| ᠰᠤᠷᠪᠤᠯᠵᠢᠯᠠᠭᠰᠠᠨ ᠴᠠᠭ᠄ 2015 ᠣᠨ ᠤ 8 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ | ᠰᠤᠷᠪᠤᠯᠵᠢᠯᠠᠭᠰᠠᠨ ᠵᠣᠴᠢᠨ᠄ ᠦ᠊ᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ | ᠵᠦᠪᠯᠡᠯ ᠶᠢᠨ ᠳᠡᠳ᠋ ᠡᠷᠬᠢᠯᠡᠭᠴᠢ ᠵᠠᠩ ᠪᠠᠢ ᠴᠧᠩ | ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄ ︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ | ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠰᠬᠠᠢ ᠰᠡᠳᠦᠪᠲᠦ ᠬᠤᠷᠠᠯ | ᠢᠶᠠᠷ ᠬᠢᠨᠠᠨ ᠵᠦᠪᠯᠡᠵᠦ ᠪᠠᠲᠤᠯᠠᠭᠠᠳ ᠦᠪᠦᠷ ᠵᠠᠰᠠᠭ ᠠᠯᠪᠠᠨ ᠲᠠᠷᠬᠠᠭᠠᠭᠰᠠᠨ ﹇2015﹈ 61 ᠳ᠋ᠦ᠋ᠭᠡᠷ ᠲᠤᠭᠠᠲᠤ | ᠪᠢᠴᠢᠭ ᠮᠠᠲ᠋ᠧᠷᠢᠶᠠᠯ ᠢᠶᠠᠷ ᠢᠯᠡ ᠨᠡᠶᠢᠲᠡᠯᠡᠪᠡ᠃ ᠨᠡᠶᠢᠭᠡᠮ ᠨᠡᠶᠢᠲᠡ ᠪᠣᠯᠤᠨ ᠥᠷᠭᠡᠨ ᠤᠯᠠᠨ ᠰᠦᠯᠵᠢᠶᠡᠨ ᠠᠨᠳᠠ ᠨᠠᠷ | ᠲᠤ ︽ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠢ ᠤᠶᠢᠯᠭᠠᠭᠤᠯᠬᠤ ᠶᠢᠨ | ᠲᠤᠰᠠᠳᠠ᠂ ᠤᠶᠢᠷ᠎ᠠ ᠳᠤ᠂ ᠪᠢᠳᠡ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ | ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠤ | ᠤᠷᠢᠵᠤ ᠳᠠᠶᠠᠭᠠᠷ ᠲᠠᠢ ᠰᠦᠯᠵᠢᠶᠡᠨ ᠳᠡᠭᠡᠷ᠎ᠡ ᠵᠣᠭᠤᠭᠳᠠᠭᠤᠯᠬᠤ ᠪᠠᠷ ᠪᠣᠯᠪᠠ᠃ ᠥᠷᠭᠡᠨ ᠤᠯᠠᠨ ᠰᠦᠯᠵᠢᠶᠡᠨ ᠠᠨᠳᠠ | ᠨᠠᠷ ᠲᠤᠬᠠᠢ ᠶᠢᠨ ᠴᠠᠭ ᠲᠤᠨᠢ ᠢᠳᠡᠭᠬᠢᠲᠠᠢ ᠤᠷᠤᠯᠴᠠᠬᠤ ᠶᠢ ᠤᠭᠲᠤᠵᠤ ᠪᠠᠶᠢᠨ᠎ᠠ᠃ | | ᠰᠤᠷᠪᠤᠯᠵᠢᠯᠠᠨ ᠶᠠᠷᠢᠯᠴᠠᠭᠰᠠᠨ ᠪᠣᠳᠠᠲᠤ ᠲᠡᠮᠳᠡᠭᠯᠡᠯ᠄ | | ᠬᠦᠲᠦᠯᠦᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠤᠰ | ᠬᠤᠭᠤᠴᠠᠭ᠎ᠠ ᠶᠢᠨ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠤᠯᠤᠩ ᠢ | ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ | ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ᠤᠷᠢᠵᠤ ︽︿ | ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠬᠤᠯᠪᠤᠭᠳᠠᠯ | ᠪᠦᠬᠦᠢ ᠠᠭᠤᠯᠭ᠎ᠠ ᠶᠢ ᠰᠦᠯᠵᠢᠶᠡᠨ ᠳᠡᠭᠡᠷ᠎ᠡ ᠲᠠᠶᠢᠯᠪᠦᠷᠢᠯᠠᠭᠤᠯᠬᠤ ᠪᠠᠷ ᠪᠠᠶᠢᠨ᠎ᠠ᠃ ᠵᠠᠩ ᠡᠷᠬᠢᠯᠡᠭᠴᠢ ᠰᠠᠶᠢᠨ ᠦᠦ᠂ | ᠲᠠᠨ ᠢ ᠪᠠᠶᠠᠷᠯᠠᠨ ᠤᠭᠲᠤᠵᠤ ᠪᠠᠶᠢᠨ᠎ᠠ︕ | ᠵᠠᠩ ᠪᠠᠢ ᠴᠧᠩ᠄ ᠬᠥᠲᠦᠯᠦᠭᠴᠢ ᠰᠠᠶᠢᠨ ᠦᠦ᠂ ᠥᠷᠭᠡᠨ ᠤᠯᠠᠨ ᠰᠦᠯᠵᠢᠶᠡᠨ ᠠᠨᠳᠠ ᠨᠠᠷ ᠰᠠᠶᠢᠨ | ᠪᠠᠶᠢᠵᠠᠭᠠᠨ᠎ᠠ ᠦᠦ︕ | ᠬᠥᠲᠥᠯᠦᠭᠴᠢ᠄ ᠵᠠᠩ ᠡᠷᠬᠢᠯᠡᠭᠴᠢ ᠡ᠂ ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾ ᠤᠨ | ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ︽ᠢᠨᠲ᠋ᠧᠷ ᠰᠦᠯᠵᠢᠶ᠎ᠡ +︾ ᠶᠢ ᠳᠤᠷᠠᠳᠤᠭᠰᠠᠨ ᠤ ᠳᠠᠷᠠᠭ᠎ᠠ᠂ | ᠡᠯ᠎ᠡ ᠭᠠᠵᠠᠷ ᠤᠨ ᠵᠠᠰᠠᠭ ᠤᠨ ᠤᠷᠳᠤᠨ ᠨᠤᠭᠤᠳ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠶᠢ | ᠬᠤᠶᠢᠨ᠎ᠠ ᠬᠤᠶᠢᠨ᠎ᠠ ᠠᠴᠠ ᠪᠠᠨ ᠭᠠᠷᠭᠠᠭᠰᠠᠨ ᠪᠤᠶᠤ ᠱᠠᠯᠠᠪᠳᠠᠨ ᠲᠣᠭᠲᠠᠭᠠᠪᠠ᠂ ᠮᠠᠨ ᠤ ᠤᠷᠤᠨ ᠪᠠᠰᠠ ︽ᠢᠨᠲ᠋ᠧᠷ | ᠰᠦᠯᠵᠢᠶ᠎ᠡ +︾ ᠭᠡᠰᠡᠨ ᠡᠨᠡᠬᠦ ᠲᠣᠮᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠳᠣᠣᠷ᠎ᠠ᠂ ︽ᠢᠨᠲ᠋ᠧᠷ | ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠵᠢᠯᠣᠭᠤᠳᠬᠤ ᠰᠠᠨᠠᠯ ᠢ ᠭᠠᠷᠭᠠᠪᠠ᠂ ᠲᠠ ᠮᠠᠨ ᠤ ᠤᠷᠤᠨ ᠤ | ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠶᠠᠮᠠᠷ ᠶᠠᠮᠠᠷ ᠠᠴᠢ ᠬᠤᠯᠪᠤᠭᠳᠠᠯ ᠲᠠᠢ | ᠭᠡᠳᠡᠭ ᠢ ᠶᠠᠷᠢᠭᠠᠳ ᠦᠭᠭᠦᠨ᠎ᠡ ᠦᠦ︖ | ᠵᠠᠩ ᠪᠠᠢ ᠴᠧᠩ᠄ ᠣᠳᠤᠬᠠᠨ ᠳᠤ᠂ ᠢᠨᠲ᠋ᠧᠷ ᠰᠦᠯᠵᠢᠶ᠎ᠡ ᠬᠢᠭᠡᠳ ᠡᠭᠦᠯᠡᠨ ᠪᠣᠳᠤᠯᠲᠠ᠂ ᠶᠡᠭᠡ ᠲᠤᠭ᠎ᠠ | ᠪᠠᠷᠢᠮᠳᠠ᠂ ᠪᠣᠳᠠᠰᠯᠢᠭ ᠬᠤᠯᠪᠤᠭᠠᠲᠤ ᠰᠦᠯᠵᠢᠶ᠎ᠡ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ | ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠷᠡᠭᠯᠡᠯᠲᠡ ᠨᠢ ᠲᠥᠷᠭᠡᠳᠴᠦ᠂ ᠠᠵᠤ ᠠᠬᠤᠶᠢᠯᠠᠯ ᠤᠨ | ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠬᠤᠳᠠᠯᠳᠤᠭᠠᠨ ᠤ ᠦᠢᠯᠡᠴᠢᠯᠡᠭᠡᠨ ᠬᠢᠭᠡᠳ ᠠᠮᠢᠳᠤᠷᠠᠯ ᠤᠨ | ᠬᠡᠷᠡᠭᠯᠡᠭᠡᠨ ᠤ ᠠᠷᠭ᠎ᠠ ᠮᠠᠶ᠋ᠢᠭ ᠢ ᠭᠥᠨᠵᠡᠭᠡᠢ ᠬᠤᠪᠢᠷᠠᠭᠤᠯᠵᠤ ᠪᠠᠶᠢᠬᠤ ᠶᠢᠨ ᠬᠠᠮᠲᠤ ᠤᠷᠢᠳ ᠡᠮᠦᠨ᠎ᠡ ᠪᠠᠶᠢᠭ᠎ᠠ ᠦᠭᠡᠢ | ᠡᠷᠴᠢᠮ ᠢᠶᠠᠷ ᠤᠯᠠᠮᠵᠢᠯᠠᠯᠲᠤ ᠠᠵᠤ ᠦᠢᠯᠡᠰ ᠢ ᠳᠠᠬᠢᠨ ᠱᠤᠭᠤᠵᠤ ᠪᠠᠶᠢᠬᠤ ᠪᠠ ᠰᠢᠨ᠎ᠡ ᠪᠠᠷ ᠬᠥᠭᠵᠢᠵᠦ ᠪᠦᠬᠦᠢ ᠠᠵᠤ | ᠦᠢᠯᠡᠰ ᠢ ᠪᠣᠢ ᠪᠤᠯᠭᠠᠵᠤ ᠪᠠᠶᠢᠨ᠎ᠠ᠃ | ᠯᠢ ᠺᠧ ᠴᠢᠶᠠᠩ ᠶᠡᠷᠦᠩᠬᠡᠢ ᠰᠠᠶᠢᠳ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠡᠭᠡᠨ ︽ | ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠲᠣᠭᠲᠠᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ | ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠤᠯᠤᠨ ᠢᠨᠲ᠋ᠧᠷ ᠰᠦᠯᠵᠢᠶᠡᠨ ᠮᠥᠩᠭᠦᠨ ᠭᠦᠢᠯᠭᠡᠭᠡᠨ ᠤ | ᠡᠷᠡᠭᠦᠯ ᠢᠶᠠᠷ ᠭᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠶᠠᠪᠤᠳᠠᠯ ᠨᠢ᠂ ᠪᠦᠬᠦ ᠨᠡᠶᠢᠭᠡᠮ ᠤᠨ ᠬᠢᠨ ᠤ | ᠳᠡᠭᠡᠳᠦ ᠬᠡᠮᠵᠢᠶ᠎ᠡ ᠪᠠᠷ ᠠᠩᠬᠠᠷᠬᠤ ᠪᠠ ᠰᠤᠳᠤᠯᠬᠤ ᠥᠷᠨᠢᠯᠲᠡ ᠶᠢ ᠤᠯᠠᠮ ᠨᠢᠭᠡ ᠠᠯᠬᠤᠮ ᠡᠭᠦᠰᠭᠡᠪᠡ᠃ ᠡᠯ᠎ᠡ | ᠭᠠᠵᠠᠷ ᠤᠨ ᠬᠢᠨ ᠨᠢ ᠪᠠᠰᠠ ᠴᠦᠮ ᠠᠵᠠ ᠲᠣᠬᠢᠶᠠᠯ ᠢ ᠵᠠᠪᠳᠤᠨ᠂ ᠢᠨᠲ᠋ᠧᠷ ᠰᠦᠯᠵᠢᠶᠡᠨ ᠤ ᠠᠵᠤ ᠠᠬᠤᠢ ᠶᠢᠨ | ᠬᠥᠭᠵᠢᠯᠲᠡ ᠶᠢ ᠲᠥᠷᠭᠡᠳᠬᠡᠨ ᠠᠬᠢᠭᠤᠯᠵᠤ᠂ ᠵᠠᠷᠢᠮ ᠮᠤᠵᠢ ᠨᠤᠭᠤᠳ ᠬᠠᠮᠢᠶ᠎ᠠ ᠪᠦᠬᠦᠢ ᠰᠠᠨᠠᠯ ᠢᠶᠠᠨ ᠨᠡᠶᠢᠲᠡᠯᠡᠭᠰᠡᠨ | ᠪᠠᠶᠢᠨ᠎ᠠ᠂ ᠵᠢᠱᠢᠶᠡᠯᠡᠪᠡᠯ ᠰᠧᠴᠤᠸᠠᠨ᠂ ᠭᠢᠷᠢᠨ ᠪᠤᠯᠤᠨ ᠹᠦᠵᠢᠶᠠᠨ ᠵᠡᠷᠭᠡ ᠭᠠᠵᠠᠷ ᠤᠳ ᠪᠤᠯᠤᠨ᠎ᠠ᠂ ᠨᠡᠩ ᠤᠯᠠᠨ | ᠮᠤᠵᠢ ᠬᠤᠲᠠ ᠨᠤᠭᠤᠳ ᠶᠠᠭ ᠵᠠᠪᠳᠤᠨ ᠰᠣᠳᠤᠯᠤᠨ ᠲᠣᠭᠲᠠᠭᠠᠵᠤ ᠪᠠᠶᠢᠨ᠎ᠠ᠃ | ᠮᠠᠨ ᠤ ᠤᠷᠤᠨ ᠶᠠᠭ ᠠᠵᠤ ᠠᠬᠤᠢ ᠶᠢᠨ ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠭᠦᠯᠬᠦ ᠢ ᠲᠥᠷᠭᠡᠳᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠤᠷᠤᠰᠢᠵᠤ ᠪᠠᠶᠢᠭ᠎ᠠ ᠪᠣᠯᠬᠤᠷ᠂ ︽ᠢᠨᠲ᠋ᠧᠷ | ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠠᠬᠢ ᠢᠨᠲ᠋ᠧᠷ | ᠰᠦᠯᠵᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠠᠭᠤᠷᠢ ᠴᠢᠨᠠᠷ ᠪᠠ ᠤᠳᠤᠷᠢᠳᠤᠮᠵᠢ ᠶᠢᠨ ᠴᠢᠨᠠᠷ ᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠤᠷᠤᠨ ᠤ ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ | ᠬᠥᠭᠵᠢᠯᠲᠡ ᠶᠢ ᠲᠦᠯᠬᠢᠨ ᠠᠬᠢᠭᠤᠯᠵᠤ᠂ ᠮᠠᠨ ᠤ ᠤᠷᠤᠨ ᠤ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ ︽ᠢᠨᠲ᠋ᠧᠷ ᠰᠦᠯᠵᠢᠶ᠎ᠡ +︾ ᠠᠵᠢᠯ ᠢ ᠲᠥᠯᠬᠢᠨ | ᠠᠬᠢᠭᠤᠯᠬᠤ ᠶᠢᠨ ᠵᠢᠯᠣᠭᠤᠳᠬᠤ ᠰᠠᠨᠠᠯ ᠢ ᠰᠣᠳᠤᠯᠤᠨ ᠲᠣᠭᠲᠠᠭᠠᠬᠤ ᠨᠢ ᠮᠠᠨ ᠤ ᠤᠷᠤᠨ ᠤ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠪᠣᠳᠠᠲᠤ ᠬᠡᠷᠡᠭᠴᠡᠭᠡ ᠪᠣᠯᠤᠨ᠎ᠠ᠃ | ︽ᠰᠠᠨᠠᠯ︾ ᠨᠢ ᠬᠤᠯᠪᠤᠭᠳᠠᠯ ᠪᠦᠬᠦᠢ ᠠᠬ᠎ᠠ ᠳᠡᠭᠦᠦ ᠮᠤᠵᠢ ᠬᠤᠲᠠ ᠶᠢᠨ ᠨᠢᠭᠡᠨᠲᠡ ᠨᠡᠶᠢᠲᠡᠯᠡᠭᠰᠡᠨ | ᠲᠥᠷᠦ ᠶᠢᠨ ᠪᠣᠳᠤᠯᠭ᠎ᠠ ᠶᠢ ᠰᠣᠳᠤᠯᠤᠭᠰᠠᠨ ᠰᠠᠭᠤᠷᠢᠨ ᠳᠡᠭᠡᠷ᠎ᠡ᠂ ᠮᠠᠨ ᠤ ᠤᠷᠤᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠪᠲᠤᠯᠤᠯᠲᠠ | ᠭᠠᠷᠭᠠᠬᠤ᠂ ᠰᠢᠨ᠎ᠡ ᠶᠢ ᠡᠭᠦᠳᠬᠦ ᠪᠠᠷ ᠴᠢᠷᠮᠠᠶᠢᠨ᠂ ᠲᠥᠷᠦ ᠶᠢᠨ ᠪᠣᠳᠤᠯᠭ᠎ᠠ ᠶᠢᠨ ᠬᠡᠷᠡᠭᠵᠢᠯᠡᠭᠦᠯᠬᠦᠶᠢᠴᠡ ᠴᠢᠨᠠᠷ ᠢ | ᠨᠡᠩ ᠳᠣᠪᠤᠶᠢᠯᠭᠠᠬᠤ ᠶᠢ ᠠᠩᠬᠠᠷᠴᠤ᠂ ᠢᠨᠲ᠋ᠧᠷ ᠰᠦᠯᠵᠢᠶᠡᠨ ᠠᠵᠤ ᠠᠬᠤᠢ ᠶᠢᠨ ᠪᠦᠬᠦ ᠬᠦᠷᠢᠶ᠎ᠡ ᠬᠡᠪᠴᠢᠶ᠎ᠡ᠂ ᠪᠦᠬᠦ | ᠶᠠᠪᠤᠴᠠ ᠳᠠᠬᠢ ᠶᠡᠷᠥᠩᠬᠡᠢ ᠵᠢᠯᠤᠭᠤᠳᠤᠯᠭ᠎ᠠ ᠪᠠ ᠠᠬᠢᠭᠤᠯᠤᠯ ᠪᠣᠯᠬᠤ ᠪᠦᠭᠡᠳ ᠢᠨᠲ᠋ᠧᠷ ᠰᠦᠯᠵᠢᠶ᠎ᠡ ᠶᠢᠨ ᠮᠡᠷᠭᠡᠵᠢᠯ ᠢ | ᠲᠦᠷᠭᠡᠨ ᠭᠦᠨᠵᠡᠭᠡᠢ ᠬᠡᠷᠡᠭᠯᠡᠬᠦ ᠪᠠ ᠢᠨᠲ᠋ᠧᠷ ᠰᠦᠯᠵᠢᠶ᠎ᠡ + ᠠᠵᠢᠯᠯᠠᠭ᠎ᠠ ᠶᠢ ᠲᠦᠷᠭᠡᠳᠬᠡᠬᠦ ᠶᠢ ᠪᠡᠶᠡᠯᠡᠭᠦᠯᠬᠦ ᠳᠤ | ᠬᠡᠷᠬᠢᠨ ᠰᠠᠭᠤᠷᠢᠯᠠᠨ ᠪᠣᠳᠠᠲᠤ ᠠᠵᠤ ᠠᠬᠤᠢ ᠪᠣᠯᠤᠨ ᠢᠨᠲ᠋ᠧᠷ ᠰᠦᠯᠵᠢᠶᠡᠨ ᠠᠵᠤ ᠠᠬᠤᠢ ᠶᠢ ᠪᠦᠬᠦ ᠲᠠᠯ᠎ᠠ ᠪᠠᠷ | ᠵᠠᠯᠭᠠᠭᠤᠯᠬᠤ ᠠᠰᠠᠭᠤᠳᠠᠯ ᠢ ᠰᠢᠢᠳᠪᠦᠷᠢᠯᠡᠵᠦ᠂ ᠬᠦᠭᠵᠢᠯᠲᠡ ᠶᠢᠨ ᠭᠤᠣᠯᠳᠠᠯᠭ᠎ᠠ ᠲᠠᠢ ᠮᠦᠷᠲᠡᠭᠡᠨ ᠪᠠᠰᠠ ᠪᠤᠳᠠᠲᠠᠢ | ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠲᠠᠢ ᠶᠤᠮ᠃ | ᠬᠦᠲᠦᠯᠦᠭᠴᠢ᠄ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠳᠤ ᠶᠠᠮᠠᠷᠰᠢᠦ ᠬᠦᠭᠵᠢᠯᠲᠡ ᠶᠢᠨ | ᠪᠣᠷᠣ ᠲᠥᠰᠦᠪ ᠢ ᠲᠦᠯᠦᠪᠵᠢᠭᠦᠯᠦᠭᠰᠡᠨ ᠪᠣᠢ︖ | ᠵᠠᠩ ᠪᠠᠢ ᠴᠧᠩ᠄ ᠶᠡᠷᠦᠩᠬᠡᠢ ᠴᠢᠭᠯᠡᠯᠲᠦ ᠴᠢᠨᠠᠷ᠂ ᠬᠠᠷᠠᠯᠲᠠ ᠶᠢᠨ ᠲᠠᠯ᠎ᠠ ᠠᠴᠠ ᠠᠪᠴᠤ ᠬᠡᠯᠡᠪᠡᠯ | ᠢᠷᠡᠭᠡᠳᠦᠢ ᠶᠢᠨ 15 ᠵᠢᠯ ᠳᠤ᠂ ︽ᠢᠨᠲ᠋ᠧᠷ ᠰᠦᠯᠵᠢᠶ᠎ᠡ +︾ ᠲᠦᠷᠭᠡᠨ ᠠᠬᠢᠵᠤ᠂ ᠡᠭᠦᠯᠡᠨ ᠪᠣᠳᠤᠯᠲᠠ᠂ ᠶᠡᠭᠡ | ᠲᠤᠭ᠎ᠠ ᠪᠠᠷᠢᠮᠳᠠ᠂ ᠪᠣᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠪᠠᠷ | ᠲᠦᠯᠦᠭᠡᠯᠡᠭᠦᠯᠦᠭᠰᠡᠨ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠨᠢ ᠠᠵᠤ ᠠᠬᠤᠢ ᠨᠡᠶᠢᠭᠡᠮ ᠤᠨ | ᠡᠯ᠎ᠡ ᠠᠵᠢᠯ ᠲᠦᠷᠦᠯ ᠡᠯ᠎ᠡ ᠬᠦᠷᠢᠶ᠎ᠡ ᠬᠡᠪᠴᠢᠶᠡᠨ ᠳᠤ ᠥᠷᠭᠡᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ | ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ | ᠳᠤ ᠢᠨᠲ᠋ᠧᠷ ᠰᠦᠯᠵᠢᠶ᠎ᠡ ᠶᠢᠨ ᠪᠠᠳᠠᠷᠠᠭᠤᠯᠬᠤ ᠦᠢᠯᠡᠳᠦᠯ ᠨᠢ ᠢᠯᠡᠷᠬᠡᠢ ᠪᠠᠶᠢᠵᠤ᠂ ᠮᠡᠳᠡᠭᠡ ᠵᠠᠩᠬᠢ ᠶᠢᠨ ᠬᠡᠷᠡᠭᠯᠡᠭᠡᠨ | ᠲᠦᠷᠭᠡᠨ ᠨᠡᠮᠡᠭᠳᠡᠵᠦ᠂ ᠢᠨᠲ᠋ᠧᠷ ᠰᠦᠯᠵᠢᠶᠡᠨ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠦᠬᠦ ᠲᠠᠯ᠎ᠠ ᠪᠠᠷ | ᠳᠡᠭᠡᠭᠰᠢᠯᠡᠬᠦ ᠪᠣᠯᠤᠨ᠎ᠠ᠃ ᠬᠡᠳᠦᠨ ᠭᠤᠣᠯᠳᠠᠯᠠᠭ᠎ᠠ ᠲᠠᠢ ᠬᠡᠮᠵᠢᠶᠡᠯᠡᠭᠰᠡᠨ ᠭᠦᠢᠴᠡᠳᠭᠡᠬᠦ ᠲᠤᠭ᠎ᠠ ᠪᠣᠯ᠄ 2020 ᠣᠨ | ᠪᠣᠯᠬᠤ ᠳᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠢᠨᠲ᠋ᠧᠷ ᠰᠦᠯᠵᠢᠶᠡᠨ ᠠᠵᠤ ᠠᠬᠤᠢ ᠲᠦᠪᠯᠡᠷᠡᠭᠰᠡᠨ | ᠤᠷᠤᠨ 5᠂ ᠡᠯᠧᠺᠲᠷᠣᠨ ᠬᠤᠳᠠᠯᠳᠤᠭᠠᠨ ᠤ ᠶᠡᠪᠤᠳᠠᠯ ᠲᠥᠪᠯᠡᠷᠡᠭᠰᠡᠨ ᠣᠷᠣᠨ 10᠂ ᠶᠡᠭᠡ ᠬᠡᠮᠵᠢᠶᠡᠨ ᠤ ᠲᠠᠸᠠᠷ | ᠤᠨ ᠡᠯᠧᠺᠲᠷᠣᠨ ᠠᠷᠠᠯᠵᠢᠶᠠᠨ ᠤ ᠵᠠᠬ᠎ᠠ ᠳᠡᠯᠭᠡᠭᠦᠷ 10 ᠶᠢ ᠪᠠᠶᠢᠭᠤᠯᠵᠤ ᠳᠠᠭᠤᠰᠬᠠᠨ᠂ ᠡᠯᠧᠺᠲᠷᠣᠨ | ᠬᠤᠳᠠᠯᠳᠤᠭᠠᠨ ᠤ ᠶᠡᠪᠤᠳᠠᠯ ᠤᠨ ᠠᠷᠠᠯᠵᠢᠶᠠᠯᠠᠭ᠎ᠠ ᠶᠢᠨ ᠲᠤᠭ᠎ᠠ 5800 ᠳ᠋ᠥᠩᠰᠢᠭᠤᠷ ᠲᠦᠭᠦᠷᠢᠭ ᠲᠤ ᠬᠦᠷᠴᠦ᠂ | ᠢᠨᠲ᠋ᠧᠷ ᠰᠦᠯᠵᠢᠶᠡᠨ ᠦᠢᠯᠡᠴᠢᠯᠡᠭᠡᠨ ᠤ ᠣᠷᠤᠯᠭ᠎ᠠ 500 ᠳ᠋ᠥᠩᠰᠢᠭᠤᠷ ᠲᠦᠭᠦᠷᠢᠭ ᠲᠤ ᠬᠦᠷᠬᠦ ᠪᠣᠯᠤᠨ᠎ᠠ᠃ | ᠬᠦᠲᠦᠯᠦᠭᠴᠢ᠄ ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ | ᠶᠠᠷᠢᠭᠠᠳ ᠦᠭᠭᠦᠨ᠎ᠡ ᠦᠦ᠂ ᠲᠡᠷᠡ ᠨᠢ ᠠᠯᠢ ᠬᠡᠳᠦᠨ ᠬᠦᠷᠢᠶ᠎ᠡ ᠬᠡᠪᠴᠢᠶᠡᠨ ᠠᠴᠠ ᠭᠤᠣᠯᠳᠠᠯᠭ᠎ᠠ ᠲᠠᠢ ᠰᠢᠪᠲᠤᠯᠤᠯᠲᠠ | ᠬᠢᠬᠦ ᠪᠣᠢ︖ | ᠵᠠᠩ ᠪᠠᠢ ᠴᠧᠩ᠄ ︽ᠢᠨᠲ᠋ᠧᠷ ᠰᠦᠯᠵᠢᠶ᠎ᠡ +︾ ᠶᠢ ᠶᠠᠷᠢᠪᠠᠯ᠂ ᠡᠨᠡ ᠨᠢ ᠪᠠᠰᠠ ᠡᠨᠡ ᠵᠢᠯ ᠤᠨ | ᠤᠯᠠᠨ ᠢᠶᠠᠷ ᠢᠶᠠᠨ ᠬᠠᠮᠤᠭ ᠠᠴᠠ ᠠᠷᠪᠢᠨ ᠶᠠᠷᠢᠯᠴᠠᠵᠤ ᠪᠠᠶᠢᠭ᠎ᠠ ᠨᠢᠭᠡᠨ ᠰᠡᠳᠦᠪ ᠪᠣᠯᠤᠨ᠎ᠠ᠃ ᠮᠢᠨᠦ ᠦᠵᠡᠬᠦ ᠪᠠᠷ ︽ | ᠢᠨᠲ᠋ᠧᠷ ᠰᠦᠯᠵᠢᠶ᠎ᠡ +︾ ᠪᠣᠯ ᠨᠢᠭᠡᠨ ᠲᠦᠢᠯ ᠤᠨ ᠶᠡᠭᠡ ᠤᠬᠠᠭᠳᠠᠬᠤᠨ ᠪᠣᠯᠤᠨ᠎ᠠ᠂ ᠢᠨᠲ᠋ᠧᠷ ᠰᠦᠯᠵᠢᠶ᠎ᠡ + | ᠨᠡᠶᠢᠭᠡᠮ ᠪᠣᠯ ᠳᠠᠷᠤᠢ ᠨᠡᠶᠢᠭᠡᠮ ᠤᠨ ᠮᠡᠳᠡᠭᠡ ᠵᠡᠩᠬᠢᠵᠢᠯᠳᠠ ᠪᠣᠯᠵᠤ ᠬᠤᠪᠢᠷᠠᠨ᠎ᠠ᠂ ᠢᠨᠲ᠋ᠧᠷ ᠰᠦᠯᠵᠢᠶ᠎ᠡ + ᠣᠷᠴᠢᠨ | ᠲᠣᠭᠤᠷᠢᠨ ᠤ ᠬᠠᠮᠠᠭᠠᠯᠠᠯᠲᠠ ᠪᠣᠯ ᠳᠠᠷᠤᠢ ᠪᠣᠬᠢᠷᠲᠠᠯ ᠦᠭᠡᠢ ᠬᠦᠭᠵᠢᠯᠲᠡ ᠪᠣᠯᠬᠤ ᠵᠡᠷᠭᠡ ᠪᠣᠯᠤᠨ᠎ᠠ᠃ ᠵᠢᠯᠣᠭᠤᠳᠬᠤ | ᠰᠠᠨᠠᠯ ᠳᠤ ᠪᠢᠳᠡ ︽8 +1︾ ᠠᠵᠢᠯ ᠤᠨ ᠭᠤᠣᠯᠳᠠᠯᠭ᠎ᠠ ᠶᠢ ᠳᠤᠷᠠᠳᠪᠠ᠂ ︽8︾ ᠭᠡᠳᠡᠭ ᠨᠢ ᠠᠵᠤ | ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠮᠦᠩᠭᠦᠨ ᠭᠦᠢᠯᠭᠡᠭᠡ᠂ ᠵᠠᠰᠠᠭ ᠤᠨ | ᠶᠠᠪᠤᠳᠠᠯ᠂ ᠰᠤᠶᠤᠯ᠂ ᠠᠷᠠᠳ ᠤᠨ ᠠᠮᠢᠳᠤᠷᠠᠯ᠂ ᠠᠮᠢ ᠠᠬᠤᠢ ᠵᠡᠷᠭᠡ ᠨᠠᠢᠮᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ | ᠪᠣᠯᠤᠨ᠎ᠠ᠂ ᠭᠤᠣᠯᠳᠠᠭᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ | ᠪᠣᠳᠠᠰᠯᠢᠭ ᠬᠤᠯᠪᠤᠭᠠᠲᠤ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠡᠪᠤᠳᠠᠯ᠂ ᠢᠨᠲ᠋ᠧᠷ ᠰᠦᠯᠵᠢᠶᠡᠨ ᠮᠦᠩᠭᠦᠨ | ᠭᠦᠢᠯᠭᠡᠭᠡ᠂ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠡᠭᠦᠯᠡᠨ ᠲᠠᠪᠴᠠᠩ ᠤᠨ ᠦᠢᠯᠡᠴᠢᠯᠡᠭᠡᠨ ᠤ | ᠰᠢᠰᠲ᠋ᠧᠮᠵᠢ᠂ ᠰᠣᠶᠣᠯ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠠᠶᠢᠳᠠᠯ ᠲᠥᠯᠥᠪ ᠬᠢᠭᠡᠳ ᠵᠢᠭᠤᠯᠴᠢᠯᠠᠯ ᠤᠨ | ᠰᠦᠯᠵᠢᠶᠡᠨ ᠳᠡᠭᠡᠷᠡᠬᠢ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠠᠩᠭᠢ ᠪᠣᠯᠤᠨ ᠮᠡᠳᠡᠭᠡ ᠵᠠᠩᠭᠢ ᠪᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠵᠢᠴᠢ ᠤᠯᠤᠰ ᠤᠨ ᠭᠠᠵᠠᠷ ᠰᠢᠷᠤᠢ᠂ ᠣᠷᠴᠢᠨ ᠲᠣᠭᠤᠷᠢᠨ ᠤ | ᠬᠠᠮᠠᠭᠠᠯᠠᠯᠲᠠ᠂ ᠡᠨᠧᠷᠬᠢ᠂ ᠤᠰᠤᠨ ᠠᠰᠢᠭᠯᠠᠯᠲᠠ᠂ ᠣᠶ ᠰᠢᠭᠤᠶ ᠵᠡᠷᠭᠡ ᠠᠮᠢ ᠠᠬᠤᠢ ᠶᠢᠨ ᠬᠦᠷᠢᠶ᠎ᠡ ᠬᠡᠪᠴᠢᠶ᠎ᠡ ᠶᠢᠨ | ᠤᠶᠤᠨᠴᠢᠯᠠᠯᠲᠠ ᠶᠢ ᠳᠤᠪᠤᠶᠢᠯᠭᠠᠪᠠ︔ ︽1︾ ᠭᠡᠰᠡᠨ ᠨᠢ ᠳᠠᠷᠤᠢ ᠢᠨᠲ᠋ᠧᠷ ᠰᠦᠯᠵᠢᠶ᠎ᠡ ᠪᠣᠯᠤᠨ ᠡᠭᠦᠯᠡᠨ ᠪᠣᠳᠤᠯᠲᠠ | ᠂ ᠶᠡᠭᠡ ᠲᠤᠭ᠎ᠠ ᠪᠠᠷᠢᠮᠳᠠ᠂ ᠪᠤᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠴᠢᠮᠡᠭᠡ ᠬᠤᠯᠪᠤᠭ᠎ᠠ ᠵᠡᠷᠭᠡ ᠰᠢᠨ᠎ᠡ | ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠠᠵᠤ ᠦᠢᠯᠡᠰ ᠦᠢᠯᠡᠰ ᠤᠨ ᠨᠡᠶᠢᠯᠡᠯᠳᠦᠨ ᠬᠦᠭᠵᠢᠬᠦ ᠶᠢ | ᠢᠳᠡᠪᠬᠢᠲᠡᠢ ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ᠃ | ᠪᠢ ᠲᠡᠭᠦᠨ ᠤ ᠳᠣᠲᠤᠷᠠᠬᠢ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ᠂ ᠵᠠᠰᠠᠭ ᠤᠨ ᠶᠠᠪᠤᠳᠠᠯ ᠡᠨᠡ | ᠬᠤᠶᠠᠷ ᠬᠥᠷᠢᠶ᠎ᠡ ᠬᠡᠪᠴᠢᠶ᠎ᠡ ᠶᠢ ᠭᠤᠣᠯᠳᠠᠯᠭ᠎ᠠ ᠲᠠᠢ ᠶᠠᠷᠢᠶ᠎ᠠ᠃ | ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ ᠶᠢᠨ ᠲᠠᠯ᠎ᠠ ᠪᠠᠷ᠂ ᠨᠡᠭᠦᠷᠡᠰᠦ᠂ ᠴᠠᠬᠢᠯᠭᠠᠨ ᠬᠦᠴᠦᠨ᠂ | ᠲᠡᠮᠦᠷᠯᠢᠭ ᠬᠠᠶᠢᠯᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ | ᠰᠢᠮ᠎ᠡ ᠶᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠭᠤᠣᠯᠳᠠᠯᠭ᠎ᠠ | ᠲᠠᠢ ᠠᠵᠤ ᠠᠬᠤᠶᠢᠯᠠᠯ ᠳᠤ ᠲᠣᠳᠤᠷᠬᠠᠢ ᠬᠠᠨᠳᠤᠭᠤᠯᠤᠨ᠂ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ | ᠡᠷᠴᠢᠮ ᠢ ᠴᠢᠩᠭᠠᠷᠠᠭᠤᠯᠵᠤ᠂ ᠤᠶᠤᠨᠴᠢ ᠦᠢᠯᠡᠳᠬᠦ ᠪᠠ ᠮᠡᠳᠡᠭᠡ ᠵᠠᠩᠬᠢᠵᠢᠯᠲᠠ ᠠᠵᠤ ᠦᠢᠯᠡᠳᠪᠦᠷᠢᠵᠢᠯᠲᠡ | ᠭᠦᠨᠵᠡᠭᠡᠢ ᠠᠭᠤᠰᠤᠯᠴᠠᠨ ᠨᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠲᠤᠤᠱᠠᠯᠠᠭᠤᠯᠬᠤ | ᠪᠠᠷᠢᠮᠵᠢᠶ᠎ᠠ ᠪᠠᠷ ᠬᠠᠷᠢᠴᠠᠭᠤᠯᠬᠤ ᠠᠵᠢᠯ ᠢ ᠦᠷᠨᠢᠭᠦᠯᠬᠦ ᠪᠣᠯᠤᠨ᠎ᠠ᠃ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ | ᠦᠪᠡᠷᠮᠢᠴᠡ ᠴᠢᠨᠠᠷᠲᠠᠢ ᠦᠢᠯᠡᠳᠬᠦ᠂ ᠦᠷᠭᠡᠨ ᠲᠦᠮᠡᠨ ᠤ ᠳᠠᠭᠠᠭᠠᠴᠢᠯᠠᠯᠲᠠ ᠶᠢᠨ ᠵᠢᠷᠤᠭ ᠲᠥᠯᠥᠪᠯᠡᠭᠡ᠂ ᠡᠭᠦᠯᠡᠨ | ᠦᠢᠯᠡᠳᠬᠦ ᠵᠡᠷᠭᠡ ᠰᠢᠨ᠎ᠡ ᠮᠠᠶ᠋ᠢᠭ ᠤᠨ ᠦᠢᠯᠡᠳᠬᠦ ᠵᠠᠭᠪᠤᠷ ᠢ ᠬᠦᠭᠵᠢᠭᠦᠯᠵᠦ᠂ ᠬᠡᠷᠡᠭᠯᠡᠭᠡᠨ ᠤ ᠬᠡᠷᠡᠭᠴᠡᠭᠡ ᠶᠢᠨ | ᠬᠦᠳᠡᠯᠦᠩᠭᠦᠢ ᠮᠡᠳᠡᠷᠡᠴᠡ ᠳᠤ ᠰᠠᠭᠤᠷᠢᠯᠠᠭᠰᠠᠨ ᠰᠣᠳᠤᠯᠤᠨ ᠨᠡᠬᠡᠬᠡᠭᠦ᠂ ᠦᠢᠯᠡᠳᠬᠦ ᠪᠣᠯᠤᠨ ᠠᠵᠤ ᠦᠢᠯᠡᠰ ᠤᠨ | ᠵᠤᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠤᠨ ᠪᠣᠢ ᠪᠤᠯᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ | ᠦᠢᠯᠡᠴᠢᠯᠡᠭᠡᠨ ᠤ ᠲᠠᠪᠴᠠᠩ ᠬᠢᠭᠡᠳ ᠶᠡᠭᠡ ᠲᠤᠭ᠎ᠠ ᠪᠠᠷᠢᠮᠳᠠ ᠶᠢᠨ ᠰᠢᠨ᠎ᠡ ᠢ ᠡᠭᠦᠳᠬᠦ ᠦᠢᠯᠡᠴᠢᠯᠡᠭᠡᠨ ᠤ | ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠭᠡᠳᠬᠡᠨ᠂ ᠵᠦᠭᠡᠯᠡᠨ ᠬᠡᠷᠡᠭᠰᠡᠯ | ᠬᠢᠭᠡᠳ ᠦᠢᠯᠡᠴᠢᠯᠡᠭᠡᠨ᠂ ᠲᠦᠯᠦᠪᠯᠡᠯᠭᠡ ᠬᠢᠭᠡᠳ ᠦᠢᠯᠡᠳᠬᠦ ᠡᠬᠢ ᠪᠠᠶᠠᠯᠢᠭ᠂ ᠵᠠᠩᠭᠢᠯᠠᠭ᠎ᠠ ᠶᠢᠨ ᠮᠡᠷᠭᠡᠵᠢᠯ ᠬᠢᠭᠡᠳ | ᠪᠠᠷᠢᠮᠵᠢᠶ᠎ᠠ ᠶᠢ ᠴᠢᠯᠦᠭᠡᠲᠡᠢ ᠲᠠᠯᠪᠢᠨ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ | ᠰᠣᠳᠤᠯᠤᠨ ᠨᠡᠬᠡᠬᠡᠬᠦ ᠵᠢᠷᠤᠭ ᠲᠦᠯᠦᠪᠯᠡᠯᠭᠡ ᠬᠢᠬᠦ᠂ ᠬᠠᠮᠲᠤᠷᠠᠨ ᠬᠠᠩᠭᠠᠬᠤ ᠬᠡᠯᠬᠢᠶ᠎ᠡ ᠶᠢᠨ ᠬᠠᠮᠢᠶᠠᠷᠤᠯᠲᠠ᠂ | ᠬᠠᠮᠲᠤᠷᠠᠨ ᠦᠢᠯᠡᠳᠬᠦ ᠰᠢᠨ᠎ᠡ ᠡᠵᠡᠩᠨᠡᠯᠲᠡ ᠶᠢᠨ ᠪᠠᠶᠢᠳᠠᠯ ᠲᠦᠯᠦᠪ ᠢ ᠪᠣᠢ ᠪᠣᠯᠭᠠᠨ᠎ᠠ᠃ 2020 ᠣᠨ ᠪᠣᠯᠬᠤ ᠳᠤ | ᠂ ᠤᠶᠤᠨᠲᠤ ᠠᠵᠤ ᠦᠢᠯᠡᠳᠪᠦᠷᠢ 50 ᠶᠢ ᠪᠠᠶᠢᠭᠤᠯᠵᠤ ᠳᠠᠭᠤᠰᠬᠠᠨ᠂ ᠤᠶᠤᠨ ᠪᠢᠯᠢᠭ ᠪᠦᠬᠦᠢ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ 10 ᠶᠢ ᠪᠠᠶᠢᠭᠤᠯᠤᠨ᠎ᠠ᠃ | ᠵᠠᠩ ᠪᠠᠢ ᠴᠧᠩ᠄ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠲᠠᠯ᠎ᠠ ᠪᠠᠷ᠂ ᠡᠭᠦᠯᠡᠨ ᠪᠣᠳᠤᠯᠲᠠ | ᠪᠠ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ | ᠲᠠᠪᠴᠠᠩ ᠤᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠢᠳᠡᠪᠬᠢᠲᠡᠢ ᠦᠷᠨᠢᠭᠦᠯᠵᠦ᠂ ᠵᠠᠰᠠᠭ ᠤᠨ ᠤᠷᠳᠤᠨ ᠡᠭᠦᠯᠡᠨ | ᠦᠢᠯᠡᠴᠢᠯᠡᠭᠡᠨ ᠬᠤᠳᠠᠯᠳᠤᠨ ᠠᠪᠬᠤ ᠵᠠᠭᠪᠤᠷ ᠢ ᠳᠡᠯᠭᠡᠷᠡᠭᠦᠯᠦᠨ᠎ᠡ᠃ ᠮᠠᠨ ᠤ ᠤᠷᠤᠨ ᠳᠤ ᠶᠠᠭ ᠪᠣᠢ ᠪᠤᠯᠵᠤ ᠪᠠᠶᠢᠭ᠎ᠠ | ᠡᠭᠦᠯᠡᠨ ᠪᠤᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠦᠪᠡᠷᠲᠡᠭᠡᠨ | ᠵᠠᠰᠠᠬᠤ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠳᠤ ᠰᠠᠭᠤᠷᠢᠯᠠᠨ᠂ ᠡᠯᠧᠺᠲᠷᠣᠨ | ᠵᠠᠰᠠᠭ ᠤᠨ ᠶᠠᠪᠤᠳᠠᠯ ᠤᠨ ᠡᠭᠦᠯᠡᠨ ᠲᠥᠪ ᠢ ᠪᠠᠶᠢᠭᠤᠯᠤᠨ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠤᠷᠤᠨ ᠤ | ᠡᠯ᠎ᠡ ᠰᠠᠯᠠᠭ᠎ᠠ ᠮᠦᠴᠢᠷ ᠤᠨ ᠮᠡᠳᠡᠭᠡ ᠵᠠᠩᠬᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠨᠡᠭᠦᠯᠭᠡᠵᠦ᠂ ᠬᠡᠷᠡᠭᠯᠡᠯᠲᠡ ᠶᠢ | ᠨᠢ ᠠᠯᠬᠤᠮ ᠠᠯᠬᠤᠮ ᠢᠶᠠᠷ ᠦᠷᠭᠡᠳᠭᠡᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠠᠷᠠᠳ ᠲᠤ ᠳᠦᠭᠦᠮ | ᠦᠵᠡᠭᠦᠯᠬᠦ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠴᠢᠳᠠᠮᠵᠢ ᠶᠢ ᠨᠢᠭᠡ | ᠴᠣᠭᠴᠠᠵᠢᠭᠤᠯᠤᠭᠰᠠᠨ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ | ᠬᠠᠮᠲᠤᠷᠠᠨ ᠬᠥᠳᠡᠯᠦᠯᠴᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠢᠩᠬᠢᠮ ᠢ ᠲᠦᠷᠭᠡᠳᠬᠡᠨ ᠪᠠᠶᠢᠭᠤᠯᠵᠤ᠂ | ᠵᠠᠰᠠᠭ ᠵᠠᠬᠢᠷᠭᠠᠨ ᠤ ᠦᠢᠯᠡᠴᠢᠯᠡᠭᠡᠨ ᠤ ᠪᠣᠳᠠᠲᠤ ᠴᠣᠭᠴᠠ ᠲᠢᠩᠬᠢᠮ ᠯᠦᠭᠡ ᠨᠡᠶᠢᠯᠡᠭᠦᠯᠬᠦ ᠶᠢ ᠪᠡᠶᠡᠯᠡᠭᠦᠯᠦᠨ᠎ᠡ᠃ | ᠬᠦᠲᠦᠯᠦᠭᠴᠢ᠄ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠦᠷᠭᠡᠳᠬᠡᠨ ᠠᠬᠢᠭᠤᠯᠬᠤ | ᠲᠤᠬᠠᠢ ᠵᠢᠯᠤᠭᠤᠳᠬᠤ ᠰᠠᠨᠠᠯ ᠨᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ︽ᠰᠠᠨᠠᠯ︾ ᠢᠶᠠᠷ | ᠪᠣᠳᠠᠲᠤ ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠪᠤᠶ︖ | ᠵᠠᠩ ᠪᠠᠢ ᠴᠧᠩ᠄ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠠᠴᠠ ᠠᠪᠴᠤ ᠦᠵᠡᠪᠡᠯ᠂ ᠭᠤᠣᠯᠳᠠᠭᠤ | ᠠᠵᠤ ᠦᠢᠯᠡᠰ ᠤᠨ ᠴᠤᠭᠯᠠᠷᠠᠯ ᠢ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠰᠢᠨ᠎ᠡ ᠶᠢ | ᠡᠭᠦᠳᠴᠦ ᠠᠳᠠᠯ ᠦᠢᠯᠡᠰ ᠴᠤᠭᠴᠠᠯᠠᠬᠤ ᠶᠢ ᠵᠣᠷᠢᠭᠵᠢᠭᠤᠯᠬᠤ᠂ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ | ᠴᠢᠩᠭᠠᠷᠠᠭᠤᠯᠬᠤ᠂ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠶᠢ ᠴᠢᠩᠭᠠᠳᠬᠠᠬᠤ᠂ ᠪᠡᠯᠡ ᠮᠦᠩᠭᠦ ᠶᠢᠨ | ᠳᠡᠮᠵᠢᠯᠭᠡ ᠶᠢ ᠨᠡᠮᠡᠭᠳᠡᠭᠦᠯᠬᠦ ᠲᠣᠭᠤᠷᠢᠨ ᠳᠤ ᠡᠳᠡᠭᠡᠷ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠪᠠᠶᠢᠨ᠎ᠠ᠃ | ᠨᠢᠭᠡ ᠳᠤ ᠠᠵᠤ ᠦᠢᠯᠡᠰ ᠤᠨ ᠴᠤᠭᠯᠠᠷᠠᠯ ᠢ ᠠᠬᠢᠭᠤᠯᠬᠤ ᠲᠠᠯ᠎ᠠ ᠪᠠᠷ᠂ ᠢᠨᠲ᠋ᠧᠷ ᠰᠦᠯᠵᠢᠶᠡᠨ ᠠᠵᠤ ᠠᠬᠤᠶ | ᠲᠥᠪᠯᠡᠷᠡᠭᠰᠡᠨ ᠣᠷᠣᠨ ᠢ ᠲᠦᠯᠦᠪᠵᠢᠭᠦᠯᠦᠨ ᠪᠦᠲᠦᠭᠡᠨ ᠪᠠᠶᠢᠭᠤᠯᠵᠤ᠂ ᠨᠦᠭᠦᠴᠡᠯ ᠳᠤ ᠨᠡᠶᠢᠴᠡᠬᠦ ᠢᠨᠲ᠋ᠧᠷ | ᠰᠦᠯᠵᠢᠶᠡᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠬᠢᠭᠡᠳ ᠭᠤᠣᠯᠳᠠᠯᠭ᠎ᠠ ᠲᠠᠢ ᠲᠦᠷᠦᠯ ᠵᠦᠢᠯ ᠳᠤ ᠭᠠᠵᠠᠷ | ᠰᠢᠷᠤᠢ᠂ ᠴᠠᠬᠢᠯᠭᠠᠨ ᠤ ᠦᠨ᠎ᠡ᠂ ᠤᠯᠠᠨ ᠨᠡᠶᠢᠲᠡ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠲᠥᠷᠦ ᠶᠢᠨ | ᠪᠣᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ | ᠬᠤᠶᠠᠷ ᠲᠤ ᠪᠣᠯ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠲᠠᠯ᠎ᠠ ᠪᠠᠷ᠂ ᠠᠷᠠᠯᠵᠢᠶᠠᠴᠢᠨ ᠢ | ᠤᠷᠢᠬᠤ ᠵᠠᠭᠪᠤᠷ ᠤᠨ ᠰᠢᠨ᠎ᠡ ᠶᠢ ᠡᠭᠦᠳᠴᠦ᠂ ᠮᠡᠳᠡᠭᠡ ᠵᠠᠩᠬᠢ ᠶᠢᠨ ᠮᠡᠷᠭᠡᠵᠢᠯ ᠤᠨ ᠠᠵᠢᠯ ᠲᠥᠷᠦᠯ ᠤᠨ ᠨᠢᠭᠡ | ᠪᠦᠯᠦᠭ ᠳᠠᠭᠠᠭᠤᠯᠤᠭᠴᠢ ᠶᠢ ᠣᠷᠤᠭᠤᠯᠵᠤ ᠢᠷᠡᠬᠦ ᠶᠢᠨ ᠬᠠᠮᠲᠤ ᠪᠣᠢ ᠪᠤᠯᠭᠠᠵᠤ᠂ ᠠᠩᠬ᠎ᠠ ᠤᠳᠠᠭ᠎ᠠ ᠪᠦᠬᠦ | ᠤᠯᠤᠰ ᠤᠨ ᠢᠨᠲ᠋ᠧᠷ ᠰᠦᠯᠵᠢᠶ᠎ᠡ ᠶᠢᠨ ᠵᠠᠭᠤᠨ ᠬᠦᠴᠦᠷᠬᠡᠭ ᠠᠵᠤ ᠠᠬᠤᠶᠢᠯᠠᠯ ᠪᠤᠶᠤ ᠪᠦᠬᠦ ᠤᠯᠤᠰ ᠤᠨ ᠵᠦᠭᠡᠯᠡᠨ | ᠬᠡᠷᠡᠭᠰᠡᠯ ᠤᠨ ᠵᠠᠭᠤᠨ ᠬᠦᠴᠦᠷᠬᠡᠭ ᠤᠨ ᠠᠵᠤ ᠠᠬᠤᠶᠢᠯᠠᠯ ᠶᠢᠨ ᠬᠡᠪᠴᠢᠶᠡᠨ ᠳᠤ ᠣᠷᠤᠪᠠᠯ ᠱᠠᠩᠨᠠᠯ ᠣᠯᠭᠤᠨ᠎ᠠ᠃ | ᠭᠤᠷᠪᠠ ᠳᠤ ᠪᠣᠯ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠲᠠᠯ᠎ᠠ ᠪᠠᠷ᠂ ᠵᠠᠬ᠎ᠠ ᠳᠡᠯᠭᠡᠭᠦᠷ ᠲᠤ | ᠵᠦᠪᠰᠢᠶᠡᠷᠡᠨ ᠣᠷᠤᠭᠤᠯᠬᠤ ᠨᠦᠭᠦᠴᠡᠯ ᠢ ᠠᠭᠤᠵᠢᠭᠤ ᠲᠠᠯᠪᠢᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠭᠠᠷᠳᠠᠮ ᠢ ᠳᠦᠭᠦᠮᠴᠢᠯᠡᠨ᠂ ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ ᠲᠦᠯᠬᠢᠨ | ᠠᠬᠢᠭᠤᠯᠵᠤ᠂ ᠢᠨᠲ᠋ᠧᠷ ᠰᠦᠯᠵᠢᠶᠡᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠤᠷᠤᠯᠳᠤᠭᠠᠨ ᠡᠷᠬᠢᠯᠡᠵᠦ᠂ | ᠢᠨᠲ᠋ᠧᠷ ᠰᠦᠯᠵᠢᠶᠡᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠡᠭᠦᠳᠦᠨ | ᠪᠠᠶᠢᠭᠤᠯᠬᠤ ᠶᠢ ᠵᠣᠷᠢᠭᠵᠢᠭᠤᠯᠤᠨ᠂ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠢ ᠳᠡᠮᠵᠢᠨ | ᠬᠦᠭᠵᠢᠭᠦᠯᠦᠨ᠎ᠡ᠃ | ᠳᠥᠷᠪᠡ ᠳᠤ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠷᠠᠭᠤᠯᠬᠤ ᠲᠠᠯ᠎ᠠ ᠪᠠᠷ᠂ ᠡᠭᠦᠯᠡᠨ ᠪᠣᠳᠤᠯᠲᠠ ᠪᠠ | ᠢᠨᠲ᠋ᠧᠷ ᠰᠦᠯᠵᠢᠶ᠎ᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠰᠠᠭᠤᠷᠢᠯᠠᠭᠰᠠᠨ ᠮᠡᠳᠡᠭᠡ | ᠵᠠᠩᠬᠢ ᠶᠢᠨ ᠦᠢᠯᠡᠴᠢᠯᠡᠭᠡ ᠶᠢ ᠭᠠᠳᠠᠭᠰᠢ ᠳᠦᠷᠢᠶᠡᠰᠦᠯᠡᠭᠦᠯᠬᠦ ᠶᠢ ᠶᠠᠪᠤᠭᠤᠯᠵᠤ᠂ ᠭᠤᠣᠯᠳᠠᠯᠭ᠎ᠠ ᠲᠠᠢ ᠳᠡᠳᠭᠦᠵᠦ | ᠪᠠᠶᠢᠭ᠎ᠠ ᠢᠨᠲ᠋ᠧᠷ ᠰᠦᠯᠵᠢᠶ᠎ᠡ ᠶᠢᠨ ᠠᠵᠤ ᠠᠬᠤᠶᠢᠯᠠᠯ ᠤᠨ ᠦᠪᠡᠷᠲᠡᠭᠡᠨ ᠵᠠᠰᠠᠬᠤ ᠤᠷᠤᠨ ᠤ ᠳᠣᠲᠤᠷᠠᠬᠢ ᠡᠭᠦᠯᠡᠨ | ᠪᠣᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠦᠢᠯᠡᠴᠢᠯᠡᠭᠡ ᠶᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ | ᠲᠠᠪᠤ ᠳᠤ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠴᠢᠩᠭᠠᠳᠬᠠᠬᠤ ᠲᠠᠯ᠎ᠠ ᠪᠠᠷ᠂ ᠢᠨᠲ᠋ᠧᠷ ᠰᠦᠯᠵᠢᠶ᠎ᠡ ᠶᠢᠨ | ᠬᠤᠪᠤᠷ ᠴᠤᠬᠠᠭ ᠪᠠᠶᠢᠭ᠎ᠠ ᠴᠢᠳᠠᠪᠦᠷᠢᠲᠠᠨ ᠢ ᠤᠷᠤᠭᠤᠯᠵᠤ ᠢᠷᠡᠬᠦ ᠪᠠ ᠬᠦᠮᠦᠵᠢᠭᠦᠯᠬᠦ ᠶᠢ ᠴᠢᠩᠭᠠᠳᠬᠠᠨ᠂ ᠮᠠᠨ ᠤ | ᠤᠷᠤᠨ ᠳᠤ ᠲᠦᠷᠦᠯ ᠵᠦᠢᠯ ᠠᠪᠴᠢᠷᠠᠨ ᠠᠳᠠᠯ ᠦᠢᠯᠡᠰ ᠴᠣᠭᠴᠠᠯᠠᠭᠰᠠᠨ᠂ ᠳᠣᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠴᠢᠳᠠᠪᠦᠷᠢᠲᠠᠨ ᠬᠢᠭᠡᠳ ᠲᠡᠭᠦᠨ ᠤ ᠪᠦᠯᠬᠦᠮ ᠨᠡᠶᠢᠲᠡ᠂ ᠪᠣᠯᠪᠠᠰᠤᠷᠠᠯ ᠤᠨ ᠰᠠᠭᠤᠷᠢᠨ ᠭᠠᠵᠠᠷ | ᠪᠦᠲᠦᠭᠡᠨ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡ ᠮᠦᠩᠭᠦ ᠵᠡᠷᠭᠡ ᠶᠢᠨ ᠳᠡᠮᠵᠢᠯᠭᠡ ᠦᠵᠡᠭᠦᠯᠦᠨ᠎ᠡ᠃ | ᠵᠢᠷᠭᠤᠭ᠎ᠠ ᠳᠤ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠪᠡᠯᠡ ᠤᠷᠤᠭᠤᠯᠵᠤ ᠪᠡᠯᠡ | ᠲᠣᠬᠢᠷᠠᠭᠤᠯᠬᠤ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠪᠠᠶᠢᠭᠤᠯᠵᠤ᠂ ᠢᠨᠲ᠋ᠧᠷ ᠰᠦᠯᠵᠢᠶᠡᠨ ᠠᠵᠤ ᠠᠬᠤᠢ ᠶᠢ ᠳᠡᠮᠵᠢᠨ᠎ᠡ᠃ ᠰᠢᠨ᠎ᠡ ᠪᠠᠷ ᠦᠨᠡᠮᠰᠢᠭᠰᠡᠨ ᠢᠨᠲ᠋ᠧᠷ | ᠰᠦᠯᠵᠢᠶ᠎ᠡ ᠶᠢᠨ ᠰᠢᠨ᠎ᠡ ᠶᠢ ᠡᠭᠦᠳᠬᠦ ᠲᠠᠪᠴᠠᠩ᠂ ᠵᠢᠴᠢ ᠰᠢᠨ᠎ᠡ ᠭᠤᠷᠪᠠᠳᠤᠭᠠᠷ ᠰᠠᠮᠪᠠᠷ ᠲᠤ ᠠᠮᠵᠢᠯᠲᠠ ᠲᠠᠢ ᠫᠠᠶᠢᠰᠠ | ᠡᠯᠭᠦᠭᠰᠡᠨ ᠢᠨᠲ᠋ᠧᠷ ᠰᠦᠯᠵᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠦᠨ᠎ᠡ᠃ | ᠬᠦᠲᠦᠯᠦᠭᠴᠢ᠄ ᠰᠠᠶ᠋ᠢ ᠪᠢᠳᠡ ᠡᠳᠡᠭᠡᠷ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ︽ᠰᠠᠨᠠᠯ︾ ᠳᠤ ᠪᠣᠳᠠᠲᠤ | ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠢ ᠶᠠᠷᠢᠯ᠎ᠠ᠂ ᠲᠡᠭᠡᠪᠡᠯ᠂ ︽ᠢᠨᠲ᠋ᠧᠷ ᠰᠦᠯᠵᠢᠶ᠎ᠡ +︾ ᠬᠡᠷᠬᠢᠨ ᠨᠢᠭᠡᠨ | ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠬᠤ ᠪᠣᠢ︖ ᠶᠠᠮᠠᠷ ᠶᠠᠮᠠᠷ ᠠᠷᠭ᠎ᠠ ᠠᠪᠴᠠᠯ ᠪᠠᠶᠢᠬᠤ | ᠪᠣᠢ︖ | ᠵᠠᠩ ᠪᠠᠢ ᠴᠧᠩ᠄ ᠪᠦᠬᠦᠶᠢᠯᠡ ᠢᠨᠲ᠋ᠧᠷ ᠰᠦᠯᠵᠢᠶ᠎ᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠴᠤ ᠮᠠᠰᠢ ᠴᠢᠬᠤᠯᠠ ᠶᠤᠮ᠂ ᠵᠢᠱᠢᠶᠡᠯᠡᠪᠡᠯ ᠪᠦᠰᠡ ᠶᠢᠨ ᠬᠤᠷᠳᠤᠴᠠ᠂ ᠵᠠᠷᠤᠳᠠᠯ ᠰᠦᠢᠳᠭᠡᠯ᠂ ᠠᠮᠤᠷ | ᠲᠥᠪᠰᠢᠨ ᠵᠡᠷᠭᠡ ᠲᠠᠯ᠎ᠠ ᠪᠣᠯᠤᠨ᠎ᠠ ᠃ ᠬᠦᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ | ᠭᠤᠣᠯᠳᠠᠭᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ᠂ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ᠂ | ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ᠂ ᠵᠦᠢ | ᠵᠣᠬᠢᠰᠲᠠᠢ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠵᠡᠷᠭᠡ ᠲᠠᠪᠤᠨ ᠲᠠᠯ᠎ᠠ ᠠᠴᠠ ᠭᠠᠷᠳᠠᠨ᠎ᠠ᠃ | ᠨᠢᠭᠡ ᠳᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠥᠷᠭᠡᠨ ᠪᠦᠰᠡ ᠶᠢᠨ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠦᠷᠢᠰᠦᠯᠳᠦᠬᠦ ᠶᠢ ᠵᠣᠷᠢᠭᠵᠢᠭᠤᠯᠤᠨ᠂ ᠵᠠᠬ᠎ᠠ ᠳᠡᠯᠭᠡᠭᠦᠷ ᠲᠠᠬᠢ | ᠭᠠᠭᠴᠠᠭᠠᠷ ᠡᠵᠡᠮᠰᠢᠯ ᠢ ᠡᠪᠳᠡᠨ᠎ᠡ᠃ ᠥᠷᠭᠡᠨ ᠪᠦᠰᠡᠲᠦ ᠰᠦᠯᠵᠢᠶ᠎ᠡ ᠶᠢᠨ ᠬᠤᠷᠳᠤᠯᠠᠮᠵᠢ᠂ ᠮᠡᠳᠡᠭᠡ ᠵᠠᠩᠬᠢ ᠶᠢᠨ | ᠦᠢᠯᠡᠴᠢᠯᠡᠭᠡᠨ ᠤ ᠶᠠᠰᠤ ᠴᠢᠨᠠᠷ ᠪᠠ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ | ᠬᠤᠶᠠᠷ ᠲᠤ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ ᠲᠠᠯ᠎ᠠ ᠪᠠᠷ᠂ ᠰᠦᠯᠵᠢᠶ᠎ᠡ ᠶᠢᠨ ᠢᠲᠡᠭᠡᠮᠵᠢ ᠶᠢᠨ | ᠰᠢᠰᠲ᠋ᠧᠮᠵᠢ ᠪᠠ ᠢᠲᠡᠭᠡᠮᠵᠢᠲᠡᠢ ᠠᠷᠠᠯᠵᠢᠶᠠᠯᠠᠭ᠎ᠠ ᠬᠢᠬᠦ ᠶᠢ ᠪᠠᠲᠤᠯᠠᠬᠤ ᠣᠷᠴᠢᠨ ᠠᠬᠤᠶ ᠶᠢᠨ ᠪᠠᠶᠢᠭᠤᠯᠤᠯᠲᠠ ᠶᠢ | ᠴᠢᠩᠭᠠᠳᠬᠠᠨ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠬᠢ ᠶᠢᠨ | ᠦᠢᠯᠡᠴᠢᠯᠡᠭᠡᠨ᠂ ᠰᠦᠯᠵᠢᠶᠡᠨ ᠳᠡᠭᠡᠷ᠎ᠡ ᠠᠷᠠᠯᠵᠢᠶᠠᠯᠠᠭ᠎ᠠ ᠬᠢᠬᠦ ᠦᠢᠯᠡ ᠠᠵᠢᠯᠯᠠᠭ᠎ᠠ᠂ ᠦᠢᠯᠡᠳᠭᠦᠨ ᠬᠢᠭᠡᠳ | ᠦᠢᠯᠡᠴᠢᠯᠡᠭᠡᠨ ᠤ ᠶᠠᠰᠤ ᠴᠢᠨᠠᠷ ᠵᠡᠷᠭᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ | ᠭᠤᠷᠪᠠ ᠳᠤ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ᠂ ᠰᠦᠯᠵᠢᠶ᠎ᠡ ᠶᠢ ᠠᠮᠤᠷ ᠲᠦᠪᠰᠢᠨ | ᠠᠵᠢᠯᠯᠠᠭᠤᠯᠬᠤ ᠬᠠᠮᠲᠤᠷᠠᠨ ᠬᠦᠳᠡᠯᠦᠯᠴᠡᠬᠦ ᠲᠣᠭᠲᠠᠴᠠ ᠪᠠ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠵᠦ᠂ ᠰᠦᠯᠵᠢᠶ᠎ᠡ ᠶᠢᠨ ᠠᠮᠤᠷ ᠲᠦᠪᠰᠢᠨ ᠬᠢᠭᠡᠳ ︽ᠢᠨᠲ᠋ᠧᠷ ᠰᠦᠯᠵᠢᠶ᠎ᠡ +︾ ᠶᠢ ᠲᠦᠯᠬᠢᠨ | ᠠᠬᠢᠭᠤᠯᠬᠤ ᠶᠢ ᠵᠡᠷᠭᠡ ᠳᠤᠨᠢ ᠲᠦᠯᠦᠪᠵᠢᠭᠦᠯᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ ᠶᠢ ᠪᠠᠷᠢᠮᠳᠠᠯᠠᠨ᠎ᠠ᠃ | ᠳᠥᠷᠪᠡ ᠳᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠲᠠᠯ᠎ᠠ ᠪᠠᠷ᠂ ᠭᠠᠳᠠᠭᠠᠳᠤ ᠯᠤᠭ᠎ᠠ ᠶᠢᠨ | ᠰᠣᠯᠢᠯᠴᠠᠭ᠎ᠠ ᠶᠢ ᠦᠷᠭᠡᠳᠬᠡᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ | ᠪᠣᠯᠪᠠᠰᠤᠷᠠᠭᠤᠯᠤᠯ ᠤᠨ ᠠᠵᠢᠯ ᠦᠷᠨᠢᠭᠦᠯᠦᠨ᠎ᠡ᠃ | ᠲᠠᠪᠤ ᠳᠤ ᠬᠦᠴᠦ ᠪᠠᠨ ᠨᠢᠭᠡᠳᠬᠡᠨ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠲᠠᠯ᠎ᠠ ᠪᠠᠷ᠂ ᠦᠪᠡᠷᠲᠡᠭᠡᠨ | ᠵᠠᠰᠠᠬᠤ ᠤᠷᠤᠨ ᠤ ᠢᠨᠲ᠋ᠧᠷ ᠰᠦᠯᠵᠢᠶᠡᠨ ᠠᠵᠤ ᠠᠬᠤᠶ ᠶᠢᠨ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ | ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ | ᠵᠠᠩᠭᠢᠵᠢᠯ ᠤᠨ ᠵᠦᠪᠯᠡᠯ ᠳᠤ ᠲᠣᠬᠢᠷᠠᠭᠤᠯᠤᠨ᠎ᠠ᠃ | ᠬᠦᠲᠦᠯᠦᠭᠴᠢ᠄ ᠵᠠ᠂ ᠲᠠᠨ ᠤ ᠨᠠᠷᠢᠨ ᠲᠣᠳᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠡᠳᠡᠭᠡᠷ | ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠠᠳ᠂ ᠮᠠᠨ ᠳᠤ ᠤᠷᠤᠨ ᠤ ︽ᠢᠨᠲ᠋ᠧᠷ ᠰᠦᠯᠵᠢᠶ᠎ᠡ +︾ ᠳᠤ ᠨᠢᠭᠡᠨ | ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠵᠤ᠂ ᠪᠠᠰᠠ ᠮᠠᠨ ᠤ ᠤᠷᠤᠨ ᠤ ᠠᠵᠤ ᠠᠬᠤᠢ ᠪᠤᠯᠤᠨ | ᠨᠡᠶᠢᠭᠡᠮ ᠤᠨ ᠬᠦᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠵᠠᠩ | ᠡᠷᠬᠢᠯᠡᠭᠴᠢ ᠶᠢᠨ ᠲᠠᠶᠢᠯᠪᠤᠷᠢᠯᠠᠨ ᠶᠠᠷᠢᠭᠰᠠᠨ ᠪᠠ ᠰᠦᠯᠵᠢᠶᠡᠨ ᠠᠨᠳᠠ ᠨᠠᠷ ᠤᠨ ᠢᠳᠡᠪᠬᠢᠲᠡᠢ ᠤᠷᠤᠯᠴᠠᠭᠰᠠᠨ ᠳᠤ | ᠳᠠᠬᠢᠨᠲᠠ ᠲᠠᠯᠠᠷᠬᠠᠵᠤ ᠪᠠᠶᠢᠨ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠣᠯᠭᠠᠶ᠎ᠠ︕ | |