︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2015/9/30
     ᠰᠤᠷᠪᠤᠯᠵᠢᠯᠠᠭᠰᠠᠨ ᠴᠠᠭ᠄ 2015 ᠣᠨ ᠤ 8 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ      ᠰᠤᠷᠪᠤᠯᠵᠢᠯᠠᠭᠰᠠᠨ ᠵᠣᠴᠢᠨ᠄ ᠦ᠊ᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠶᠢᠨ ᠳᠡᠳ᠋ ᠡᠷᠬᠢᠯᠡᠭᠴᠢ ᠵᠠᠩ ᠪᠠᠢ ᠴᠧᠩ      ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄ ︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ ᠭᠡᠵᠦ ᠳᠦᠭᠦᠮᠴᠢᠯᠡᠨ᠎ᠡ︶ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠰᠬᠠᠢ ᠰᠡᠳᠦᠪᠲᠦ ᠬᠤᠷᠠᠯ  ᠢᠶᠠᠷ ᠬᠢᠨᠠᠨ ᠵᠦᠪᠯᠡᠵᠦ ᠪᠠᠲᠤᠯᠠᠭᠠᠳ ᠦᠪᠦᠷ ᠵᠠᠰᠠᠭ ᠠᠯᠪᠠᠨ ᠲᠠᠷᠬᠠᠭᠠᠭᠰᠠᠨ ﹇2015﹈ 61 ᠳ᠋ᠦ᠋ᠭᠡᠷ ᠲᠤᠭᠠᠲᠤ ᠪᠢᠴᠢᠭ ᠮᠠᠲ᠋ᠧᠷᠢᠶᠠᠯ ᠢᠶᠠᠷ ᠢᠯᠡ ᠨᠡᠶᠢᠲᠡᠯᠡᠪᠡ᠃ ᠨᠡᠶᠢᠭᠡᠮ ᠨᠡᠶᠢᠲᠡ ᠪᠣᠯᠤᠨ ᠥᠷᠭᠡᠨ ᠤᠯᠠᠨ ᠰᠦᠯᠵᠢᠶᠡᠨ ᠠᠨᠳᠠ ᠨᠠᠷ  ᠲᠤ ︽ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠢ ᠤᠶᠢᠯᠭᠠᠭᠤᠯᠬᠤ ᠶᠢᠨ ᠲᠤᠰᠠᠳᠠ᠂ ᠤᠶᠢᠷ᠎ᠠ ᠳᠤ᠂ ᠪᠢᠳᠡ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠤ ᠤᠷᠢᠵᠤ ᠳᠠᠶᠠᠭᠠᠷ ᠲᠠᠢ ᠰᠦᠯᠵᠢᠶᠡᠨ ᠳᠡᠭᠡᠷ᠎ᠡ ᠵᠣᠭᠤᠭᠳᠠᠭᠤᠯᠬᠤ ᠪᠠᠷ ᠪᠣᠯᠪᠠ᠃ ᠥᠷᠭᠡᠨ ᠤᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ ᠢᠳᠡᠭᠬᠢᠲᠠᠢ ᠤᠷᠤᠯᠴᠠᠬᠤ ᠶᠢ ᠤᠭᠲᠤᠵᠤ ᠪᠠᠶᠢᠨ᠎ᠠ᠃          ᠰᠤᠷᠪᠤᠯᠵᠢᠯᠠᠨ ᠶᠠᠷᠢᠯᠴᠠᠭᠰᠠᠨ ᠪᠣᠳᠠᠲᠤ ᠲᠡᠮᠳᠡᠭᠯᠡᠯ᠄          ᠬᠦᠲᠦᠯᠦᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠤᠰ ᠬᠤᠭᠤᠴᠠᠭ᠎ᠠ ᠶᠢᠨ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠤᠯᠤᠩ ᠢ ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ᠤᠷᠢᠵᠤ ︽︿ᠢᠨᠲ᠋ᠧᠷ ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠬᠤᠯᠪᠤᠭᠳᠠᠯ ᠪᠦᠬᠦᠢ ᠠᠭᠤᠯᠭ᠎ᠠ ᠶᠢ ᠰᠦᠯᠵᠢᠶᠡᠨ ᠳᠡᠭᠡᠷ᠎ᠡ ᠲᠠᠶᠢᠯᠪᠦᠷᠢᠯᠠᠭᠤᠯᠬᠤ ᠪᠠᠷ ᠪᠠᠶᠢᠨ᠎ᠠ᠃ ᠵᠠᠩ ᠡᠷᠬᠢᠯᠡᠭᠴᠢ ᠰᠠᠶᠢᠨ ᠦᠦ᠂ ᠲᠠᠨ ᠢ ᠪᠠᠶᠠᠷᠯᠠᠨ ᠤᠭᠲᠤᠵᠤ ᠪᠠᠶᠢᠨ᠎ᠠ︕      ᠵᠠᠩ ᠪᠠᠢ ᠴᠧᠩ᠄ ᠬᠥᠲᠦᠯᠦᠭᠴᠢ ᠰᠠᠶᠢᠨ ᠦᠦ᠂ ᠥᠷᠭᠡᠨ ᠤᠯᠠᠨ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕      ᠬᠥᠲᠥᠯᠦᠭᠴᠢ᠄ ᠵᠠᠩ ᠡᠷᠬᠢᠯᠡᠭᠴᠢ ᠡ᠂ ᠡᠨᠡ ᠵᠢᠯ ᠤᠨ ᠪᠦᠬᠦ ᠤᠯᠤᠰ ᠤᠨ ︽ᠬᠤᠶᠠᠷ ᠬᠤᠷᠠᠯ︾ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ︽ᠢᠨᠲ᠋ᠧᠷ ᠰᠦᠯᠵᠢᠶ᠎ᠡ +︾ ᠶᠢ ᠳᠤᠷᠠᠳᠤᠭᠰᠠᠨ ᠤ ᠳᠠᠷᠠᠭ᠎ᠠ᠂ ᠡᠯ᠎ᠡ ᠭᠠᠵᠠᠷ ᠤᠨ ᠵᠠᠰᠠᠭ ᠤᠨ ᠤᠷᠳᠤᠨ ᠨᠤᠭᠤᠳ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠶᠢ ᠬᠤᠶᠢᠨ᠎ᠠ ᠬᠤᠶᠢᠨ᠎ᠠ ᠠᠴᠠ ᠪᠠᠨ ᠭᠠᠷᠭᠠᠭᠰᠠᠨ ᠪᠤᠶᠤ ᠱᠠᠯᠠᠪᠳᠠᠨ ᠲᠣᠭᠲᠠᠭᠠᠪᠠ᠂ ᠮᠠᠨ ᠤ ᠤᠷᠤᠨ ᠪᠠᠰᠠ ︽ᠢᠨᠲ᠋ᠧᠷ ᠰᠦᠯᠵᠢᠶ᠎ᠡ +︾ ᠭᠡᠰᠡᠨ ᠡᠨᠡᠬᠦ ᠲᠣᠮᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠳᠣᠣᠷ᠎ᠠ᠂ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠵᠢᠯᠣᠭᠤᠳᠬᠤ ᠰᠠᠨᠠᠯ ᠢ ᠭᠠᠷᠭᠠᠪᠠ᠂ ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠶᠠᠮᠠᠷ ᠶᠠᠮᠠᠷ ᠠᠴᠢ ᠬᠤᠯᠪᠤᠭᠳᠠᠯ ᠲᠠᠢ ᠭᠡᠳᠡᠭ ᠢ ᠶᠠᠷᠢᠭᠠᠳ ᠦᠭᠭᠦᠨ᠎ᠡ ᠦᠦ︖      ᠵᠠᠩ ᠪᠠᠢ ᠴᠧᠩ᠄ ᠣᠳᠤᠬᠠᠨ ᠳᠤ᠂ ᠢᠨᠲ᠋ᠧᠷ ᠰᠦᠯᠵᠢᠶ᠎ᠡ ᠬᠢᠭᠡᠳ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ ᠪᠣᠳᠠᠰᠯᠢᠭ ᠬᠤᠯᠪᠤᠭᠠᠲᠤ ᠰᠦᠯᠵᠢᠶ᠎ᠡ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠲᠠᠰᠤᠷᠠᠯᠲᠠ ᠦᠭᠡᠢ ᠰᠢᠨ᠎ᠡ ᠶᠢ ᠡᠭᠦᠳᠴᠦ᠂ ᠬᠡᠷᠡᠭᠯᠡᠯᠲᠡ ᠨᠢ ᠲᠥᠷᠭᠡᠳᠴᠦ᠂ ᠠᠵᠤ ᠠᠬᠤᠶᠢᠯᠠᠯ ᠤᠨ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠬᠤᠳᠠᠯᠳᠤᠭᠠᠨ ᠤ ᠦᠢᠯᠡᠴᠢᠯᠡᠭᠡᠨ ᠬᠢᠭᠡᠳ ᠠᠮᠢᠳᠤᠷᠠᠯ ᠤᠨ ᠬᠡᠷᠡᠭᠯᠡᠭᠡᠨ ᠤ ᠠᠷᠭ᠎ᠠ ᠮᠠᠶ᠋ᠢᠭ ᠢ ᠭᠥᠨᠵᠡᠭᠡᠢ ᠬᠤᠪᠢᠷᠠᠭᠤᠯᠵᠤ ᠪᠠᠶᠢᠬᠤ ᠶᠢᠨ ᠬᠠᠮᠲᠤ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠤᠯᠠᠮᠵᠢᠯᠠᠯᠲᠤ ᠠᠵᠤ ᠦᠢᠯᠡᠰ ᠢ ᠳᠠᠬᠢᠨ ᠱᠤᠭᠤᠵᠤ ᠪᠠᠶᠢᠬᠤ ᠪᠠ ᠰᠢᠨ᠎ᠡ ᠪᠠᠷ ᠬᠥᠭᠵᠢᠵᠦ ᠪᠦᠬᠦᠢ ᠠᠵᠤ ᠦᠢᠯᠡᠰ ᠢ ᠪᠣᠢ ᠪᠤᠯᠭᠠᠵᠤ ᠪᠠᠶᠢᠨ᠎ᠠ᠃      ᠯᠢ ᠺᠧ ᠴᠢᠶᠠᠩ ᠶᠡᠷᠦᠩᠬᠡᠢ ᠰᠠᠶᠢᠳ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠡᠭᠡᠨ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠲᠣᠭᠲᠠᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠤᠯᠤᠨ ᠢᠨᠲ᠋ᠧᠷ ᠰᠦᠯᠵᠢᠶᠡᠨ ᠮᠥᠩᠭᠦᠨ ᠭᠦᠢᠯᠭᠡᠭᠡᠨ ᠤ ᠡᠷᠡᠭᠦᠯ ᠢᠶᠠᠷ ᠭᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠶᠠᠪᠤᠳᠠᠯ ᠨᠢ᠂ ᠪᠦᠬᠦ ᠨᠡᠶᠢᠭᠡᠮ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠬᠤ ᠪᠠ ᠰᠤᠳᠤᠯᠬᠤ ᠥᠷᠨᠢᠯᠲᠡ ᠶᠢ ᠤᠯᠠᠮ ᠨᠢᠭᠡ ᠠᠯᠬᠤᠮ ᠡᠭᠦᠰᠭᠡᠪᠡ᠃ ᠡᠯ᠎ᠡ ᠭᠠᠵᠠᠷ ᠤᠨ ᠬᠢᠨ ᠨᠢ ᠪᠠᠰᠠ ᠴᠦᠮ ᠠᠵᠠ ᠲᠣᠬᠢᠶᠠᠯ ᠢ ᠵᠠᠪᠳᠤᠨ᠂ ᠢᠨᠲ᠋ᠧᠷ ᠰᠦᠯᠵᠢᠶᠡᠨ ᠤ ᠠᠵᠤ ᠠᠬᠤᠢ ᠶᠢᠨ ᠬᠥᠭᠵᠢᠯᠲᠡ ᠶᠢ ᠲᠥᠷᠭᠡᠳᠬᠡᠨ ᠠᠬᠢᠭᠤᠯᠵᠤ᠂ ᠵᠠᠷᠢᠮ ᠮᠤᠵᠢ ᠨᠤᠭᠤᠳ ᠬᠠᠮᠢᠶ᠎ᠠ ᠪᠦᠬᠦᠢ ᠰᠠᠨᠠᠯ ᠢᠶᠠᠨ ᠨᠡᠶᠢᠲᠡᠯᠡᠭᠰᠡᠨ ᠪᠠᠶᠢᠨ᠎ᠠ᠂ ᠵᠢᠱᠢᠶᠡᠯᠡᠪᠡᠯ ᠰᠧᠴᠤᠸᠠᠨ᠂ ᠭᠢᠷᠢᠨ ᠪᠤᠯᠤᠨ ᠹᠦᠵᠢᠶᠠᠨ ᠵᠡᠷᠭᠡ ᠭᠠᠵᠠᠷ ᠤᠳ ᠪᠤᠯᠤᠨ᠎ᠠ᠂ ᠨᠡᠩ ᠤᠯᠠᠨ ᠮᠤᠵᠢ ᠬᠤᠲᠠ ᠨᠤᠭᠤᠳ ᠶᠠᠭ ᠵᠠᠪᠳᠤᠨ ᠰᠣᠳᠤᠯᠤᠨ ᠲᠣᠭᠲᠠᠭᠠᠵᠤ ᠪᠠᠶᠢᠨ᠎ᠠ᠃      ᠮᠠᠨ ᠤ ᠤᠷᠤᠨ ᠶᠠᠭ ᠠᠵᠤ ᠠᠬᠤᠢ ᠶᠢᠨ ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠢ ᠲᠥᠷᠭᠡᠳᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠤᠷᠤᠰᠢᠵᠤ ᠪᠠᠶᠢᠭ᠎ᠠ ᠪᠣᠯᠬᠤᠷ᠂ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠠᠬᠢ ᠢᠨᠲ᠋ᠧᠷ ᠰᠦᠯᠵᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠠᠭᠤᠷᠢ ᠴᠢᠨᠠᠷ ᠪᠠ ᠤᠳᠤᠷᠢᠳᠤᠮᠵᠢ ᠶᠢᠨ ᠴᠢᠨᠠᠷ ᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠤᠷᠤᠨ ᠤ ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠮᠠᠨ ᠤ ᠤᠷᠤᠨ ᠤ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ ︽ᠢᠨᠲ᠋ᠧᠷ ᠰᠦᠯᠵᠢᠶ᠎ᠡ +︾ ᠠᠵᠢᠯ ᠢ ᠲᠥᠯᠬᠢᠨ ᠠᠬᠢᠭᠤᠯᠬᠤ ᠶᠢᠨ ᠵᠢᠯᠣᠭᠤᠳᠬᠤ ᠰᠠᠨᠠᠯ ᠢ ᠰᠣᠳᠤᠯᠤᠨ ᠲᠣᠭᠲᠠᠭᠠᠬᠤ ᠨᠢ ᠮᠠᠨ ᠤ ᠤᠷᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠪᠣᠳᠠᠲᠤ ᠬᠡᠷᠡᠭᠴᠡᠭᠡ ᠪᠣᠯᠤᠨ᠎ᠠ᠃      ︽ᠰᠠᠨᠠᠯ︾ ᠨᠢ ᠬᠤᠯᠪᠤᠭᠳᠠᠯ ᠪᠦᠬᠦᠢ ᠠᠬ᠎ᠠ ᠳᠡᠭᠦᠦ ᠮᠤᠵᠢ ᠬᠤᠲᠠ ᠶᠢᠨ ᠨᠢᠭᠡᠨᠲᠡ ᠨᠡᠶᠢᠲᠡᠯᠡᠭᠰᠡᠨ ᠲᠥᠷᠦ ᠶᠢᠨ ᠪᠣᠳᠤᠯᠭ᠎ᠠ ᠶᠢ ᠰᠣᠳᠤᠯᠤᠭᠰᠠᠨ ᠰᠠᠭᠤᠷᠢᠨ ᠳᠡᠭᠡᠷ᠎ᠡ᠂ ᠮᠠᠨ ᠤ ᠤᠷᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠪᠲᠤᠯᠤᠯᠲᠠ ᠭᠠᠷᠭᠠᠬᠤ᠂ ᠰᠢᠨ᠎ᠡ ᠶᠢ ᠡᠭᠦᠳᠬᠦ ᠪᠠᠷ ᠴᠢᠷᠮᠠᠶᠢᠨ᠂ ᠲᠥᠷᠦ ᠶᠢᠨ ᠪᠣᠳᠤᠯᠭ᠎ᠠ ᠶᠢᠨ ᠬᠡᠷᠡᠭᠵᠢᠯᠡᠭᠦᠯᠬᠦᠶᠢᠴᠡ ᠴᠢᠨᠠᠷ ᠢ ᠨᠡᠩ ᠳᠣᠪᠤᠶᠢᠯᠭᠠᠬᠤ ᠶᠢ ᠠᠩᠬᠠᠷᠴᠤ᠂ ᠢᠨᠲ᠋ᠧᠷ ᠰᠦᠯᠵᠢᠶᠡᠨ ᠠᠵᠤ ᠠᠬᠤᠢ ᠶᠢᠨ ᠪᠦᠬᠦ ᠬᠦᠷᠢᠶ᠎ᠡ ᠬᠡᠪᠴᠢᠶ᠎ᠡ᠂ ᠪᠦᠬᠦ ᠶᠠᠪᠤᠴᠠ ᠳᠠᠬᠢ ᠶᠡᠷᠥᠩᠬᠡᠢ ᠵᠢᠯᠤᠭᠤᠳᠤᠯᠭ᠎ᠠ ᠪᠠ ᠠᠬᠢᠭᠤᠯᠤᠯ ᠪᠣᠯᠬᠤ ᠪᠦᠭᠡᠳ ᠢᠨᠲ᠋ᠧᠷ ᠰᠦᠯᠵᠢᠶ᠎ᠡ ᠶᠢᠨ ᠮᠡᠷᠭᠡᠵᠢᠯ ᠢ ᠲᠦᠷᠭᠡᠨ ᠭᠦᠨᠵᠡᠭᠡᠢ ᠬᠡᠷᠡᠭᠯᠡᠬᠦ ᠪᠠ ᠢᠨᠲ᠋ᠧᠷ ᠰᠦᠯᠵᠢᠶ᠎ᠡ + ᠠᠵᠢᠯᠯᠠᠭ᠎ᠠ ᠶᠢ ᠲᠦᠷᠭᠡᠳᠬᠡᠬᠦ ᠶᠢ ᠪᠡᠶᠡᠯᠡᠭᠦᠯᠬᠦ ᠳᠤ ᠬᠡᠷᠬᠢᠨ ᠰᠠᠭᠤᠷᠢᠯᠠᠨ ᠪᠣᠳᠠᠲᠤ ᠠᠵᠤ ᠠᠬᠤᠢ ᠪᠣᠯᠤᠨ ᠢᠨᠲ᠋ᠧᠷ ᠰᠦᠯᠵᠢᠶᠡᠨ ᠠᠵᠤ ᠠᠬᠤᠢ ᠶᠢ ᠪᠦᠬᠦ ᠲᠠᠯ᠎ᠠ ᠪᠠᠷ ᠵᠠᠯᠭᠠᠭᠤᠯᠬᠤ ᠠᠰᠠᠭᠤᠳᠠᠯ ᠢ ᠰᠢᠢᠳᠪᠦᠷᠢᠯᠡᠵᠦ᠂ ᠬᠦᠭᠵᠢᠯᠲᠡ ᠶᠢᠨ ᠭᠤᠣᠯᠳᠠᠯᠭ᠎ᠠ ᠲᠠᠢ ᠮᠦᠷᠲᠡᠭᠡᠨ ᠪᠠᠰᠠ ᠪᠤᠳᠠᠲᠠᠢ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠲᠠᠢ ᠶᠤᠮ᠃      ᠬᠦᠲᠦᠯᠦᠭᠴᠢ᠄ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠳᠤ ᠶᠠᠮᠠᠷᠰᠢᠦ ᠬᠦᠭᠵᠢᠯᠲᠡ ᠶᠢᠨ ᠪᠣᠷᠣ ᠲᠥᠰᠦᠪ ᠢ ᠲᠦᠯᠦᠪᠵᠢᠭᠦᠯᠦᠭᠰᠡᠨ ᠪᠣᠢ︖      ᠵᠠᠩ ᠪᠠᠢ ᠴᠧᠩ᠄ ᠶᠡᠷᠦᠩᠬᠡᠢ ᠴᠢᠭᠯᠡᠯᠲᠦ ᠴᠢᠨᠠᠷ᠂ ᠬᠠᠷᠠᠯᠲᠠ ᠶᠢᠨ ᠲᠠᠯ᠎ᠠ ᠠᠴᠠ ᠠᠪᠴᠤ ᠬᠡᠯᠡᠪᠡᠯ ᠢᠷᠡᠭᠡᠳᠦᠢ ᠶᠢᠨ 15 ᠵᠢᠯ ᠳᠤ᠂ ︽ᠢᠨᠲ᠋ᠧᠷ ᠰᠦᠯᠵᠢᠶ᠎ᠡ +︾ ᠲᠦᠷᠭᠡᠨ ᠠᠬᠢᠵᠤ᠂ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ ᠪᠣᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠪᠠᠷ ᠲᠦᠯᠦᠭᠡᠯᠡᠭᠦᠯᠦᠭᠰᠡᠨ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠨᠢ ᠠᠵᠤ ᠠᠬᠤᠢ ᠨᠡᠶᠢᠭᠡᠮ ᠤᠨ ᠡᠯ᠎ᠡ ᠠᠵᠢᠯ ᠲᠦᠷᠦᠯ ᠡᠯ᠎ᠡ ᠬᠦᠷᠢᠶ᠎ᠡ ᠬᠡᠪᠴᠢᠶᠡᠨ ᠳᠤ ᠥᠷᠭᠡᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ  ᠳᠤ ᠢᠨᠲ᠋ᠧᠷ ᠰᠦᠯᠵᠢᠶ᠎ᠡ ᠶᠢᠨ ᠪᠠᠳᠠᠷᠠᠭᠤᠯᠬᠤ ᠦᠢᠯᠡᠳᠦᠯ ᠨᠢ ᠢᠯᠡᠷᠬᠡᠢ ᠪᠠᠶᠢᠵᠤ᠂ ᠮᠡᠳᠡᠭᠡ ᠵᠠᠩᠬᠢ ᠶᠢᠨ ᠬᠡᠷᠡᠭᠯᠡᠭᠡᠨ ᠲᠦᠷᠭᠡᠨ ᠨᠡᠮᠡᠭᠳᠡᠵᠦ᠂ ᠢᠨᠲ᠋ᠧᠷ ᠰᠦᠯᠵᠢᠶᠡᠨ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠬᠦ ᠪᠣᠯᠤᠨ᠎ᠠ᠃ ᠬᠡᠳᠦᠨ ᠭᠤᠣᠯᠳᠠᠯᠠᠭ᠎ᠠ ᠲᠠᠢ ᠬᠡᠮᠵᠢᠶᠡᠯᠡᠭᠰᠡᠨ ᠭᠦᠢᠴᠡᠳᠭᠡᠬᠦ ᠲᠤᠭ᠎ᠠ ᠪᠣᠯ᠄ 2020 ᠣᠨ ᠪᠣᠯᠬᠤ ᠳᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠢᠨᠲ᠋ᠧᠷ ᠰᠦᠯᠵᠢᠶᠡᠨ ᠠᠵᠤ ᠠᠬᠤᠢ ᠲᠦᠪᠯᠡᠷᠡᠭᠰᠡᠨ ᠤᠷᠤᠨ 5᠂ ᠡᠯᠧᠺᠲᠷᠣᠨ ᠬᠤᠳᠠᠯᠳᠤᠭᠠᠨ ᠤ ᠶᠡᠪᠤᠳᠠᠯ ᠲᠥᠪᠯᠡᠷᠡᠭᠰᠡᠨ ᠣᠷᠣᠨ 10᠂ ᠶᠡᠭᠡ ᠬᠡᠮᠵᠢᠶᠡᠨ ᠤ ᠲᠠᠸᠠᠷ  ᠤᠨ ᠡᠯᠧᠺᠲᠷᠣᠨ ᠠᠷᠠᠯᠵᠢᠶᠠᠨ ᠤ ᠵᠠᠬ᠎ᠠ ᠳᠡᠯᠭᠡᠭᠦᠷ 10 ᠶᠢ ᠪᠠᠶᠢᠭᠤᠯᠵᠤ ᠳᠠᠭᠤᠰᠬᠠᠨ᠂ ᠡᠯᠧᠺᠲᠷᠣᠨ ᠬᠤᠳᠠᠯᠳᠤᠭᠠᠨ ᠤ ᠶᠡᠪᠤᠳᠠᠯ ᠤᠨ ᠠᠷᠠᠯᠵᠢᠶᠠᠯᠠᠭ᠎ᠠ ᠶᠢᠨ ᠲᠤᠭ᠎ᠠ 5800 ᠳ᠋ᠥᠩᠰᠢᠭᠤᠷ ᠲᠦᠭᠦᠷᠢᠭ ᠲᠤ ᠬᠦᠷᠴᠦ᠂ ᠢᠨᠲ᠋ᠧᠷ ᠰᠦᠯᠵᠢᠶᠡᠨ ᠦᠢᠯᠡᠴᠢᠯᠡᠭᠡᠨ ᠤ ᠣᠷᠤᠯᠭ᠎ᠠ 500 ᠳ᠋ᠥᠩᠰᠢᠭᠤᠷ ᠲᠦᠭᠦᠷᠢᠭ ᠲᠤ ᠬᠦᠷᠬᠦ ᠪᠣᠯᠤᠨ᠎ᠠ᠃      ᠬᠦᠲᠦᠯᠦᠭᠴᠢ᠄ ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ ᠶᠠᠷᠢᠭᠠᠳ ᠦᠭᠭᠦᠨ᠎ᠡ ᠦᠦ᠂ ᠲᠡᠷᠡ ᠨᠢ ᠠᠯᠢ ᠬᠡᠳᠦᠨ ᠬᠦᠷᠢᠶ᠎ᠡ ᠬᠡᠪᠴᠢᠶᠡᠨ ᠠᠴᠠ ᠭᠤᠣᠯᠳᠠᠯᠭ᠎ᠠ ᠲᠠᠢ ᠰᠢᠪᠲᠤᠯᠤᠯᠲᠠ ᠬᠢᠬᠦ ᠪᠣᠢ︖      ᠵᠠᠩ ᠪᠠᠢ ᠴᠧᠩ᠄ ︽ᠢᠨᠲ᠋ᠧᠷ ᠰᠦᠯᠵᠢᠶ᠎ᠡ +︾ ᠶᠢ ᠶᠠᠷᠢᠪᠠᠯ᠂ ᠡᠨᠡ ᠨᠢ ᠪᠠᠰᠠ ᠡᠨᠡ ᠵᠢᠯ ᠤᠨ ᠤᠯᠠᠨ ᠢᠶᠠᠷ ᠢᠶᠠᠨ ᠬᠠᠮᠤᠭ ᠠᠴᠠ ᠠᠷᠪᠢᠨ ᠶᠠᠷᠢᠯᠴᠠᠵᠤ ᠪᠠᠶᠢᠭ᠎ᠠ ᠨᠢᠭᠡᠨ ᠰᠡᠳᠦᠪ ᠪᠣᠯᠤᠨ᠎ᠠ᠃ ᠮᠢᠨᠦ ᠦᠵᠡᠬᠦ ᠪᠠᠷ ︽ᠢᠨᠲ᠋ᠧᠷ ᠰᠦᠯᠵᠢᠶ᠎ᠡ +︾ ᠪᠣᠯ ᠨᠢᠭᠡᠨ ᠲᠦᠢᠯ ᠤᠨ ᠶᠡᠭᠡ ᠤᠬᠠᠭᠳᠠᠬᠤᠨ ᠪᠣᠯᠤᠨ᠎ᠠ᠂ ᠢᠨᠲ᠋ᠧᠷ ᠰᠦᠯᠵᠢᠶ᠎ᠡ + ᠨᠡᠶᠢᠭᠡᠮ ᠪᠣᠯ ᠳᠠᠷᠤᠢ ᠨᠡᠶᠢᠭᠡᠮ ᠤᠨ ᠮᠡᠳᠡᠭᠡ ᠵᠡᠩᠬᠢᠵᠢᠯᠳᠠ ᠪᠣᠯᠵᠤ ᠬᠤᠪᠢᠷᠠᠨ᠎ᠠ᠂ ᠢᠨᠲ᠋ᠧᠷ ᠰᠦᠯᠵᠢᠶ᠎ᠡ + ᠣᠷᠴᠢᠨ ᠲᠣᠭᠤᠷᠢᠨ ᠤ ᠬᠠᠮᠠᠭᠠᠯᠠᠯᠲᠠ ᠪᠣᠯ ᠳᠠᠷᠤᠢ ᠪᠣᠬᠢᠷᠲᠠᠯ ᠦᠭᠡᠢ ᠬᠦᠭᠵᠢᠯᠲᠡ ᠪᠣᠯᠬᠤ ᠵᠡᠷᠭᠡ ᠪᠣᠯᠤᠨ᠎ᠠ᠃ ᠵᠢᠯᠣᠭᠤᠳᠬᠤ ᠰᠠᠨᠠᠯ ᠳᠤ ᠪᠢᠳᠡ ︽8 +1︾ ᠠᠵᠢᠯ ᠤᠨ ᠭᠤᠣᠯᠳᠠᠯᠭ᠎ᠠ ᠶᠢ ᠳᠤᠷᠠᠳᠪᠠ᠂ ︽8︾ ᠭᠡᠳᠡᠭ ᠨᠢ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠮᠦᠩᠭᠦᠨ ᠭᠦᠢᠯᠭᠡᠭᠡ᠂ ᠵᠠᠰᠠᠭ ᠤᠨ ᠶᠠᠪᠤᠳᠠᠯ᠂ ᠰᠤᠶᠤᠯ᠂ ᠠᠷᠠᠳ ᠤᠨ ᠠᠮᠢᠳᠤᠷᠠᠯ᠂ ᠠᠮᠢ ᠠᠬᠤᠢ ᠵᠡᠷᠭᠡ ᠨᠠᠢᠮᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠣᠯᠤᠨ᠎ᠠ᠂ ᠭᠤᠣᠯᠳᠠᠭᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ ᠪᠣᠳᠠᠰᠯᠢᠭ ᠬᠤᠯᠪᠤᠭᠠᠲᠤ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠡᠪᠤᠳᠠᠯ᠂ ᠢᠨᠲ᠋ᠧᠷ ᠰᠦᠯᠵᠢᠶᠡᠨ ᠮᠦᠩᠭᠦᠨ ᠭᠦᠢᠯᠭᠡᠭᠡ᠂ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠡᠭᠦᠯᠡᠨ ᠲᠠᠪᠴᠠᠩ ᠤᠨ ᠦᠢᠯᠡᠴᠢᠯᠡᠭᠡᠨ ᠤ ᠰᠢᠰᠲ᠋ᠧᠮᠵᠢ᠂ ᠰᠣᠶᠣᠯ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠠᠶᠢᠳᠠᠯ ᠲᠥᠯᠥᠪ ᠬᠢᠭᠡᠳ ᠵᠢᠭᠤᠯᠴᠢᠯᠠᠯ ᠤᠨ ᠰᠦᠯᠵᠢᠶᠡᠨ ᠳᠡᠭᠡᠷᠡᠬᠢ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠠᠩᠭᠢ ᠪᠣᠯᠤᠨ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠵᠢᠴᠢ ᠤᠯᠤᠰ ᠤᠨ ᠭᠠᠵᠠᠷ ᠰᠢᠷᠤᠢ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠬᠢ᠂ ᠤᠰᠤᠨ ᠠᠰᠢᠭᠯᠠᠯᠲᠠ᠂ ᠣᠶ ᠰᠢᠭᠤᠶ ᠵᠡᠷᠭᠡ ᠠᠮᠢ ᠠᠬᠤᠢ ᠶᠢᠨ ᠬᠦᠷᠢᠶ᠎ᠡ ᠬᠡᠪᠴᠢᠶ᠎ᠡ ᠶᠢᠨ ᠤᠶᠤᠨᠴᠢᠯᠠᠯᠲᠠ ᠶᠢ ᠳᠤᠪᠤᠶᠢᠯᠭᠠᠪᠠ︔ ︽1︾ ᠭᠡᠰᠡᠨ ᠨᠢ ᠳᠠᠷᠤᠢ ᠢᠨᠲ᠋ᠧᠷ ᠰᠦᠯᠵᠢᠶ᠎ᠡ ᠪᠣᠯᠤᠨ ᠡᠭᠦᠯᠡᠨ ᠪᠣᠳᠤᠯᠲᠠ ᠂ ᠶᠡᠭᠡ ᠲᠤᠭ᠎ᠠ ᠪᠠᠷᠢᠮᠳᠠ᠂ ᠪᠤᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠴᠢᠮᠡᠭᠡ ᠬᠤᠯᠪᠤᠭ᠎ᠠ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠠᠵᠤ ᠦᠢᠯᠡᠰ ᠦᠢᠯᠡᠰ ᠤᠨ ᠨᠡᠶᠢᠯᠡᠯᠳᠦᠨ ᠬᠦᠭᠵᠢᠬᠦ ᠶᠢ ᠢᠳᠡᠪᠬᠢᠲᠡᠢ ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ᠃      ᠪᠢ ᠲᠡᠭᠦᠨ ᠤ ᠳᠣᠲᠤᠷᠠᠬᠢ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ᠂ ᠵᠠᠰᠠᠭ ᠤᠨ ᠶᠠᠪᠤᠳᠠᠯ ᠡᠨᠡ ᠬᠤᠶᠠᠷ ᠬᠥᠷᠢᠶ᠎ᠡ ᠬᠡᠪᠴᠢᠶ᠎ᠡ ᠶᠢ ᠭᠤᠣᠯᠳᠠᠯᠭ᠎ᠠ ᠲᠠᠢ ᠶᠠᠷᠢᠶ᠎ᠠ᠃      ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ ᠶᠢᠨ ᠲᠠᠯ᠎ᠠ ᠪᠠᠷ᠂ ᠨᠡᠭᠦᠷᠡᠰᠦ᠂ ᠴᠠᠬᠢᠯᠭᠠᠨ ᠬᠦᠴᠦᠨ᠂ ᠲᠡᠮᠦᠷᠯᠢᠭ ᠬᠠᠶᠢᠯᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠭᠤᠣᠯᠳᠠᠯᠭ᠎ᠠ  ᠲᠠᠢ ᠠᠵᠤ ᠠᠬᠤᠶᠢᠯᠠᠯ ᠳᠤ ᠲᠣᠳᠤᠷᠬᠠᠢ ᠬᠠᠨᠳᠤᠭᠤᠯᠤᠨ᠂ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠤᠶᠤᠨᠴᠢ ᠦᠢᠯᠡᠳᠬᠦ ᠪᠠ ᠮᠡᠳᠡᠭᠡ ᠵᠠᠩᠬᠢᠵᠢᠯᠲᠠ ᠠᠵᠤ ᠦᠢᠯᠡᠳᠪᠦᠷᠢᠵᠢᠯᠲᠡ ᠭᠦᠨᠵᠡᠭᠡᠢ ᠠᠭᠤᠰᠤᠯᠴᠠᠨ ᠨᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ ᠲᠤᠤᠱᠠᠯᠠᠭᠤᠯᠬᠤ ᠪᠠᠷᠢᠮᠵᠢᠶ᠎ᠠ ᠪᠠᠷ ᠬᠠᠷᠢᠴᠠᠭᠤᠯᠬᠤ ᠠᠵᠢᠯ ᠢ ᠦᠷᠨᠢᠭᠦᠯᠬᠦ ᠪᠣᠯᠤᠨ᠎ᠠ᠃ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠦᠪᠡᠷᠮᠢᠴᠡ ᠴᠢᠨᠠᠷᠲᠠᠢ ᠦᠢᠯᠡᠳᠬᠦ᠂ ᠦᠷᠭᠡᠨ ᠲᠦᠮᠡᠨ ᠤ ᠳᠠᠭᠠᠭᠠᠴᠢᠯᠠᠯᠲᠠ ᠶᠢᠨ ᠵᠢᠷᠤᠭ ᠲᠥᠯᠥᠪᠯᠡᠭᠡ᠂ ᠡᠭᠦᠯᠡᠨ ᠦᠢᠯᠡᠳᠬᠦ ᠵᠡᠷᠭᠡ ᠰᠢᠨ᠎ᠡ ᠮᠠᠶ᠋ᠢᠭ ᠤᠨ ᠦᠢᠯᠡᠳᠬᠦ ᠵᠠᠭᠪᠤᠷ ᠢ ᠬᠦᠭᠵᠢᠭᠦᠯᠵᠦ᠂ ᠬᠡᠷᠡᠭᠯᠡᠭᠡᠨ ᠤ ᠬᠡᠷᠡᠭᠴᠡᠭᠡ ᠶᠢᠨ ᠬᠦᠳᠡᠯᠦᠩᠭᠦᠢ ᠮᠡᠳᠡᠷᠡᠴᠡ ᠳᠤ ᠰᠠᠭᠤᠷᠢᠯᠠᠭᠰᠠᠨ ᠰᠣᠳᠤᠯᠤᠨ ᠨᠡᠬᠡᠬᠡᠭᠦ᠂ ᠦᠢᠯᠡᠳᠬᠦ ᠪᠣᠯᠤᠨ ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠤᠨ ᠪᠣᠢ ᠪᠤᠯᠠᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠴᠢᠯᠡᠭᠡᠨ ᠤ ᠲᠠᠪᠴᠠᠩ ᠬᠢᠭᠡᠳ ᠶᠡᠭᠡ ᠲᠤᠭ᠎ᠠ ᠪᠠᠷᠢᠮᠳᠠ ᠶᠢᠨ ᠰᠢᠨ᠎ᠡ ᠢ ᠡᠭᠦᠳᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ ᠲᠦᠷᠭᠡᠳᠬᠡᠨ᠂ ᠵᠦᠭᠡᠯᠡᠨ ᠬᠡᠷᠡᠭᠰᠡᠯ ᠬᠢᠭᠡᠳ ᠦᠢᠯᠡᠴᠢᠯᠡᠭᠡᠨ᠂ ᠲᠦᠯᠦᠪᠯᠡᠯᠭᠡ ᠬᠢᠭᠡᠳ ᠦᠢᠯᠡᠳᠬᠦ ᠡᠬᠢ ᠪᠠᠶᠠᠯᠢᠭ᠂ ᠵᠠᠩᠭᠢᠯᠠᠭ᠎ᠠ ᠶᠢᠨ ᠮᠡᠷᠭᠡᠵᠢᠯ ᠬᠢᠭᠡᠳ ᠪᠠᠷᠢᠮᠵᠢᠶ᠎ᠠ ᠶᠢ ᠴᠢᠯᠦᠭᠡᠲᠡᠢ ᠲᠠᠯᠪᠢᠨ ᠬᠠᠮᠲᠤᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠰᠦᠯᠵᠢᠶᠡᠨ ᠳᠡᠭᠡᠷ᠎ᠡ ᠰᠣᠳᠤᠯᠤᠨ ᠨᠡᠬᠡᠬᠡᠬᠦ ᠵᠢᠷᠤᠭ ᠲᠦᠯᠦᠪᠯᠡᠯᠭᠡ ᠬᠢᠬᠦ᠂ ᠬᠠᠮᠲᠤᠷᠠᠨ ᠬᠠᠩᠭᠠᠬᠤ ᠬᠡᠯᠬᠢᠶ᠎ᠡ ᠶᠢᠨ ᠬᠠᠮᠢᠶᠠᠷᠤᠯᠲᠠ᠂ ᠬᠠᠮᠲᠤᠷᠠᠨ ᠦᠢᠯᠡᠳᠬᠦ ᠰᠢᠨ᠎ᠡ ᠡᠵᠡᠩᠨᠡᠯᠲᠡ ᠶᠢᠨ ᠪᠠᠶᠢᠳᠠᠯ ᠲᠦᠯᠦᠪ ᠢ ᠪᠣᠢ ᠪᠣᠯᠭᠠᠨ᠎ᠠ᠃ 2020 ᠣᠨ ᠪᠣᠯᠬᠤ ᠳᠤ ᠂ ᠤᠶᠤᠨᠲᠤ ᠠᠵᠤ ᠦᠢᠯᠡᠳᠪᠦᠷᠢ 50 ᠶᠢ ᠪᠠᠶᠢᠭᠤᠯᠵᠤ ᠳᠠᠭᠤᠰᠬᠠᠨ᠂ ᠤᠶᠤᠨ ᠪᠢᠯᠢᠭ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 10 ᠶᠢ ᠪᠠᠶᠢᠭᠤᠯᠤᠨ᠎ᠠ᠃      ᠵᠠᠩ ᠪᠠᠢ ᠴᠧᠩ᠄ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠲᠠᠯ᠎ᠠ ᠪᠠᠷ᠂ ᠡᠭᠦᠯᠡᠨ ᠪᠣᠳᠤᠯᠲᠠ ᠪᠠ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠲᠠᠪᠴᠠᠩ ᠤᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠢᠳᠡᠪᠬᠢᠲᠡᠢ ᠦᠷᠨᠢᠭᠦᠯᠵᠦ᠂ ᠵᠠᠰᠠᠭ ᠤᠨ ᠤᠷᠳᠤᠨ ᠡᠭᠦᠯᠡᠨ ᠦᠢᠯᠡᠴᠢᠯᠡᠭᠡᠨ ᠬᠤᠳᠠᠯᠳᠤᠨ ᠠᠪᠬᠤ ᠵᠠᠭᠪᠤᠷ ᠢ ᠳᠡᠯᠭᠡᠷᠡᠭᠦᠯᠦᠨ᠎ᠡ᠃ ᠮᠠᠨ ᠤ ᠤᠷᠤᠨ ᠳᠤ ᠶᠠᠭ ᠪᠣᠢ ᠪᠤᠯᠵᠤ ᠪᠠᠶᠢᠭ᠎ᠠ ᠡᠭᠦᠯᠡᠨ ᠪᠤᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠦᠪᠡᠷᠲᠡᠭᠡᠨ ᠵᠠᠰᠠᠬᠤ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠳᠤ ᠰᠠᠭᠤᠷᠢᠯᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠡᠭᠦᠯᠡᠨ ᠲᠥᠪ ᠢ ᠪᠠᠶᠢᠭᠤᠯᠤᠨ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠤᠨ ᠮᠡᠳᠡᠭᠡ ᠵᠠᠩᠬᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠨᠡᠭᠦᠯᠭᠡᠵᠦ᠂ ᠬᠡᠷᠡᠭᠯᠡᠯᠲᠡ ᠶᠢ  ᠨᠢ ᠠᠯᠬᠤᠮ ᠠᠯᠬᠤᠮ ᠢᠶᠠᠷ ᠦᠷᠭᠡᠳᠭᠡᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠷᠠᠨ ᠬᠥᠳᠡᠯᠦᠯᠴᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠢᠩᠬᠢᠮ ᠢ ᠲᠦᠷᠭᠡᠳᠬᠡᠨ ᠪᠠᠶᠢᠭᠤᠯᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠪᠣᠳᠠᠲᠤ ᠴᠣᠭᠴᠠ ᠲᠢᠩᠬᠢᠮ ᠯᠦᠭᠡ ᠨᠡᠶᠢᠯᠡᠭᠦᠯᠬᠦ ᠶᠢ ᠪᠡᠶᠡᠯᠡᠭᠦᠯᠦᠨ᠎ᠡ᠃      ᠬᠦᠲᠦᠯᠦᠭᠴᠢ᠄ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠦᠷᠭᠡᠳᠬᠡᠨ ᠠᠬᠢᠭᠤᠯᠬᠤ ᠲᠤᠬᠠᠢ ᠵᠢᠯᠤᠭᠤᠳᠬᠤ ᠰᠠᠨᠠᠯ ᠨᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ︽ᠰᠠᠨᠠᠯ︾ ᠢᠶᠠᠷ ᠪᠣᠳᠠᠲᠤ ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠪᠤᠶ︖      ᠵᠠᠩ ᠪᠠᠢ ᠴᠧᠩ᠄ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠠᠴᠠ ᠠᠪᠴᠤ ᠦᠵᠡᠪᠡᠯ᠂ ᠭᠤᠣᠯᠳᠠᠭᠤ ᠠᠵᠤ ᠦᠢᠯᠡᠰ ᠤᠨ ᠴᠤᠭᠯᠠᠷᠠᠯ ᠢ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ ᠵᠣᠷᠢᠭᠵᠢᠭᠤᠯᠬᠤ᠂ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠷᠠᠭᠤᠯᠬᠤ᠂ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠶᠢ ᠴᠢᠩᠭᠠᠳᠬᠠᠬᠤ᠂ ᠪᠡᠯᠡ ᠮᠦᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠣᠭᠤᠷᠢᠨ ᠳᠤ ᠡᠳᠡᠭᠡᠷ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠪᠠᠶᠢᠨ᠎ᠠ᠃      ᠨᠢᠭᠡ ᠳᠤ ᠠᠵᠤ ᠦᠢᠯᠡᠰ ᠤᠨ ᠴᠤᠭᠯᠠᠷᠠᠯ ᠢ ᠠᠬᠢᠭᠤᠯᠬᠤ ᠲᠠᠯ᠎ᠠ ᠪᠠᠷ᠂ ᠢᠨᠲ᠋ᠧᠷ ᠰᠦᠯᠵᠢᠶᠡᠨ ᠠᠵᠤ ᠠᠬᠤᠶ ᠲᠥᠪᠯᠡᠷᠡᠭᠰᠡᠨ ᠣᠷᠣᠨ ᠢ ᠲᠦᠯᠦᠪᠵᠢᠭᠦᠯᠦᠨ ᠪᠦᠲᠦᠭᠡᠨ ᠪᠠᠶᠢᠭᠤᠯᠵᠤ᠂ ᠨᠦᠭᠦᠴᠡᠯ ᠳᠤ ᠨᠡᠶᠢᠴᠡᠬᠦ ᠢᠨᠲ᠋ᠧᠷ ᠰᠦᠯᠵᠢᠶᠡᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠬᠢᠭᠡᠳ ᠭᠤᠣᠯᠳᠠᠯᠭ᠎ᠠ ᠲᠠᠢ ᠲᠦᠷᠦᠯ ᠵᠦᠢᠯ ᠳᠤ ᠭᠠᠵᠠᠷ ᠰᠢᠷᠤᠢ᠂ ᠴᠠᠬᠢᠯᠭᠠᠨ ᠤ ᠦᠨ᠎ᠡ᠂ ᠤᠯᠠᠨ ᠨᠡᠶᠢᠲᠡ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠲᠥᠷᠦ ᠶᠢᠨ ᠪᠣᠳᠤᠯᠭ᠎ᠠ ᠶᠢᠨ ᠳᠡᠮᠵᠢᠯᠭᠡ ᠦᠵᠡᠭᠦᠯᠦᠨ᠎ᠡ᠃      ᠬᠤᠶᠠᠷ ᠲᠤ ᠪᠣᠯ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ ᠲᠠᠯ᠎ᠠ ᠪᠠᠷ᠂ ᠠᠷᠠᠯᠵᠢᠶᠠᠴᠢᠨ ᠢ ᠤᠷᠢᠬᠤ ᠵᠠᠭᠪᠤᠷ ᠤᠨ ᠰᠢᠨ᠎ᠡ ᠶᠢ ᠡᠭᠦᠳᠴᠦ᠂ ᠮᠡᠳᠡᠭᠡ ᠵᠠᠩᠬᠢ ᠶᠢᠨ ᠮᠡᠷᠭᠡᠵᠢᠯ ᠤᠨ ᠠᠵᠢᠯ ᠲᠥᠷᠦᠯ ᠤᠨ ᠨᠢᠭᠡ ᠪᠦᠯᠦᠭ ᠳᠠᠭᠠᠭᠤᠯᠤᠭᠴᠢ ᠶᠢ ᠣᠷᠤᠭᠤᠯᠵᠤ ᠢᠷᠡᠬᠦ ᠶᠢᠨ ᠬᠠᠮᠲᠤ ᠪᠣᠢ ᠪᠤᠯᠭᠠᠵᠤ᠂ ᠠᠩᠬ᠎ᠠ ᠤᠳᠠᠭ᠎ᠠ ᠪᠦᠬᠦ ᠤᠯᠤᠰ ᠤᠨ ᠢᠨᠲ᠋ᠧᠷ ᠰᠦᠯᠵᠢᠶ᠎ᠡ ᠶᠢᠨ ᠵᠠᠭᠤᠨ ᠬᠦᠴᠦᠷᠬᠡᠭ ᠠᠵᠤ ᠠᠬᠤᠶᠢᠯᠠᠯ ᠪᠤᠶᠤ ᠪᠦᠬᠦ ᠤᠯᠤᠰ ᠤᠨ ᠵᠦᠭᠡᠯᠡᠨ ᠬᠡᠷᠡᠭᠰᠡᠯ ᠤᠨ ᠵᠠᠭᠤᠨ ᠬᠦᠴᠦᠷᠬᠡᠭ ᠤᠨ ᠠᠵᠤ ᠠᠬᠤᠶᠢᠯᠠᠯ ᠶᠢᠨ ᠬᠡᠪᠴᠢᠶᠡᠨ ᠳᠤ ᠣᠷᠤᠪᠠᠯ ᠱᠠᠩᠨᠠᠯ ᠣᠯᠭᠤᠨ᠎ᠠ᠃      ᠭᠤᠷᠪᠠ ᠳᠤ ᠪᠣᠯ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠲᠠᠯ᠎ᠠ ᠪᠠᠷ᠂ ᠵᠠᠬ᠎ᠠ ᠳᠡᠯᠭᠡᠭᠦᠷ ᠲᠤ ᠵᠦᠪᠰᠢᠶᠡᠷᠡᠨ ᠣᠷᠤᠭᠤᠯᠬᠤ ᠨᠦᠭᠦᠴᠡᠯ ᠢ ᠠᠭᠤᠵᠢᠭᠤ ᠲᠠᠯᠪᠢᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠭᠠᠷᠳᠠᠮ ᠢ ᠳᠦᠭᠦᠮᠴᠢᠯᠡᠨ᠂ ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠤᠷᠤᠯᠳᠤᠭᠠᠨ ᠡᠷᠬᠢᠯᠡᠵᠦ᠂ ᠢᠨᠲ᠋ᠧᠷ ᠰᠦᠯᠵᠢᠶᠡᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠂ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠢ ᠳᠡᠮᠵᠢᠨ ᠬᠦᠭᠵᠢᠭᠦᠯᠦᠨ᠎ᠡ᠃      ᠳᠥᠷᠪᠡ ᠳᠤ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠷᠠᠭᠤᠯᠬᠤ ᠲᠠᠯ᠎ᠠ ᠪᠠᠷ᠂ ᠡᠭᠦᠯᠡᠨ ᠪᠣᠳᠤᠯᠲᠠ ᠪᠠ ᠢᠨᠲ᠋ᠧᠷ ᠰᠦᠯᠵᠢᠶ᠎ᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠰᠠᠭᠤᠷᠢᠯᠠᠭᠰᠠᠨ ᠮᠡᠳᠡᠭᠡ ᠵᠠᠩᠬᠢ ᠶᠢᠨ ᠦᠢᠯᠡᠴᠢᠯᠡᠭᠡ ᠶᠢ ᠭᠠᠳᠠᠭᠰᠢ ᠳᠦᠷᠢᠶᠡᠰᠦᠯᠡᠭᠦᠯᠬᠦ ᠶᠢ ᠶᠠᠪᠤᠭᠤᠯᠵᠤ᠂ ᠭᠤᠣᠯᠳᠠᠯᠭ᠎ᠠ ᠲᠠᠢ ᠳᠡᠳᠭᠦᠵᠦ ᠪᠠᠶᠢᠭ᠎ᠠ ᠢᠨᠲ᠋ᠧᠷ ᠰᠦᠯᠵᠢᠶ᠎ᠡ ᠶᠢᠨ ᠠᠵᠤ ᠠᠬᠤᠶᠢᠯᠠᠯ ᠤᠨ ᠦᠪᠡᠷᠲᠡᠭᠡᠨ ᠵᠠᠰᠠᠬᠤ ᠤᠷᠤᠨ ᠤ ᠳᠣᠲᠤᠷᠠᠬᠢ ᠡᠭᠦᠯᠡᠨ ᠪᠣᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠦᠢᠯᠡᠴᠢᠯᠡᠭᠡ ᠶᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃      ᠲᠠᠪᠤ ᠳᠤ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠴᠢᠩᠭᠠᠳᠬᠠᠬᠤ ᠲᠠᠯ᠎ᠠ ᠪᠠᠷ᠂ ᠢᠨᠲ᠋ᠧᠷ ᠰᠦᠯᠵᠢᠶ᠎ᠡ ᠶᠢᠨ ᠬᠤᠪᠤᠷ ᠴᠤᠬᠠᠭ ᠪᠠᠶᠢᠭ᠎ᠠ ᠴᠢᠳᠠᠪᠦᠷᠢᠲᠠᠨ ᠢ ᠤᠷᠤᠭᠤᠯᠵᠤ ᠢᠷᠡᠬᠦ ᠪᠠ ᠬᠦᠮᠦᠵᠢᠭᠦᠯᠬᠦ ᠶᠢ ᠴᠢᠩᠭᠠᠳᠬᠠᠨ᠂ ᠮᠠᠨ ᠤ ᠤᠷᠤᠨ ᠳᠤ ᠲᠦᠷᠦᠯ ᠵᠦᠢᠯ ᠠᠪᠴᠢᠷᠠᠨ ᠠᠳᠠᠯ ᠦᠢᠯᠡᠰ ᠴᠣᠭᠴᠠᠯᠠᠭᠰᠠᠨ᠂ ᠳᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠴᠢᠳᠠᠪᠦᠷᠢᠲᠠᠨ ᠬᠢᠭᠡᠳ ᠲᠡᠭᠦᠨ ᠤ ᠪᠦᠯᠬᠦᠮ ᠨᠡᠶᠢᠲᠡ᠂ ᠪᠣᠯᠪᠠᠰᠤᠷᠠᠯ ᠤᠨ ᠰᠠᠭᠤᠷᠢᠨ ᠭᠠᠵᠠᠷ ᠪᠦᠲᠦᠭᠡᠨ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡ ᠮᠦᠩᠭᠦ ᠵᠡᠷᠭᠡ ᠶᠢᠨ ᠳᠡᠮᠵᠢᠯᠭᠡ ᠦᠵᠡᠭᠦᠯᠦᠨ᠎ᠡ᠃      ᠵᠢᠷᠭᠤᠭ᠎ᠠ ᠳᠤ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠪᠡᠯᠡ ᠤᠷᠤᠭᠤᠯᠵᠤ ᠪᠡᠯᠡ ᠲᠣᠬᠢᠷᠠᠭᠤᠯᠬᠤ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠪᠠᠶᠢᠭᠤᠯᠵᠤ᠂ ᠢᠨᠲ᠋ᠧᠷ ᠰᠦᠯᠵᠢᠶᠡᠨ ᠠᠵᠤ ᠠᠬᠤᠢ ᠶᠢ ᠳᠡᠮᠵᠢᠨ᠎ᠡ᠃ ᠰᠢᠨ᠎ᠡ ᠪᠠᠷ ᠦᠨᠡᠮᠰᠢᠭᠰᠡᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠬᠦ ᠲᠠᠪᠴᠠᠩ᠂ ᠵᠢᠴᠢ ᠰᠢᠨ᠎ᠡ ᠭᠤᠷᠪᠠᠳᠤᠭᠠᠷ ᠰᠠᠮᠪᠠᠷ ᠲᠤ ᠠᠮᠵᠢᠯᠲᠠ ᠲᠠᠢ ᠫᠠᠶᠢᠰᠠ ᠡᠯᠭᠦᠭᠰᠡᠨ ᠢᠨᠲ᠋ᠧᠷ ᠰᠦᠯᠵᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠦᠨ᠎ᠡ᠃      ᠬᠦᠲᠦᠯᠦᠭᠴᠢ᠄ ᠰᠠᠶ᠋ᠢ ᠪᠢᠳᠡ ᠡᠳᠡᠭᠡᠷ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ︽ᠰᠠᠨᠠᠯ︾ ᠳᠤ ᠪᠣᠳᠠᠲᠤ ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠢ ᠶᠠᠷᠢᠯ᠎ᠠ᠂ ᠲᠡᠭᠡᠪᠡᠯ᠂ ︽ᠢᠨᠲ᠋ᠧᠷ ᠰᠦᠯᠵᠢᠶ᠎ᠡ +︾ ᠬᠡᠷᠬᠢᠨ ᠨᠢᠭᠡᠨ ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠬᠤ ᠪᠣᠢ︖ ᠶᠠᠮᠠᠷ ᠶᠠᠮᠠᠷ ᠠᠷᠭ᠎ᠠ ᠠᠪᠴᠠᠯ ᠪᠠᠶᠢᠬᠤ ᠪᠣᠢ︖      ᠵᠠᠩ ᠪᠠᠢ ᠴᠧᠩ᠄ ᠪᠦᠬᠦᠶᠢᠯᠡ ᠢᠨᠲ᠋ᠧᠷ ᠰᠦᠯᠵᠢᠶ᠎ᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠴᠤ ᠮᠠᠰᠢ ᠴᠢᠬᠤᠯᠠ ᠶᠤᠮ᠂ ᠵᠢᠱᠢᠶᠡᠯᠡᠪᠡᠯ ᠪᠦᠰᠡ ᠶᠢᠨ ᠬᠤᠷᠳᠤᠴᠠ᠂ ᠵᠠᠷᠤᠳᠠᠯ ᠰᠦᠢᠳᠭᠡᠯ᠂ ᠠᠮᠤᠷ ᠲᠥᠪᠰᠢᠨ ᠵᠡᠷᠭᠡ ᠲᠠᠯ᠎ᠠ ᠪᠣᠯᠤᠨ᠎ᠠ ᠃ ᠬᠦᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ ᠭᠤᠣᠯᠳᠠᠭᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ᠂ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ᠂ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ᠂ ᠵᠦᠢ ᠵᠣᠬᠢᠰᠲᠠᠢ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠵᠡᠷᠭᠡ ᠲᠠᠪᠤᠨ ᠲᠠᠯ᠎ᠠ ᠠᠴᠠ ᠭᠠᠷᠳᠠᠨ᠎ᠠ᠃      ᠨᠢᠭᠡ ᠳᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠥᠷᠭᠡᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠦᠷᠢᠰᠦᠯᠳᠦᠬᠦ ᠶᠢ ᠵᠣᠷᠢᠭᠵᠢᠭᠤᠯᠤᠨ᠂ ᠵᠠᠬ᠎ᠠ ᠳᠡᠯᠭᠡᠭᠦᠷ ᠲᠠᠬᠢ ᠭᠠᠭᠴᠠᠭᠠᠷ ᠡᠵᠡᠮᠰᠢᠯ ᠢ ᠡᠪᠳᠡᠨ᠎ᠡ᠃ ᠥᠷᠭᠡᠨ ᠪᠦᠰᠡᠲᠦ ᠰᠦᠯᠵᠢᠶ᠎ᠡ ᠶᠢᠨ ᠬᠤᠷᠳᠤᠯᠠᠮᠵᠢ᠂ ᠮᠡᠳᠡᠭᠡ ᠵᠠᠩᠬᠢ ᠶᠢᠨ ᠦᠢᠯᠡᠴᠢᠯᠡᠭᠡᠨ ᠤ ᠶᠠᠰᠤ ᠴᠢᠨᠠᠷ ᠪᠠ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃      ᠬᠤᠶᠠᠷ ᠲᠤ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ ᠲᠠᠯ᠎ᠠ ᠪᠠᠷ᠂ ᠰᠦᠯᠵᠢᠶ᠎ᠡ ᠶᠢᠨ ᠢᠲᠡᠭᠡᠮᠵᠢ ᠶᠢᠨ ᠰᠢᠰᠲ᠋ᠧᠮᠵᠢ ᠪᠠ ᠢᠲᠡᠭᠡᠮᠵᠢᠲᠡᠢ ᠠᠷᠠᠯᠵᠢᠶᠠᠯᠠᠭ᠎ᠠ ᠬᠢᠬᠦ ᠶᠢ ᠪᠠᠲᠤᠯᠠᠬᠤ ᠣᠷᠴᠢᠨ ᠠᠬᠤᠶ ᠶᠢᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠬᠢ ᠶᠢᠨ ᠦᠢᠯᠡᠴᠢᠯᠡᠭᠡᠨ᠂ ᠰᠦᠯᠵᠢᠶᠡᠨ ᠳᠡᠭᠡᠷ᠎ᠡ ᠠᠷᠠᠯᠵᠢᠶᠠᠯᠠᠭ᠎ᠠ ᠬᠢᠬᠦ ᠦᠢᠯᠡ ᠠᠵᠢᠯᠯᠠᠭ᠎ᠠ᠂ ᠦᠢᠯᠡᠳᠭᠦᠨ ᠬᠢᠭᠡᠳ ᠦᠢᠯᠡᠴᠢᠯᠡᠭᠡᠨ ᠤ ᠶᠠᠰᠤ ᠴᠢᠨᠠᠷ ᠵᠡᠷᠭᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃      ᠭᠤᠷᠪᠠ ᠳᠤ ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ᠂ ᠰᠦᠯᠵᠢᠶ᠎ᠡ ᠶᠢ ᠠᠮᠤᠷ ᠲᠦᠪᠰᠢᠨ ᠠᠵᠢᠯᠯᠠᠭᠤᠯᠬᠤ ᠬᠠᠮᠲᠤᠷᠠᠨ ᠬᠦᠳᠡᠯᠦᠯᠴᠡᠬᠦ ᠲᠣᠭᠲᠠᠴᠠ ᠪᠠ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶ᠎ᠡ ᠶᠢᠨ ᠠᠮᠤᠷ ᠲᠦᠪᠰᠢᠨ ᠬᠢᠭᠡᠳ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ ᠵᠡᠷᠭᠡ ᠳᠤᠨᠢ ᠲᠦᠯᠦᠪᠵᠢᠭᠦᠯᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ ᠶᠢ ᠪᠠᠷᠢᠮᠳᠠᠯᠠᠨ᠎ᠠ᠃      ᠳᠥᠷᠪᠡ ᠳᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠲᠠᠯ᠎ᠠ ᠪᠠᠷ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠦᠷᠭᠡᠳᠬᠡᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠦᠷᠨᠢᠭᠦᠯᠦᠨ᠎ᠡ᠃      ᠲᠠᠪᠤ ᠳᠤ ᠬᠦᠴᠦ ᠪᠠᠨ ᠨᠢᠭᠡᠳᠬᠡᠨ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠢᠨᠲ᠋ᠧᠷ ᠰᠦᠯᠵᠢᠶᠡᠨ ᠠᠵᠤ ᠠᠬᠤᠶ ᠶᠢᠨ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠪᠠᠶᠢᠭᠤᠯᠤᠨ᠂ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠳᠤ ᠲᠣᠬᠢᠷᠠᠭᠤᠯᠤᠨ᠎ᠠ᠃      ᠬᠦᠲᠦᠯᠦᠭᠴᠢ᠄ ᠵᠠ᠂ ᠲᠠᠨ ᠤ ᠨᠠᠷᠢᠨ ᠲᠣᠳᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠡᠳᠡᠭᠡᠷ ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠠᠳ᠂ ᠮᠠᠨ ᠳᠤ ᠤᠷᠤᠨ ᠤ ︽ᠢᠨᠲ᠋ᠧᠷ ᠰᠦᠯᠵᠢᠶ᠎ᠡ +︾ ᠳᠤ ᠨᠢᠭᠡᠨ ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠵᠤ᠂ ᠪᠠᠰᠠ ᠮᠠᠨ ᠤ ᠤᠷᠤᠨ ᠤ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠵᠠᠩ ᠡᠷᠬᠢᠯᠡᠭᠴᠢ ᠶᠢᠨ ᠲᠠᠶᠢᠯᠪᠤᠷᠢᠯᠠᠨ ᠶᠠᠷᠢᠭᠰᠠᠨ ᠪᠠ ᠰᠦᠯᠵᠢᠶᠡᠨ ᠠᠨᠳᠠ ᠨᠠᠷ ᠤᠨ ᠢᠳᠡᠪᠬᠢᠲᠡᠢ ᠤᠷᠤᠯᠴᠠᠭᠰᠠᠨ ᠳᠤ ᠳᠠᠬᠢᠨᠲᠠ ᠲᠠᠯᠠᠷᠬᠠᠵᠤ ᠪᠠᠶᠢᠨ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠣᠯᠭᠠᠶ᠎ᠠ︕
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号