ᠶᠠᠮᠠᠷᠪᠠ ᠬᠦᠮᠦᠨ ᠡᠮ ᠤᠨ ᠵᠦᠢᠯ ᠤᠨ ᠵᠠᠷ ᠤᠨ ᠤᠷᠤᠯᠠᠨ ᠦᠭᠦᠯᠡᠭᠴᠢ ᠪᠤᠯᠵᠤ ᠪᠤᠯᠬᠤ ᠦᠭᠡᠢ
ᠨᠡᠶᠢᠲᠡᠯᠡᠭᠰᠡᠨ ᠴᠠᠭ᠄
2015/9/2
 9 ᠰᠠᠷ᠎ᠠ ᠶᠢᠨ 1᠎ ᠤ ᠡᠳᠤᠷ ᠠᠴᠠ ᠡᠬᠢᠯᠡᠵᠤ ᠬᠡᠷᠡᠭᠵᠢᠬᠦᠯᠬᠦ ᠰᠢᠨ᠎ᠡ ᠪᠠᠷ ᠵᠠᠰᠠᠪᠤᠷᠢ ᠤᠷᠤᠭᠤᠯᠤᠭᠰᠠᠨᠵᠠᠷ ᠤᠨ ᠬᠠᠤᠯᠢ ᠳᠤ ᠡᠮᠴᠢᠯᠡᠭᠡ ᠪᠠ ᠡᠷᠡᠬᠦᠯᠵᠢᠯ ᠤᠨ ᠵᠦᠢᠯ ᠤᠨ ᠵᠠᠷ ᠢ ᠴᠢᠩᠭ᠎ᠠ ᠵᠢᠷᠤᠮᠵᠢᠭᠤᠯᠪᠠ                 ᠷᠠᠳᠢᠤ᠋ ᠬᠤᠷᠢᠶ᠎ᠠ᠂ ᠲᠧᠯᠸᠢᠰ ᠬᠤᠷᠢᠶ᠎ᠠ᠂ ᠲᠤᠤᠷ ᠰᠦᠯᠵᠢᠶ᠎ᠡ ᠵᠡᠷᠭᠡ ᠨᠢ           ᠪᠡᠶ᠎ᠡ   ᠰᠤᠪᠢᠯᠠᠬᠤ   ᠮᠡᠳᠡᠯᠭᠡ   ᠲᠠᠨᠢᠯᠴᠠᠭᠤᠯᠬᠤ  ᠬᠡᠯᠪᠡᠷᠢ   ᠎ ᠪᠠᠷ           ᠵᠠᠷ           ᠨᠡᠶᠢᠲᠡᠯᠡᠵᠤ           ᠪᠤᠯᠬᠤ           ᠦᠭᠡᠢ         ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠷ ᠤᠨ ᠬᠠᠤᠯᠢ︾᠎ ᠶᠢ 9 ᠰᠠᠷ᠎ᠠ ᠶᠢᠨ 1᠎ ᠤ ᠡᠳᠤᠷ ᠠᠴᠠ ᠡᠬᠢᠯᠡᠨ ᠵᠢᠩᠬᠢᠨᠢ ᠪᠠᠷ ᠬᠡᠷᠡᠭᠵᠢᠬᠦᠯᠬᠦ ᠪᠤᠯᠤᠨ᠎ᠠ᠃ ᠡᠨᠡ ᠪᠤᠯ ᠵᠠᠷ ᠤᠨ ᠬᠠᠤᠯᠢ ᠶᠢ ᠡᠬᠢᠯᠡᠵᠤ ᠬᠡᠷᠡᠭᠵᠢᠬᠦᠯᠦᠭᠰᠡᠨ ᠠᠴᠠ ᠠᠪᠤᠭᠠᠳ 20 ᠵᠢᠯ ᠤᠨ ᠲᠤᠳᠤᠷ᠎ᠠ ᠠᠩᠬ᠎ᠠ ᠤᠳᠠᠭ᠎ᠠ ᠵᠠᠰᠠᠪᠤᠷᠢ ᠤᠷᠤᠭᠤᠯᠵᠤ ᠪᠠᠶᠢᠭ᠎ᠠ ᠶᠠᠪᠤᠳᠠᠯ ᠶᠤᠮ᠃ ᠲᠤᠰ ᠤᠳᠠᠭ᠎ᠠ ᠵᠠᠷ ᠤᠨ ᠬᠠᠤᠯᠢ ᠳᠤ ᠶᠡᠭᠡ ᠬᠡᠮᠵᠢᠶᠡᠨ ᠤ ᠵᠠᠰᠠᠪᠤᠷᠢ ᠤᠷᠤᠭᠤᠯᠵᠠᠢ᠂ ᠡᠬᠦᠨ ᠳᠤ ᠬᠤᠳᠠᠯ ᠬᠠᠭᠤᠷᠮᠠᠭ ᠵᠠᠷ ᠤᠨ ᠲᠤᠮᠢᠶᠠᠯᠠᠯ ᠪᠠ ᠨᠡᠶᠢᠳᠡᠯᠢᠭ ᠬᠡᠯᠪᠡᠷᠢ ᠶᠢ ᠲᠤᠳᠤᠷᠬᠠᠢ ᠪᠤᠯᠭᠠᠬᠤ᠂ ᠵᠠᠷ ᠤᠨ ᠤᠷᠤᠯᠠᠨ ᠦᠬᠦᠯᠡᠭᠴᠢ ᠶᠢᠨ ᠬᠠᠤᠯᠢ ᠴᠠᠭᠠᠵᠠ ᠶᠢᠨ ᠡᠬᠦᠷᠭᠡ ᠬᠠᠷᠢᠭᠤᠴᠠᠯᠭ᠎ᠠ ᠶᠢ ᠰᠢᠨ᠎ᠡ ᠪᠠᠷ ᠨᠡᠮᠡᠬᠦ᠂ ᠤᠯᠠᠨ ᠨᠡᠶᠢᠲᠡ ᠶᠢᠨ ᠵᠠᠭᠤᠴᠢᠯᠠᠭᠤᠷ ᠤᠨ ᠵᠠᠷ ᠨᠡᠶᠢᠲᠡᠯᠡᠬᠦ ᠠᠵᠢᠯᠯᠠᠭ᠎ᠠ ᠳᠠᠬᠢ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠵᠡᠷᠭᠡ ᠤᠯᠠᠨ ᠲᠠᠯ᠎ᠠ ᠶᠢᠨ ᠠᠭᠤᠯᠭ᠎ᠠ ᠶᠢ ᠪᠠᠭᠳᠠᠭᠠᠵᠠᠢ᠃       ᠰᠢᠨ᠎ᠡ ᠵᠠᠷ ᠤᠨ ᠬᠠᠤᠯᠢ ᠳᠤ᠄ ᠶᠠᠮᠠᠷᠪᠠ ᠬᠦᠮᠦᠨ ᠡᠮ ᠤᠨ ᠵᠦᠢᠯ ᠤᠨ ᠵᠠᠷ ᠤᠨ ᠤᠷᠤᠯᠠᠨ ᠦᠬᠦᠯᠡᠭᠴᠢ ᠪᠤᠯᠵᠤ ᠪᠤᠯᠬᠤ ᠦᠭᠡᠢ᠂ ᠡᠮ ᠤᠨ ᠵᠦᠢᠯ ᠤᠨ ᠵᠠᠷ ᠲᠤ ᠴᠡᠭᠡᠷᠯᠡᠬᠦ ᠴᠢᠬᠤᠯᠠᠲᠠᠢ ᠵᠦᠢᠯ ᠪᠠ ᠬᠡᠪ ᠤᠨ ᠪᠤᠰᠤ ᠢᠯᠡᠷᠡᠯ ᠢ ᠡᠷᠬᠡᠪᠰᠢ ᠢᠯᠡ ᠲᠤᠳᠤ ᠢᠯᠡᠷᠭᠡᠶᠢᠯᠡᠬᠦ ᠬᠡᠷᠡᠭᠲᠠᠢ᠂ ᠡᠬᠦᠨ ᠤ ᠬᠠᠮᠳᠤ ᠷᠠᠳᠢᠤ᠋ ᠬᠤᠷᠢᠶ᠎ᠠ᠂ ᠲᠧᠯᠸᠢᠰ ᠬᠤᠷᠢᠶ᠎ᠠ᠂ ᠰᠤᠨᠢᠨ ᠰᠡᠳᠬᠦᠯ ᠲᠠᠭᠤ ᠲᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶ᠎ᠠ᠂ ᠢᠨᠲ᠋ᠧᠷ ᠰᠦᠯᠵᠢᠶᠡᠨ ᠤ ᠮᠡᠳᠡᠭᠡ ᠵᠠᠩᠬᠢ ᠶᠢᠨ ᠦᠢᠯᠡᠴᠢᠯᠡᠭᠡ ᠬᠠᠨᠭ᠍ᠭᠠᠭᠴᠢᠳ ᠡᠷᠡᠬᠦᠯ ᠮᠡᠨᠳᠤ᠂ ᠪᠡᠶ᠎ᠡ ᠰᠤᠪᠢᠯᠠᠯᠲᠠ ᠶᠢᠨ ᠮᠡᠳᠡᠯᠭᠡ ᠲᠠᠨᠢᠯᠴᠠᠭᠤᠯᠬᠤ ᠵᠡᠷᠭᠡ ᠬᠡᠯᠪᠡᠷᠢ ᠎ ᠪᠠᠷ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡ᠂ ᠡᠷᠡᠬᠦᠯᠵᠢᠯ ᠤᠨ ᠵᠦᠢᠯ ᠤᠨ ᠵᠠᠷ ᠢ ᠨᠡᠶᠢᠲᠡᠯᠡᠵᠤ ᠪᠤᠯᠬᠤ ᠦᠭᠡᠢ ᠭᠡᠵᠤ ᠲᠤᠭᠲᠠᠭᠠᠵᠠᠢ᠃       ᠡᠨᠡ ᠨᠢ ᠬᠤᠶᠢᠰᠢᠳᠠ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠮᠴᠢᠯᠡᠭᠡ᠂ ᠡᠷᠡᠬᠦᠯᠵᠢᠯ ᠤᠨ ᠵᠦᠢᠯ ᠤᠨ ᠵᠠᠷ ᠢ ᠤᠷᠤᠯᠠᠨ ᠦᠬᠦᠯᠡᠵᠤ ᠪᠤᠯᠬᠤ ᠪᠠᠨ ᠪᠤᠯᠢᠭᠰᠠᠨ ᠢ ᠬᠠᠷᠠᠭᠤᠯᠵᠤ ᠪᠠᠶᠢᠨ᠎ᠠ᠃ ᠤᠴᠢᠷ ᠨᠢ ᠡᠳᠡᠭᠡᠷ ᠪᠤᠯ ᠴᠦᠮ ᠠᠷᠠᠳ ᠤᠯᠠᠨ ᠤ ᠠᠮᠢ ᠨᠠᠰᠤ ᠡᠷᠡᠬᠦᠯ ᠮᠡᠨᠳᠤ ᠶᠢᠨ ᠠᠮᠤᠷ ᠲᠦᠪᠰᠢᠨ ᠳᠤ ᠬᠤᠯᠪᠤᠭᠳᠠᠬᠤ ᠲᠠᠸᠠᠷ ᠪᠤᠶᠤ ᠦᠢᠯᠡᠴᠢᠯᠡᠭᠡ ᠮᠦᠨ ᠪᠠᠶᠢᠵᠤ᠂ ᠬᠦᠮᠦᠨ ᠤ ᠪᠡᠶ᠎ᠡ ᠶᠢᠨ ᠦᠪᠡᠷᠮᠢᠴᠡ ᠰᠢᠨᠵᠢ ᠠᠴᠠ ᠪᠤᠯᠵᠤ᠂ ᠵᠠᠷᠢᠮ ᠬᠦᠮᠦᠨ ᠳᠤ ᠦᠢᠯᠡᠳᠦᠯ ᠰᠠᠶᠢᠲᠠᠢ ᠪᠤᠯᠪᠠᠴᠦ ᠬᠦᠮᠦᠨ ᠪᠦᠬᠦᠨ ᠳᠤ ᠦᠢᠯᠡᠳᠦᠯ ᠰᠠᠶᠢᠳᠠᠢ ᠪᠢᠰᠢ ᠪᠠᠶᠢᠳᠠᠭ ᠪᠤᠯᠬᠤᠷ ᠵᠠᠷ ᠤᠨ ᠤᠷᠤᠯᠠᠨ ᠦᠭᠦᠯᠡᠭᠴᠢ ᠶᠢᠨ ᠤᠬᠠᠭᠤᠯᠭ᠎ᠠ ᠶᠢᠨ ᠲᠤᠰ ᠪᠡᠶ᠎ᠡ ᠨᠢ ᠲᠠᠷᠤᠢ ᠰᠢᠨᠵᠢᠯᠡᠬᠦ ᠤᠬᠠᠭᠠᠨᠴᠢ ᠪᠤᠰᠤ ᠶᠤᠮ᠃       ᠰᠢᠨ᠎ᠡ ᠵᠠᠷ ᠤᠨ ᠬᠠᠤᠯᠢ ᠶᠢ ᠦᠨᠳᠦᠰᠦᠯᠡᠪᠡᠯ᠂ ᠬᠤᠳᠠᠯ ᠬᠠᠭᠤᠷᠮᠠᠭ ᠵᠠᠷ ᠨᠡᠶᠢᠲᠡᠯᠡᠭᠰᠡᠨ ᠡᠩ ᠤᠨ ᠦᠢᠯᠡ ᠪᠠᠶᠢᠳᠠᠯ ᠢ ᠲᠤᠷᠭᠠᠬᠤ ᠵᠤᠭᠤᠰᠤᠨ ᠤ ᠬᠡᠮᠵᠢᠶ᠎ᠡ ᠶᠢ 1994 ᠤᠨ ᠤ ᠵᠠᠷ ᠤᠨ ᠬᠠᠤᠯᠢ ᠳᠤ ᠲᠤᠭᠲᠠᠭᠠᠭᠰᠠᠨ ᠵᠠᠷ ᠤᠨ ᠵᠠᠷᠤᠳᠠᠯ ᠤᠨ 1᠎ ᠠᠴᠠ 5 ᠲᠠᠬᠢᠨ ᠪᠠᠶᠢᠭᠰᠠᠨ ᠠᠴᠠ ᠵᠠᠷ ᠤᠨ ᠵᠠᠷᠤᠳᠠᠯ ᠤᠨ 3᠎ ᠠᠴᠠ 5 ᠲᠠᠬᠢᠨ ᠪᠤᠯᠭᠠᠵᠤ᠂ ᠲᠤᠷᠭᠠᠭᠤᠯᠢ ᠶᠢᠨ ᠡᠬᠢᠯᠡᠯᠲᠡ ᠶᠢᠨ ᠴᠡᠭ ᠢ ᠶᠡᠭᠡᠪᠡᠷ ᠲᠡᠭᠡᠭᠰᠢᠯᠡᠬᠦᠯᠵᠠᠢ᠂ ᠬᠤᠶᠠᠷ ᠵᠢᠯ ᠤᠨ ᠲᠤᠳᠤᠷ᠎ᠠ 3᠎ ᠠᠴᠠ ᠢᠯᠡᠬᠦᠦ ᠤᠳᠠᠭ᠎ᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠬᠢᠭᠰᠡᠨ ᠪᠤᠶᠤ ᠪᠤᠰᠤᠳ ᠬᠦᠨᠳᠤ ᠨᠤᠴᠢᠲᠠᠢ ᠦᠢᠯᠡ ᠪᠠᠶᠢᠳᠠᠯ ᠲᠠᠢ ᠪᠠᠶᠢᠪᠠᠯ᠂ ᠬᠠᠮᠤᠭ ᠤᠨ ᠠᠷᠪᠢᠨ ᠳᠠᠭᠠᠨ 200 ᠲᠦᠮᠡᠨ ᠲᠦᠬᠦᠷᠢᠭ ᠢᠶᠠᠷ ᠲᠤᠷᠭᠠᠵᠤ ᠪᠤᠯᠤᠨ᠎ᠠ᠃ ᠰᠢᠨ᠎ᠡ ᠵᠠᠷ ᠤᠨ ᠬᠠᠤᠯᠢ ᠳᠤ ᠬᠤᠳᠠᠯ ᠬᠠᠭᠤᠷᠮᠠᠭ ᠵᠠᠷ ᠤᠨ ᠪᠦᠷᠢᠯᠳᠤᠯ ᠨᠦᠬᠦᠴᠡᠯ ᠤᠨ ᠲᠤᠬᠠᠢ ᠬᠠᠮᠢᠶ᠎ᠠ ᠪᠦᠬᠦᠢ ᠲᠤᠭᠲᠠᠭᠠᠯ ᠢ ᠲᠤᠰᠬᠠᠢ ᠨᠡᠮᠡᠭᠰᠡᠨ ᠪᠠᠶᠢᠨ᠎ᠠ᠂ ᠨᠢᠭᠡ ᠳᠤ ᠠᠭᠤᠯᠭ᠎ᠠ ᠨᠢ ᠬᠤᠳᠠᠯ ᠬᠠᠭᠤᠷᠮᠠᠭ ᠪᠤᠯᠬᠤ᠂ ᠬᠤᠶᠠᠷ ᠲᠤ ᠬᠦᠮᠦᠨ ᠳᠤ ᠠᠳᠡᠬᠦᠦ ᠤᠢᠢᠯᠠᠭᠠᠯᠲᠠ ᠦᠭᠬᠦ ᠠᠭᠤᠯᠭ᠎ᠠ ᠪᠠᠷ ᠬᠡᠷᠡᠭᠯᠡᠭᠴᠢᠳ ᠢ ᠠᠳᠡᠬᠦᠷᠡᠬᠦᠯᠬᠦ ᠨᠢ ᠴᠦᠮ ᠬᠤᠳᠠᠯ ᠬᠠᠭᠤᠷᠮᠠᠭ ᠵᠠᠷ ᠲᠤ ᠲᠤᠭᠠᠴᠠᠭᠳᠠᠨ᠎ᠠ᠃  ᠪᠦᠬᠦ ᠠᠭᠤᠯᠭ᠎ᠠ >>>  
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号