| ᠮᠠᠯᠴᠢᠨ ᠲᠠᠷᠢᠶᠠᠴᠢᠨ ᠮᠠᠯ ᠠᠵᠤ ᠠᠬᠤᠢ ᠲᠠᠷᠢᠶᠠᠯᠠᠩ ᠤᠨ ᠮᠠᠰᠢᠨ | ᠲᠦᠬᠦᠬᠡᠷᠦᠮᠵᠢ ᠬᠤᠲᠠᠯᠲᠤᠨ ᠠᠪᠬᠤ ᠳᠠᠭᠠᠨ ᠠᠩᠬᠠᠷᠤᠭᠠᠷᠠᠢ — | | | ᠨᠦᠬᠦᠪᠤᠷᠢ ᠶᠢᠨ ᠲᠦᠷᠦ ᠶᠢᠨ ᠪᠤᠳᠤᠯᠭ᠎ᠠ ᠳᠤ ᠬᠤᠪᠢᠷᠠᠯᠳᠠ ᠭᠠᠷᠤᠭᠰᠠᠨ ᠰᠢᠤ | | | ᠦᠪᠡᠷᠳᠡᠬᠡᠨ ᠵᠠᠰᠠᠬᠤ ᠤᠷᠤᠨ ᠡᠨᠡ ᠵᠢᠯ ᠠᠴᠠ ᠡᠬᠢᠯᠡᠨ ᠭᠤᠷᠪᠠᠨ ᠵᠢᠯ ᠤᠨ ᠲᠤᠳᠤᠷ᠎ᠠ ᠮᠠᠯ ᠠᠵᠤ ᠠᠬᠤᠢ | ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠤᠷᠢ ᠶᠢᠨ ᠲᠦᠷᠦ ᠶᠢᠨ ᠪᠤᠳᠤᠯᠭ᠎ᠠ ︵ᠲᠤᠤᠷ᠎ᠠ | ︽ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠬᠦᠬᠡᠷᠦᠮᠵᠢ︾ ᠶᠢ ᠮᠠᠰᠢᠨ ᠲᠦᠬᠦᠬᠡᠷᠦᠮᠵᠢ ᠬᠡᠮᠡᠨ ᠲᠦᠬᠦᠮᠴᠢᠯᠡᠵᠤ | ᠂ ︽ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠤᠷᠢ ᠶᠢᠨ ᠲᠦᠷᠦ ᠶᠢᠨ | ᠪᠤᠳᠤᠯᠭ᠎ᠠ︾ ᠶᠢ ᠨᠦᠬᠦᠪᠤᠷᠢ ᠶᠢᠨ ᠲᠦᠷᠦ ᠶᠢᠨ ᠪᠤᠳᠤᠯᠭ᠎ᠠ ᠬᠡᠮᠡᠨ ᠲᠦᠬᠦᠮᠴᠢᠯᠡᠪᠡ︶ ᠳᠤ ᠨᠡᠯᠢᠶᠡᠳ ᠶᠡᠭᠡ | ᠲᠤᠬᠢᠷᠠᠭᠤᠯᠤᠯᠳᠠ ᠬᠢᠭᠰᠡᠨ ᠪᠤᠶᠤ ᠰᠢᠨ᠎ᠠ ᠶᠢ ᠡᠬᠦᠳᠴᠦ᠂ ᠨᠦᠬᠦᠪᠤᠷᠢ ᠤᠯᠭᠤᠬᠤ ᠡᠳᠡᠬᠡᠳ᠂ ᠬᠦᠷᠢᠶ᠎ᠠ ᠬᠡᠪᠴᠢᠶ᠎ᠠ | ᠪᠠ ᠲᠡᠰ ᠲᠠᠷᠠᠭᠠᠯᠠᠯ ᠵᠡᠷᠬᠡ ᠤᠯᠠᠨ ᠲᠠᠯ᠎ᠠ ᠳᠤ ᠴᠦᠮ ᠬᠤᠪᠢᠷᠠᠯᠳᠠ ᠭᠠᠷᠤᠭᠰᠠᠨ ᠠᠵᠢ᠃ | | ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢᠨ ᠰᠢᠨ᠎ᠠ ᠬᠤᠪᠢᠷᠠᠯᠳᠠ | | ᠨᠢᠬᠡ᠂ ᠦᠩᠬᠡᠷᠡᠭᠰᠡᠨ ᠤ ︽ᠤᠷᠢᠳᠠᠪᠠᠷ ᠭᠤᠶᠤᠴᠢᠯᠠᠵᠤ᠂ ᠲᠠᠷᠠᠭ᠎ᠠ ᠨᠢ ᠮᠠᠰᠢᠨ ᠲᠦᠬᠦᠬᠡᠷᠦᠮᠵᠢ ᠬᠤᠳᠠᠯᠳᠤᠨ | ᠠᠪᠴᠦ᠂ ᠲᠠᠬᠢᠨ ᠨᠦᠬᠦᠪᠤᠷᠢ ᠤᠯᠭᠤᠵᠤ︾ ᠪᠠᠶᠢᠭᠰᠠᠨ ᠢ ︽ᠤᠷᠢᠳᠠᠪᠠᠷ ᠮᠠᠰᠢᠨ ᠲᠦᠬᠦᠬᠡᠷᠦᠮᠵᠢ ᠪᠠᠨ ᠬᠤᠳᠠᠯᠳᠤᠨ | ᠠᠪᠴᠦ᠂ ᠲᠠᠷᠠᠭ᠎ᠠ ᠨᠢ ᠭᠤᠶᠤᠴᠢᠯᠠᠨ ᠨᠦᠬᠦᠪᠤᠷᠢ ᠪᠠᠨ ᠠᠪᠬᠤ︾ ᠪᠤᠯᠭᠠᠨ ᠬᠤᠪᠢᠷᠠᠭᠤᠯᠵᠤ᠂ ᠬᠤᠳᠠᠯᠳᠤᠨ ᠠᠪᠬᠤ | ᠪᠠ ᠨᠦᠬᠦᠪᠤᠷᠢ ᠤᠯᠭᠤᠬᠤ ᠶᠢ ᠰᠠᠯᠭᠠᠭᠰᠠᠨ ᠪᠠᠶᠢᠨ᠎ᠠ᠃ | ᠬᠤᠶᠠᠷ᠂ ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢᠨ ᠵᠠᠬ᠎ᠠ ᠲᠠᠯᠬᠡᠬᠦᠷᠴᠢᠯᠡᠭᠰᠡᠨ | ᠦᠬᠡᠷᠡᠴᠢᠯᠡᠯᠳᠡ ᠶᠢ ᠠᠭᠠᠵᠢᠮ ᠢᠶᠠᠷ ᠠᠬᠢᠭᠤᠯᠵᠤ᠂ ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠨᠢ ᠴᠦᠮ ᠮᠠᠨ ᠤ | ᠤᠯᠤᠰ ᠤᠨ ᠬᠢᠯᠢ ᠲᠤᠳᠤᠷ᠎ᠠ ᠤᠯᠤᠰ ᠪᠠ ᠦᠪᠡᠷᠳᠡᠬᠡᠨ ᠵᠠᠰᠠᠬᠤ ᠤᠷᠤᠨ ᠤ ᠪᠦᠳᠦᠮᠵᠢᠳᠠᠢ ᠪᠠᠷ ᠲᠦᠬᠡᠮᠡᠯᠵᠢᠬᠦᠯᠬᠦ | ᠬᠢᠨᠠᠨ ᠲᠤᠭᠳᠠᠭᠠᠯᠳᠠ ᠶᠢᠨ ᠦᠨᠡᠮᠯᠡᠯ ᠲᠠᠢ ᠮᠠᠰᠢᠨ ᠲᠦᠬᠦᠬᠡᠷᠦᠮᠵᠢ ᠨᠦᠭᠦᠳ ᠪᠠᠶᠢᠵᠤ᠂ ᠲᠦᠬᠡᠮᠡᠯᠵᠢᠬᠦᠯᠬᠦ ᠶᠢ ᠲᠠᠮᠵᠢᠬᠦ | ᠮᠠᠰᠢᠨ ᠲᠦᠬᠦᠬᠡᠷᠦᠮᠵᠢ ᠶᠢᠨ ᠭᠠᠷᠴᠠᠭ ᠯᠤᠭ᠎ᠠ ᠰᠠᠯᠭᠠᠭᠰᠠᠨ ᠪᠠᠶᠢᠨ᠎ᠠ᠃ | ᠭᠤᠷᠪᠠ᠂ ᠨᠦᠬᠦᠪᠤᠷᠢ ᠤᠯᠭᠤᠬᠤ ᠡᠳᠡᠬᠡᠳ ᠲᠤ ᠲᠤᠬᠢᠷᠠᠭᠤᠯᠤᠯᠳᠠ ᠬᠢᠵᠤ᠂ ᠬᠦᠷᠢᠶ᠎ᠠ ᠬᠡᠪᠴᠢᠶ᠎ᠠ ᠶᠢ ᠨᠢ | ᠦᠪᠡᠷᠳᠡᠬᠡᠨ ᠵᠠᠰᠠᠬᠤ ᠤᠷᠤᠨ ᠤ ᠬᠢᠯᠢ ᠲᠤᠳᠤᠷᠠᠬᠢ ᠮᠠᠯ ᠠᠵᠤ ᠠᠬᠤᠢ ᠲᠠᠷᠢᠶᠠᠯᠠᠩ ᠢ ᠡᠷᠬᠢᠯᠡᠵᠤ ᠪᠠᠶᠢᠭ᠎ᠠ ᠪᠦᠬᠦ᠋ᠢᠯᠡ | ᠬᠤᠪᠢ ᠬᠦᠮᠦᠨ ᠪᠠ ᠡᠵᠡᠩᠨᠡᠯᠳᠡ ᠶᠢᠨ ᠵᠤᠬᠢᠶᠠᠨ ᠪᠠᠶᠢᠭᠤᠯᠤᠯᠳᠠ ᠬᠦᠷᠳᠡᠯ᠎ᠠ ᠦᠷᠬᠡᠳᠬᠡᠵᠤ᠂ ᠪᠤᠳᠠᠳᠠᠢ ᠨᠦᠬᠦᠪᠤᠷᠢ | ᠤᠯᠭᠤᠬᠤ ᠡᠳᠡᠬᠡᠳ ᠢ ᠡᠯ᠎ᠠ ᠠᠶᠢᠮᠠᠭ ᠬᠤᠳᠠ ᠶᠢᠨ ᠬᠢᠨ ᠮᠠᠯᠴᠢᠨ ᠲᠠᠷᠢᠶᠠᠴᠢᠨ ᠤ ᠪᠠᠨ ᠬᠤᠳᠠᠯᠳᠤᠨ ᠠᠪᠬᠤ | ᠴᠢᠳᠠᠪᠤᠷᠢ ᠪᠠ ᠡᠳ᠋ ᠤᠨ ᠵᠠᠰᠠᠭ ᠤᠨ ᠪᠡᠯᠡ ᠮᠦᠩᠬᠦ ᠶᠢᠨ ᠪᠠᠶᠢᠳᠠᠯ ᠢᠶᠠᠨ ᠦᠨᠳᠤᠰᠤᠯᠡᠨ ᠲᠤᠭᠳᠠᠭᠠᠬᠤ ᠪᠤᠯᠤᠨ᠎ᠠ᠃ | ᠲᠦᠷᠪᠡ᠂ ᠭᠤᠤᠯᠳᠠᠯᠭ᠎ᠠ ᠪᠠᠨ ᠲᠤᠪᠤᠶᠢᠯᠭᠠᠨ ᠪᠦᠳᠦᠬᠡᠭᠳᠡᠬᠦᠨ ᠤ ᠪᠠᠨ ᠭᠠᠷᠴᠠᠭ ᠢ ᠴᠤᠮᠬᠠᠳᠬᠠᠵᠤ᠂ | ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢᠨ ᠭᠠᠷᠴᠠᠭ ᠨᠢ ᠨᠢᠳᠤᠨᠤᠨ ᠤ 89 ᠪᠠᠶᠢᠭᠰᠠᠨ ᠢ ᠡᠨᠡ ᠵᠢᠯ 59 | ᠪᠤᠯᠭᠠᠨ ᠴᠤᠮᠬᠠᠳᠬᠠᠵᠠᠢ᠃ | ᠲᠠᠪᠤ᠂ ᠡᠵᠡᠩᠨᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ ᠢ ᠨᠦᠬᠦᠪᠤᠷᠢ ᠶᠢᠨ ᠲᠦᠷᠦ ᠶᠢᠨ ᠪᠤᠳᠤᠯᠭ᠎ᠠ ᠶᠢᠨ | ᠲᠡᠰ ᠲᠠᠷᠠᠭᠠᠯᠠᠯ ᠳᠤ ᠤᠷᠤᠭᠤᠯᠤᠭᠰᠠᠨ ᠦᠬᠡᠢ᠃ ᠮᠠᠰᠢᠨ ᠲᠦᠬᠦᠬᠡᠷᠦᠮᠵᠢ ᠶᠢᠨ ᠦᠢᠯᠡᠳᠪᠤᠷᠢᠯᠡᠯ ᠤᠨ ᠠᠵᠤ | ᠠᠬᠤᠢᠢᠯᠠᠯ ᠤᠨ ᠬᠢᠨ ᠦᠪᠡᠰᠤᠪᠠᠨ ᠡᠵᠡᠩᠨᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ ᠢᠶᠠᠨ ᠲᠤᠭᠳᠠᠭᠠᠬᠤ ᠶᠢᠨ | ᠬᠠᠮᠳᠤ ᠡᠷᠬᠡ ᠤᠯᠭᠤᠭᠰᠠᠨ ᠡᠵᠡᠩᠨᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ ᠤᠨ ᠢᠶᠠᠨ ᠡᠵᠡᠩᠨᠡᠨ ᠪᠤᠷᠤᠯᠠᠭᠤᠯᠬᠤ | ᠠᠵᠢᠯᠯᠠᠭ᠎ᠠ ᠳᠤ ᠬᠠᠷᠠᠭᠠᠯᠵᠠᠭᠰᠠᠨ ᠬᠠᠷᠢᠭᠤᠴᠠᠯᠭ᠎ᠠ ᠡᠬᠦᠷᠬᠡᠯᠡᠬᠦ ᠪᠤᠯᠭᠠᠪᠠ᠃ | | ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢᠨ ᠲᠦᠷᠦᠯ ᠵᠦᠢᠯ | | ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠳᠤ ᠬᠦᠳᠡᠯᠬᠡᠭᠴᠢ ᠬᠦᠴᠦᠨ ᠤ ᠮᠠᠰᠢᠨ ᠲᠦᠬᠦᠬᠡᠷᠦᠮᠵᠢ᠂ | ᠲᠠᠷᠢᠶ᠎ᠠ ᠲᠠᠷᠢᠵᠤ ᠭᠠᠵᠠᠷ ᠲᠡᠭᠰᠢᠯᠡᠬᠦ ᠮᠠᠰᠢᠨ ᠲᠦᠬᠦᠬᠡᠷᠦᠮᠵᠢ᠂ ᠪᠤᠷᠳᠤᠭᠤᠷ ᠨᠡᠷᠡᠬᠦ ᠮᠠᠰᠢᠨ ᠲᠦᠬᠦᠬᠡᠷᠦᠮᠵᠢ᠂ | ᠬᠠᠳᠤᠵᠤ ᠬᠤᠷᠢᠶᠠᠬᠤ ᠮᠠᠰᠢᠨ ᠲᠦᠬᠦᠬᠡᠷᠦᠮᠵᠢ ᠵᠡᠷᠬᠡ 10 ᠶᠡᠭᠡ ᠲᠦᠷᠦᠯ ᠤᠨ 59 ᠵᠦᠢᠯ ᠤᠨ ᠮᠠᠰᠢᠨ | ᠲᠦᠬᠦᠬᠡᠷᠦᠮᠵᠢ ᠪᠤᠢ᠃ ᠡᠬᠦᠨ ᠳᠤ ᠠᠴᠢᠵᠤ ᠲᠠᠬᠡᠬᠡᠪᠤᠷᠢᠯᠡᠬᠦ ᠮᠠᠰᠢᠨ᠂ ᠨᠠᠷᠡᠨ ᠤ ᠡᠨᠧᠷᠬᠢ ᠶᠢᠨ ᠲᠦᠬᠦᠬᠡᠷᠦᠮᠵᠢ᠂ | ᠰᠠᠯᠬᠢᠨ ᠬᠦᠴᠦ ᠪᠠ ᠨᠠᠷᠠᠨ ᠤ ᠡᠨᠧᠷᠬᠢ ᠶᠢ ᠨᠦᠬᠦᠪᠤᠷᠢᠯᠡᠴᠡᠬᠦᠯᠦᠭᠰᠡᠨ ᠲᠦᠬᠦᠬᠡᠷᠦᠮᠵᠢ ᠵᠡᠷᠬᠡ 7 ᠵᠦᠢᠯ ᠤᠨ ᠮᠠᠰᠢᠨ | ᠲᠦᠬᠦᠬᠡᠷᠦᠮᠵᠢ ᠶᠢᠨ ᠨᠦᠬᠦᠪᠤᠷᠢ ᠶᠢ ᠵᠦᠪᠬᠡᠨ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠪᠡᠯᠡ | ᠮᠦᠩᠬᠦ ᠠᠴᠠ ᠮᠠᠯᠵᠢᠬᠤ ᠤᠷᠤᠨ ᠪᠠ ᠮᠠᠯᠴᠢᠳ ᠲᠤ ᠤᠯᠭᠤᠨ᠎ᠠ᠃ ᠪᠤᠳᠠᠳᠤ ᠪᠠᠶᠢᠳᠠᠯ ᠢ ︽ᠦᠪᠤᠷ ᠮᠤᠩᠭᠤᠯ ᠤᠨ | ᠮᠠᠯ ᠠᠵᠤ ᠠᠬᠤᠢ ᠲᠠᠷᠢᠶᠠᠯᠠᠩ ᠤᠨ ᠮᠠᠰᠢᠨᠴᠢᠯᠠᠯᠳᠠ ᠶᠢᠨ ᠮᠡᠳᠡᠭᠡ ᠵᠠᠩᠬᠢ ᠶᠢᠨ ᠰᠦᠯᠵᠢᠶ᠎ᠠ︾ ᠳᠠᠬᠢ ︽ᠦᠪᠤᠷ | ᠮᠤᠩᠭᠤᠯ ᠤᠨ ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠤᠷᠢ ᠶᠢᠨ | ᠮᠡᠳᠡᠭᠡ ᠵᠠᠩᠬᠢ︾ ᠶᠢᠨ ᠲᠤᠰᠬᠠᠢ ᠪᠤᠯᠤᠩ ᠠᠴᠠ ᠯᠠᠪᠯᠠᠭᠠᠷᠠᠢ᠃ | | ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢᠨ ᠨᠦᠬᠦᠪᠤᠷᠢ ᠶᠢᠨ ᠪᠠᠷᠢᠮᠵᠢᠶ᠎ᠠ | | ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠳᠤ ᠲᠤᠭᠳᠠᠭᠰᠠᠨ ᠲᠤᠭᠠᠨ ᠤ ᠨᠦᠬᠦᠪᠤᠷᠢ ᠤᠯᠭᠤᠬᠤ ᠶᠢ | ᠬᠡᠷᠡᠭᠵᠢᠬᠦᠯᠵᠤ᠂ ᠮᠠᠨ ᠤ ᠤᠷᠤᠨ ᠤ ᠬᠡᠪᠴᠢᠶᠡᠨ ᠳᠤ ᠨᠦᠬᠦᠪᠤᠷᠢ ᠤᠯᠭᠤᠬᠤ ᠲᠦᠷᠦ ᠶᠢᠨ ᠪᠤᠳᠤᠯᠭ᠎ᠠ ᠳᠤ | ᠲᠤᠬᠢᠷᠠᠭᠰᠠᠨ ᠪᠦᠬᠦ᠋ᠢᠯᠡ ᠮᠠᠰᠢᠨ ᠲᠦᠬᠦᠬᠡᠷᠦᠮᠵᠢ ᠳᠤ ᠴᠦᠮ ᠢᠵᠢᠯ ᠨᠢᠬᠡᠨ ᠲᠦᠷᠦᠯ᠂ ᠢᠵᠢᠯ ᠨᠢᠬᠡᠨ ᠲᠡᠰ᠂ | ᠢᠵᠢᠯ ᠨᠢᠬᠡᠨ ᠲᠤᠭᠠᠨ ᠤ ᠨᠦᠬᠦᠪᠤᠷᠢ ᠤᠯᠭᠤᠬᠤ ᠶᠢ ᠬᠡᠷᠡᠭᠵᠢᠬᠦᠯᠦᠨ᠎ᠠ᠃ ᠬᠠᠭᠠᠯᠪᠤᠷᠢᠯᠡᠬᠤ ᠦᠬᠡᠢ ᠪᠠᠷ ᠲᠠᠷᠢᠶᠠᠯᠠᠬᠤ | ᠮᠠᠰᠢᠨ᠂ ᠬᠦᠷᠦᠰᠤ ᠰᠢᠷᠤᠢ ᠶᠢ ᠵᠦᠬᠡᠯᠡᠷᠡᠬᠦᠯᠦᠨ ᠲᠡᠭᠰᠢᠯᠡᠬᠦ ᠮᠠᠰᠢᠨ ᠲᠦᠬᠦᠬᠡᠷᠦᠮᠵᠢ ᠶᠢᠨ ᠲᠦᠷᠦᠯ ᠳᠤ ᠤᠯᠭᠤᠬᠤ | ᠨᠡᠮᠡᠯᠳᠡ ᠨᠦᠬᠦᠪᠤᠷᠢ ᠶᠢ 10% ᠠᠴᠠ ᠬᠡᠳᠤᠷᠡᠬᠦᠯᠬᠦ ᠦᠬᠡᠢ︔ ᠮᠠᠯᠵᠢᠬᠤ ᠤᠷᠤᠨ ᠤ ᠮᠠᠯᠴᠢᠳ ᠤᠨ ᠬᠤᠳᠠᠯᠳᠤᠵᠤ | ᠠᠪᠤᠭᠰᠠᠨ ᠮᠠᠯ ᠠᠵᠤ ᠠᠬᠤᠢ ᠶᠢᠨ ᠮᠠᠰᠢᠨ ᠲᠦᠬᠦᠬᠡᠷᠦᠮᠵᠢ ᠳᠤ ᠲᠦᠪ ᠤᠨ ᠡᠳ᠋ ᠤᠨ ᠵᠠᠰᠠᠭ ᠤᠨ ᠲᠤᠭᠳᠠᠭᠰᠠᠨ | ᠲᠤᠭᠠᠨ ᠤ ᠨᠦᠬᠦᠪᠤᠷᠢ ᠶᠢᠨ ᠲᠠᠬᠡᠷ᠎ᠠ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠤᠯᠭᠤᠬᠤ ᠨᠠᠮᠡᠯᠳᠡ | ᠨᠦᠬᠦᠪᠤᠷᠢ ᠶᠢ 20% ᠠᠴᠠ ᠬᠡᠳᠤᠷᠡᠬᠦᠯᠬᠦ ᠦᠬᠡᠢ︔ ᠵᠦᠪᠬᠡᠨ ᠦᠪᠡᠷᠳᠡᠬᠡᠨ ᠵᠠᠰᠠᠬᠤ ᠤᠷᠤᠨ ᠤ ᠡᠳ᠋ ᠤᠨ | ᠵᠠᠰᠠᠭ ᠠᠴᠠ ᠤᠯᠭᠤᠵᠤ ᠪᠠᠶᠢᠭ᠎ᠠ ᠨᠦᠬᠦᠪᠤᠷᠢ ᠶᠢ ᠵᠠᠷᠴᠢᠮ ᠲᠠᠬᠡᠷ᠎ᠠ ᠪᠠᠨ ᠲᠡᠬᠡᠷ᠎ᠠ ᠨᠢᠬᠡᠨ ᠵᠢᠯ ᠤᠨ ᠲᠤᠮᠳᠠᠴᠢ | ᠪᠤᠷᠤᠯᠠᠭᠤᠯᠤᠯᠳᠠ ᠶᠢᠨ ᠦᠨ᠎ᠠ ᠶᠢᠨ 30% ᠠᠴᠠ ᠬᠡᠳᠤᠷᠡᠬᠦᠯᠬᠦ ᠦᠬᠡᠢ ᠪᠠᠷ ᠲᠤᠭᠳᠠᠭᠰᠠᠨ ᠲᠤᠭ᠎ᠠ ᠪᠠᠷ ᠨᠦᠬᠦᠪᠤᠷᠢ | ᠤᠯᠭᠤᠬᠤ ᠪᠤᠯᠤᠨ᠎ᠠ᠃ | | ᠮᠠᠰᠢᠨ ᠲᠦᠬᠦᠬᠡᠷᠦᠮᠵᠢ ᠬᠤᠳᠠᠯᠳᠤᠨ ᠠᠪᠬᠤ ᠨᠦᠬᠦᠪᠤᠷᠢ ᠶᠢᠨ ᠭᠠᠷ ᠬᠦᠢᠴᠡᠳᠬᠡᠯ | | ᠡᠩ ᠲᠠᠷᠢᠬᠦᠨ ᠳᠤ᠂ ᠮᠠᠰᠢᠨ ᠲᠦᠬᠦᠬᠡᠷᠦᠮᠵᠢ ᠬᠤᠳᠠᠯᠳᠤᠨ ᠠᠪᠤᠭᠴᠢᠳ ᠦᠪᠡᠷ ᠤᠨ ᠪᠤᠳᠠᠳᠠᠢ ᠬᠡᠷᠡᠭᠴᠡᠭᠡ | ᠱᠠᠭᠠᠷᠳᠠᠯᠭ᠎ᠠ ᠪᠠᠨ ᠦᠨᠳᠤᠰᠤᠯᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ᠂ ᠮᠠᠰᠢᠨ ᠲᠦᠬᠦᠬᠡᠷᠦᠮᠵᠢ ᠶᠢᠨ ᠬᠡᠯᠪᠡᠷᠢ | ᠪᠠᠶᠢᠳᠠᠯ᠂ ᠮᠠᠰᠢᠨ ᠲᠦᠬᠦᠬᠡᠷᠦᠮᠵᠢ ᠶᠢᠨ ᠲᠦᠷᠦᠯ ᠲᠡᠮᠳᠡᠭ ᠢ ᠦᠪᠡᠷ ᠢᠶᠠᠨ ᠰᠤᠩᠭᠤᠵᠤ᠂ ᠪᠠᠶ᠎ᠠ ᠪᠠᠨ ᠲᠠᠭᠠᠭᠠᠨ | ᠦᠨ᠎ᠠ ᠬᠠᠶᠠᠯᠴᠠᠵᠤ ᠪᠠᠶᠢᠭᠠᠳ ᠮᠠᠰᠢᠨ ᠲᠦᠬᠦᠬᠡᠷᠦᠮᠵᠢ ᠪᠠᠨ ᠬᠤᠳᠠᠯᠳᠤᠨ ᠠᠪᠤᠨ᠎ᠠ᠃ ᠨᠦᠬᠦᠪᠤᠷᠢ ᠭᠤᠶᠤᠴᠢᠯᠠᠬᠤ | ᠰᠠᠨᠠᠭ᠎ᠠ ᠲᠠᠢ ᠪᠤᠯ ᠵᠠᠪᠠᠯ ᠪᠠᠷᠠᠭ᠎ᠠ ᠬᠠᠩᠭᠠᠭᠰᠠᠨ ᠠᠵᠤ ᠠᠬᠤᠢᠢᠯᠠᠯ ᠠᠴᠠ ᠪᠠᠷᠢᠮᠳᠠ ᠪᠤᠯᠤᠨ ᠬᠤᠳᠠᠯᠳᠤᠨ ᠠᠪᠤᠭᠰᠠᠨ | ᠮᠠᠰᠢᠨ ᠲᠦᠬᠦᠬᠡᠷᠦᠮᠵᠢ ᠶᠢᠨ ᠢᠶᠠᠨ ᠦᠨᠳᠤᠰᠤᠨ ᠮᠡᠳᠡᠭᠡ ᠵᠠᠩᠬᠢ ᠶᠢᠨ ᠡᠪᠬᠡᠮᠡᠯ ᠢ ᠠᠪᠬᠤ ᠬᠡᠷᠡᠭᠳᠠᠢ᠃ ᠲᠠᠷᠠᠭ᠎ᠠ ᠨᠢ᠂ | ᠮᠠᠰᠢᠨ ᠲᠦᠬᠦᠬᠡᠷᠦᠮᠵᠢ ᠬᠤᠳᠠᠯᠳᠤᠨ ᠠᠪᠤᠬᠰᠠᠨ ᠪᠠᠷᠢᠮᠳᠠ᠂ ᠮᠠᠰᠢᠨ ᠲᠦᠬᠦᠬᠡᠷᠦᠮᠵᠢ ᠶᠢᠨ ᠢᠶᠠᠨ ᠦᠨᠳᠤᠰᠤᠨ ᠮᠡᠳᠡᠭᠡ | ᠵᠠᠩᠬᠢ ᠶᠢᠨ ᠡᠪᠬᠡᠮᠡᠯ᠂ ᠦᠪᠡᠷ ᠤᠨ ᠪᠠᠶ᠎ᠠ ᠶᠢᠨ ᠦᠨᠡᠮᠯᠡᠯ᠂ ᠡᠷᠦᠬᠡ ᠠᠮᠠ ᠶᠢᠨ ᠲᠠᠩᠰᠠ᠂ ᠮᠠᠯ ᠠᠵᠤ ᠠᠬᠤᠢ | ᠲᠠᠷᠢᠶᠠᠯᠠᠩ ᠢ ᠬᠠᠷᠠᠭᠠᠯᠵᠠᠬᠤ ︽ᠨᠢᠬᠡ ᠺᠠᠷᠲ︾ ︵ᠪᠠᠩᠬᠢ ᠶᠢᠨ ᠺᠠᠷᠲ︶ ᠵᠡᠷᠬᠡ ᠪᠠᠨ ᠠᠪᠤᠭᠠᠳ ᠤᠷᠤᠨ | ᠨᠤᠳᠤᠭ ᠤᠨ ᠢᠶᠠᠨ ᠬᠤᠰᠢᠭᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠬᠦᠬᠡᠷᠦᠮᠵᠢ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠬᠦᠷᠴᠦ᠂ ᠨᠦᠬᠦᠪᠤᠷᠢ ᠠᠪᠬᠤ ᠪᠠᠷ ᠭᠤᠶᠤᠴᠢᠯᠠᠨ᠎ᠠ᠃ ᠭᠤᠷᠪᠠ ᠳᠤ᠂ ᠬᠢᠨᠠᠨ | ᠬᠠᠷᠭᠤᠭᠤᠯᠤᠭᠰᠠᠨ ᠤ ᠲᠠᠷᠠᠭ᠎ᠠ ᠨᠦᠬᠦᠪᠤᠷᠢ ᠬᠦᠷᠳᠡᠬᠦ ᠪᠠᠷᠢᠮᠵᠢᠶ᠎ᠠ ᠳᠤ ᠨᠡᠶᠢᠴᠡᠭᠰᠨᠨ ᠪᠤᠯ ᠨᠦᠬᠦᠪᠤᠷᠢ ᠶᠢᠨ | ᠵᠢᠭᠠᠯᠳᠠ ᠶᠢᠨ ᠲᠤᠳᠤᠷᠬᠠᠢᠢᠯᠠᠭᠰᠠᠨ ᠪᠢᠴᠢᠭ ᠢ ᠤᠯᠵᠤ᠂ ᠡᠨᠡᠬᠦ ᠪᠢᠴᠢᠭ ᠲᠡᠬᠡᠷ᠎ᠠ ᠨᠡᠷ᠎ᠠ ᠪᠠᠨ ᠪᠢᠴᠢᠬᠡᠳ | ᠬᠤᠷᠤᠭᠤ ᠪᠠᠨ ᠲᠠᠷᠤᠪᠠᠯ ᠪᠤᠯᠴᠢᠬᠠᠨ᠎ᠠ᠃ | ᠮᠠᠯᠴᠢᠳ ᠮᠠᠯ ᠠᠵᠤ ᠠᠬᠤᠢ ᠶᠢᠨ ᠮᠠᠰᠢᠨ ᠲᠦᠬᠦᠬᠡᠷᠦᠮᠵᠢ ᠬᠤᠳᠠᠯᠳᠤᠨ ᠠᠪᠤᠭᠰᠠᠨ ᠨᠦᠬᠦᠪᠤᠷᠢ ᠶᠢ | ᠭᠤᠶᠤᠴᠢᠯᠠᠬᠤ ᠳᠠᠭᠠᠨ ᠪᠠᠰᠠ ᠦᠪᠡᠷᠳᠡᠬᠡᠨ ᠵᠠᠰᠠᠬᠤ ᠤᠷᠤᠨ ᠠᠴᠠ ᠨᠢᠬᠡᠳᠤᠯᠳᠠᠢ ᠲᠠᠷᠬᠠᠭᠠᠭᠰᠠᠨ ᠨᠤᠳᠤᠭ | ᠪᠡᠯᠴᠢᠬᠡᠷ ᠤᠨ ᠲᠠᠭᠠᠭᠠᠴᠢᠯᠠᠯᠳᠠ ᠡᠵᠡᠩᠨᠡᠯᠳᠡ ᠶᠢᠨ ᠦᠨᠡᠮᠯᠡᠯ᠂ ᠨᠤᠳᠤᠭ ᠪᠡᠯᠴᠢᠬᠡᠷ ᠤᠨ ᠦᠨᠡᠮᠯᠡᠯ᠂ ᠰᠠᠭᠤᠭ᠎ᠠ ᠰᠤᠮᠤ | ᠪᠤᠶᠤ ᠭᠠᠴᠠᠭ᠎ᠠ ᠠᠴᠠ ᠭᠠᠷᠭᠠᠵᠤ ᠦᠭᠬᠦᠭᠰᠡᠨ ᠬᠡᠷᠡᠴᠢᠯᠡᠯᠳᠡ ᠶᠢᠨ ᠮᠠᠲ᠋ᠧᠷᠢᠶᠡᠯ ᠵᠡᠷᠬᠡ ᠶᠢ ᠬᠠᠮᠳᠤ ᠳᠤᠨᠢ ᠲᠤᠰᠢᠶᠠᠬᠤ | ᠴᠢᠬᠤᠯᠠᠳᠠᠢ᠃ | | ᠨᠦᠬᠦᠪᠤᠷᠢ ᠶᠢᠨ ᠪᠡᠯᠡ ᠮᠦᠩᠬᠦ ᠶᠢ ᠳ᠋ᠦᠩᠨᠡᠨ ᠪᠤᠳᠤᠬᠤ ᠭᠠᠷ ᠬᠦᠢᠴᠡᠳᠬᠡᠯ | | ᠬᠤᠰᠢᠭᠤ ᠰᠢᠶᠠᠨ ᠤ ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠬᠦᠬᠡᠷᠦᠮᠵᠢ ᠶᠢ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠤᠨ ᠬᠢᠨ ᠨᠦᠬᠦᠪᠤᠷᠢ ᠶᠢᠨ ᠪᠡᠯᠡ ᠮᠦᠩᠬᠦ ᠶᠢ ᠳ᠋ᠦᠩᠨᠡᠨ ᠪᠤᠳᠤᠭᠰᠠᠨ ᠪᠢᠴᠢᠭ ᠮᠠᠲ᠋ᠧᠷᠢᠶᠠᠯ ᠢᠶᠠᠨ | ᠬᠤᠰᠢᠭᠤ ᠰᠢᠶᠠᠨ ᠤ ᠪᠠᠨ ᠡᠳ᠋ ᠤᠨ ᠵᠠᠰᠠᠭ ᠤᠨ ᠰᠠᠯᠠᠭ᠎ᠠ ᠮᠦᠴᠢᠷ ᠲᠡᠭᠡᠨ ᠰᠠᠷ᠎ᠠ ᠪᠦᠷᠢ ᠨᠢᠬᠡ ᠤᠳᠠᠭ᠎ᠠ ᠮᠡᠳᠡᠬᠦᠯᠤᠨ᠎ᠠ | ᠃ ᠬᠤᠰᠢᠭᠤ ᠰᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ ᠬᠢᠨ ᠲᠠᠩᠰᠠ ᠲᠠᠶᠢᠯᠠᠭᠤᠯᠬᠤ ᠪᠠᠷ | ᠲᠡᠪᠰᠢᠬᠦᠯᠦᠭᠰᠡᠨ ᠳ᠋ᠦᠩᠨᠡᠨ ᠪᠤᠳᠤᠭᠰᠠᠨ ᠪᠢᠴᠢᠭ ᠮᠠᠲ᠋ᠧᠷᠢᠶᠠᠯ ᠢ ᠤᠯᠤᠭᠰᠠᠨ ᠤ ᠲᠠᠷᠠᠭ᠎ᠠ ᠨᠦᠬᠦᠪᠤᠷᠢ ᠶᠢᠨ ᠪᠡᠯᠡ | ᠮᠦᠩᠬᠦ ᠶᠢ ᠨᠦᠬᠦᠪᠤᠷᠢ ᠤᠯᠤᠭᠰᠠᠳ ᠤᠨ ᠮᠠᠯ ᠠᠵᠤ ᠠᠬᠤᠢ ᠲᠠᠷᠢᠶᠠᠯᠠᠩ ᠢ ᠬᠠᠷᠠᠭᠠᠯᠵᠠᠬᠤ ︽ᠨᠢᠬᠡ ᠺᠠᠷᠲ︾ ︵ | ᠪᠠᠩᠬᠢ ᠶᠢᠨ ᠺᠠᠷᠲ︶ ᠲᠤ ᠨᠢᠬᠡᠳᠤᠯᠳᠠᠢ ᠪᠠᠷ ᠤᠷᠤᠭᠤᠯᠵᠤ ᠦᠭᠬᠦᠨ᠎ᠠ᠃ ᠮᠠᠯᠴᠢᠨ ᠲᠠᠷᠢᠶᠠᠴᠢᠨ ᠤ ᠲᠤᠰᠬᠠᠢ | ᠬᠤᠷᠰᠢᠶ᠎ᠠ ᠪᠤᠶᠤ ᠡᠰᠡᠬᠦᠯ᠎ᠠ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠡᠵᠡᠩᠨᠡᠯᠳᠡ ᠶᠢᠨ ᠪᠤᠰᠤᠳ ᠵᠤᠬᠢᠶᠠᠨ | ᠪᠠᠶᠢᠭᠤᠯᠤᠯᠳᠠ ᠳᠤ ᠨᠦᠬᠦᠪᠤᠷᠢᠯᠡᠬᠦ ᠪᠡᠯᠡ ᠮᠦᠩᠬᠦ ᠶᠢ ᠲᠡᠳᠡᠨᠤᠰ ᠤᠨ ᠨᠡᠶᠢᠳᠡ ᠶᠢᠨ ᠲᠠᠩᠰᠠᠨ ᠳᠤ ᠤᠷᠤᠭᠤᠯᠵᠤ | ᠦᠭᠬᠦᠨ᠎ᠠ᠃ ᠬᠡᠷᠪᠡ ᠨᠡᠶᠢᠳᠡ ᠶᠢᠨ ᠲᠠᠩᠰᠠ ᠭᠠᠷᠭᠠᠭᠠᠳᠤᠢ ᠪᠤᠯ ᠮᠠᠯᠴᠢᠨ ᠲᠠᠷᠢᠶᠠᠴᠢᠨ ᠤ ᠲᠤᠰᠬᠠᠢ ᠬᠤᠷᠰᠢᠶ᠎ᠠ ᠪᠤᠶᠤ | ᠡᠰᠡᠬᠦᠯ᠎ᠠ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠡᠵᠡᠩᠨᠡᠯᠳᠡ ᠶᠢᠨ ᠪᠤᠰᠤᠳ ᠵᠤᠬᠢᠶᠠᠨ ᠪᠠᠶᠢᠭᠤᠯᠤᠯᠳᠠ ᠶᠢᠨ ᠬᠢᠨ | ᠬᠡᠰᠢᠬᠦᠳ ᠤᠨ ᠢᠶᠠᠨ ᠵᠦᠪᠰᠢᠶᠡᠷᠡᠭᠰᠡᠨ ᠭᠠᠷ ᠤᠨ ᠦᠰᠦᠭ ᠲᠠᠢ ᠪᠢᠴᠢᠭ ᠮᠠᠲ᠋ᠧᠷᠢᠶᠡᠯ ᠢᠶᠠᠨ ᠬᠤᠰᠢᠭᠤ ᠰᠢᠶᠠᠨ ᠤ ᠪᠠᠨ | ᠮᠠᠯ ᠠᠵᠤ ᠠᠬᠤᠢ ᠲᠠᠷᠢᠶᠠᠯᠠᠩ ᠤᠨ ᠮᠠᠰᠢᠨ ᠲᠦᠬᠦᠬᠡᠷᠦᠮᠵᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠦᠭᠴᠦ ᠲᠠᠩᠰᠠᠨ ᠳᠤ ᠲᠡᠮᠳᠡᠭᠯᠡᠬᠦᠯᠦᠭᠰᠡᠨ ᠤ ᠲᠠᠷᠠᠭ᠎ᠠ᠂ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠰᠠᠢᠢ | ᠨᠦᠬᠦᠪᠤᠷᠢ ᠶᠢᠨ ᠮᠦᠩᠬᠦ ᠶᠢ ᠲᠤᠰᠬᠠᠢ ᠬᠤᠷᠰᠢᠶ᠎ᠠ ︵ᠵᠤᠬᠢᠶᠠᠨ ᠪᠠᠶᠢᠭᠤᠯᠤᠯᠳᠠ︶ ᠶᠢᠨ ᠬᠠᠤᠯᠢ ᠶᠢᠨ ᠡᠷᠬᠡᠳᠡᠨ ᠪᠤᠶᠤ | ᠠᠯᠢ ᠨᠢᠬᠡᠨ ᠬᠡᠰᠢᠬᠦᠨ ᠡᠷᠦᠬᠡ ᠶᠢᠨ ᠮᠠᠯ ᠠᠵᠤ ᠠᠬᠤᠢ ᠲᠠᠷᠢᠶᠠᠯᠠᠩ ᠢ ᠬᠠᠷᠠᠭᠠᠯᠵᠠᠬᠤ ︽ᠨᠢᠬᠡ ᠺᠠᠷᠲ︾ ︵ | ᠪᠠᠩᠬᠢ ᠶᠢᠨ ᠺᠠᠷᠲ︶ ᠲᠤ ᠤᠷᠤᠭᠤᠯᠵᠤ ᠦᠭᠬᠦᠨ᠎ᠠ᠃ | | ᠮᠠᠰᠢᠨ ᠲᠦᠬᠦᠬᠡᠷᠦᠮᠵᠢ ᠶᠢᠨ ᠡᠵᠡᠩᠨᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ | | ᠮᠠᠨ ᠤ ᠤᠷᠤᠨ ᠡᠨᠡ ᠵᠢᠯ ᠠᠴᠠ ᠡᠬᠢᠯᠡᠨ ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢ ᠲᠤᠰᠬᠠᠢ | ᠬᠠᠩᠭᠠᠬᠤ ᠠᠵᠤ ᠠᠬᠤᠢᠢᠯᠠᠯ ᠢ ᠲᠠᠬᠢᠨ ᠲᠤᠭᠳᠠᠭᠠᠬᠤ ᠪᠠᠨ ᠪᠤᠯᠢᠵᠤ᠂ ᠮᠠᠨ ᠤ ᠤᠷᠤᠨ ᠤ ᠦᠢᠯᠡᠳᠪᠤᠷᠢ | ᠬᠤᠳᠠᠯᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠠᠩᠰᠠᠯᠠᠭᠤᠯᠤᠭᠰᠠᠨ ᠮᠦᠷᠳᠡᠬᠡᠨ ᠠᠵᠤ | ᠠᠬᠤᠢᠢᠯᠠᠯ ᠠᠴᠠ ᠡᠷᠬᠡ ᠤᠯᠭᠤᠭᠰᠠᠨ ᠡᠵᠡᠩᠨᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ ᠪᠦᠬᠦᠨ ᠴᠦᠮ | ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢ ᠡᠵᠡᠩᠨᠡᠨ ᠪᠤᠷᠤᠯᠠᠭᠤᠯᠵᠤ ᠪᠤᠯᠤᠨ᠎ᠠ᠃ ᠤᠷᠤᠨ ᠤ ᠲᠤᠳᠤᠷᠠᠬᠢ | ᠮᠠᠰᠢᠨ ᠲᠦᠬᠦᠬᠡᠷᠦᠮᠵᠢ ᠶᠢᠨ ᠠᠵᠤ ᠠᠬᠤᠢᠢᠯᠠᠯ ᠪᠤᠯᠤᠨ ᠤᠷᠤᠨ ᠤ ᠭᠠᠳᠠᠨᠠᠬᠢ ᠰᠠᠭᠠᠯᠢ ᠶᠢᠨ ᠦᠢᠯᠡᠰ ᠤᠨ | ᠲᠦᠬᠦᠬᠡᠷᠦᠮᠵᠢ ᠶᠢᠨ ᠠᠵᠤ ᠠᠬᠤᠢᠢᠯᠠᠯ ᠤᠳ ᠡᠵᠡᠩᠨᠡᠨ ᠪᠤᠷᠤᠯᠠᠭᠤᠯᠬᠤ ᠠᠵᠤ ᠠᠬᠤᠢᠢᠯᠠᠯ ᠢ ᠲᠠᠮᠵᠢᠬᠤ ᠦᠬᠡᠢ ᠪᠠᠷ | ᠮᠠᠰᠢᠨ ᠲᠦᠬᠦᠬᠡᠷᠦᠮᠵᠢ ᠪᠠᠨ ᠰᠢᠭᠤᠳ ᠪᠤᠷᠤᠯᠠᠭᠤᠯᠬᠤ ᠶᠢᠨ ᠬᠠᠮᠳᠤ ᠪᠤᠷᠤᠯᠠᠭᠤᠯᠤᠯᠳᠠ ᠶᠢᠨ ᠪᠠᠷᠢᠮᠳᠠ ᠭᠠᠷᠭᠠᠨ | ᠦᠭᠴᠦ ᠪᠤᠯᠤᠨ᠎ᠠ᠃ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ ᠪᠠ ᠬᠤᠰᠢᠭᠤ ᠰᠢᠶᠠᠨ ᠤ ᠮᠠᠯ ᠠᠵᠤ ᠠᠬᠤᠢ | ᠲᠠᠷᠢᠶᠠᠯᠠᠩ ᠤᠨ ᠮᠠᠰᠢᠨ ᠲᠦᠬᠦᠬᠡᠷᠦᠮᠵᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠦᠬᠦᠪᠤᠷᠢ ᠤᠯᠭᠤᠬᠤ | ᠮᠠᠰᠢᠨ ᠲᠦᠬᠦᠬᠡᠷᠦᠮᠵᠢ ᠶᠢᠨ ᠦᠢᠯᠡᠳᠪᠤᠷᠢᠯᠡᠯ ᠡᠵᠡᠩᠨᠡᠯᠳᠡ ᠶᠢᠨ ᠠᠵᠤ ᠠᠬᠤᠢᠢᠯᠠᠯ ᠤᠨ ᠨᠡᠷᠡᠰ ᠢ ᠨᠡᠶᠢᠳᠡᠯᠡᠬᠦ ᠦᠬᠡᠢ᠃ | ︽ᠬᠡᠨ ᠲᠤᠭᠳᠠᠭᠠᠪᠠᠯ ᠬᠡᠨ ᠬᠠᠷᠢᠭᠤᠴᠠᠬᠤ︾ ᠵᠠᠷᠴᠢᠮ ᠢᠶᠠᠷ ᠮᠠᠰᠢᠨ ᠲᠦᠬᠦᠬᠡᠷᠦᠮᠵᠢ ᠶᠢᠨ ᠦᠢᠯᠡᠳᠪᠤᠷᠢᠯᠡᠯ ᠤᠨ | ᠠᠵᠤ ᠠᠬᠤᠢᠢᠯᠠᠯ ᠨᠢ ᠡᠷᠬᠡ ᠤᠯᠭᠤᠭᠰᠠᠨ ᠡᠵᠡᠩᠨᠡᠨ ᠪᠤᠷᠤᠯᠠᠭᠤᠯᠤᠯᠳᠠ ᠶᠢᠨ ᠠᠵᠤ ᠠᠬᠤᠢᠢᠯᠠᠯ ᠢ ᠬᠠᠮᠢᠶᠠᠷᠬᠤ ᠪᠠ | ᠪᠤᠯᠪᠠᠰᠤᠷᠠᠯ ᠬᠦᠷᠳᠡᠬᠡᠬᠦ ᠬᠠᠷᠢᠴᠠᠭᠤᠯᠭ᠎ᠠ ᠶᠢ ᠡᠬᠦᠷᠬᠡᠯᠡᠵᠤ᠂ ᠪᠤᠷᠤᠯᠠᠭᠤᠯᠤᠭᠰᠠᠨ ᠤ ᠲᠠᠷᠠᠭᠠᠬᠢ ᠦᠢᠯᠡᠴᠢᠯᠡᠭᠡ ᠶᠢ | ᠰᠠᠶᠢᠳᠤᠷ ᠬᠢᠯᠬᠡᠬᠦ ᠶᠢᠨ ᠬᠠᠮᠳᠤ ᠨᠦᠬᠦᠪᠤᠷᠢ ᠤᠯᠭᠤᠬᠤ ᠮᠠᠰᠢᠨ ᠲᠦᠬᠦᠬᠡᠷᠦᠮᠵᠢ ᠶᠢ ᠡᠵᠡᠩᠨᠡᠨ ᠪᠤᠷᠤᠯᠠᠭᠤᠯᠬᠤ | ᠠᠵᠢᠯᠯᠠᠭ᠎ᠠ ᠳᠤ ᠬᠠᠷᠠᠭᠠᠯᠵᠠᠭᠰᠠᠨ ᠬᠠᠷᠢᠭᠤᠴᠠᠯᠭ᠎ᠠ ᠡᠬᠦᠷᠬᠡᠯᠡᠬᠦᠯᠦᠨᠠ᠃ | | ᠨᠦᠬᠦᠪᠤᠷᠢ ᠶᠢᠨ ᠬᠦᠷᠢᠶ᠎ᠠ ᠬᠡᠪᠴᠢᠶ᠎ᠠ ᠶᠢ ᠦᠷᠬᠡᠳᠬᠡᠬᠦ ᠴᠢᠭᠯᠡᠯ | | ᠮᠠᠨ ᠤ ᠤᠷᠤᠨ ᠳᠤ ᠤᠳᠤᠬᠠᠨ᠎ᠠ 1.3 ᠳ᠋ᠦᠩᠰᠢᠭᠤᠷ ᠮᠦ ᠲᠠᠷᠢᠶᠠᠨ ᠭᠠᠵᠠᠷ ᠲᠠᠢ ᠪᠠᠶᠢᠵᠤ᠂ ᠵᠢᠯ ᠪᠦᠷᠢ | ᠪᠠᠷᠤᠭ 2000 ᠲᠦᠮᠡᠨ ᠮᠦ ᠲᠠᠷᠢᠶᠠᠨ ᠭᠠᠵᠠᠷ ᠤᠨ ᠬᠦᠷᠦᠰᠤ ᠰᠢᠷᠤᠢ ᠶᠢ ᠵᠦᠬᠡᠯᠡᠷᠡᠬᠦᠯᠦᠨ ᠲᠡᠭᠰᠢᠯᠡᠬᠦ ᠴᠢᠬᠤᠯᠠᠳᠠᠢ︔ | ᠲᠠᠬᠢᠪᠠᠯ ᠪᠦᠬᠦ ᠤᠷᠤᠨ ᠤ 108 ᠲᠦᠮᠡᠨ ᠰᠠᠤᠷᠢ ᠲᠷᠠᠺᠲ᠋ᠤᠷ ᠤᠨ ᠲᠤᠳᠤᠷ᠎ᠠ ᠠᠴᠠ ᠪᠠᠷᠤᠭ 10 ᠲᠦᠮᠡᠨ | ᠰᠠᠤᠷᠢ ᠨᠢ ᠬᠠᠭᠤᠴᠢᠷᠠᠵᠤ ᠴᠤᠴᠠᠷᠠᠭᠠᠳ ᠰᠢᠨᠡᠳᠬᠡᠬᠦ ᠴᠢᠬᠤᠯᠠᠳᠠᠢ ᠪᠤᠯᠵᠤ ᠪᠤᠢ᠃ ᠡᠬᠦᠨ ᠳᠤ ᠦᠪᠡᠷᠳᠡᠬᠡᠨ ᠵᠠᠰᠠᠬᠤ | ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠠᠬ᠎ᠠ ᠲᠡᠬᠦᠤ ᠮᠤᠵᠢ ᠤᠷᠤᠨ ᠤ ᠲᠤᠷᠰᠢᠯᠭ᠎ᠠ ᠪᠠᠷ ᠲᠤᠯᠢ | ᠪᠤᠯᠭᠠᠨ ᠢᠳᠡᠪᠬᠢᠳᠠᠢ ᠪᠠᠷ ᠬᠠᠶᠢᠨ ᠰᠤᠳᠤᠯᠵᠤ᠂ ᠬᠦᠷᠦᠰᠤ ᠰᠢᠷᠤᠢ ᠶᠢ ᠵᠦᠬᠡᠯᠡᠷᠡᠬᠦᠯᠦᠨ ᠲᠡᠭᠰᠢᠯᠡᠬᠦ ᠪᠠ | ᠬᠠᠭᠤᠴᠢᠷᠠᠵᠤ ᠴᠤᠴᠠᠷᠠᠭᠰᠠᠨ ᠮᠠᠰᠢᠨ ᠲᠦᠬᠦᠬᠡᠷᠦᠮᠵᠢ ᠶᠢ ᠰᠢᠨᠡᠳᠬᠡᠬᠦ ᠲᠠᠯ᠎ᠠ ᠪᠠᠷ ᠨᠦᠬᠦᠪᠤᠷᠢ ᠤᠯᠭᠤᠬᠤ ᠠᠷᠭ᠎ᠠ | ᠵᠢᠴᠢ ᠪᠦᠷᠢᠨ ᠲᠦᠬᠦᠷ ᠬᠢᠨᠠᠨ ᠬᠠᠮᠢᠶᠠᠷᠤᠯᠳᠠ ᠶᠢᠨ ᠠᠷᠭ᠎ᠠ ᠬᠡᠮᠵᠢᠶ᠎ᠠ ᠶᠢ ᠡᠷᠳᠡᠬᠡᠨ ᠭᠠᠷᠭᠠᠬᠤ ᠪᠠᠷ ᠬᠦᠴᠦᠯᠡᠵᠤ ᠪᠤᠢ᠃ | ᠲᠠᠷᠠᠭᠠᠴᠢ ᠶᠢᠨ ᠮᠠᠰᠢᠨ ᠲᠦᠬᠦᠬᠡᠷᠦᠮᠵᠢ ᠶᠢᠨ ᠨᠦᠬᠦᠪᠤᠷᠢ ᠶᠢᠨ ᠬᠦᠷᠢᠶ᠎ᠠ ᠬᠡᠪᠴᠢᠶ᠎ᠠ ᠶᠢ ᠦᠷᠬᠡᠳᠬᠡᠬᠦ ᠭᠤᠤᠯ ᠴᠢᠭᠯᠡᠯ | ᠪᠤᠯ ᠡᠨᠡ ᠬᠤᠶᠠᠷ ᠲᠠᠯ᠎ᠠ ᠶᠢᠨ ᠨᠦᠬᠦᠪᠤᠷᠢ ᠪᠤᠯᠤᠨ᠎ᠠ᠃ | |