ᠰᠠᠶᠢᠳ ᠣᠩᠨᠢᠭᠤᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠪᠠᠶᠢᠴᠠᠭᠠᠨ | ᠦᠵᠡᠬᠦ ᠳᠡᠭᠡᠨ᠂ ᠣᠩᠨᠢᠭᠤᠳ ᠬᠤᠰᠢᠭᠤᠨ ᠤ ᠵᠠᠰᠠᠭ ᠢ ᠴᠤᠮᠬᠠᠳᠬᠠᠨ ᠡᠷᠬᠡ ᠶᠢ ᠳᠣᠷᠣᠭᠰᠢ ᠪᠠᠭᠤᠯᠭᠠᠭᠰᠠᠨ ᠠᠵᠢᠯ ᠢ | ᠭᠦᠢᠴᠡᠳ ᠨᠣᠲᠠᠯᠠᠵᠠᠢ᠃ ᠡᠭᠦᠨ ᠠᠴᠠ ᠭᠠᠳᠠᠨ᠎ᠠ᠂ ᠣᠩᠨᠢᠭᠤᠳ ᠬᠤᠰᠢᠭᠤᠨ ᠤ ᠭᠠᠵᠠᠷ ᠨᠤᠲᠤᠭ ᠦᠷᠭᠡᠨ ᠠᠭᠤᠳᠠᠮ | ᠬᠥᠮᠦᠨ ᠠᠮᠠ ᠴᠥᠭᠡᠨ ᠪᠠᠶᠢᠭ᠎ᠠ ᠪᠣᠳᠠᠲᠠᠶ ᠪᠠᠶᠢᠳᠠᠯ ᠢ ᠦᠨᠳᠦᠰᠦᠯᠡᠨ᠂ ᠣᠯᠠᠨ ᠲᠦᠮᠡᠨ ᠣᠶᠢᠷ᠎ᠠ ᠬᠠᠪᠢ ᠳᠠᠭᠠᠨ | ᠠᠵᠢᠯ ᠶᠠᠪᠤᠳᠠᠯ ᠭᠦᠢᠴᠡᠳᠬᠡᠬᠦ ᠳᠤ ᠳᠦᠭᠦᠮ ᠪᠣᠯᠭᠠᠬᠤ ᠶᠢᠨ ᠲᠤᠰᠠᠳᠠ᠂ ᠤᠷᠢᠳ ᠬᠤᠵᠢᠳ ᠰᠣᠮᠣ ᠶᠢᠨ ᠱᠠᠲᠤᠨ ᠤ | ᠠᠷᠠᠳ ᠲᠤ ᠳᠥᠭᠦᠮ ᠦᠵᠡᠭᠦᠯᠬᠦ 13 ᠦᠢᠯᠡᠴᠢᠯᠡᠭᠡᠨ ᠤ ᠲᠥᠪ᠂ ᠭᠠᠴᠠᠭᠠᠨ ᠤ ᠱᠠᠲᠤᠨ ᠤ ᠣᠯᠠᠨ ᠲᠦᠮᠡᠨ ᠳᠤ | ᠳᠥᠭᠦᠮ ᠦᠵᠡᠭᠦᠯᠬᠦ 160 ᠦᠢᠯᠡᠴᠢᠯᠡᠬᠦ ᠴᠢᠭ᠋ ᠪᠠᠶᠢᠭᠤᠯᠵᠤ᠂ ︽ᠬᠦᠨᠳᠡᠯᠡᠨ ᠭᠤᠯᠳᠤ ᠨᠡᠶᠢᠳᠡᠮ ᠳᠤᠨᠢ | ᠬᠠᠮᠤᠷᠤᠭᠰᠠᠨ︾ ᠲᠣᠣᠷᠴᠢᠯᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠡᠶᠡᠯᠡᠭᠦᠯᠵᠦ᠂ ᠣᠯᠠᠨ ᠲᠦᠮᠡᠨ | ᠠᠵᠢᠯ ᠶᠠᠪᠤᠳᠠᠯ ᠰᠢᠢᠳᠪᠦᠷᠢᠯᠡᠬᠦ ᠳᠤ ᠳᠤᠮᠳᠠᠴᠢ ᠪᠠᠷ 50% ᠠᠴᠠ ᠳᠡᠭᠡᠭᠰᠢᠬᠢ ᠴᠠᠭ ᠠᠷᠪᠢᠯᠠᠵᠤ᠂ ᠠᠵᠢᠯ ᠶᠠᠪᠤᠳᠠᠯ | ᠰᠢᠢᠳᠪᠦᠷᠢᠯᠡᠬᠦ ᠵᠠᠮ ᠤᠨ ᠥᠪᠡᠷ ᠤᠨ ᠥᠷᠲᠡᠭ ᠢ 80% ᠣᠷᠴᠢᠮ ᠠᠷᠪᠢᠯᠠᠵᠠᠢ᠃ | ᠠᠤᠬᠠᠨ ᠬᠤᠰᠢᠭᠤ ᠪᠣᠯ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠲᠡᠷᠢᠭᠦᠨ ᠤ | ᠨᠢᠭᠡᠴᠡ᠂ ᠪᠦᠬᠦ ᠤᠯᠤᠰ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠵᠢᠱᠢᠶ᠎ᠡ ᠦᠵᠡᠭᠦᠯᠬᠦ ᠴᠢᠭ᠋ ᠪᠠᠶᠢᠵᠤ᠂ ᠣᠯᠠᠨ | ᠵᠢᠯ ᠤᠨ ᠲᠤᠷᠰᠢ ᠪᠣᠳᠠᠲᠠᠶ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠳᠤᠮᠳᠠ᠂ ᠭᠤᠣᠯᠳᠠᠯᠭ᠎ᠠ ᠶᠢ | ᠳᠣᠪᠤᠶᠢᠯᠭᠠᠨ᠂ ᠳᠦᠷᠢᠮ ᠤᠨ ᠪᠠᠲᠤᠯᠠᠭ᠎ᠠ ᠲᠠᠢ ᠲᠠᠪᠴᠠᠩ ᠤᠨ ᠵᠠᠰᠠᠭ ᠵᠠᠬᠢᠷᠭᠠᠨ ᠤ ᠦᠢᠯᠡᠴᠢᠯᠡᠭᠡᠨ ᠤ ᠲᠥᠪ | ᠪᠠᠶᠢᠭᠤᠯᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠵᠢᠷᠤᠮᠵᠢᠭᠤᠯᠤᠨ᠂ ᠬᠠᠤᠯᠢ ᠶᠣᠰᠣᠭᠠᠷ ᠢᠯᠡ ᠪᠣᠯᠭᠠᠬᠤ ᠶᠢ | ᠴᠢᠩᠳᠠᠯᠠᠵᠤ᠂ ᠠᠷᠠᠳ ᠲᠤ ᠳᠥᠭᠦᠮ ᠦᠵᠡᠭᠦᠯᠦᠨ ᠠᠷᠠᠳ ᠲᠤ ᠠᠰᠢᠭ ᠬᠦᠷᠲᠡᠭᠡᠬᠦ ᠣᠷᠴᠢᠨ ᠲᠣᠭᠤᠷᠢᠨ ᠢ | ᠰᠢᠯᠢᠳᠡᠭᠵᠢᠭᠦᠯᠵᠦ᠂ ᠦᠢᠯᠡᠴᠢᠯᠡᠭᠡᠨ ᠤ ᠴᠣᠩᠬᠤ ᠶᠢᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠦᠨᠡᠨᠴᠢ | ᠢᠲᠡᠭᠡᠮᠵᠢᠲᠡᠶ᠂ ᠵᠢᠷᠤᠮᠵᠢᠭᠰᠠᠨ᠂ ᠠᠷᠢᠭᠤᠨ ᠴᠢᠬᠡᠴᠢ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠭᠡᠨ ᠤ ᠠᠷᠭ᠎ᠠ | ᠬᠡᠮᠵᠢᠶ᠎ᠡ ᠪᠠᠷ ᠰᠢᠨ᠎ᠡ ᠬᠡᠪ ᠪᠠᠶᠢᠳᠠᠯ ᠢ ᠪᠣᠢ ᠪᠣᠯᠭᠠᠵᠤ᠂ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠤᠭᠰᠠᠨ | ᠪᠠᠶᠢᠨ᠎ᠠ᠃ ᠨᠢᠭᠡ ᠳᠤ ᠬᠠᠲᠠᠭᠤ ᠵᠥᠭᠡᠯᠡᠨ ᠬᠡᠷᠡᠭᠰᠡᠯ ᠤᠨ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠨ᠂ ᠰᠠᠭᠤᠷᠢ | ᠪᠡᠯᠡᠳᠬᠡᠮᠵᠢ ᠶᠢᠨ ᠲᠠᠯ᠎ᠠ ᠶᠢᠨ ᠬᠥᠮᠥᠡᠯᠢᠭ ᠴᠢᠨᠠᠷ ᠢ ᠪᠡᠶᠡᠯᠡᠭᠦᠯᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠢᠰᠲ᠋ᠧᠮ᠂ ᠡᠯᠧᠺᠲᠷᠣᠨ ᠬᠢᠨᠠᠨ ᠪᠠᠶᠢᠴᠠᠭᠠᠬᠤ ᠰᠢᠰᠲ᠋ᠧᠮ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠦᠯᠵᠢᠶᠡᠨ ᠤ ᠰᠢᠰᠲ᠋ᠧᠮ᠂ ᠦᠨᠡᠯᠡᠯᠲᠡ ᠢᠶᠠᠷ ᠰᠢᠰᠲ᠋ᠧᠮ ᠵᠡᠷᠭᠡ ᠢᠨᠵᠧᠨᠧᠷᠢᠩ ᠢ ᠪᠠᠶᠢᠭᠤᠯᠵᠤ᠂ ᠮᠡᠳᠡᠭᠡ | ᠵᠠᠩᠭᠢᠴᠢᠯᠠᠭᠰᠠᠨ ᠦᠢᠯᠡᠴᠢᠯᠡᠭᠡ ᠶᠢ ᠣᠷᠣᠨ ᠪᠠᠶᠢᠷᠢ ᠳᠤᠨᠢ ᠬᠦᠷᠦᠭᠦᠯᠪᠡ︔ 2 ᠲᠦᠮᠡᠨ ︽ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠭᠯᠡᠭᠦᠷ︾ ᠤᠨ ᠭᠠᠷ ᠳᠡᠪᠲᠡᠷ ᠳᠠᠷᠤᠮᠠᠯᠯᠠᠨ᠂ ᠪᠦᠬᠦ ᠬᠤᠰᠢᠭᠤᠨ ᠤ ᠰᠤᠮᠤ᠂ ᠭᠠᠴᠠᠭ᠎ᠠ᠂ | ᠳᠤᠭᠤᠶᠢᠯᠠᠩ᠂ ᠠᠵᠤ ᠠᠬᠤᠶᠢᠯᠠᠯ ᠪᠣᠯᠣᠨ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ | ᠬᠦᠷᠲᠡᠯ᠎ᠡ ᠲᠠᠷᠬᠠᠭᠠᠵᠤ᠂ ᠦᠢᠯᠡᠴᠢᠯᠡᠭᠡᠨ ᠤ ᠴᠣᠩᠬᠤ ᠵᠢᠯ ᠪᠦᠷᠢ ᠨᠢᠭᠡ ᠤᠳᠠᠭ᠎ᠠ ᠶᠢᠨ ᠴᠢᠨᠠᠷᠲᠠᠢ ᠮᠡᠳᠡᠭᠳᠡᠬᠦ | ᠪᠢᠴᠢᠭ ᠢ ᠲᠦᠮᠡ ᠰᠢᠬᠠᠮ ᠬᠤᠪᠢ ᠲᠠᠷᠬᠠᠭᠠᠵᠤ ᠪᠤᠢ︔ ᠠᠤᠬᠠᠨ ᠬᠤᠰᠢᠭᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠰᠦᠯᠵᠢᠶ᠎ᠡ ᠶᠢ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ | ᠯᠦᠭᠡ ᠪᠦᠬᠦ ᠱᠤᠭᠤᠮ ᠢᠶᠠᠷ ᠴᠦᠷᠬᠡᠯᠡᠵᠦ᠂ ᠰᠦᠯᠵᠢᠶᠡᠨ ᠳᠡᠭᠡᠷ᠎ᠡ ᠤᠷᠢᠳᠴᠢᠯᠠᠨ ᠬᠢᠨᠠᠬᠤ᠂ ᠭᠦᠢᠴᠡᠳᠬᠡᠭᠰᠡᠨ | ᠵᠦᠢᠯ ᠢ ᠠᠰᠠᠭᠤᠨ ᠯᠠᠪᠯᠠᠬᠤ᠂ ᠬᠢᠨᠠᠨ ᠵᠥᠪᠰᠢᠶᠡᠷᠡᠯ ᠤᠨ ᠬᠦᠳᠡᠯᠦᠩᠭᠦᠢ ᠪᠠᠶᠢᠳᠠᠯ᠂ ᠰᠦᠯᠵᠢᠶᠡᠨ ᠳᠡᠭᠡᠷ᠎ᠡ ᠵᠥᠪᠯᠡᠯᠭᠡ | ᠠᠪᠤᠨ ᠵᠠᠭᠠᠯᠳᠤᠯᠭ᠎ᠠ ᠬᠢᠬᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠬᠡᠮᠵᠢᠬᠦ᠂ ᠣᠯᠠᠨ | ᠲᠦᠮᠡᠨ ᠳᠤ ᠳᠥᠭᠦᠮ ᠦᠵᠡᠭᠦᠯᠬᠦ ᠦᠢᠯᠡᠴᠢᠯᠡᠭᠡ ᠶᠢ ᠡᠷᠢᠨ ᠯᠠᠪᠯᠠᠬᠤ᠂ ᠮᠡᠳᠡᠭᠡ ᠵᠠᠩᠭᠢ ᠨᠡᠶᠢᠲᠡᠯᠡᠬᠦ ᠪᠠ ᠮᠡᠳᠡᠭᠡ | ᠵᠠᠩᠭᠢ ᠶᠢ ᠢᠯᠡ ᠪᠣᠯᠭᠠᠬᠤ ᠵᠡᠷᠭᠡ ᠴᠢᠳᠠᠮᠵᠢ ᠶᠢ ᠪᠡᠶᠡᠯᠡᠭᠦᠯᠪᠡ᠃ ᠬᠤᠶᠠᠷ ᠲᠤ ᠴᠢᠭ᠋ ᠱᠤᠭᠤᠮ ᠲᠠᠯ᠎ᠠ ᠶᠢᠨ | ᠦᠢᠯᠡᠴᠢᠯᠡᠭᠡ ᠶᠢ ᠳᠣᠪᠣᠶᠢᠯᠭᠠᠨ᠂ ᠵᠠᠰᠠᠭ ᠤᠨ ᠶᠠᠪᠤᠳᠠᠯ ᠤᠨ ᠬᠢᠨᠠᠨ ᠵᠥᠪᠰᠢᠶᠡᠷᠡᠯ ᠢ ᠴᠢᠨᠠᠷ ᠰᠠᠶᠢᠲᠠᠢ ᠪᠣᠯᠭᠠᠬᠤ ᠶᠢ | ᠪᠡᠶᠡᠯᠡᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ᠂ ᠠᠤᠬᠠᠨ ᠬᠤᠰᠢᠭᠤ ᠴᠤᠪᠤᠷᠠᠯ ᠢ ᠰᠢᠯᠢᠳᠡᠭᠵᠢᠬᠦᠯᠬᠦ᠂ | ᠳᠡᠰ ᠳᠠᠷᠠᠭᠠᠯᠠᠯ ᠢ ᠳᠦᠭᠦᠮᠴᠢᠯᠡᠬᠦ᠂ ᠬᠤᠭᠤᠴᠠᠭ᠎ᠠ ᠬᠢᠵᠠᠭᠠᠷ ᠢ ᠪᠣᠭᠤᠨᠢᠰᠬᠠᠬᠤ ᠲᠠᠯ᠎ᠠ ᠪᠠᠷ ᠬᠦᠴᠦᠯᠡᠵᠦ᠂ ᠠᠷᠠᠳ ᠲᠤ | ᠳᠥᠭᠦᠮ ᠦᠵᠡᠭᠦᠯᠵᠦ ᠠᠷᠠᠳ ᠲᠤ ᠲᠤᠰᠠ ᠬᠦᠷᠭᠡᠬᠦ ᠶᠢ ᠪᠡᠶᠡᠯᠡᠭᠦᠯᠦᠨ᠂ ᠭᠡᠷᠡᠴᠢ ᠦᠨᠡᠮᠯᠡᠯ ᠢ ︽ᠤᠷᠢᠳᠠᠪᠡᠷ ᠨᠡᠮᠡᠵᠦ | ᠬᠡᠪᠯᠡᠭᠦ︾ ᠳᠡᠰ ᠳᠠᠷᠠᠭᠠᠯᠠᠯ ᠢ ᠶᠠᠪᠤᠭᠤᠯᠵᠤ᠂ ᠬᠢᠨᠠᠨ ᠵᠥᠪᠰᠢᠶᠡᠷᠡᠬᠦ ᠨᠢᠭᠡᠴᠡ ᠤᠷᠢᠳᠠᠪᠠᠷ ᠲᠠᠮᠠᠭ᠎ᠠ ᠳᠠᠷᠤᠭᠰᠠᠨ | ᠭᠡᠷᠡᠴᠢ ᠦᠨᠡᠮᠯᠡᠯ ᠢ ᠦᠢᠯᠡᠴᠢᠯᠡᠭᠡᠨ ᠤ ᠴᠣᠩᠬᠤᠨ ᠳᠤ ᠬᠠᠳᠠᠭᠠᠯᠠᠨ ᠲᠠᠯᠪᠢᠵᠤ᠂ ︽ᠬᠢᠨᠠᠵᠤ ᠬᠠᠷᠭᠤᠭᠤᠯᠬᠤ︾ ᠪᠠᠷ | ᠳᠠᠮᠵᠢᠭᠠᠳ ᠬᠢᠨᠠᠨ ᠵᠥᠪᠰᠢᠶᠡᠷᠡᠬᠦ ᠱᠠᠭᠠᠷᠳᠠᠯᠭ᠎ᠠ ᠲᠠᠢ ᠨᠡᠶᠢᠴᠡᠵᠦ ᠪᠠᠶᠢᠪᠠᠯ᠂ ᠠᠵᠢᠯ ᠶᠠᠪᠤᠳᠠᠯ ᠰᠢᠢᠳᠪᠦᠷᠢᠯᠡᠬᠦ ᠣᠯᠠᠨ | ᠲᠦᠮᠡᠨ ᠡᠯ᠎ᠡ ᠲᠥᠷᠥᠯ ᠤᠨ ᠡᠵᠡᠩᠨᠡᠯᠲᠡ ᠶᠢᠨ ᠦᠨᠡᠮᠯᠡᠯ ᠢ ᠰᠢᠭᠤᠳ ᠠᠪᠴᠤ ᠪᠣᠯᠤᠨ᠎ᠠ᠃ ᠭᠤᠷᠪᠠ ᠳᠤ ᠬᠠᠮᠢᠶᠠᠷᠬᠤ | ᠬᠢᠨᠠᠵᠤ ᠡᠵᠡᠮᠳᠡᠬᠦ ᠵᠠᠭᠪᠤᠷ ᠤᠨ ᠰᠢᠨ᠎ᠡ ᠶᠢ ᠡᠭᠦᠳᠴᠦ᠂ ᠬᠢᠵᠦ ᠠᠵᠢᠯᠯᠠᠭᠤᠯᠬᠤ ᠶᠢᠨ ᠵᠢᠷᠤᠮᠵᠢᠭᠤᠯᠤᠯᠲᠠ ᠶᠢ | ᠪᠡᠶᠡᠯᠡᠭᠦᠯᠪᠡ᠃ ᠬᠠᠮᠢᠶᠠᠷᠤᠯᠲᠠ ᠶᠢᠨ ᠪᠠᠶᠢᠭᠤᠯᠤᠯ᠂ ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠶ ᠬᠠᠯᠠᠨ ᠰᠠᠶᠢᠵᠢᠷᠠᠭᠤᠯᠵᠤ᠂ ᠴᠣᠩᠬᠤᠪᠴᠢ | ᠦᠢᠯᠡᠴᠢᠯᠡᠭᠡᠨ ᠢ ᠵᠢᠷᠤᠮᠵᠢᠭᠤᠯᠪᠠ᠃ | ﹇ᠬᠥᠲᠥᠯᠥᠭᠴᠢ﹈᠄ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠶᠠᠮᠠᠷ | ᠶᠠᠮᠠᠷ ᠲᠡᠭᠦᠯᠳᠡᠷᠵᠢᠭᠦᠯᠬᠦ ᠴᠢᠬᠤᠯᠠᠲᠠᠢ ᠠᠵᠢᠯ ᠪᠠᠶᠢᠭ᠎ᠠ ᠪᠤᠶ︖ | ﹇ᠹᠧᠩ ᠯᠢ ᠰᠠᠨ﹈᠄ ᠮᠠᠨ ᠤ ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠵᠣᠬᠢᠬᠤ | ᠠᠮᠵᠢᠯᠲᠠ ᠣᠯᠪᠠ᠂ ᠭᠡᠪᠡᠴᠦ ᠪᠤᠳᠠᠲᠠᠢ ᠠᠵᠢᠯ ᠤᠨ ᠳᠤᠮᠳᠠ ᠪᠠᠰᠠ ᠠᠰᠠᠭᠤᠳᠠᠯ ᠤᠳ ᠣᠷᠣᠰᠢᠵᠤ ᠪᠤᠢ᠂ ᠭᠤᠣᠯ | ᠢᠯᠡᠷᠡᠯ ᠨᠢ ᠭᠡᠪᠡᠯ᠄ ᠨᠢᠭᠡ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠦᠷᠨᠢᠯᠲᠡ ᠨᠢ ᠲᠡᠩᠴᠡᠭᠦᠷᠢ | ᠦᠭᠡᠶ᠂ ᠲᠦᠷᠦᠭᠦᠯᠡᠬᠦ ᠰᠠᠯᠠᠭ᠎ᠠ ᠮᠥᠴᠢᠷ ᠬᠢᠭᠡᠳ ᠬᠠᠮᠵᠢᠯᠴᠠᠬᠤ ᠰᠠᠯᠠᠭ᠎ᠠ ᠮᠥᠴᠢᠷ᠂ ᠲᠦᠷᠦᠭᠦᠯᠡᠬᠦ ᠰᠠᠯᠠᠭ᠎ᠠ | ᠮᠥᠴᠢᠷ ᠬᠢᠭᠡᠳ ᠦᠨᠳᠦᠰᠦᠨ ᠱᠠᠲᠤᠨ ᠤ ᠨᠢᠭᠡᠴᠡ ᠶᠢᠨ ᠬᠤᠭᠤᠷᠣᠨᠳᠣᠬᠢ ᠬᠠᠮᠵᠢᠯᠴᠠᠨ ᠵᠣᠬᠢᠴᠠᠭᠤᠯᠬᠤ ᠶᠢ | ᠴᠢᠩᠭᠠᠳᠬᠠᠬᠤ ᠴᠢᠬᠤᠯᠠᠲᠠᠶ ᠪᠠᠶᠢᠨ᠎ᠠ︔ ᠬᠤᠶᠠᠷ ᠲᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠢ ᠪᠠᠶᠢᠨ᠎ᠠ᠃ ᠡᠯ᠎ᠡ ᠭᠠᠵᠠᠷ ᠣᠷᠣᠨ ᠪᠣᠯᠤᠨ ᠰᠠᠯᠠᠭ᠎ᠠ | ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠡᠭᠦᠷᠭᠡᠯᠡᠵᠦ ᠪᠠᠶᠢᠭ᠎ᠠ ᠬᠥᠮᠦᠰ ᠤᠨ ᠣᠯᠠᠩᠬᠢ ᠨᠢ | ᠲᠤᠰᠢᠶᠠᠯ ᠬᠠᠪᠰᠤᠷᠭᠠᠵᠤ᠂ ᠠᠵᠢᠯᠲᠠᠨ ᠨᠢ ᠦᠷᠭᠦᠯᠵᠢ ᠬᠤᠪᠢᠷᠠᠨ᠂ ᠠᠵᠢᠯ ᠦᠷᠨᠢᠭᠦᠯᠬᠦ ᠳᠤ ᠵᠣᠬᠢᠬᠤ ᠬᠦᠴᠢᠷᠳᠡᠯ | ᠣᠷᠣᠰᠢᠵᠤ ᠪᠠᠶᠢᠨ᠎ᠠ︔ ᠭᠤᠷᠪᠠ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠳᠠᠬᠢ ᠬᠢᠨᠠᠯᠲᠠ ᠲᠠᠯᠪᠢᠵᠤ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠬᠦ ᠴᠢᠬᠤᠯᠠᠲᠠᠢ ᠪᠠᠶᠢᠵᠤ᠂ ᠰᠢᠯᠭᠠᠨ ᠬᠢᠨᠠᠵᠤ ᠦᠨᠡᠯᠡᠯᠲᠡ ᠬᠢᠬᠦ | ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠬᠦ ᠴᠢᠬᠤᠯᠠᠲᠠᠢ ᠪᠠᠶᠢᠨ᠎ᠠ︔ ᠳᠥᠷᠪᠡ ᠳᠤ ᠭᠤᠶᠤᠴᠢᠯᠠᠯ | ᠶᠣᠰᠣᠭᠠᠷ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠴᠢᠬᠤᠯᠠᠲᠠᠶ ᠪᠠᠶᠢᠨ᠎ᠠ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠲᠠ ᠭᠤᠣᠯᠳᠠᠯᠭ᠎ᠠ ᠲᠠᠢ ᠬᠦᠷᠢᠶᠡᠨ ᠤ ᠮᠡᠳᠡᠭᠡ ᠵᠠᠩᠭᠢ ᠶᠢ ᠢᠯᠡ | ᠪᠣᠯᠭᠠᠬᠤ ᠶᠢ ᠴᠢᠩᠭᠠᠳᠬᠠᠬᠤ᠂ ᠭᠤᠶᠤᠴᠢᠯᠠᠯ ᠶᠣᠰᠣᠭᠠᠷ ᠢᠯᠡ ᠪᠣᠯᠭᠠᠬᠤ ᠶᠢ ᠰᠠᠶᠢᠲᠤᠷ ᠬᠢᠬᠦ᠂ ᠵᠠᠰᠠᠭ ᠤᠨ | ᠶᠠᠪᠤᠳᠠᠯ ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠵᠢᠴᠢ ᠳᠦᠷᠢᠮ ᠤᠨ ᠪᠠᠶᠢᠭᠤᠯᠤᠯᠲᠠ | ᠪᠣᠯᠣᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠠᠴᠠ ᠪᠦᠬᠦ ᠬᠤᠲᠠ ᠶᠢᠨ ᠵᠠᠰᠠᠭ ᠤᠨ | ᠶᠠᠪᠤᠳᠠᠯ ᠢ ᠢᠯᠡ ᠪᠣᠯᠭᠠᠬᠤ ᠠᠵᠢᠯ ᠢ ᠳᠥᠯᠭᠢᠨ ᠠᠬᠢᠭᠤᠯᠵᠤ᠂ ᠳᠠᠬᠢᠨ ᠰᠢᠨ᠎ᠡ ᠳᠡᠭᠲᠡᠷ ᠲᠤ ᠭᠠᠷᠭᠠᠬᠤ ᠪᠣᠯᠣᠨ᠎ᠠ᠃ | ﹇ᠬᠥᠲᠥᠯᠥᠭᠴᠢ﹈᠄ ᠹᠧᠩ ᠡᠷᠬᠢᠯᠡᠭᠴᠢ ᠶᠢᠨ ᠲᠠᠨᠢᠯᠴᠠᠭᠤᠯᠭ᠎ᠠ ᠪᠠᠷ ᠳᠠᠮᠵᠢᠭᠠᠳ᠂ ᠪᠢᠳᠠ ᠤᠯᠠᠭᠠᠨᠬᠠᠳᠠ | ᠬᠤᠲᠠ ᠶᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠳᠤ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠵᠤ᠂ | ᠪᠠᠰᠠ ᠤᠯᠠᠭᠠᠨᠬᠠᠳᠠ ᠬᠤᠲᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ | ᠦᠭᠡᠶ ᠳᠡᠭᠡᠭᠰᠢᠯᠡᠭᠦᠯᠬᠦ ᠶᠢᠨ ᠲᠣᠭᠤᠷᠢᠨ ᠳᠤ᠂ ᠣᠯᠠᠨ ᠲᠦᠮᠡᠨ ᠳᠤ ᠴᠠᠭ ᠲᠤᠬᠠᠶ ᠳᠤᠨᠢ᠂ ᠳᠥᠭᠦᠮ ᠳᠦᠳᠡ᠂ | ᠣᠨᠣᠪᠴᠢᠲᠠᠶ ᠦᠢᠯᠡᠴᠢᠯᠡᠭᠡ ᠶᠢ ᠦᠨᠡᠨᠬᠦ ᠬᠠᠩᠭᠠᠵᠤ᠂ ᠦᠨᠡᠨᠬᠦ ᠠᠷᠠᠳ ᠲᠤ ᠳᠣᠲᠣᠨᠣ ᠪᠠᠶᠢᠬᠤ᠂ ᠠᠷᠠᠳ ᠲᠤ | ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠭᠰᠡᠨ ᠢ ᠣᠯᠵᠣ ᠬᠠᠷᠠᠯ᠎ᠠ᠃ ᠹᠧᠩ ᠡᠷᠬᠢᠯᠡᠭᠴᠢ ᠶᠢᠨ ᠬᠠᠯᠠᠰᠢᠷᠠᠯ | ᠦᠭᠡᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠮᠦᠨᠴᠦ ᠰᠦᠯᠵᠢᠶᠡᠨ ᠠᠨᠳᠠ ᠨᠠᠷ ᠤᠨ ᠬᠦᠯᠢᠶᠡᠨ ᠠᠪᠴᠤ | ᠦᠵᠡᠭᠰᠡᠨ ᠳᠤ ᠲᠠᠯᠠᠷᠬᠠᠵᠤ ᠪᠠᠶᠢᠨ᠎ᠠ᠃ ᠴᠠᠭ ᠤᠨ ᠬᠠᠷᠠᠭ᠎ᠠ ᠪᠠᠷ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠲᠡᠭᠦᠰᠦᠯ᠎ᠡ᠂ ᠳᠠᠷᠠᠭᠠᠴᠢ ᠶᠢᠨ ᠫᠷᠦᠭᠷᠠᠮ ᠳᠤ ᠪᠠᠶᠠᠷᠲᠠᠶ ᠵᠣᠯᠭᠠᠶ᠎ᠠ︕ | |