ᠰᠢᠨ᠎ᠠ ︽ᠢᠳᠡᠬᠡᠨ ᠤ ᠠᠮᠤᠷ ᠲᠦᠪᠰᠢᠨ ᠤ ᠬᠠᠦᠯᠢ︾᠎ ᠶᠢᠨ ᠲᠠᠪᠤᠨ ᠭᠢᠯᠡᠰ ᠴᠡᠭ
ᠨᠡᠶᠢᠲᠡᠯᠡᠭᠰᠡᠨ ᠴᠠᠭ᠄
2015/9/30
       ᠲᠦᠷᠦᠬᠦᠬᠡᠨ ᠰᠢᠨ᠎ᠠ ᠪᠠᠷ ᠵᠠᠰᠠᠪᠦᠷᠢ ᠤᠷᠤᠭᠤᠯᠬᠰᠠᠨ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠢᠳᠡᠬᠡᠨ ᠤ ᠠᠮᠤᠷ ᠲᠦᠪᠰᠢᠨ ᠤ ᠬᠠᠦᠯᠢ︾ 10 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠦᠭᠳᠡᠬᠦ ᠪᠤᠯᠤᠨ᠎ᠠ᠃ ᠰᠢᠨ᠎ᠠ ᠪᠠᠷ ᠵᠠᠰᠠᠪᠦᠷᠢ ᠤᠷᠤᠭᠤᠯᠤᠬᠰᠠᠨ ︽ᠢᠳᠡᠬᠡᠨ ᠤ ᠠᠮᠤᠷ ᠲᠦᠪᠰᠢᠨ ᠤ ᠬᠠᠦᠯᠢ ︾᠎ ᠨᠢ ᠶᠡᠷᠦᠩᠬᠡᠢ ᠲᠦᠷᠢᠮ᠂ ᠢᠳᠡᠬᠡᠨ ᠤ ᠠᠮᠤᠷ ᠲᠦᠪᠰᠢᠨ ᠤ ᠲᠦᠭᠰᠢᠬᠦᠷᠢ ᠳᠤ ᠬᠢᠨᠠᠨ ᠰᠢᠯᠭᠠᠬᠤ ᠪᠠ ᠦᠨᠡᠯᠡᠬᠦ᠂ ᠠᠮᠤᠷ ᠲᠦᠪᠰᠢᠨ ᠤ ᠪᠠᠷᠢᠮᠵᠢᠶ᠎ᠠ᠂ ᠦᠢᠯᠡᠳᠪᠦᠷᠢᠯᠡᠵᠤ ᠡᠵᠡᠩᠨᠡᠬᠦ᠂ ᠰᠢᠯᠭᠠᠨ ᠪᠠᠶᠢᠴᠠᠭᠠᠬᠤ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ᠂ ᠠᠮᠤᠷ ᠲᠦᠪᠰᠢᠨ ᠤ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠢᠨᠠᠯᠳᠠ ᠲᠠᠯᠪᠢᠵᠤ ᠬᠠᠮᠢᠶᠠᠷᠬᠤ᠂ ᠬᠠᠦᠯᠢ ᠴᠠᠭᠠᠵᠠ ᠶᠢᠨ ᠬᠠᠷᠢᠭᠤᠴᠠᠯᠭ᠎ᠠ ᠪᠤᠯᠤᠨ ᠲᠠᠭᠠᠯᠳᠤᠭᠤᠯᠤᠯ ᠲᠦᠷᠢᠮ ᠵᠡᠷᠬᠡ ᠨᠠᠶᠢᠳᠠ ᠠᠷᠪᠠᠨ ᠪᠦᠯᠦᠭ ᠪᠤᠢ᠃      ᠰᠢᠨ᠎ᠠ ᠪᠠᠷ ᠵᠠᠰᠠᠪᠦᠷᠢ ᠤᠷᠤᠭᠤᠯᠤᠬᠰᠠᠨ ︽ᠢᠳᠡᠬᠡᠨ ᠤ ᠠᠮᠤᠷ ᠲᠦᠪᠰᠢᠨ ᠤ ᠬᠠᠦᠯᠢ︾᠎ ᠨᠢ ᠲᠦᠪ ᠤᠨ ᠢᠳᠡᠬᠡᠨ ᠤ ᠠᠮᠤᠷ ᠲᠦᠪᠰᠢᠨ ᠤ ᠲᠦᠷᠪᠠᠨ ︽ᠬᠠᠮᠤᠭ ᠴᠢᠩᠭ᠎ᠠ︾᠂ ᠲᠠᠷᠤᠢ᠂ ᠬᠠᠮᠤᠭ ᠴᠢᠩᠭ᠎ᠠ ᠪᠠᠷᠢᠮᠵᠢᠶ᠎ᠠ᠂ ᠬᠠᠮᠤᠭ ᠴᠢᠩᠭ᠎ᠠ ᠬᠢᠨᠠᠨ ᠬᠠᠮᠢᠶᠠᠷᠤᠯᠳᠠ᠂ ᠬᠠᠮᠤᠭ ᠴᠢᠩᠭ᠎ᠠ ᠲᠤᠷᠭᠠᠭᠤᠯᠢ᠂ ᠬᠠᠮᠤᠭ ᠴᠢᠩᠭ᠎ᠠ ᠬᠠᠷᠢᠭᠤᠴᠠᠯᠭ᠎ᠠ ᠲᠤᠯᠭᠠᠬᠤ ᠱᠠᠭᠠᠷᠳᠠᠯᠭ᠎ᠠ ᠶᠢ ᠲᠤᠤᠱᠯᠠᠭᠤᠯᠵᠤ᠂ ᠢᠳᠡᠬᠡᠨ ᠤ ᠠᠮᠤᠷ ᠲᠦᠪᠰᠢᠨ ᠢ ᠬᠠᠮᠠᠭᠠᠯᠠᠬᠤ ᠲᠤᠬᠠᠢ ᠰᠢᠨ᠎ᠠ ᠲᠦᠷᠢᠮ ᠲᠤᠬᠳᠠᠭᠠᠯ ᠤᠳ ᠢ ᠲᠤᠬᠳᠠᠭᠠᠬᠰᠠᠨ ᠶᠤᠮ᠃      ᠢᠳᠡᠭᠡᠨ ᠤ ᠵᠦᠢᠯ ᠦᠢᠯᠡᠳᠪᠤᠷᠢᠯᠡᠬᠦ ᠵᠦᠪᠰᠢᠶᠡᠷᠡᠯ ᠤᠨ ᠦᠨᠡᠮᠯᠡᠯ ᠤᠨ ᠲᠡᠮᠳᠡᠭ ᠢ ︽SC︾ ᠪᠤᠯᠭᠠᠵᠤ ᠬᠤᠪᠢᠷᠠᠭᠤᠯᠤᠨ᠂ ᠤᠤᠯ ᠤᠨ ︽QS ᠦᠨᠡᠮᠯᠡᠯ︾᠎ ᠢ ᠬᠦᠴᠦᠨ ᠦᠭᠡᠢ ᠪᠤᠯᠭᠠᠪᠠ᠃ ︽SC︾ ᠭᠡᠳᠡᠭ ᠨᠢ ᠬᠢᠳᠡᠳ ᠭᠡᠯᠡᠨ ᠤ ᠦᠢᠯᠡᠳᠪᠤᠷᠢᠯᠡᠯ ︵生产︶ ᠭᠡᠰᠡᠨ ᠬᠤᠶᠠᠷ ᠦᠰᠦᠭ ᠤᠨ ᠳᠦᠷᠦᠬᠦᠤ ᠠᠪᠢᠶ᠎ᠠ ᠪᠠᠷ ᠪᠦᠷᠢᠯᠳᠦᠭᠰᠡᠨ ᠪᠠᠶᠢᠨ᠎ᠠ᠃ ︽ᠢᠳᠡᠭᠡᠨ ᠤ ᠵᠦᠢᠯ ᠦᠢᠯᠡᠳᠪᠤᠷᠢᠯᠡᠬᠦ ᠶᠢ ᠵᠦᠪᠰᠢᠶᠡᠷᠡᠬᠦ ᠬᠠᠮᠢᠶᠠᠷᠤᠯᠳᠠ ᠶᠢᠨ ᠠᠷᠭ᠎ᠠ︾᠎ ᠶᠢᠨ ᠳᠤᠭᠳᠠᠭᠠᠯ ᠢ ᠦᠨᠳᠦᠰᠦᠯᠡᠪᠡᠯ᠂ ᠢᠳᠡᠭᠡᠨ ᠤ ᠵᠦᠢᠯ ᠦᠢᠯᠡᠳᠪᠤᠷᠢᠯᠡᠬᠦ ᠶᠢ ᠵᠦᠪᠰᠢᠶᠡᠷᠡᠭᠰᠡᠨ ᠦᠨᠡᠮᠯᠡᠯ ᠤᠨ ᠲᠡᠮᠳᠡᠭ ᠢ SC ᠪᠤᠯᠤᠨ ᠠᠷᠪᠠᠨ ᠳᠦᠷᠪᠡᠨ ᠠᠷᠠᠪ ᠳᠤᠭ᠎ᠠ ᠪᠠᠷ ᠪᠦᠷᠢᠯᠳᠦᠬᠦᠯᠵᠤ᠂ ᠬᠦᠴᠤᠨ ᠲᠠᠢ ᠬᠤᠭᠤᠴᠠᠭ᠎ᠠ ᠨᠢ 3 ᠵᠢᠯ ᠪᠠᠶᠢᠭᠰᠠᠨ ᠢ 5 ᠵᠢᠯ ᠪᠤᠯᠭᠠᠵᠠᠢ᠃ ᠵᠦᠪᠰᠢᠶᠡᠷᠡᠯ ᠤᠨ ᠦᠨᠡᠮᠯᠡᠯ ᠳᠠᠬᠢ ᠠᠭᠤᠯᠭ᠎ᠠ ᠨᠡᠮᠡᠭᠳᠡᠵᠤ᠂ ᠡᠳᠤᠷ ᠳᠤᠳᠤᠮ ᠤᠨ ᠬᠢᠨᠠᠨ ᠬᠠᠮᠢᠶᠠᠷᠬᠤ ᠪᠠᠶᠢᠭᠤᠯᠤᠮᠵᠢ᠂ ᠡᠳᠤᠷ ᠳᠤᠳᠤᠮ ᠤᠨ ᠬᠢᠨᠠᠨ ᠬᠠᠮᠢᠶᠠᠷᠬᠤ ᠠᠵᠢᠯᠳᠠᠨ᠂ ᠢᠯᠡᠴᠢᠯᠡᠨ ᠵᠠᠭᠠᠯᠳᠤᠬᠤ ᠤᠳᠠᠰᠤ᠂ ᠭᠠᠷ ᠤᠨ ᠦᠰᠦᠭ ᠵᠢᠷᠤᠵᠤ ᠳᠠᠷᠬᠠᠭᠠᠭᠰᠠᠨ ᠬᠦᠮᠦᠨ᠂ ᠬᠤᠶᠠᠷ ᠭᠡᠮᠵᠢᠯᠳᠤ ᠺᠤᠳ᠋ ᠵᠡᠷᠭᠡ ᠮᠡᠳᠡᠭᠡ ᠵᠠᠩᠬᠢ ᠪᠠ ᠬᠠᠭᠤᠯᠠᠪᠤᠷᠢ ᠳᠡᠪᠳᠡᠷ᠂ ᠰᠡᠩ ᠬᠦᠮᠦᠷᠭᠡ ᠶᠢ ᠪᠠᠭᠳᠠᠭᠠᠭᠰᠠᠨ ᠪᠠᠶᠢᠨ᠎ᠠ᠃ ᠢᠳᠡᠬᠡᠨ ᠤ ᠵᠦᠢᠯ ᠦᠢᠯᠡᠳᠪᠦᠷᠢᠯᠡᠭᠴᠢ ᠪᠤᠶᠤ ᠡᠵᠡᠩᠨᠡᠭᠴᠢ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠨᠡᠩ ᠰᠠᠶᠢᠳᠤᠷ ᠬᠦᠢᠴᠡᠳᠬᠡᠬᠦ ᠶᠢ ᠱᠠᠭᠠᠷᠳᠠᠵᠠᠢ᠃ ᠰᠢᠨ᠎ᠠ ᠬᠠᠦᠯᠢ ᠳᠤ ᠲᠤᠬᠳᠠᠭᠠᠬᠰᠠᠨ ᠢᠶᠠᠷ᠂ ᠢᠳᠡᠬᠡᠨ ᠤ ᠵᠦᠢᠯ ᠦᠢᠯᠡᠳᠪᠦᠷᠢᠯᠡᠭᠴᠢ ᠪᠤᠶᠤ ᠡᠵᠡᠩᠨᠡᠭᠴᠢ ᠶᠢᠨ ᠢᠳᠡᠬᠡᠨ ᠤ ᠵᠦᠢᠯ ᠤᠨ ᠠᠮᠤᠷ ᠲᠦᠪᠰᠢᠨ ᠳᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠬᠦᠷᠭᠡᠯᠡᠵᠤ᠂ ᠦᠪᠡᠷ ᠤᠨ ᠦᠢᠯᠡᠳᠪᠦᠷᠢᠯᠡᠵᠤ ᠡᠵᠡᠩᠨᠡᠵᠤ ᠪᠠᠶᠢᠬᠤ ᠢᠳᠡᠬᠡᠨ ᠤ ᠵᠦᠢᠯ ᠤᠨ ᠠᠮᠤᠷ ᠲᠦᠪᠰᠢᠨ ᠳᠤ ᠬᠠᠷᠢᠭᠤᠴᠠᠬᠤ ᠬᠡᠷᠡᠭᠳᠡᠢ᠃      ᠢᠳᠡᠬᠡᠨ ᠤ ᠠᠮᠤᠷ ᠲᠦᠪᠰᠢᠨ ᠢ ᠮᠦᠷᠳᠡᠬᠦ ᠰᠢᠰᠲ᠋ᠧᠮ ᠴᠢᠨᠠᠬᠰᠢᠳᠠ ᠲᠡᠬᠦᠯᠳᠡᠷᠵᠢᠪᠡ᠃ ᠰᠢᠨ᠎ᠠ ᠬᠠᠦᠯᠢ ᠳᠤ᠂ ᠢᠳᠡᠬᠡᠨ ᠤ ᠵᠦᠢᠯ ᠦᠢᠯᠡᠳᠪᠦᠷᠢᠯᠡᠭᠴᠢ ᠡᠵᠡᠩᠨᠡᠭᠴᠢ ᠠᠴᠠ ᠬᠠᠦᠯᠢ ᠶᠤᠰᠤᠭᠠᠷ ᠢᠳᠡᠬᠡᠨ ᠤ ᠠᠮᠤᠷ ᠲᠦᠪᠰᠢᠨ ᠢ ᠮᠦᠷᠳᠡᠬᠦ ᠰᠢᠰᠲ᠋ᠧᠮ ᠢ ᠪᠠᠶᠢᠭᠤᠯᠵᠤ᠂ ᠢᠳᠡᠬᠡᠨ ᠤ ᠢᠷᠠᠯᠳᠠ ᠶᠢ ᠮᠦᠷᠳᠡᠵᠤ ᠪᠤᠯᠬᠤ ᠶᠢ ᠪᠠᠳᠤᠯᠠᠬᠤ ᠬᠡᠷᠡᠭᠳᠡᠢ ᠬᠡᠵᠡᠢ᠃ ᠤᠨᠴᠠᠭᠠᠢ ᠢᠳᠡᠬᠡᠨ ᠤ ᠵᠦᠢᠯ ᠤᠨ ᠬᠠᠮᠢᠶᠠᠷᠤᠯᠳᠠ ᠶᠢᠨ ᠲᠦᠷᠢᠮ ᠢ ᠴᠢᠨᠠᠬᠰᠢᠳᠠ ᠪᠦᠷᠢᠨᠰᠢᠬᠦᠯᠵᠡᠢ᠃ ᠰᠢᠨ᠎ᠠ ᠬᠠᠦᠯᠢ ᠨᠢ ᠡᠷᠡᠬᠦᠯᠵᠢᠯ ᠤᠨ ᠢᠳᠡᠬᠡᠨ ᠤ ᠬᠠᠮᠢᠶᠠᠷᠤᠯᠳᠠ ᠶᠢᠨ ᠲᠤᠬᠠᠢ ᠤᠯᠠᠨ ᠵᠦᠢᠯ ᠤᠨ ᠰᠢᠨ᠎ᠠ ᠲᠤᠬᠳᠠᠭᠠᠯ ᠲᠤᠬᠳᠠᠭᠠᠵᠠᠢ᠃ ᠵᠢᠱᠢᠶᠡᠯᠡᠪᠡᠯ᠂ ᠦᠩᠬᠡᠷᠡᠭᠰᠡᠨ ᠤ ᠵᠦᠪᠬᠡᠨ ᠡᠷᠡᠬᠦᠯᠵᠢᠯ ᠤᠨ ᠢᠳᠡᠬᠡᠨ ᠤ ᠵᠦᠢᠯ ᠢ ᠲᠠᠩᠰᠠᠯᠠᠭᠤᠯᠪᠠᠯ ᠪᠤᠯᠴᠢᠬᠠᠬᠤ ᠲᠦᠷᠢᠮ ᠢ ᠦᠬᠡᠷᠡᠴᠢᠯᠠᠵᠤ᠂ ᠡᠷᠡᠬᠦᠯᠵᠢᠯ ᠤᠨ ᠢᠳᠡᠬᠡᠨ ᠢ ᠲᠠᠩᠰᠠᠯᠠᠭᠤᠯᠬᠤ ᠪᠠ ᠲᠠᠩᠰᠠᠨ ᠳᠤ ᠤᠷᠤᠭᠤᠯᠬᠤ ᠬᠤᠤᠰ ᠲᠦᠷᠢᠮ ᠢ ᠬᠡᠷᠡᠭᠵᠢᠬᠦᠯᠵᠤ᠂ ᠡᠷᠡᠬᠦᠯᠵᠢᠯ ᠤᠨ ᠢᠳᠡᠬᠡᠨ ᠤ ᠲᠦᠬᠦᠬᠡᠢ ᠮᠠᠲ᠋ᠧᠷᠢᠶᠠᠯ᠂ ᠦᠢᠯᠡᠳᠦᠯ ᠴᠢᠳᠡᠪᠬᠢ ᠶᠢᠨ ᠭᠠᠷᠴᠠᠭ ᠢ ᠬᠠᠮᠢᠶᠠᠷᠬᠤ ᠲᠦᠷᠢᠮ ᠢ ᠲᠤᠳᠤᠳᠬᠠᠵᠤ᠂ ᠡᠷᠡᠬᠦᠯᠵᠢᠯ ᠤᠨ ᠢᠳᠡᠬᠡᠨ ᠤ ᠲᠦᠬᠦᠬᠡᠢ ᠮᠠᠲ᠋ᠧᠷᠢᠶᠠᠯ ᠪᠤᠯᠭᠠᠬᠤ ᠳᠤ ᠵᠤᠬᠢᠬᠤ ᠲᠦᠬᠦᠬᠡᠢ ᠮᠠᠲ᠋ᠧᠷᠢᠶᠠᠯ ᠤᠨ ᠦᠢᠯᠡᠳᠬᠦᠨ ᠢ ᠲᠠᠩᠰᠠᠯᠠᠵᠤ ᠬᠠᠮᠢᠶᠠᠷᠬᠤ ᠵᠡᠷᠬᠡ᠃      ᠰᠢᠨ᠎ᠠ ᠪᠠᠷ ᠮᠠᠨᠳᠤᠬᠰᠠᠨ ᠢᠳᠡᠬᠡᠨ ᠤ ᠵᠦᠢᠯᠡᠰ ᠤᠨ ᠠᠵᠢᠯ ᠲᠦᠷᠦᠯ ᠤᠨ ᠬᠠᠮᠢᠶᠠᠷᠤᠯᠳᠠ ᠶᠢ ᠴᠢᠨᠠᠬᠰᠢᠳᠠ ᠲᠦᠷᠢᠮᠵᠢᠬᠦᠯᠪᠡ᠃ ᠵᠠᠰᠠᠪᠦᠷᠢ ᠤᠷᠤᠭᠤᠯᠤᠬᠰᠠᠨ ᠤ ᠲᠠᠷᠠᠭᠠᠬᠢ ᠢᠳᠡᠬᠡᠨ ᠤ ᠠᠮᠤᠷ ᠲᠦᠪᠰᠢᠨ ᠤ ᠬᠠᠦᠯᠢ ᠨᠢ ᠢᠨᠲ᠋ᠧᠷ ᠰᠦᠯᠵᠢᠶᠠᠨ ᠤ ᠢᠳᠡᠬᠡᠨ ᠤ ᠵᠦᠢᠯ ᠤᠨ ᠠᠷᠠᠯᠵᠢᠶᠠᠨ ᠤ ᠠᠵᠢᠯᠯᠠᠭ᠎ᠠ ᠶᠢ ᠲᠦᠷᠢᠮᠵᠢᠬᠦᠯᠵᠤ᠂ ᠢᠳᠡᠬᠡᠨ ᠤ ᠵᠦᠢᠯ ᠤᠨ ᠠᠷᠠᠯᠵᠢᠶᠠᠨ ᠤ ᠭᠤᠷᠪᠠᠳᠤᠭᠠᠷ ᠡᠳᠡᠭᠡᠳ ᠤᠨ ᠲᠠᠪᠴᠠᠩ ᠤᠨ ᠭᠤᠷᠪᠠᠨ ᠶᠡᠭᠡ ᠡᠬᠦᠷᠬᠡ ᠬᠠᠷᠢᠭᠤᠴᠠᠯᠭ᠎ᠠ ᠶᠢ ᠲᠤᠳᠤᠳᠬᠠᠵᠠᠢ᠂ ᠲᠠᠷᠤᠢ᠂ ᠬᠢᠨᠠᠨ ᠪᠠᠶᠢᠴᠠᠭᠠᠬᠤ ᠡᠬᠦᠷᠬᠡ᠂ ᠬᠠᠮᠢᠶᠠᠷᠬᠤ ᠡᠬᠦᠷᠬᠡ ᠪᠤᠯᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠬᠦᠷᠬᠡ ᠵᠡᠷᠬᠡ ᠪᠤᠯᠤᠨ᠎ᠠ᠃      ᠢᠳᠡᠬᠡᠨ ᠤ ᠠᠮᠤᠷ ᠲᠦᠪᠰᠢᠨ ᠤ ᠬᠠᠦᠯᠢ ᠶᠢ ᠰᠠᠬᠢᠬᠤ ᠤᠬᠠᠮᠰᠠᠷ ᠢ ᠴᠢᠨᠠᠬᠰᠢᠳᠠ ᠴᠢᠩᠭᠠᠳᠬᠠᠵᠠᠢ᠃ ᠰᠢᠨ᠎ᠠ ᠬᠠᠦᠯᠢ ᠨᠢ ᠢᠳᠡᠬᠡᠨ ᠤ ᠠᠮᠤᠷ ᠲᠦᠪᠰᠢᠨ ᠤ ᠬᠠᠦᠯᠢ ᠠᠴᠠ ᠵᠦᠷᠢᠴᠡᠬᠦ ᠠᠵᠢᠯᠯᠠᠭ᠎ᠠ ᠳᠤ ᠵᠠᠰᠭ ᠵᠠᠬᠢᠷᠭᠠᠨ ᠤ ᠰᠢᠳᠬᠡᠯ ᠦᠭᠬᠦ ᠡᠷᠴᠢᠮ ᠢᠶᠠᠨ ᠴᠢᠩᠭᠠᠳᠬᠠᠵᠤ᠂ ᠢᠷᠬᠡᠨ ᠤ ᠬᠡᠷᠡᠭ ᠤᠨ ᠲᠦᠯᠦᠪᠦᠷᠢ ᠦᠭᠬᠦ ᠬᠠᠷᠢᠭᠤᠴᠠᠯᠭ᠎ᠠ ᠶᠢ ᠲᠤᠪᠤᠶᠢᠯᠭᠠᠨ ᠂ ᠢᠳᠡᠬᠡᠮᠵᠢ ᠶᠢᠨ ᠲᠠᠩᠰᠠᠨ ᠳᠤ ᠤᠷᠤᠭᠤᠯᠬᠤ ᠲᠦᠷᠢᠮ ᠢ ᠨᠡᠮᠡᠵᠤ᠂ ᠬᠠᠦᠯᠢ ᠠᠴᠠ ᠵᠦᠷᠢᠴᠡᠭᠰᠡᠳ ᠤᠨ ᠬᠠᠦᠯᠢ ᠠᠴᠠ ᠵᠦᠷᠢᠴᠡᠬᠦ ᠶᠢᠨ ᠦᠪᠡᠷ ᠤᠨ ᠦᠷᠳᠡᠭ ᠢ ᠨᠡᠮᠡᠭᠳᠡᠬᠦᠯᠦᠭᠰᠡᠨ ᠢᠶᠠᠷ ᠢᠳᠡᠬᠡᠨ ᠤ ᠵᠦᠢᠯ ᠤᠨ ᠠᠵᠢᠯ ᠲᠦᠷᠦᠯ ᠳᠤ ᠠᠵᠢᠯᠯᠠᠬᠰᠠᠳ ᠤᠨ ᠬᠠᠦᠯᠢ ᠶᠢ ᠰᠠᠬᠢᠬᠤ ᠤᠬᠠᠮᠰᠠᠷ ᠢ ᠲᠡᠭᠡᠭᠰᠢᠯᠡᠬᠦᠯᠬᠦ ᠪᠤᠯᠤᠨ᠎ᠠ᠃      ᠰᠢᠨ᠎ᠠ ︽ᠢᠳᠡᠬᠡᠨ ᠤ ᠠᠮᠤᠷ ᠲᠦᠪᠰᠢᠨ ᠤ ᠬᠠᠦᠯᠢ︾᠎ ᠳᠤ ᠭᠠᠷᠤᠬᠰᠠᠨ ᠰᠢᠨ᠎ᠠ ᠬᠤᠪᠢᠷᠡᠯᠳᠠ ᠠᠴᠠ ᠲᠠᠪᠤᠨ ᠬᠢᠯᠠᠰ ᠴᠡᠭ ᠢ ᠲᠤᠷᠠᠳᠴᠦ ᠪᠤᠯᠤᠨ᠎ᠠ᠃      ᠨᠢᠬᠡ᠂ ᠳᠦᠯᠦᠪᠤᠷᠢ ᠦᠭᠬᠦ ᠬᠡᠮᠵᠢᠶ᠎ᠠ ᠶᠢ ᠨᠡᠮᠡᠭᠳᠡᠬᠦᠯᠵᠤ ᠬᠠᠮᠤᠭ ᠪᠠᠭ᠎ᠠ ᠳᠠᠭᠠᠨ 1000 ᠳᠦᠬᠦᠷᠢᠭ ᠤᠨ ᠳᠦᠯᠦᠪᠤᠷᠢ ᠦᠭᠬᠦ ᠪᠤᠯᠭᠠᠵᠠᠢ      ᠢᠳᠡᠭᠡᠨ ᠪᠠ ᠡᠮ ᠤᠨ ᠵᠦᠢᠯᠡᠰ ᠲᠤ ᠬᠢᠨᠠᠯᠳᠠ ᠳᠠᠯᠪᠢᠵᠤ ᠬᠠᠮᠢᠶᠠᠷᠬᠤ ᠰᠠᠯᠠᠭ᠎ᠠ ᠮᠦᠴᠢᠷ ᠤᠨ ᠳᠠᠨᠢᠯᠴᠠᠭᠤᠯᠤᠬᠰᠠᠨ ᠢᠶᠠᠷ᠂ ᠰᠢᠨ᠎ᠡ ᠪᠠᠷ ᠭᠡᠷᠡᠭᠵᠢᠬᠦᠯᠬᠦ ᠪᠠᠷ ᠪᠠᠶᠢᠭ᠎ᠠ ︽ᠢᠳᠡᠭᠡᠨ ᠤ ᠠᠮᠤᠷ ᠳᠦᠪᠰᠢᠨ ᠤ ᠬᠠᠤᠯᠢ︾᠎ ᠶᠢᠨ 148 ᠳ᠋ᠤᠭᠡᠷ ᠵᠦᠢᠯ ᠳᠤ᠄ ᠢᠳᠡᠭᠡᠨ ᠤ ᠠᠮᠤᠷ ᠳᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠶᠢ ᠮᠡᠳᠡᠵᠤ ᠪᠠᠶᠢᠭᠠᠳ ᠦᠢᠯᠡᠳᠪᠤᠷᠢᠯᠡᠭᠰᠡᠨ ᠪᠤᠶᠤ ᠡᠰᠡᠬᠦᠯ᠎ᠡ ᠢᠳᠡᠭᠡᠨ ᠤ ᠠᠮᠤᠷ ᠳᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠶᠢ ᠮᠡᠳᠡᠵᠤ ᠪᠠᠶᠢᠭᠠᠳ ᠡᠵᠡᠩᠨᠡᠭᠰᠡᠨ ᠪᠠᠶᠢᠪᠠᠯ᠂ ᠭᠡᠷᠡᠭᠯᠡᠭᠴᠢᠳ ᠬᠤᠬᠢᠷᠠᠯ ᠢᠶᠠᠨ ᠳᠦᠯᠦᠬᠦᠯᠬᠦ ᠪᠠᠷ ᠱᠠᠭᠠᠷᠳᠠᠵᠤ ᠪᠤᠯᠬᠤ ᠪᠠᠷ ᠪᠠᠷᠠᠬᠤ ᠦᠬᠡᠢ ᠦᠢᠯᠡᠳᠪᠤᠷᠢᠯᠡᠭᠴᠢ ᠪᠤᠶᠤ ᠡᠵᠡᠩᠨᠡᠭᠴᠢ ᠠᠴᠠ ᠪᠠᠷᠠᠭᠠᠨ ᠤ ᠦᠨ᠎ᠡ ᠶᠢᠨ 10 ᠳᠠᠬᠢᠨ ᠪᠤᠶᠤ ᠬᠤᠬᠢᠷᠠᠯ ᠤᠨ 3 ᠳᠠᠬᠢᠨ ᠢᠶᠠᠷ ᠳᠦᠯᠦᠪᠤᠷᠢ ᠠᠪᠬᠤ ᠪᠠᠷ ᠱᠠᠭᠠᠷᠳᠠᠵᠤ ᠪᠤᠯᠤᠨ᠎ᠠ︔ ᠳᠦᠯᠦᠪᠤᠷᠢ ᠶᠢᠨ ᠮᠦᠡᠭᠬᠦ ᠨᠢ 1000 ᠳᠦᠬᠦᠷᠢᠭ ᠬᠦᠷᠬᠦ ᠦᠭᠡᠢ ᠶᠢ ᠨᠢ 1000 ᠳᠦᠬᠦᠷᠢᠭ ᠢᠶᠠᠷ ᠪᠤᠳᠤᠵᠤ ᠦᠭᠬᠦ ᠭᠡᠷᠡᠭᠳᠡᠢ᠃ ᠡᠬᠦᠨ ᠠᠴᠠ ᠭᠠᠳᠠᠨ᠎ᠠ᠂ ᠭᠡᠷᠡᠭᠯᠡᠭᠴᠢᠳ ᠢᠳᠡᠭᠡᠨ ᠤ ᠠᠮᠤᠷ ᠳᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠢᠳᠡᠭᠡᠨ ᠢ ᠭᠡᠷᠡᠭᠯᠡᠭᠡᠳ ᠬᠤᠬᠢᠷᠠᠯ ᠳᠤ ᠤᠴᠠᠷᠠᠭᠰᠠᠨ ᠪᠤᠯ ᠡᠵᠡᠩᠨᠡᠭᠴᠢ ᠪᠤᠶᠤ ᠦᠢᠯᠡᠳᠪᠤᠷᠢᠯᠡᠭᠴᠢ ᠠᠴᠠ ᠳᠦᠯᠦᠪᠤᠷᠢ ᠠᠪᠬᠤ ᠪᠠᠷ ᠱᠠᠭᠠᠷᠳᠠᠵᠤ ᠪᠤᠯᠤᠨ᠎ᠠ᠃ ᠢᠳᠡᠭᠡᠨ ᠤ ᠵᠦᠢᠯ ᠢ ᠦᠢᠯᠡᠳᠪᠤᠷᠢᠯᠡᠭᠴᠢ ᠪᠠ ᠡᠵᠡᠩᠨᠡᠭᠴᠢ ᠨᠢ ᠤᠷᠢᠳᠠᠪᠠᠷ ᠬᠠᠷᠢᠭᠤᠴᠠᠨ ᠳᠦᠯᠦᠪᠤᠷᠢ ᠦᠭᠴᠤ᠂ ᠳᠠᠷᠠᠭ᠎ᠠ ᠨᠢ ᠬᠠᠷᠢᠭᠤᠴᠠᠯᠭ᠎ᠠ ᠶᠢ ᠳᠤᠳᠤᠷᠬᠠᠢᠢᠯᠠᠨ ᠳᠠᠬᠢᠨ ᠨᠡᠭᠡᠮᠵᠢᠯᠡᠨ ᠳᠦᠯᠦᠬᠦᠯᠵᠤ ᠪᠤᠯᠤᠨ᠎ᠠ ᠭᠡᠪᠡ᠃      ᠡᠨᠡ ᠨᠢ ᠳᠠᠷᠤᠢ ᠢᠳᠡᠭᠡᠨ ᠤ ᠵᠦᠢᠯ ᠢ ᠦᠢᠯᠡᠳᠪᠤᠷᠢᠯᠡᠬᠦ ᠠᠵᠤ ᠠᠬᠤᠢᠢᠯᠠᠯ ᠤᠨ ᠡᠬᠦᠷᠬᠡ ᠬᠠᠷᠢᠭᠤᠴᠠᠯᠭ᠎ᠠ ᠶᠢ ᠴᠢᠨᠠᠬᠰᠢᠳᠠ ᠴᠢᠩᠭᠠᠳᠬᠠᠵᠤ᠂ ᠳᠤᠷᠭᠠᠬᠤ ᠬᠡᠮᠵᠢᠶ᠎ᠠ ᠶᠢ ᠨᠡᠮᠡᠭᠳᠡᠬᠦᠯᠦᠨ᠂ ᠬᠤᠬᠢᠷᠠᠯ ᠳᠤ ᠳᠦᠯᠦᠪᠤᠷᠢ ᠦᠭᠬᠦ ᠪᠠ ᠳᠤᠷᠭᠠᠭᠤᠯᠢ ᠶᠢᠨ ᠴᠢᠨᠠᠷ ᠲᠠᠢ ᠳᠦᠯᠦᠪᠤᠷᠢ ᠦᠭᠬᠦ ᠪᠤᠯᠭᠠᠨ᠂ ᠭᠡᠷᠡᠭᠯᠡᠭᠴᠢᠳ ᠤᠨ ᠳᠦᠯᠦᠪᠤᠷᠢ ᠠᠪᠬᠤ ᠱᠠᠭᠠᠷᠳᠠᠯᠭ᠎ᠠ ᠶᠢ ᠨᠡᠮᠡᠭᠳᠡᠬᠦᠯᠦᠭᠰᠡᠨ ᠪᠠᠶᠢᠨ᠎ᠠ᠃ ᠳᠤᠬᠠᠢᠢᠯᠠᠪᠠᠯ᠂ ᠭᠡᠷᠡᠭᠯᠡᠭᠴᠢ ᠭᠡᠳᠤᠭᠡᠨ ᠳᠦᠬᠦᠷᠢᠭ ᠤᠨ ᠵᠢᠮᠢᠰ ᠤᠨ ᠴᠠᠷᠳᠠᠰᠤ ᠠᠴᠠ ᠠᠰᠠᠭᠤᠳᠠᠯ ᠢᠯᠡᠷᠡᠬᠦᠯᠦᠭᠰᠡᠨ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠰᠢᠯᠭᠠᠵᠤ ᠪᠠᠶᠢᠴᠠᠭᠠᠨ ᠠᠰᠠᠭᠤᠳᠠᠯ ᠢᠯᠡᠷᠡᠬᠦᠯᠦᠭᠰᠡᠨ ᠪᠤᠯ ︽ᠰᠢᠨ᠎ᠠ ᠬᠠᠮᠢᠶᠠᠷᠤᠯᠳᠠ ᠶᠢᠨ ᠠᠷᠭ᠎ᠠ︾᠎ ᠳᠠᠬᠢ 1000 ᠳᠦᠬᠦᠷᠢᠭ ᠬᠦᠷᠬᠦ ᠦᠭᠡᠢ ᠶᠢ ᠨᠢ 1000 ᠳᠦᠬᠦᠷᠢᠭ ᠢᠶᠠᠷ ᠪᠤᠳᠤᠵᠤ ᠦᠭᠬᠦ ᠳᠤᠭᠳᠠᠭᠠᠯ ᠶᠤᠰᠤᠭᠠᠷ 1000 ᠳᠦᠬᠦᠷᠢᠭ ᠳᠦᠯᠦᠬᠦᠯᠬᠦ ᠪᠠᠷ ᠱᠠᠭᠠᠷᠳᠠᠵᠤ ᠪᠤᠯᠤᠨ᠎ᠠ᠃ ︽ᠰᠢᠨ᠎ᠠ ᠬᠠᠮᠢᠶᠠᠷᠤᠯᠳᠠ ᠶᠢᠨ ᠠᠷᠭ᠎ᠠ︾᠎ ᠳᠤ ᠪᠠᠰᠠ ᠳᠤᠷᠭᠠᠭᠤᠯᠢ ᠶᠢᠨ ᠵᠤᠭᠤᠰ ᠤᠨ ᠭᠡᠮᠵᠢᠶ᠎ᠡ ᠶᠢ ᠳᠡᠭᠡᠭᠰᠢᠯᠡᠬᠦᠯᠵᠤ᠂ ᠬᠠᠮᠢᠶ᠎ᠠ ᠪᠦᠬᠦᠢ ᠬᠠᠤᠯᠢ ᠲᠤᠭᠳᠠᠭᠠᠯ ᠠᠴᠠ ᠵᠦᠷᠢᠴᠡᠨ ᠢᠳᠡᠭᠡᠨ ᠤ ᠵᠦᠢᠯ ᠦᠢᠯᠡᠳᠪᠤᠷᠢᠯᠡᠭᠰᠡᠨ ᠪᠤᠶᠤ ᠡᠵᠡᠩᠨᠡᠭᠰᠡᠳ ᠢ ᠬᠠᠮᠤᠭ ᠦᠨᠳᠦᠷ ᠲᠡᠭᠡᠨ ᠦᠢᠯᠡᠳᠪᠦᠷᠢᠯᠡᠭᠰᠡᠨ ᠪᠤᠶᠤ ᠡᠵᠡᠩᠨᠡᠭᠰᠡᠨ ᠢᠳᠡᠭᠡᠨ ᠤ ᠵᠦᠢᠯ ᠤᠨ ᠦᠷᠳᠡᠭ ᠤᠨ 30 ᠳᠠᠬᠢᠨ ᠢᠶᠠᠷ ᠳᠤᠷᠭᠠᠨ᠎ᠠ᠃      ᠬᠤᠶᠠᠷ᠂ ᠢᠳᠡᠭᠡᠨ ᠤ ᠵᠦᠢᠯᠡᠰ ᠢ ᠵᠦᠭᠡᠭᠡᠪᠤᠷᠢᠯᠡᠵᠤ ᠬᠠᠳᠠᠭᠠᠯᠠᠬᠤ ᠭᠤᠭᠴᠤᠭ᠎ᠠ ᠳᠤ ᠬᠢᠨᠠᠯᠳᠠ ᠲᠠᠯᠪᠢᠵᠤ ᠬᠠᠮᠢᠶᠠᠷᠬᠤ ᠪᠤᠯᠵᠠᠢ      ᠢᠳᠡᠭᠡᠨ ᠤ ᠵᠦᠢᠯᠡᠰ ᠦᠢᠯᠡᠳᠪᠤᠷᠢᠯᠡᠬᠦ ᠤᠯᠠᠩᠬᠢ ᠠᠵᠤ ᠠᠬᠤᠢᠢᠯᠠᠯ ᠤᠨ ᠢᠳᠡᠭᠡᠨ ᠤ ᠵᠦᠢᠯ ᠢ ᠦᠢᠯᠡᠳᠪᠤᠷᠢ ᠠᠴᠠ ᠭᠠᠷᠭᠠᠬᠤ ᠦᠶ᠎ᠡ ᠳᠤ ᠰᠢᠯᠭᠠᠨ ᠪᠠᠶᠢᠴᠠᠭᠠᠭᠠᠳ ᠴᠦᠮ ᠬᠢᠷᠢ ᠳᠡᠩᠴᠡᠭᠰᠡᠨ ᠪᠠᠶᠢᠳᠠᠭ᠃ ᠬᠡᠳᠡᠯ᠎ᠡ ᠂ ᠬᠢᠨᠠᠨ ᠬᠠᠮᠢᠶᠠᠷᠬᠤ ᠰᠠᠯᠠᠭ᠎ᠠ ᠮᠦᠴᠢᠷ ᠵᠠᠬ᠎ᠠ ᠳᠡᠯᠭᠡᠬᠦᠷ ᠳᠡᠭᠡᠷ᠎ᠡ ᠠᠴᠠ ᠲᠤᠰ ᠪᠦᠯᠦᠭ ᠪᠠᠷᠠᠭ᠎ᠠ ᠶᠢ ᠰᠤᠭᠤᠴᠢᠨ ᠪᠠᠶᠢᠴᠠᠭᠠᠬᠤ ᠳᠤ ᠠᠰᠠᠭᠤᠳᠠᠯ ᠢᠯᠡᠷᠡᠳᠡᠭ᠃ ᠡᠨᠡ ᠨᠢ ᠢᠳᠡᠭᠡᠨ ᠤ ᠵᠦᠢᠯᠡᠰ ᠦᠢᠯᠡᠳᠪᠤᠷᠢᠯᠡᠬᠦ ᠠᠵᠤ ᠠᠬᠤᠢᠢᠯᠠᠯ ᠨᠢ ᠦᠢᠯᠡᠳᠪᠤᠷᠢ ᠶᠢᠨ ᠳᠠᠰᠤᠭ ᠲᠠᠬᠢ ᠶᠠᠰᠤ ᠴᠢᠨᠠᠷ ᠤᠨ ᠬᠢᠨᠠᠨ ᠬᠠᠮᠢᠶᠠᠷᠤᠯᠳᠠ ᠶᠢ ᠴᠢᠬᠤᠯᠠᠴᠢᠯᠠᠬᠰᠠᠨ ᠪᠤᠯᠪᠠᠴᠤ ᠢᠳᠡᠬᠡᠨ ᠤ ᠵᠦᠢᠯ ᠡᠵᠡᠩᠨᠡᠭᠴᠢᠳ ᠠᠴᠠ ᠵᠠᠬ᠎ᠠ ᠳᠡᠯᠭᠡᠬᠦᠷ ᠲᠤ ᠭᠠᠷᠤᠭᠰᠠᠨ ᠢᠳᠡᠭᠡᠨ ᠤ ᠵᠦᠢᠯ ᠤᠨ ᠶᠠᠰᠤ ᠴᠢᠨᠠᠷ ᠢ ᠪᠠᠳᠤᠯᠠᠵᠤ ᠬᠠᠮᠠᠭᠠᠯᠠᠬᠤ ᠶᠢ ᠤᠮᠳᠤᠭᠠᠢᠢᠯᠠᠭᠰᠠᠨ ᠠᠴᠠ ᠪᠤᠯᠵᠠᠢ᠃ ︽ᠰᠢᠨ᠎ᠠ ᠬᠠᠮᠢᠶᠠᠷᠤᠯᠳᠠ ᠶᠢᠨ ᠠᠷᠭ᠎ᠠ︾᠎ ᠳᠤ᠂ ᠢᠳᠡᠭᠡᠨ ᠤ ᠵᠦᠢᠯ ᠦᠢᠯᠡᠳᠪᠤᠷᠢᠯᠡᠭᠴᠢ ᠡᠵᠡᠩᠨᠡᠭᠴᠢ ᠪᠢᠰᠢ ᠬᠦᠮᠦᠰ ᠢᠳᠡᠭᠡᠨ ᠤ ᠵᠦᠢᠯ ᠢ ᠬᠠᠳᠠᠭᠠᠯᠠᠬᠤ᠂ ᠵᠦᠭᠡᠭᠡᠪᠤᠷᠢᠯᠡᠬᠦ ᠠᠵᠢᠯᠯᠠᠭ᠎ᠠ ᠳᠤ ᠤᠷᠤᠯᠴᠠᠬᠤ ᠳᠠᠭᠠᠨ᠂ ᠵᠦᠭᠡᠭᠡᠪᠤᠷᠢᠯᠡᠬᠦ ᠪᠠ ᠠᠴᠢᠵᠤ ᠪᠠᠭᠤᠯᠭᠠᠬᠤ ᠰᠠᠪᠠ᠂ ᠪᠠᠭᠠᠵᠢ ᠭᠡᠷᠡᠭᠰᠡᠯ᠂ ᠳᠤᠨᠤᠭ ᠳᠦᠬᠦᠭᠡᠷᠦᠮᠵᠢ ᠶᠢᠨ ᠠᠮᠤᠷ ᠳᠦᠪᠰᠢᠨ᠂ ᠪᠤᠬᠢᠷᠳᠤᠯ ᠦᠭᠡᠢ᠂ ᠠᠷᠢᠭᠤᠨ ᠴᠡᠪᠡᠷ ᠪᠠᠶᠢᠯᠭᠠᠬᠤ ᠶᠢ ᠪᠠᠳᠤᠯᠠᠵᠤ᠂ ᠢᠳᠡᠭᠡᠨ ᠤ ᠵᠦᠢᠯ ᠪᠤᠬᠢᠷᠳᠤᠬᠤ ᠠᠴᠠ ᠰᠡᠷᠭᠡᠶᠢᠯᠡᠬᠦ ᠶᠢᠨ ᠬᠠᠮᠳᠤ ᠢᠳᠡᠭᠡᠨ ᠤ ᠠᠮᠤᠷ ᠳᠦᠪᠰᠢᠨ ᠢ ᠪᠠᠳᠤᠯᠠᠬᠤ ᠳᠤᠯᠠᠭᠠᠨ ᠤ ᠭᠡᠮᠵᠢᠶ᠎ᠡ ᠵᠡᠷᠭᠡ ᠤᠨᠴᠠᠭᠠᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠭᠡᠷᠡᠭᠳᠡᠢ︔ ᠢᠳᠡᠭᠡᠨ ᠤ ᠵᠦᠢᠯ ᠢ ᠬᠤᠤᠷ ᠲᠠᠢ ᠪᠤᠳᠠᠰ ᠪᠤᠶᠤ ᠪᠤᠬᠢᠷᠳᠤᠯ ᠲᠠᠢ ᠪᠤᠳᠠᠰ ᠲᠠᠢ ᠬᠠᠮᠳᠤ ᠳᠤᠨᠢ ᠵᠦᠭᠡᠭᠡᠪᠤᠷᠢᠯᠡᠵᠤ ᠪᠤᠯᠬᠤ ᠦᠭᠡᠢ ᠭᠡᠵᠤ ᠳᠤᠭᠳᠠᠭᠠᠵᠠᠢ᠃ ᠡᠨᠡ ᠨᠢ ᠢᠳᠡᠭᠡᠨ ᠤ ᠵᠦᠢᠯ ᠢ ᠦᠢᠯᠡᠳᠪᠤᠷᠢᠯᠡᠭᠴᠢ ᠪᠤᠶᠤ ᠡᠵᠡᠩᠨᠡᠭᠴᠢ ᠠᠴᠠ ᠭᠠᠳᠠᠨ᠎ᠠ ᠪᠠᠰᠠ ᠨᠢᠭᠡ ᠪᠦᠯᠦᠭ ᠳᠤᠰᠬᠠᠢ ᠰᠠᠩ ᠬᠦᠮᠦᠷᠭᠡ᠂ ᠪᠤᠳᠠᠰ ᠤᠨ ᠬᠦᠢᠯᠭᠡᠭᠡᠨ ᠤ ᠺᠤᠮᠫᠠᠨᠢ ᠶᠢᠨ ᠢᠳᠡᠭᠡᠨ ᠤ ᠵᠦᠢᠯ ᠢ ᠬᠠᠳᠠᠭᠠᠠᠯᠠᠵᠤ᠂ ᠵᠦᠭᠡᠭᠡᠪᠤᠷᠢᠯᠡᠬᠦ ᠠᠵᠢᠯᠯᠠᠭ᠎ᠠ ᠶᠢᠨ ᠬᠠᠮᠢᠶᠠᠷᠤᠯᠳᠠ ᠶᠢ ᠴᠢᠩᠭᠠᠳᠬᠠᠭᠰᠠᠨ ᠶᠠᠪᠤᠳᠠᠯ ᠪᠤᠯᠤᠨ᠎ᠠ      ᠭᠤᠷᠪᠠ᠂ ᠢᠳᠡᠬᠡᠨ ᠤ ᠵᠦᠢᠯ ᠤᠨ ᠨᠠᠮᠠᠯᠳᠠ ᠡᠳ᠋ ᠦᠢᠯᠡᠳᠪᠦᠷᠢᠯᠡᠬᠦ ᠳᠤ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠠᠮᠯᠠᠯ ᠭᠤᠶᠤᠴᠢᠯᠠᠬᠤ ᠬᠡᠷᠡᠭᠳᠡᠢ      ᠬᠡᠷᠡᠭᠯᠡᠭᠴᠢᠳ ᠢᠳᠡᠬᠡᠨ ᠤ ᠨᠡᠮᠡᠯᠳᠡ ᠡᠳ᠋ ᠤᠨ ᠲᠤᠬᠠᠢ ᠵᠦᠪ ᠤᠨᠤᠪᠴᠢᠳᠡᠢ ᠲᠠᠨᠢᠯᠳᠠ ᠪᠠᠶᠢᠬᠤ ᠬᠡᠷᠡᠭᠳᠡᠢ᠃ ᠦᠨᠡᠨ ᠳᠡᠭᠡᠨ ᠢᠳᠡᠬᠡᠨ ᠤ ᠨᠡᠮᠡᠯᠳᠡ ᠡᠳ᠋ ᠪᠠᠶᠢᠬᠤ ᠦᠬᠡᠢ ᠪᠤᠯ ᠤᠳᠤ ᠦᠶ᠎ᠠ ᠶᠢᠨ ᠢᠳᠡᠬᠡᠨ ᠤ ᠵᠦᠢᠯ ᠤᠨ ᠠᠵᠤ ᠦᠢᠯᠡᠳᠪᠦᠷᠢ ᠪᠠᠶᠢᠬᠤ ᠦᠬᠡᠢ ᠬᠡᠵᠤ ᠬᠡᠯᠡᠵᠤ ᠪᠤᠯᠤᠨ᠎ᠠ᠃ ᠢᠳᠡᠬᠡᠨ ᠤ ᠨᠡᠮᠡᠯᠳᠡ ᠡᠳ᠋ ᠢ ᠵᠦᠪ ᠤᠨᠤᠪᠴᠢᠳᠡᠢ ᠬᠡᠷᠡᠭᠯᠡᠬᠦ ᠨᠢ ᠬᠦᠮᠦᠨ ᠤ ᠡᠷᠡᠬᠦᠯ ᠴᠢᠬᠢᠷᠠᠭ ᠲᠤ ᠬᠤᠤᠷ ᠪᠤᠯᠬᠤ ᠦᠬᠡᠢ ᠮᠦᠷᠳᠡᠬᠡᠨ ᠢᠳᠡᠬᠡᠨ ᠤ ᠵᠦᠢᠯ ᠢ ᠬᠠᠳᠠᠭᠠᠯᠠᠬᠤ ᠪᠠ ᠡᠳ᠋ᠰᠢᠬᠦᠯᠵᠤ ᠪᠤᠯᠪᠠᠰᠤᠷᠠᠭᠤᠯᠬᠤ ᠳᠤ ᠠᠰᠢᠭᠳᠠᠢ᠃ ᠬᠡᠬᠦ ᠳᠡᠭᠡᠨ ᠤᠳᠤᠬᠠᠨ ᠳᠤ ᠤᠯᠠᠩᠬᠢ ᠬᠡᠷᠡᠭᠯᠡᠭᠴᠢᠳ ᠤᠨ ᠰᠠᠨᠠᠭᠠᠰᠢᠷᠠᠳᠠᠭ ᠨᠢ᠂ ᠵᠠᠷᠢᠮ ᠬᠠᠦᠯᠢ ᠪᠤᠰᠤ ᠡᠳᠡᠬᠡᠳ ᠠᠴᠠ ᠬᠠᠦᠯᠢ ᠠᠴᠠ ᠵᠦᠷᠢᠴᠡᠵᠤ ᠠᠵᠤ ᠦᠢᠯᠡᠳᠪᠦᠷᠢ ᠳᠤ ᠬᠡᠷᠡᠭᠯᠡᠬᠦ ᠲᠦᠬᠦᠬᠡᠢ ᠮᠠᠲ᠋ᠧᠷᠢᠶᠠᠯ᠂ ᠬᠢᠮᠢ ᠶᠢᠨ ᠦᠢᠯᠡᠳᠬᠦᠨ ᠢ ᠢᠳᠡᠬᠡᠨ ᠤ ᠵᠦᠢᠯ ᠳᠤ ᠬᠡᠷᠡᠭᠯᠡᠬᠦ᠂ ᠡᠰᠡᠬᠦᠯ᠎ᠡ ᠢᠳᠡᠬᠡᠨ ᠤ ᠨᠡᠮᠡᠯᠳᠡ ᠡᠳ᠋ ᠢ ᠬᠡᠪᠴᠢᠶᠠᠨ ᠠᠴᠠ ᠨᠢ ᠬᠡᠳᠦᠷᠠᠳᠠᠯ᠎ᠠ ᠬᠡᠷᠡᠭᠯᠡᠬᠦ ᠵᠡᠷᠬᠡ ᠠᠵᠢᠯᠯᠠᠭ᠎ᠠ ᠨᠢ ᠬᠦᠮᠦᠨ ᠤ ᠪᠡᠶ᠎ᠠ ᠶᠢᠨ ᠡᠷᠡᠬᠦᠯ ᠮᠠᠨᠳᠤ ᠶᠢ ᠠᠳᠠᠯᠢ ᠪᠤᠰᠤ ᠬᠡᠮᠵᠢᠶ᠎ᠠ ᠪᠠᠷ ᠬᠤᠤᠷᠳᠠᠭᠤᠯᠵᠤ ᠪᠤᠢ᠃      ᠰᠢᠨ᠎ᠠ ᠪᠠᠷ ᠵᠠᠰᠠᠪᠦᠷᠢ ᠤᠷᠤᠭᠤᠯᠤᠬᠰᠠᠨ ᠢᠳᠡᠬᠡᠨ ᠤ ᠠᠮᠤᠷ ᠲᠦᠪᠰᠢᠨ ᠤ ᠬᠠᠦᠯᠢ ᠶᠢᠨ ᠭᠤᠴᠢ ᠶᠢᠰᠦᠳᠦᠬᠡᠷ ᠵᠦᠢᠯ ᠳᠤ᠂ ᠢᠳᠡᠬᠡᠨ ᠤ ᠨᠡᠮᠡᠯᠳᠡ ᠡᠳ᠋ ᠦᠢᠯᠡᠳᠪᠦᠷᠢᠯᠡᠬᠦ ᠳᠤ ᠦᠢᠯᠡᠳᠪᠦᠷᠢᠯᠡᠬᠦ ᠶᠢ ᠵᠦᠪᠰᠢᠶᠡᠷᠡᠭᠰᠡᠨ ᠦᠨᠡᠮᠯᠡᠯ ᠭᠤᠶᠤᠴᠢᠯᠠᠬᠤ ᠬᠡᠷᠡᠭᠳᠡᠢ ᠬᠡᠵᠤ ᠲᠤᠳᠤᠷᠬᠠᠢ ᠲᠤᠬᠳᠠᠭᠠᠬᠰᠠᠨ ᠪᠠᠶᠢᠨ᠎ᠠ᠃ ᠦᠩᠬᠡᠷᠡᠭᠰᠡᠨ ᠳᠤ᠂ ᠮᠠᠨ ᠤ ᠤᠯᠤᠰ ᠵᠦᠪᠬᠡᠨ ᠢᠳᠡᠬᠡᠨ ᠤ ᠵᠦᠢᠯᠡᠰ ᠦᠢᠯᠡᠳᠪᠦᠷᠢᠯᠡᠬᠦ᠂ ᠡᠵᠡᠩᠨᠡᠬᠦ ᠶᠢ ᠵᠦᠪᠰᠢᠶᠡᠷᠡᠬᠦ ᠲᠦᠷᠢᠮ ᠢ ᠬᠡᠷᠡᠭᠵᠢᠬᠦᠯᠵᠤ ᠪᠠᠶᠢᠬᠤ ᠠᠴᠠ ᠪᠢᠰᠢ ᠢᠳᠡᠬᠡᠨ ᠤ ᠵᠦᠢᠯ ᠤᠨ ᠨᠡᠮᠡᠯᠳᠡ ᠡᠳ᠋ ᠦᠢᠯᠡᠳᠪᠦᠷᠢᠯᠡᠬᠦ ᠶᠢ ᠲᠤᠰᠬᠠᠢ ᠵᠦᠪᠰᠢᠶᠡᠷᠡᠬᠦ ᠲᠦᠷᠢᠮ ᠦᠬᠡᠢ ᠪᠠᠶᠢᠬᠰᠠᠨ ᠶᠤᠮ᠃      ᠲᠦᠷᠪᠡ᠂ ᠰᠦᠯᠵᠢᠶᠠᠨ ᠳᠤ ᠢᠳᠡᠬᠡᠨ ᠤ ᠵᠦᠢᠯᠡᠰ ᠢ ᠪᠤᠷᠤᠯᠠᠭᠤᠯᠬᠤ ᠳᠤ ᠦᠨᠡᠨ ᠨᠡᠷ᠎ᠡ ᠪᠠᠷ ᠢᠶᠠᠨ ᠲᠠᠩᠰᠠᠯᠠᠬᠤ ᠬᠡᠷᠡᠭᠳᠡᠢ      ᠰᠢᠨ᠎ᠠ ᠪᠠᠷ ᠵᠠᠰᠠᠪᠤᠷᠢ ᠤᠷᠤᠭᠤᠯᠤᠬᠰᠠᠨ ᠢᠳᠡᠬᠡᠨ ᠤ ᠠᠮᠤᠷ ᠲᠦᠪᠰᠢᠨ ᠤ ᠬᠠᠦᠯᠢ ᠶᠢᠨ ᠵᠢᠷᠠᠨ ᠬᠤᠶᠠᠳᠤᠭᠠᠷ ᠵᠦᠢᠯ ᠳᠤ᠂ ᠰᠦᠯᠵᠢᠶᠠᠨ ᠢᠳᠡᠬᠡᠨ ᠤ ᠵᠦᠢᠯ ᠤᠨ ᠠᠷᠠᠯᠵᠢᠶᠠᠨ ᠤ ᠭᠤᠷᠪᠠᠳᠤᠭᠠᠷ ᠡᠳᠡᠭᠡᠳ ᠤᠨ ᠲᠠᠪᠴᠠᠩ ᠢ ᠬᠠᠩᠭᠠᠬᠴᠢ ᠠᠴᠠ ᠰᠦᠯᠵᠢᠶᠠᠨ ᠳ᠋ᠤ᠋ ᠢᠳᠡᠬᠡᠨ ᠤ ᠵᠦᠢᠯ ᠡᠵᠡᠩᠨᠡᠭᠴᠢ ᠶᠢ ᠦᠨᠡᠨ ᠨᠠᠷ᠎ᠠ ᠪᠠᠷ ᠨᠢ ᠲᠠᠩᠰᠠᠯᠠᠵᠤ ᠠᠪᠬᠤ ᠬᠡᠷᠡᠭᠳᠡᠢ ᠬᠡᠵᠤ ᠲᠤᠳᠤᠷᠬᠠᠢ ᠲᠤᠬᠳᠠᠭᠠᠬᠰᠠᠨ ᠪᠠᠶᠢᠨ᠎ᠠ᠃      ᠤᠳᠤ ᠰᠦᠯᠵᠢᠶᠠᠨ ᠲᠡᠭᠡᠷ᠎ᠡ᠂ ᠸᠢᠴᠠᠲ ᠲᠡᠭᠡᠷ᠎ᠡ ᠢᠳᠡᠬᠡᠨ ᠤ ᠵᠦᠢᠯ ᠪᠤᠷᠤᠯᠠᠭᠤᠯᠤᠬᠴᠢ ᠤᠯᠠᠨ ᠪᠤᠢ᠃ ᠡᠬᠦᠨ ᠳᠤ ᠵᠠᠷᠢᠮ ᠨᠢ ᠢᠳᠡᠬᠡᠨ ᠤ ᠵᠦᠢᠯ ᠡᠵᠡᠩᠨᠡᠬᠦ ᠶᠢ ᠵᠦᠪᠰᠢᠶᠡᠷᠡᠬᠦᠯᠦᠭᠰᠡᠨ ᠦᠨᠡᠮᠯᠡᠯ ᠪᠠᠶᠢᠬᠤ ᠦᠬᠡᠢ᠂ ᠤᠨᠴᠠᠭᠠᠢᠢᠯᠠᠨ ᠸᠢᠴᠠᠲ ᠲᠡᠭᠡᠷ᠎ᠡ ᠢᠳᠡᠬᠡᠨ ᠤᠮᠳᠠᠭᠠᠨ ᠤ ᠵᠦᠢᠯ ᠡᠵᠡᠩᠨᠡᠭᠴᠢᠳ ᠤᠨ ᠤᠯᠠᠩᠬᠢ ᠨᠢ ᠢᠳᠡᠬᠡᠨ ᠤᠮᠳᠠᠭᠠᠨ ᠤ ᠦᠢᠯᠡᠴᠢᠯᠡᠭᠡ ᠶᠢᠨ ᠵᠦᠪᠰᠢᠶᠡᠷᠡᠯ ᠤᠨ ᠦᠨᠡᠮᠯᠡᠯ᠂ ᠡᠵᠡᠩᠨᠡᠯᠳᠡ ᠶᠢᠨ ᠦᠨᠡᠮᠯᠡᠯ ᠪᠠᠶᠢᠬᠤ ᠦᠬᠡᠢ᠃ ᠲᠠᠬᠡᠪᠡᠯ᠂ ᠰᠦᠯᠵᠢᠶᠠᠨ ᠲᠡᠭᠡᠷ᠎ᠡ ᠠᠴᠠ ᠢᠳᠡᠬᠡᠨ ᠤ ᠵᠦᠢᠯ ᠬᠤᠳᠠᠯᠳᠤᠨ ᠠᠪᠬᠤ᠂ ᠢᠳᠡᠬᠡᠨ ᠤᠮᠳᠠᠭᠠᠨ ᠤ ᠬᠡᠷᠡᠭᠯᠡᠭᠡ ᠬᠢᠬᠦ ᠦᠶ᠎ᠠ ᠳᠡᠭᠡᠨ ᠢᠳᠡᠬᠡᠨ ᠤ ᠠᠮᠤᠷ ᠲᠦᠪᠰᠢᠨ ᠢ ᠬᠡᠷᠬᠢᠨ ᠪᠠᠳᠤᠯᠠᠬᠤ ᠪᠤᠢ︖      ᠵᠠᠰᠠᠪᠦᠷᠢ ᠤᠷᠤᠭᠤᠯᠬᠤ ᠠᠴᠠ ᠡᠮᠦᠨᠡᠬᠢ ︽ᠢᠳᠡᠬᠡᠨ ᠤ ᠠᠮᠤᠷ ᠲᠦᠪᠰᠢᠨ ᠤ ᠬᠠᠦᠯᠢ︾᠎ ᠳᠤ ᠢᠳᠡᠬᠡᠨ ᠤ ᠵᠦᠢᠯ ᠤᠨ ᠰᠦᠯᠵᠢᠶᠠᠨ ᠠᠷᠠᠯᠵᠢᠶ᠎ᠠ ᠶᠢᠨ ᠠᠭᠤᠯᠭ᠎ᠠ ᠬᠤᠯᠪᠤᠬᠳᠠᠬᠰᠠᠨ ᠦᠬᠡᠢ᠃ ᠤᠳᠤ ᠰᠢᠨ᠎ᠠ ᠪᠠᠷ ᠵᠠᠰᠠᠪᠦᠷᠢ ᠤᠷᠤᠭᠤᠯᠤᠬᠰᠠᠨ ︽ᠢᠳᠡᠬᠡᠨ ᠤ ᠠᠮᠤᠷ ᠲᠦᠪᠰᠢᠨ ᠤ ᠬᠠᠦᠯᠢ︾᠎ ᠨᠢ ᠭᠤᠷᠪᠠᠳᠤᠭᠠᠷ ᠡᠳᠡᠭᠡᠳ ᠤᠨ ᠲᠠᠪᠴᠠᠩ ᠤᠨ ᠬᠠᠷᠢᠭᠤᠴᠠᠯᠭ᠎ᠠ ᠶᠢ ᠲᠤᠳᠤᠳᠬᠠᠵᠤ᠂ ᠡᠵᠡᠩᠨᠡᠭᠴᠢ ᠶᠢᠨ ᠬᠠᠦᠯᠢ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠬᠯᠠᠨ ᠵᠤᠬᠰᠤᠭᠠᠬᠤ᠂ ᠲᠡᠭᠡᠭᠰᠢ ᠮᠡᠳᠡᠬᠦᠯᠬᠦ᠂ ᠦᠢᠯᠡᠴᠢᠯᠡᠭᠡ ᠪᠠᠨ ᠵᠤᠭᠰᠤᠭᠠᠬᠤ ᠬᠡᠷᠡᠭᠳᠡᠢ ᠬᠡᠵᠤ ᠲᠤᠬᠳᠠᠭᠠᠵᠠᠢ᠃ ᠭᠤᠷᠪᠠᠳᠤᠭᠠᠷ ᠡᠳᠡᠭᠡᠳ ᠤᠨ ᠲᠠᠪᠴᠠᠩ ᠤᠨ ᠰᠠᠨᠠᠭᠠᠴᠢᠯᠠᠭ᠎ᠠ ᠲᠠᠢ ᠪᠠᠷ ᠬᠢᠨᠠᠨ ᠬᠠᠮᠢᠶᠠᠷᠬᠤ ᠨᠢ ᠨᠢᠬᠡ ᠵᠦᠢᠯ ᠤᠨ ᠠᠷᠭ᠎ᠠ ᠵᠡᠮ ᠬᠡᠬᠦ ᠳᠤ ᠬᠡᠷᠡᠭᠯᠡᠭᠴᠢᠳ ᠤᠨ ᠢᠯᠡᠴᠢᠯᠡᠬᠦ ᠨᠢ ᠪᠠᠰᠠ ᠨᠢᠬᠡ ᠵᠦᠢᠯ ᠤᠨ ᠠᠷᠭ᠎ᠠ ᠵᠠᠮ ᠪᠤᠯᠤᠨ᠎ᠠ ᠃ ᠬᠡᠷᠡᠭᠯᠡᠭᠴᠢᠳ ᠠᠴᠠ ᠭᠤᠷᠪᠠᠳᠤᠭᠠᠷ ᠡᠳᠡᠬᠡᠳ ᠤᠨ ᠲᠠᠪᠴᠠᠩ ᠳᠤ ᠡᠵᠡᠩᠨᠡᠭᠴᠢ ᠶᠢᠨ ᠬᠠᠦᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠳᠡᠭᠡᠨ ᠬᠦᠢᠴᠡᠳ ᠪᠠᠷᠢᠮᠳᠠ ᠬᠡᠷᠠᠴᠢ ᠪᠠᠶᠢᠬᠤ ᠬᠡᠷᠡᠭᠳᠡᠢ ᠮᠦᠷᠳᠡᠬᠡᠨ ᠭᠤᠷᠪᠠᠳᠤᠭᠠᠷ ᠡᠳᠡᠬᠡᠳ ᠠᠴᠠ ᠮᠦᠨ ᠬᠡᠷᠡᠭᠯᠡᠭᠴᠢᠳ ᠤᠨ ᠢᠯᠡᠴᠢᠯᠡᠭᠰᠡᠨ ᠢ ᠪᠠᠶᠢᠴᠠᠭᠠᠵᠤ᠂ ᠬᠠᠦᠯᠢ ᠴᠠᠭᠠᠵᠠ ᠪᠠᠷ ᠲᠤᠬᠳᠠᠭᠠᠬᠰᠠᠨ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠬᠦ ᠬᠡᠷᠡᠭᠳᠡᠢ᠃      ᠰᠢᠨ᠎ᠡ ︽ᠢᠳᠡᠬᠡᠨ ᠤ ᠠᠮᠤᠷ ᠲᠦᠪᠰᠢᠨ ᠤ ᠬᠠᠦᠯᠢ︾ ᠬᠡᠷᠡᠭᠵᠢᠬᠦᠯᠦᠭᠳᠡᠭᠰᠡᠨ ᠤ ᠲᠠᠷᠠᠭ᠎ᠠ᠂ ᠰᠦᠯᠵᠢᠶᠠᠨ ᠠᠴᠠ ᠬᠤᠳᠠᠯᠳᠤᠨ ᠠᠪᠬᠤ ᠡᠯ᠎ᠡ ᠡᠳᠡᠬᠡᠳ ᠤᠨ ᠬᠠᠦᠯᠢ ᠴᠠᠭᠠᠵᠠ ᠶᠢᠨ ᠬᠠᠷᠢᠭᠤᠴᠠᠯᠭ᠎ᠠ ᠴᠢᠨᠠᠬᠰᠢᠳᠠ ᠲᠤᠳᠤᠷᠬᠠᠢ ᠪᠤᠯᠵᠤ᠂ ᠬᠡᠷᠡᠭᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠳᠤ ᠠᠮᠠᠷᠬᠠᠨ ᠪᠤᠯᠤᠨ᠎ᠠ᠃ ᠵᠢᠱᠢᠶᠡᠯᠡᠪᠡᠯ᠂ ᠬᠤᠶᠢᠰᠢᠳᠡ ᠬᠡᠷᠡᠭᠯᠡᠭᠴᠢᠳ ᠰᠦᠯᠵᠢᠶᠠᠨ ᠠᠴᠠ ᠢᠳᠡᠬᠡᠨ ᠤ ᠵᠦᠢᠯ ᠬᠤᠳᠠᠯᠳᠤᠨ ᠠᠪᠤᠭᠠᠳ ᠠᠰᠠᠭᠤᠳᠠᠯ ᠲᠠᠢ ᠪᠤᠯᠵᠤ᠂ ᠡᠵᠡᠩᠨᠡᠭᠴᠢ ᠶᠢ ᠡᠷᠢᠵᠤ ᠤᠯᠬᠤ ᠦᠬᠡᠢ ᠪᠠᠶᠢᠳᠠᠯ ᠲᠤᠤᠷ᠎ᠠ᠂ ᠭᠤᠷᠪᠠᠳᠤᠭᠠᠷ ᠡᠳᠡᠭᠡᠳ ᠤᠨ ᠲᠠᠪᠴᠠᠩ ᠢ ᠡᠷᠢᠵᠤ ᠤᠷᠢᠳᠡᠪᠡᠷ ᠪᠠᠷᠠᠭᠠᠨ ᠤ ᠲᠤᠰ ᠪᠡᠶ᠎ᠠ ᠶᠢᠨ ᠦᠨ᠎ᠠ ᠶᠢ ᠲᠦᠯᠦᠬᠦᠯᠵᠤ ᠪᠤᠯᠬᠤ ᠪᠠᠷ ᠪᠠᠷᠠᠬᠤ ᠦᠬᠡᠢ ᠪᠠᠰᠠ ᠬᠤᠬᠢᠷᠠᠯ ᠠᠮᠰᠠᠬᠠᠰᠠᠨ ᠵᠡᠷᠬᠡ ᠵᠠᠷᠤᠳᠠᠯ ᠢ ᠲᠦᠯᠦᠬᠦᠯᠬᠦ ᠪᠠᠷ ᠱᠠᠭᠠᠷᠳᠠᠵᠤ ᠪᠤᠯᠤᠨ᠎ᠠ᠃      ᠲᠠᠪᠤ᠂ ᠡᠷᠡᠬᠦᠯᠵᠢᠯ ᠤᠨ ᠢᠳᠡᠬᠡᠨ ᠤ ᠲᠡᠮᠳᠡᠭ ᠱᠤᠱᠢᠭ᠎ᠠ ᠳᠤ ᠪᠦᠷᠢᠯᠳᠦᠬᠦᠨ ᠵᠢᠴᠢ ᠠᠭᠤᠯᠬᠤ ᠬᠡᠮᠵᠢᠶ᠎ᠠ ᠶᠢ ᠲᠤᠳᠤᠷᠬᠠᠢᠢᠯᠠᠬᠤ ᠬᠡᠷᠡᠭᠳᠡᠢ      ᠰᠢᠨ᠎ᠠ ᠪᠠᠷ ᠵᠠᠰᠠᠪᠦᠷᠢ ᠤᠷᠤᠭᠤᠯᠤᠬᠰᠠᠨ ᠢᠳᠡᠬᠡᠨ ᠤ ᠠᠮᠤᠷ ᠲᠦᠪᠰᠢᠨ ᠤ ᠬᠠᠦᠯᠢ ᠶᠢᠨ ᠲᠠᠯᠠ ᠶᠢᠰᠦᠳᠦᠬᠡᠷ ᠵᠦᠢᠯ ᠳᠤ᠂ ᠡᠷᠡᠬᠦᠯᠵᠢᠯ ᠤᠨ ᠢᠳᠡᠬᠡᠨ ᠤ ᠲᠡᠮᠳᠡᠭ ᠱᠤᠱᠢᠭ᠎ᠠ᠂ ᠲᠤᠳᠤᠷᠬᠠᠢᠢᠯᠠᠯᠳᠠ ᠶᠢᠨ ᠪᠢᠴᠢᠭ ᠲᠤ ᠡᠪᠡᠳᠴᠢᠨ ᠡᠮᠬᠡᠭ ᠢ ᠰᠡᠷᠬᠡᠶᠢᠯᠡᠬᠦ᠂ ᠡᠮᠨᠡᠨ ᠵᠠᠰᠬᠠᠤ ᠴᠢᠳᠡᠪᠬᠢ ᠵᠡᠷᠬᠡ ᠠᠭᠤᠯᠭ᠎ᠠ ᠪᠠᠶᠢᠵᠤ ᠪᠤᠯᠬᠤ ᠦᠬᠡᠢ᠃ ᠠᠭᠤᠯᠭ᠎ᠠ ᠨᠢ ᠦᠨᠡᠨ ᠪᠤᠳᠠᠳᠠᠢ᠂ ᠲᠠᠩᠰᠠᠯᠠᠭᠤᠯᠤᠬᠰᠠᠨ ᠡᠰᠡᠬᠦᠯ᠎ᠠ ᠲᠠᠩᠰᠠᠨ ᠳᠤ ᠤᠷᠤᠭᠤᠯᠤᠬᠰᠠᠨ ᠠᠭᠤᠯᠭ᠎ᠠ ᠲᠠᠢ ᠪᠠᠨ ᠨᠢᠬᠡᠳᠦᠯᠳᠡᠢ ᠪᠠᠶᠢᠵᠤ᠂ ᠬᠡᠷᠡᠭᠯᠡᠪᠡᠰᠦ ᠵᠤᠬᠢᠬᠤ ᠬᠦᠮᠦᠰ᠂ ᠬᠡᠷᠡᠭᠯᠡᠵᠤ ᠵᠤᠬᠢᠬᠤ ᠦᠬᠡᠢ ᠬᠦᠮᠦᠰ᠂ ᠭᠤᠤᠯ ᠪᠦᠷᠢᠯᠳᠦᠬᠦᠨ ᠵᠢᠴᠢ ᠠᠭᠤᠯᠬᠤ ᠬᠡᠮᠵᠢᠶ᠎ᠠ ᠵᠡᠷᠬᠡ ᠶᠢ ᠲᠤᠳᠤᠷᠬᠠᠢᠢᠯᠠᠬᠤ ᠶᠢᠨ ᠬᠠᠮᠳᠤ ︽ᠲᠤᠰ ᠦᠢᠯᠡᠳᠬᠦᠨ ᠨᠢ ᠡᠮ ᠤᠨ ᠵᠦᠢᠯᠡᠰ ᠢ ᠤᠷᠤᠯᠠᠭᠤᠯᠵᠤ ᠲᠡᠶᠢᠯᠬᠦ ᠦᠬᠡᠢ︾ ᠬᠡᠵᠤ ᠲᠤᠳᠤᠷᠬᠠᠢᠢᠯᠠᠬᠤ ᠬᠡᠷᠡᠭᠳᠡᠢ᠃ ᠡᠷᠡᠬᠦᠯᠵᠢᠯ ᠤᠨ ᠢᠳᠡᠬᠡᠨ ᠤ ᠦᠢᠯᠡᠳᠦᠯ ᠴᠢᠳᠡᠪᠬᠢ ᠪᠤᠯᠤᠨ ᠪᠦᠷᠢᠯᠳᠦᠴᠡ ᠨᠢ ᠲᠡᠮᠳᠡᠭ ᠱᠤᠱᠢᠭ᠎ᠠ᠂ ᠲᠤᠳᠤᠷᠬᠠᠢᠢᠯᠠᠯᠳᠠ ᠶᠢᠨ ᠪᠢᠴᠢᠭ ᠯᠦᠭᠡ ᠪᠠᠨ ᠨᠢᠬᠡᠳᠦᠯᠳᠡᠢ ᠪᠠᠶᠢᠬᠤ ᠬᠡᠷᠡᠭᠳᠡᠢ ᠬᠡᠵᠡᠢ᠃      ᠤᠷᠳᠤ ᠬᠤᠭᠤᠴᠠᠭᠠᠨ ᠤ ᠲᠤᠷᠰᠢ᠂ ᠡᠷᠡᠬᠦᠯᠵᠢᠯ ᠤᠨ ᠢᠳᠡᠬᠡᠨ ᠤ ᠪᠤᠷᠤᠯᠠᠭᠤᠯᠭ᠎ᠠ ᠶᠢᠨ ᠵᠠᠬ᠎ᠠ ᠲᠡᠯᠬᠡᠬᠦᠷ ᠲᠤ ᠬᠡᠷᠡᠭᠯᠡᠭᠴᠢᠳ ᠢ ᠮᠡᠬᠡᠯᠡᠬᠦ ᠦᠵᠡᠭᠳᠡᠯ ᠲᠦᠬᠡᠮᠡᠯ ᠤᠷᠤᠰᠢᠵᠤ ᠢᠷᠡᠵᠡᠢ᠃ ᠵᠠᠷᠢᠮ ᠬᠠᠦᠯᠢ ᠪᠤᠰᠤ ᠡᠳᠡᠬᠡᠳ ᠠᠴᠠ ᠨᠢᠬᠡ ᠪᠦᠯᠦᠭ ᠬᠡᠷᠡᠭᠯᠡᠭᠴᠢᠳ ᠤᠨ ᠲᠤᠰᠬᠠᠢ ᠮᠡᠷᠬᠡᠵᠢᠯ ᠤᠨ ᠮᠡᠳᠡᠯᠬᠡ ᠪᠠᠷ ᠲᠤᠳᠠᠮᠠᠭ᠂ ᠪᠡᠶ᠎ᠠ ᠮᠠᠬᠠᠪᠤᠳ ᠤᠨ ᠡᠷᠡᠬᠦᠯ ᠮᠠᠨᠳᠤ ᠳᠡᠭᠡᠨ ᠰᠠᠨᠠᠭᠠᠰᠢᠷᠠᠳᠠᠭ ᠰᠡᠳᠬᠢᠯᠬᠡ ᠶᠢ ᠠᠰᠢᠬᠯᠠᠨ ᠡᠷᠡᠬᠦᠯᠵᠢᠯ ᠤᠨ ᠢᠳᠡᠬᠡᠨ ᠤ ᠦᠢᠯᠡᠳᠦᠯ ᠴᠢᠳᠡᠪᠬᠢ ᠶᠢ ᠦᠰᠬᠡᠭᠡᠨ ᠲᠦᠰᠭᠡᠭᠡᠨ ᠲᠠᠢ ᠪᠠᠷ ᠤᠬᠠᠭᠤᠯᠵᠤ᠂ ᠦᠨᠳᠦᠷ ᠦᠨ᠎ᠠ ᠪᠠᠷ ᠡᠷᠡᠬᠦᠯᠵᠢᠯ ᠤᠨ ᠢᠳᠡᠬᠡᠨ ᠢ ᠬᠤᠳᠠᠯᠳᠤᠨ ᠵᠤᠭᠤᠰ ᠮᠦᠩᠬᠦ ᠮᠡᠬᠡᠯᠡᠳᠡᠭ᠃ ᠤᠳᠤ ᠬᠠᠦᠯᠢ ᠴᠠᠭᠠᠵᠠ ᠪᠠᠷ ᠡᠷᠡᠬᠦᠯᠵᠢᠯ ᠤᠨ ᠢᠳᠡᠬᠡᠨ ᠤ ᠲᠡᠮᠳᠡᠭ ᠱᠤᠱᠢᠭ᠎ᠠ ᠶᠢᠨ ᠲᠤᠬᠠᠢ ᠱᠠᠭᠠᠷᠳᠠᠵᠤ᠂ ᠬᠡᠷᠡᠭᠯᠡᠭᠴᠢᠳ ᠤᠨ ᠡᠷᠡᠬᠦᠯᠵᠢᠯ ᠤᠨ ᠢᠳᠡᠬᠡᠨ ᠤ ᠲᠤᠬᠠᠢ ᠪᠠᠶᠢᠳᠠᠯ ᠢ ᠮᠡᠳᠡᠬᠦ ᠡᠷᠬᠡ ᠶᠢ ᠪᠦᠳᠦᠮᠵᠢᠳᠡᠢ ᠬᠠᠮᠠᠭᠠᠯᠬᠤ ᠪᠤᠯᠤᠨ᠎ᠠ᠃  
 
ᠢᠷᠡᠯᠲᠡ᠄ ᠥᠪᠥᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号