ᠤᠶᠤᠨᠳᠤ ᠭᠠᠷ ᠤᠲᠠᠰᠤᠨ ᠤ ᠮᠤᠩᠭᠤᠯ ᠬᠡᠯᠡᠨ ᠤ ᠰᠢᠰᠲ᠋ᠧᠮ ᠮᠡᠨᠳᠦᠯᠡᠪᠡ
ᠨᠡᠶᠢᠲᠡᠯᠡᠭᠰᠡᠨ ᠴᠠᠭ᠄
2015/9/30
       9 ᠰᠠᠷ᠎ᠠ ᠶᠢᠨ 29᠎ ᠤ ᠦᠳᠡ ᠶᠢᠨ ᠬᠤᠶᠢᠨ᠎ᠠ᠂ ᠬᠦᠬᠡᠬᠤᠳᠠ ᠶᠢᠨ ᠦᠢᠯᠡᠰ ᠪᠠᠭᠤᠳᠠᠯ ᠳᠤ ︽ᠦᠪᠦᠷ ᠮᠤᠩᠭᠤᠯ ᠤᠨ ᠮᠤᠩᠭᠤᠯ ᠬᠡᠯᠡ ᠦᠰᠦᠭ ᠪᠢᠴᠢᠭ ᠤᠨ ᠲᠤᠭᠠᠴᠢᠯᠠᠯᠳᠠ ᠶᠢᠨ ᠲᠤᠰᠬᠠᠢ ᠵᠦᠢᠯ ᠢ ᠳᠡᠮᠵᠢᠨ ᠲᠡᠳᠭᠦᠭᠰᠡᠨ ᠠᠵᠢᠯ ᠤᠨ ᠮᠡᠳᠡᠭᠦᠯᠦᠯᠳᠡ︾᠎ ᠶᠢᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠯ᠎ᠠ᠃ ᠲᠤᠰ ᠤᠳᠠᠭᠠᠨ ᠤ ᠰᠤᠨᠢᠨ ᠮᠡᠳᠡᠭᠡ ᠨᠡᠶᠢᠲᠡᠯᠡᠬᠦ ᠬᠤᠷᠠᠯ ᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠵᠦᠪᠯᠡᠯ ᠠᠴᠠ ᠡᠷᠬᠢᠯᠡᠨ ᠬᠢᠵᠦ᠂ ᠤᠶᠤᠨᠳᠤ ᠭᠠᠷ ᠤᠲᠠᠰᠤᠨ ᠤ ᠮᠤᠩᠭᠤᠯ ᠬᠡᠯᠡᠨ ᠤ ᠰᠢᠰᠲ᠋ᠧᠮ ᠪᠦᠲᠦᠭᠡᠭᠳᠡᠭᠰᠡᠨ ᠢ ᠠᠯᠪᠠᠨ ᠶᠤᠰᠤᠭᠠᠷ ᠲᠤᠩᠬᠠᠯᠠᠪᠠ᠃       ᠦᠪᠦᠷ ᠮᠤᠩᠭᠤᠯ ᠤᠨ ᠦᠨᠳᠦᠰᠦᠲᠡᠨ ᠤ ᠵᠦᠪᠯᠡᠯ ᠤᠨ ᠮᠤᠩᠭᠤᠯ ᠬᠡᠯᠡ ᠦᠰᠦᠭ ᠪᠢᠴᠢᠭ ᠤᠨ ᠲᠤᠭᠠᠴᠢᠯᠠᠯᠳᠠ ᠶᠢᠨ ᠬᠡᠯᠳᠡᠰ ᠨᠢ 2014 ᠤᠨ ᠤ 7 ᠰᠠᠷ᠎ᠠ ᠳᠤ ᠤᠶᠤᠨᠳᠤ ᠭᠠᠷ ᠤᠲᠠᠰᠤᠨ ᠤ ᠮᠤᠩᠭᠤᠯ ᠬᠡᠯᠡᠨ ᠤ ᠰᠢᠰᠲ᠋ᠧᠮ ᠤᠨ ᠰᠤᠳᠤᠯᠬᠤ ᠠᠵᠢᠯ ᠢ ᠡᠬᠢᠯᠡᠭᠦᠯᠵᠦ᠂ 2015 ᠤᠨ ᠤ 8 ᠰᠠᠷ᠎ᠠ ᠶᠢᠨ ᠡᠴᠦᠰ ᠲᠤ ᠪᠦᠬᠦ ᠰᠢᠰᠲ᠋ᠧᠮ ᠢ ᠵᠤᠬᠢᠶᠠᠨ ᠪᠠᠶᠢᠭᠤᠯᠵᠤ ᠳᠠᠭᠤᠰᠬᠠᠵᠠᠢ᠃       ᠦᠪᠦᠷ ᠮᠤᠩᠭᠤᠯ ᠤᠨ ᠦᠨᠳᠦᠰᠦᠲᠡᠨ ᠤ ᠵᠦᠪᠯᠡᠯ ᠤᠨ ᠰᠤᠳᠤᠯᠤᠨ ᠪᠦᠲᠦᠭᠡᠭᠰᠡᠨ ᠲᠤᠰ ᠤᠶᠤᠨᠳᠤ ᠭᠠᠷ ᠤᠲᠠᠰᠤᠨ ᠤ ᠮᠤᠩᠭᠤᠯ ᠬᠡᠯᠡᠨ ᠤ ᠰᠢᠰᠲ᠋ᠧᠮ ᠨᠢ ᠤᠯᠠᠨ ᠤᠯᠤᠰ ᠤᠨ ᠮᠤᠩᠭᠤᠯ ᠬᠡᠯᠡᠨ ᠤ ᠪᠠᠷᠢᠮᠵᠢᠶᠠᠳᠤ ᠺᠤᠳ᠋ ᠢ ᠦᠨᠳᠦᠰᠦᠯᠡᠨ ᠵᠤᠬᠢᠶᠠᠭᠰᠠᠨ ᠠᠩᠬᠠᠳᠠᠭᠴᠢ ᠮᠤᠩᠭᠤᠯ ᠬᠡᠯᠡᠨ ᠤ ᠭᠠᠷ ᠤᠲᠠᠰᠤᠨ ᠰᠢᠰᠲ᠋ᠧᠮ ᠪᠤᠯᠤᠨ᠎ᠠ᠃ ᠲᠤᠰ ᠰᠢᠰᠲ᠋ᠧᠮ ᠨᠢ ᠪᠦᠬᠦ ᠳᠡᠯᠭᠡᠴᠡ ᠪᠠᠨ ᠮᠤᠩᠭᠤᠯᠴᠢᠯᠠᠭᠰᠠᠨ ᠮᠦᠷᠲᠡᠭᠡᠨ ᠮᠤᠩᠭᠤᠯ ᠦᠰᠦᠭ ᠰᠢᠪᠡᠬᠦ ᠲᠤᠰᠬᠠᠢ ᠪᠠᠭᠠᠵᠢ ᠲᠠᠢ᠂ ᠤᠳᠤᠬᠠᠨ ᠳᠠᠭᠠᠨ ᠬᠤᠸᠠ ᠸᠧᠢ᠂ ᠰᠢᠶᠤᠤ ᠮᠢ᠂ ᠰᠠᠨ ᠰᠢᠩ ᠵᠡᠷᠭᠡ ᠠᠷᠪᠠᠭᠠᠳ ᠳᠡᠮᠳᠡᠭᠳᠤ ᠶᠢᠨ ᠭᠠᠷ ᠤᠲᠠᠰᠤᠨ ᠳᠤ ᠲᠤᠬᠢᠷᠠᠳᠠᠭ᠃       ᠤᠢᠢᠯᠠᠭᠠᠭᠰᠠᠨ ᠢᠶᠠᠷ᠂ ᠲᠤᠰ ᠤᠶᠤᠨᠳᠤ ᠭᠠᠷ ᠤᠲᠠᠰᠤᠨ ᠤ ᠮᠤᠩᠭᠤᠯ ᠬᠡᠯᠡᠨ ᠤ ᠰᠢᠰᠲ᠋ᠧᠮ ᠨᠢ ᠵᠡᠭᠦᠨ ᠠᠴᠠ ᠪᠠᠷᠠᠭᠤᠨᠰᠢ ᠪᠤᠰᠤᠭ᠎ᠠ ᠮᠤᠩᠭᠤᠯ ᠢᠶᠠᠷ ᠪᠢᠴᠢᠬᠦ ᠴᠢᠳᠠᠮᠵᠢ ᠶᠢ ᠪᠦᠷᠢᠯᠳᠦᠭᠦᠯᠦᠭᠰᠡᠨ ᠢᠶᠠᠷ ᠪᠠᠷᠠᠬᠤ ᠦᠭᠡᠢ᠂ ᠤᠯᠠᠨ ᠤᠯᠤᠰ ᠤᠨ ᠮᠤᠩᠭᠤᠯ ᠬᠡᠯᠡᠨ ᠤ ᠺᠤᠳ᠋ ᠤᠨ ᠪᠠᠷᠢᠮᠵᠢᠶ᠎ᠠ ᠳᠤ ᠦᠨᠳᠦᠰᠦᠯᠡᠨ ᠵᠤᠬᠢᠶᠠᠭᠰᠠᠨ ᠠᠴᠠ ᠤᠯᠠᠨ ᠤᠯᠤᠰ ᠤᠨ ᠮᠤᠩᠭᠤᠯ ᠬᠡᠯᠡᠨ ᠤ ᠺᠤᠳ᠋ ᠤᠨ ᠪᠠᠷᠢᠮᠵᠢᠶ᠎ᠠ ᠶᠢ ᠠᠰᠢᠭᠯᠠᠭᠰᠠᠨ ᠪᠤᠰᠤᠳ ᠤᠶᠤᠨᠳᠤ ᠭᠠᠷ ᠤᠲᠠᠰᠤ ᠲᠠᠢ ᠬᠤᠭᠤᠷᠤᠨᠳᠤ ᠪᠠᠨ ᠮᠤᠩᠭᠤᠯ ᠦᠰᠦᠭ ᠢ ᠵᠦᠪ ᠢᠶᠠᠷ ᠳᠠᠮᠵᠢᠭᠤᠯᠵᠤ ᠳᠡᠯᠭᠡᠴᠡ ᠳᠡᠭᠡᠷ᠎ᠡ ᠪᠠᠨ ᠢᠯᠡᠷᠡᠭᠦᠯᠵᠦ ᠴᠢᠳᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号