ᠨᠠᠶᠢᠵᠠ ᠶᠢᠨ ᠬᠦᠷᠢᠶ᠎ᠡ ᠳᠤ ᠵᠠᠷ ᠲᠠᠮᠵᠢᠭᠤᠯᠤᠨ ᠲᠠᠷᠬᠠᠭᠠᠬᠤ ᠨᠢ ᠬᠠᠤᠯᠢ ᠶᠢ ᠵᠦᠷᠢᠴᠡᠬᠦ ᠤᠤ︖
ᠨᠡᠶᠢᠲᠡᠯᠡᠭᠰᠡᠨ ᠴᠠᠭ᠄
2015/9/16
       ᠭᠤᠤᠯ ᠠᠭᠤᠯᠭ᠎ᠠ᠄ ᠨᠠᠶᠢᠵᠠ ᠶᠢᠨ ᠬᠦᠷᠢᠶ᠎ᠡ ᠳᠤ ᠡᠯᠳᠡᠪ ᠵᠦᠢᠯ ᠤᠨ ᠵᠠᠷ ᠲᠠᠰᠤᠷᠠᠯᠳᠠ ᠦᠭᠡᠢ ᠨᠡᠶᠢᠳᠡᠯᠡᠭᠳᠡᠵᠤ᠂ ᠴᠦᠬᠡᠨ ᠪᠤᠰᠤ ᠬᠦᠮᠦᠰ ᠴᠦ ᠸᠢᠴᠠᠲ ᠨᠠᠶᠢᠵᠠ ᠶᠢᠨ ᠬᠦᠷᠢᠶ᠎ᠡ ᠳᠤ ᠵᠠᠷ ᠢ ᠲᠠᠮᠵᠢᠭᠤᠯᠤᠨ ᠲᠠᠷᠬᠠᠭᠠᠳᠠᠭ᠃ ᠨᠠᠶᠢᠵᠠ ᠶᠢᠨ ᠬᠦᠷᠢᠶ᠎ᠡ ᠳᠤ ᠵᠠᠷ ᠲᠠᠮᠵᠢᠭᠤᠯᠤᠨ ᠲᠠᠷᠬᠠᠭᠠᠬᠤ ᠨᠢ ᠬᠠᠤᠯᠢ ᠶᠢ ᠵᠦᠷᠢᠴᠡᠬᠦ ᠤᠤ︖ ᠬᠠᠮᠤᠭ ᠤᠨ ᠰᠢᠨ᠎ᠡ ᠵᠠᠷ ᠤᠨ ᠬᠠᠤᠯᠢ ᠨᠢ 9 ᠰᠠᠷ᠎ᠠ ᠶᠢᠨ 1᠎ ᠤ ᠡᠳᠤᠷ ᠠᠴᠠ ᠡᠬᠢᠯᠡᠨ ᠬᠡᠷᠡᠭᠵᠢᠬᠦᠯᠦᠭᠳᠡᠵᠠᠢ᠂ ᠰᠢᠨ᠎ᠡ ᠵᠠᠷ ᠤᠨ ᠬᠠᠤᠯᠢ ᠳᠤ᠂ ᠬᠤᠪᠢ ᠬᠦᠮᠦᠨ ᠵᠠᠷ ᠨᠡᠶᠢᠳᠡᠯᠡᠪᠠᠯ ᠵᠠᠷ ᠨᠡᠶᠢᠳᠡᠯᠡᠭᠴᠢ ᠳᠤ ᠲᠤᠭᠠᠴᠠᠭᠳᠠᠵᠤ᠂ ᠵᠠᠷ ᠤᠨ ᠬᠠᠤᠯᠢ ᠶᠢᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠯᠡᠨ᠎ᠡ ᠬᠡᠵᠠᠢ᠃ ᠰᠠᠨᠠᠭᠤᠯᠬᠤ ᠨᠢ᠂ ᠨᠠᠶᠢᠵᠠ ᠶᠢᠨ ᠬᠦᠷᠢᠶ᠎ᠡ ᠎ ᠳᠤ ᠵᠠᠷ ᠲᠠᠮᠵᠢᠭᠤᠯᠤᠨ ᠲᠠᠷᠬᠠᠭᠠᠬᠤ ᠳᠤ ᠪᠠᠨ᠂ ᠡᠷᠬᠡᠪᠰᠢ ᠵᠠᠷ ᠤᠨ ᠦᠨᠡᠨ ᠪᠤᠳᠠᠳᠤ ᠴᠢᠨᠠᠷ ᠢ ᠬᠢᠨᠠᠨ ᠬᠠᠷᠭᠤᠭᠤᠯᠵᠤ ᠂ ᠬᠡᠷᠡᠭᠯᠡᠭᠴᠢᠳ ᠢ ᠮᠡᠬᠡᠯᠡᠬᠦ᠂ ᠪᠤᠷᠤᠭᠤ ᠪᠠᠷ ᠬᠦᠳᠦᠯᠬᠦ ᠶᠢ ᠲᠡᠪᠴᠢᠬᠦ ᠬᠡᠷᠡᠭᠳᠠᠢ᠂ ᠡᠰᠡ ᠲᠡᠬᠡᠪᠡᠯ ᠬᠠᠤᠯᠢ ᠴᠠᠭᠠᠵᠠ ᠎ ᠶᠢᠨ ᠬᠠᠷᠢᠭᠤᠴᠠᠯᠭ᠎ᠠ ᠡᠬᠦᠷᠬᠡᠯᠡᠬᠦ ᠪᠤᠯᠤᠨ᠎ᠠ᠃      ᠰᠢᠨ᠎ᠡ ᠵᠠᠷ ᠤᠨ ᠬᠠᠤᠯᠢ ᠳᠤ ᠲᠤᠳᠤᠷᠬᠠᠢ ᠲᠤᠭᠳᠠᠭᠠᠭᠰᠠᠨ ᠨᠢ᠂ ᠵᠠᠷ ᠨᠡᠶᠢᠳᠡᠯᠡᠭᠴᠢ ᠬᠡᠵᠤ ᠵᠠᠷ ᠤᠨ ᠡᠵᠡᠨ ᠪᠤᠶᠤ ᠵᠠᠷ ᠤᠨ ᠡᠵᠡᠨ ᠤ ᠨᠡᠶᠢᠳᠠᠭᠰᠠᠨ ᠵᠠᠷ ᠡᠵᠡᠩᠨᠡᠭᠴᠢ ᠳᠤ ᠵᠠᠷ ᠨᠡᠶᠢᠳᠡᠯᠡᠵᠤ ᠦᠭᠳᠡᠭ ᠪᠠᠶᠢᠭᠠᠯᠢ ᠬᠦᠮᠦᠨ᠂ ᠬᠠᠤᠯᠢ ᠎ ᠶᠢᠨ ᠡᠷᠬᠡᠳᠡᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢ ᠵᠢᠭᠠᠨ᠎ᠠ᠃ ᠰᠢᠨ᠎ᠡ ᠲᠤᠭᠳᠠᠭᠠᠯ ᠢ ᠦᠨᠳᠤᠰᠤᠯᠠᠪᠠᠯ᠂ ᠬᠤᠪᠢ ᠬᠦᠮᠦᠨ ᠵᠠᠷ ᠨᠡᠶᠢᠳᠡᠯᠡᠪᠡᠯ ᠪᠠᠰᠠ ᠵᠠᠷ ᠨᠡᠶᠢᠳᠡᠯᠡᠭᠴᠢ ᠳᠤ ᠲᠤᠭᠠᠴᠠᠭᠳᠠᠵᠤ ᠪᠤᠯᠤᠨ᠎ᠠ᠃ ᠬᠡᠪᠡᠴᠤ ᠨᠠᠶᠢᠵᠠ ᠶᠢᠨ ᠬᠦᠷᠢᠶ᠎ᠡ ᠳᠤ ᠪᠤᠰᠤᠳ ᠤᠨ ᠵᠠᠷ ᠢ ᠲᠠᠮᠵᠢᠭᠤᠯᠤᠨ ᠲᠠᠷᠬᠠᠭᠠᠬᠤ ᠪᠤᠯ ᠨᠢᠬᠡ ᠵᠦᠢᠯ ᠤᠨ ᠵᠠᠷ ᠨᠡᠶᠢᠳᠡᠯᠡᠭᠰᠡᠨ ᠦᠢᠯᠡ ᠠᠵᠢᠯᠯᠠᠭ᠎ᠠ ᠮᠦᠨ ᠬᠡᠵᠤ ᠲᠤᠳᠤᠷᠬᠠᠢ ᠲᠤᠭᠳᠠᠭᠠᠭᠰᠠᠨ ᠪᠠᠶᠢᠨ᠎ᠠ᠃ ᠦᠬᠡᠷ᠎ᠡ ᠪᠠᠷ ᠬᠡᠯᠡᠪᠡᠯ᠂ ᠬᠤᠪᠢ ᠬᠦᠮᠦᠨ ᠸᠢᠴᠠᠲ ᠨᠠᠶᠢᠵᠠ ᠶᠢᠨ ᠬᠦᠷᠢᠶ᠎ᠡ ᠳᠤ ᠵᠠᠷ ᠨᠡᠶᠢᠳᠡᠯᠡᠬᠦ ᠳᠤ᠂ ᠦᠪᠡᠷ ᠢᠶᠠᠨ ᠨᠡᠶᠢᠳᠡᠯᠡᠭᠰᠡᠨ ᠴᠦ᠂ ᠪᠤᠰᠤᠳ ᠤᠨ ᠬᠢ ᠲᠠᠮᠵᠢᠭᠤᠯᠤᠨ ᠲᠠᠷᠬᠠᠭᠠᠭᠰᠠᠨ ᠴᠦ᠂ ᠦᠨ᠎ᠡ ᠲᠦᠯᠦᠪᠤᠷᠢ ᠲᠠᠢ ᠴᠦ᠂ ᠦᠨ᠎ᠡ ᠲᠦᠯᠦᠪᠤᠷᠢ ᠦᠭᠡᠢ ᠴᠦ ᠴᠦᠮ ᠵᠠᠷ ᠎ ᠤᠨ ᠬᠠᠤᠯᠢ ᠶᠢᠨ ᠲᠤᠬᠢᠷᠠᠭᠤᠯᠭ᠎ᠠ ᠬᠢᠵᠠᠭᠠᠷᠯᠠᠯ ᠢ ᠬᠦᠯᠢᠶᠡᠵᠤ᠂ ᠰᠢᠨ᠎ᠡ ᠵᠠᠷ ᠤᠨ ᠬᠠᠤᠯᠢ ᠶᠢᠨ ᠡᠯ᠎ᠡ ᠲᠦᠷᠦᠯ ᠤᠨ ᠲᠤᠭᠳᠠᠭᠠᠯ ᠢ ᠵᠢᠷᠤᠮᠯᠠᠬᠤ ᠬᠡᠷᠡᠭᠳᠠᠢ᠃      ᠨᠠᠶᠢᠵᠠ ᠶᠢᠨ ᠬᠦᠷᠢᠶ᠎ᠡ ᠳᠤ ᠵᠠᠷ ᠲᠠᠮᠵᠢᠭᠤᠯᠤᠨ ᠲᠠᠷᠬᠠᠭᠠᠬᠤ ᠨᠢ ᠬᠠᠤᠯᠢ ᠴᠠᠭᠠᠵᠠ ᠶᠢᠨ ᠶᠠᠮᠠᠷ ᠬᠠᠷᠢᠭᠤᠴᠠᠯᠭ᠎ᠠ ᠶᠢ ᠡᠬᠦᠷᠬᠡᠯᠡᠬᠦ ᠪᠤᠢ︖      ᠰᠢᠨ᠎ᠡ ᠵᠠᠷ ᠤᠨ ᠬᠠᠤᠯᠢ ᠶᠢᠨ ᠲᠦᠷᠪᠡᠳᠤᠬᠡᠷ ᠵᠤᠷᠪᠤᠰ ᠲᠤ ᠲᠤᠭᠳᠠᠭᠠᠭᠰᠠᠨ ᠨᠢ᠂ ᠵᠠᠷ ᠲᠤ ᠬᠤᠳᠠᠯ ᠬᠠᠭᠤᠷᠮᠠᠭ ᠪᠤᠶᠤ ᠪᠤᠰᠤᠳ ᠲᠤ ᠪᠤᠷᠤᠭᠤ ᠤᠶᠢᠯᠠᠭᠠᠯᠳᠠ ᠦᠭᠬᠦ ᠠᠭᠤᠯᠭ᠎ᠠ ᠪᠠᠶᠢᠵᠤ ᠪᠤᠯᠬᠤ ᠦᠭᠡᠢ᠂ ᠬᠡᠷᠡᠭᠯᠡᠭᠴᠢᠳ ᠎ ᠢ ᠮᠡᠬᠡᠯᠡᠵᠤ᠂ ᠪᠤᠷᠤᠭᠤ ᠪᠠᠷ ᠬᠦᠳᠦᠯᠵᠤ ᠪᠤᠯᠬᠤ ᠦᠭᠡᠢ᠃      ᠲᠠᠪᠢᠨ ᠵᠢᠷᠭᠤᠳᠤᠭᠠᠷ ᠵᠤᠷᠪᠤᠰ ᠲᠤ ᠲᠤᠭᠳᠠᠭᠠᠭᠰᠠᠨ ᠨᠢ᠂ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠤ᠂ ᠬᠤᠳᠠᠯ ᠬᠠᠭᠤᠷᠠᠮᠭ ᠵᠠᠷ ᠨᠡᠶᠢᠳᠡᠯᠡᠨ᠂ ᠬᠡᠷᠡᠭᠯᠡᠭᠴᠢᠳ ᠢ ᠮᠡᠬᠡᠯᠡᠨ᠂ ᠪᠤᠷᠤᠭᠤ ᠪᠠᠷ ᠬᠦᠳᠦᠯᠦᠨ᠂ ᠬᠤᠳᠠᠯᠳᠤᠨ ᠠᠪᠤᠭᠰᠠᠨ ᠲᠠᠸᠠᠷ ᠪᠤᠶᠤ ᠬᠦᠯᠢᠶᠡᠨ ᠠᠪᠤᠭᠰᠠᠨ ᠦᠢᠯᠡᠴᠢᠯᠡᠭᠡ ᠨᠢ ᠬᠡᠷᠡᠭᠯᠡᠭᠴᠢᠳ ᠤᠨ ᠬᠠᠤᠯᠢ ᠶᠤᠰᠤᠨ ᠎ ᠤ ᠡᠷᠬᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠵᠠᠷ ᠤᠨ ᠡᠵᠡᠨ ᠬᠠᠤᠯᠢ ᠶᠤᠰᠤᠭᠠᠷ ᠢᠷᠬᠡᠨ ᠤ ᠬᠡᠷᠡᠭ ᠤᠨ ᠬᠠᠷᠢᠭᠤᠴᠠᠯᠭ᠎ᠠ ᠶᠢ ᠡᠬᠦᠷᠬᠡᠯᠡᠬᠦ ᠬᠡᠷᠡᠭᠳᠠᠢ᠃ ᠵᠠᠷ ᠡᠵᠡᠩᠨᠡᠭᠴᠢ᠂ ᠵᠠᠷ ᠨᠡᠶᠢᠳᠡᠯᠡᠭᠴᠢ ᠠᠴᠠ ᠵᠠᠷ ᠤᠨ ᠡᠵᠡᠨ ᠤ ᠦᠨᠡᠨ ᠪᠤᠳᠠᠳᠠᠢ ᠨᠡᠷ᠎ᠡ᠂ ᠬᠠᠶ᠋ᠢᠭ ᠪᠤᠯᠤᠨ ᠬᠦᠴᠦᠨ ᠪᠦᠬᠦᠢ ᠬᠠᠷᠢᠯᠴᠠᠬᠤ ᠠᠷᠭ᠎ᠠ ᠶᠢ ᠨᠢ ᠬᠠᠩᠭᠠᠨ ᠦᠭᠴᠤ ᠡᠰᠡ ᠴᠢᠳᠠᠪᠠᠯ ᠂ ᠬᠡᠷᠡᠭᠯᠡᠭᠴᠢᠳ ᠵᠠᠷ ᠡᠵᠡᠩᠨᠡᠭᠴᠢ᠂ ᠵᠠᠷ ᠨᠡᠶᠢᠳᠡᠯᠡᠭᠴᠢ ᠪᠠᠷ ᠤᠷᠢᠳ ᠢᠶᠠᠷ ᠲᠦᠯᠦᠬᠦᠯᠬᠦ ᠪᠠᠷ ᠱᠠᠭᠠᠷᠳᠠᠵᠤ ᠪᠤᠯᠤᠨ᠎ᠠ᠃      ᠬᠡᠷᠡᠭᠯᠡᠭᠴᠢᠳ ᠤᠨ ᠠᠮᠢ ᠨᠠᠰᠤ ᠡᠷᠡᠬᠦᠯ ᠴᠢᠬᠢᠷᠠᠭ ᠲᠤ ᠬᠤᠯᠪᠤᠭᠳᠠᠬᠤ ᠲᠠᠸᠠᠷ ᠪᠤᠶᠤ ᠦᠢᠯᠡᠴᠢᠯᠡᠭᠡ ᠶᠢᠨ ᠬᠤᠳᠠᠯ ᠬᠠᠭᠤᠷᠮᠠᠭ ᠵᠠᠷ ᠨᠢ ᠬᠡᠷᠡᠭᠯᠡᠭᠴᠢᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠤᠰ ᠵᠠᠷ ᠤᠨ ᠡᠵᠡᠩᠨᠡᠭᠴᠢ᠂ ᠵᠡᠷ ᠨᠡᠶᠢᠳᠡᠯᠡᠭᠴᠢ᠂ ᠵᠡᠷ ᠤᠨ ᠤᠷᠤᠯᠠᠨ ᠦᠬᠦᠯᠡᠭᠴᠢ ᠨᠢ ᠵᠠᠷ ᠤᠨ ᠡᠵᠡᠨ ᠲᠠᠢ ᠴᠤᠭ ᠬᠤᠯᠪᠤᠭᠳᠠᠯᠳᠤ ᠬᠠᠷᠢᠭᠤᠴᠠᠯᠭ᠎ᠠ ᠡᠬᠦᠷᠬᠡᠯᠡᠬᠦ ᠬᠡᠷᠡᠭᠳᠠᠢ᠃      ᠡᠮᠤᠨ᠎ᠡ ᠲᠤᠭᠳᠠᠭᠠᠯ ᠳᠤ ᠲᠤᠷᠠᠳᠤᠭᠰᠠᠨ ᠠᠴᠠ ᠭᠠᠳᠠᠨᠠᠬᠢ ᠲᠠᠸᠠᠷ ᠪᠤᠶᠤ ᠦᠢᠯᠡᠴᠢᠯᠡᠭᠡ ᠶᠢᠨ ᠬᠤᠳᠠᠯ ᠬᠠᠭᠤᠷᠮᠠᠭ ᠵᠠᠷ ᠨᠢ ᠬᠡᠷᠡᠭᠯᠡᠭᠴᠢᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠤᠰ ᠵᠠᠷ ᠤᠨ ᠡᠵᠡᠩᠨᠡᠭᠴᠢ᠂ ᠵᠠᠷ ᠨᠡᠶᠢᠳᠡᠯᠡᠭᠴᠢ᠂ ᠵᠠᠷ ᠤᠨ ᠤᠷᠤᠯᠠᠨ ᠦᠬᠦᠯᠡᠭᠴᠢ ᠨᠢ ᠵᠠᠷ ᠤᠨ ᠬᠤᠳᠠᠯ ᠬᠠᠭᠤᠷᠮᠠᠭ ᠢ ᠲᠤᠳᠤᠷᠬᠠᠢ ᠮᠡᠳᠡᠵᠤ ᠪᠠᠶᠢᠭ᠎ᠠ ᠪᠤᠶᠤ ᠮᠡᠳᠡᠬᠦ ᠶᠤᠰᠤᠳᠠᠢ ᠪᠠᠶᠢᠳᠠᠯ᠎ᠠ ᠮᠦᠨ ᠬᠦ ᠲᠦᠯᠦᠪᠯᠡᠭᠰᠡᠨ᠂ ᠵᠤᠬᠢᠶᠠᠭᠰᠠᠨ᠂ ᠤᠷᠤᠯᠠᠭᠰᠠᠨ᠂ ᠨᠡᠶᠢᠳᠡᠯᠡᠭᠰᠡᠨ ᠪᠤᠶᠤ ᠲᠠᠨᠢᠯᠴᠠᠭᠤᠯᠤᠭᠰᠠᠨ᠂ ᠬᠡᠷᠡᠴᠢᠯᠡᠭᠰᠡᠨ ᠪᠠᠶᠢᠪᠠᠯ᠂ ᠵᠠᠷ ᠤᠨ ᠡᠵᠡᠨ ᠲᠠᠢ ᠴᠤᠭ ᠬᠤᠯᠪᠤᠭᠳᠠᠯᠳᠤ ᠬᠠᠷᠢᠭᠤᠴᠠᠯᠭ᠎ᠠ ᠡᠬᠦᠷᠬᠡᠯᠡᠬᠦ ᠬᠡᠷᠡᠭᠳᠠᠢ᠃      ᠡᠶᠢᠮᠤ ᠠᠴᠠ᠂ ᠨᠠᠶᠢᠵᠠ ᠶᠢᠨ ᠬᠦᠷᠢᠶ᠎ᠡ ᠳᠤ ᠵᠠᠷ ᠲᠠᠮᠵᠢᠭᠤᠯᠤᠨ ᠲᠠᠷᠬᠠᠭᠠᠬᠤ ᠳᠤ᠂ ᠬᠡᠷᠪᠡ ᠨᠡᠶᠢᠳᠡᠯᠡᠭᠰᠡᠨ ᠵᠠᠷ ᠎ ᠤᠨ ᠠᠭᠤᠯᠭ᠎ᠠ ᠨᠢ ᠬᠤᠳᠠᠯ ᠬᠠᠭᠤᠷᠮᠠᠭ᠂ ᠬᠡᠷᠡᠭᠯᠡᠭᠴᠢᠳ ᠢ ᠮᠡᠬᠡᠯᠡᠭᠰᠡᠨ ᠪᠤᠶᠤ ᠪᠤᠷᠤᠭᠤ ᠪᠠᠷ ᠬᠦᠳᠦᠯᠦᠭᠰᠡᠨ᠂ ᠰᠢᠨ᠎ᠠ ᠵᠠᠷ ᠤᠨ ᠬᠠᠤᠯᠢ ᠶᠢᠨ ᠲᠤᠭᠳᠠᠭᠠᠯ ᠠᠴᠠ ᠵᠦᠷᠢᠴᠡᠭᠰᠡᠨ᠂ ᠬᠡᠷᠡᠭᠯᠡᠭᠴᠢᠳ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠵᠠᠷ ᠲᠠᠮᠵᠢᠭᠤᠯᠤᠨ ᠲᠠᠷᠬᠠᠭᠠᠭᠰᠠᠨ ᠬᠦᠮᠦᠨ ᠨᠢ ᠪᠠᠰᠠ ᠬᠡᠷᠡᠭᠯᠡᠭᠴᠢᠳ ᠤᠨ ᠲᠦᠯᠦᠬᠦᠯᠬᠦ ᠡᠳᠡᠬᠡᠳ ᠪᠤᠯᠵᠤ ᠮᠡᠳᠡᠨ᠎ᠡ᠂ ᠬᠡᠷᠡᠭᠯᠡᠭᠴᠢᠳ ᠵᠠᠷ ᠲᠠᠮᠵᠢᠭᠤᠯᠤᠨ ᠲᠠᠷᠬᠠᠭᠠᠭᠰᠠᠨ ᠬᠦᠮᠦᠨ ᠢᠶᠠᠷ ᠤᠷᠢᠳ ᠢᠶᠠᠷ ᠲᠦᠯᠦᠬᠦᠯᠬᠦ ᠪᠤᠶᠤ ᠬᠤᠯᠪᠤᠭᠳᠠᠯᠳᠤ ᠬᠠᠷᠢᠭᠤᠴᠠᠯᠭ᠎ᠠ ᠡᠬᠦᠷᠬᠡᠯᠡᠬᠦᠯᠬᠦ ᠪᠠᠷ ᠱᠠᠭᠠᠷᠳᠠᠵᠤ ᠪᠤᠯᠤᠨ᠎ᠠ᠃  
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号