ᠬᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠬᠠᠥᠯᠢ ᠶᠢᠨ ᠲᠦᠰᠦᠯ ᠢ ᠠᠩᠬ᠎ᠠ ᠤᠳᠠᠭ᠎ᠠ ᠬᠢᠨᠠᠨ ᠵᠦᠪᠯᠡᠯ᠎ᠡ
ᠨᠡᠶᠢᠲᠡᠯᠡᠭᠰᠡᠨ ᠴᠠᠭ᠄
2015/9/1
       ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠵᠢᠷᠭᠤᠳᠤᠭᠠᠷ ᠣᠳᠠᠭᠠᠨ ᠤ ᠬᠤᠷᠠᠯ ᠠᠴᠠ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠬᠠᠥᠯᠢ ᠶᠢᠨ ᠲᠦᠰᠦᠯ︾ ᠢ 8 ᠰᠠᠷ᠎ᠠ ᠶᠢᠨ 27 ᠤ ᠡᠳᠦᠷ ᠲᠤᠭᠤᠶᠢᠯᠠᠩ ᠢᠶᠠᠷ ᠬᠢᠨᠠᠨ ᠵᠦᠪᠯᠡᠵᠡᠢ᠂ ᠠᠶᠦᠯᠭᠠᠨ ᠰᠦᠷᠳᠡᠭᠦᠯᠬᠦ᠂ ᠬᠦᠴᠦᠨᠳᠡᠬᠦ ᠵᠡᠷᠭᠡ ᠬᠦᠴᠦᠷᠭᠡᠭᠯᠡᠯ ᠤᠨ ᠬᠡᠯᠪᠡᠷᠢ ᠶᠢ ᠬᠡᠷ ᠪᠦᠯᠢ ᠶᠢᠨ ᠬᠦᠴᠦᠷᠭᠡᠭᠯᠡᠯ ᠤᠨ ᠬᠡᠪᠴᠢᠶᠡᠨ ᠳᠤ ᠤᠷᠤᠭᠤᠯᠬᠤ ᠡᠰᠡᠬᠦ ᠨᠢ ᠬᠠᠯᠠᠮᠰᠢᠯ ᠠᠰᠠᠭᠤᠳᠠᠯ ᠪᠤᠯᠤᠬᠰᠠᠨ ᠪᠠᠶᠢᠨ᠎ᠠ᠃ ᠡᠶᠢᠮᠦ ᠬᠦᠴᠦᠷᠭᠡᠭᠯᠡᠯ ᠤᠨ ᠠᠵᠢᠯᠯᠠᠭ᠎ᠠ ᠶᠢ ᠬᠡᠷ ᠪᠦᠯᠢ ᠶᠢᠨ ᠬᠦᠴᠦᠷᠭᠡᠭᠯᠡᠯ ᠤᠨ ᠬᠡᠪᠴᠢᠶᠡᠨ ᠳᠤ ᠤᠷᠤᠭᠤᠯᠬᠤ ᠶᠢ ᠪᠠᠶᠢᠩᠭᠤ ᠶᠢᠨ ᠬᠤᠷᠢᠶᠠᠨ ᠤ ᠤᠯᠠᠩᠭᠢ ᠪᠦᠷᠢᠯᠳᠦᠭᠦᠨ ᠪᠠ ᠰᠤᠯᠠ ᠤᠷᠤᠯᠴᠠᠬᠰᠠᠨ ᠬᠦᠮᠦᠰ ᠰᠠᠨᠠᠭᠤᠯᠤᠬᠰᠠᠨ ᠪᠠᠶᠢᠨ᠎ᠠ᠃ ᠲᠡᠳᠡ ᠦᠵᠡᠬᠦ ᠳᠡᠭᠡᠨ᠂ ᠡᠬᠦᠨ ᠢ ᠬᠡᠷ ᠪᠦᠯᠢ ᠶᠢᠨ ᠬᠦᠴᠦᠷᠭᠡᠯᠡᠯ ᠢ ᠡᠰᠡᠷᠭᠦᠴᠡᠬᠦ ᠬᠠᠥᠯᠢ ᠶᠢᠨ ᠲᠦᠰᠦᠯ ᠳᠤ ᠪᠠᠯᠠᠮᠠᠳ ᠬᠦᠴᠦᠷᠭᠡᠭᠯᠡᠯ ᠤᠨ ᠠᠵᠢᠯᠯᠠᠭ᠎ᠠ ᠪᠠᠷ ᠳᠤᠭᠳᠠᠭᠠᠭᠰᠠᠨ ᠪᠠᠶᠢᠨ᠎ᠠ᠃ ᠬᠡᠪᠡᠴᠦ ᠡᠭᠦᠨ ᠠᠴᠠ ᠭᠠᠳᠠᠨ᠎ᠠ ᠪᠠᠰᠠ ᠤᠶᠤᠨ ᠰᠠᠨᠠᠭᠠᠨ ᠤ ᠲᠠᠯ᠎ᠠ ᠶᠢᠨ ᠪᠤᠶᠤ ᠪᠤᠰᠤᠳ ᠬᠡᠯᠪᠡᠷᠢ ᠶᠢᠨ ᠬᠦᠴᠦᠷᠭᠡᠭᠯᠡᠯ ᠪᠠᠶᠢᠳᠠᠭ᠃ ᠲᠤᠬᠠᠶᠢᠯᠠᠪᠠᠯ ᠨᠠᠰᠤᠳᠠᠶᠢᠴᠤᠳ ᠢ ᠦᠯᠦᠰᠭᠡᠵᠦ ᠲᠠᠭᠠᠷᠠᠭᠤᠯᠬᠤ᠂ ᠬᠦᠴᠦᠨᠳᠡᠬᠦ᠂ ᠠᠶᠦᠯᠭᠠᠨ ᠰᠦᠷᠳᠡᠭᠦᠯᠬᠦ ᠵᠡᠷᠭᠡ ᠪᠤᠯᠤᠨ᠎ᠠ ᠭᠡᠵᠡᠢ᠃      ᠠᠩᠬ᠎ᠠ ᠤᠳᠠᠭ᠎ᠠ ᠬᠢᠨᠠᠨ ᠵᠦᠪᠯᠡᠭᠰᠡᠨ ᠬᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠬᠠᠥᠯᠢ ᠶᠢᠨ ᠲᠦᠰᠦᠯ  ᠨᠢ ᠪᠠᠰᠠ ᠭᠠᠳᠠᠭᠠᠳᠤ ᠶᠢᠨ ᠢᠷᠭᠡᠨ ᠤ ᠬᠡᠷᠡᠭ ᠤᠨ ᠬᠤᠪᠢ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠤᠨ ᠲᠦᠷᠢᠮ ᠢᠶᠠᠷ ᠯᠠᠪᠯᠠᠯᠳᠠ ᠪᠤᠯᠭᠠᠵᠦ᠂ ᠬᠤᠪᠢ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠤᠨ ᠲᠦᠷᠢᠮ ᠢ ᠠᠩᠬ᠎ᠠ ᠤᠳᠠᠭ᠎ᠠ ᠲᠤᠷᠠᠳᠤᠬᠰᠠᠨ ᠪᠠᠶᠢᠨ᠎ᠠ᠃ ᠬᠡᠷ ᠪᠦᠯᠢ ᠶᠢᠨ ᠬᠦᠴᠦᠷᠭᠡᠭᠯᠡᠯ ᠳᠤ ᠤᠴᠠᠷᠠᠪᠠᠯ ᠬᠤᠪᠢ ᠪᠡᠶ᠎ᠡ ᠶᠢᠨ ᠠᠮᠤᠷ ᠲᠦᠪᠰᠢᠨ ᠢ ᠬᠠᠮᠠᠭᠠᠯᠠᠬᠤ ᠵᠠᠷᠯᠢᠭ ᠢ ᠬᠠᠮᠤᠭ ᠤᠨ ᠤᠷᠳᠤ ᠳᠠᠭᠠᠨ 6 ᠰᠠᠷ᠎ᠠ ᠶᠢᠨ ᠬᠤᠭᠤᠴᠠᠭ᠎ᠠ ᠲᠠᠢ ᠭᠤᠶᠤᠴᠢᠯᠠᠵᠦ ᠪᠤᠯᠬᠤ ᠶᠤᠮ᠂ ᠡᠨᠡᠬᠦ ᠵᠠᠷᠯᠢᠭ ᠠᠴᠠ ᠵᠦᠷᠢᠴᠡᠪᠡᠯ ᠬᠠᠮᠤᠭ ᠤᠨ ᠤᠷᠳᠤ ᠳᠠᠭᠠᠨ 15 ᠬᠤᠨᠤᠭ ᠲᠦᠷ ᠬᠤᠷᠢᠬᠤ ᠶᠤᠮ ᠪᠠᠶᠢᠨ᠎ᠠ᠃  
 
ᠢᠷᠡᠯᠲᠡ᠄ ᠳᠤᠮᠳᠠᠳᠦ ᠤᠯᠤᠰ ᠤᠨ ᠮᠤᠩᠭᠤᠯ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号