ᠤᠶᠢᠷ᠎ᠠ ᠶᠢᠨ ᠡᠳᠥᠷ᠂ ᠥᠪᠤᠷ ᠮᠤᠩᠭᠤᠯ ᠤᠨ ᠶᠡᠭᠡ ᠰᠤᠷᠭᠠᠭᠤᠯᠢ ᠶᠢᠨ ᠺᠤᠮᠫᠢᠦ᠋ᠲ᠋ᠧᠷ ᠤᠨ ᠲᠡᠭᠡᠳᠦ | ᠰᠤᠷᠭᠠᠭᠤᠯᠢ ᠶᠢᠨ ᠮᠤᠩᠭᠤᠯ ᠬᠡᠯᠡᠨ ᠤ ᠮᠡᠳᠡᠭᠡ ᠵᠠᠩᠭᠢ ᠶᠢᠨ ᠰᠢᠢᠳᠪᠤᠷᠢᠯᠡᠬᠦ ᠮᠡᠷᠭᠡᠵᠢᠯ ᠤᠨ ᠳᠤᠷᠰᠢᠯᠳᠠ ᠶᠢᠨ | ᠲᠠᠰᠤᠭ ᠤᠨ ᠳᠡᠳ᠋ ᠫᠷᠤᠹᠧᠰᠰᠤᠷ ᠹᠸᠢ ᠯᠥᠩ ᠲᠤᠷᠰᠢᠯᠲᠠ ᠶᠢᠨ ᠲᠠᠰᠤᠭ ᠤᠨ ᠰᠤᠷᠤᠭᠴᠢ ᠪᠠᠨ ᠳᠠᠭᠠᠭᠤᠯᠤᠨ | ᠥᠨᠳᠣᠷ ᠥᠷ᠎ᠡ ᠪᠥᠲᠥᠮᠵᠢᠲᠠᠢ ︽ᠤᠶᠤᠨ︾ ᠮᠣᠩᠭᠤᠯ ᠦᠰᠦᠭ ᠤᠨ ᠬᠠᠷᠭᠤᠭᠤᠯᠤᠨ ᠵᠠᠯᠠᠷᠠᠭᠤᠯᠬᠤ ᠰᠢᠰᠲ᠋ᠧᠮ ᠢ | ᠰᠤᠳᠤᠯᠤᠨ ᠭᠠᠷᠭᠠᠪᠠ᠃ | ᠲᠤᠰ ᠰᠢᠰᠲ᠋ᠧᠮ ᠨᠢ ᠮᠣᠩᠭᠤᠯ ᠥᠰᠦᠭ ᠤᠨ ᠢᠵᠢᠯ ᠲᠦᠷᠰᠦᠲᠦ ᠦᠰᠦᠭ ᠤᠨ ᠺᠤᠳ᠋ ᠤᠨ ᠠᠯᠳᠠᠭ᠎ᠠ ᠶᠢ | ᠵᠠᠯᠠᠷᠠᠭᠤᠯᠬᠤ᠂ ᠤᠯᠠᠨ ᠳᠠᠭᠤᠳᠠᠯᠭ᠎ᠠ ᠲᠠᠢ ᠦᠭᠡ ᠶᠢ ᠢᠯᠭᠠᠬᠤ᠂ ᠳᠠᠭᠠᠪᠤᠷᠢ ᠶᠢᠨ ᠠᠯᠳᠠᠭ᠎ᠠ ᠶᠢ ᠵᠠᠯᠠᠷᠠᠭᠤᠯᠬᠤ ᠵᠡᠷᠭᠡ | ᠠᠰᠠᠭᠤᠳᠠᠯ ᠤᠳ ᠢ ᠰᠶᠢᠳᠪᠥᠷᠢᠯᠡᠵᠤ᠂ ᠪᠠᠰᠠ ᠲᠠᠰᠢᠶ᠎ᠠ ᠥᠰᠦᠭ ᠢ ᠢᠯᠭᠠᠨ ᠲᠠᠨᠢᠬᠤ ᠪᠠ ᠲᠠᠰᠢᠶ᠎ᠠ ᠪᠤᠷᠤᠭᠤ ᠶᠢ | ᠵᠠᠯᠠᠷᠠᠭᠤᠯᠬᠤ ᠨᠤᠷᠮ᠎ᠠ ᠨᠢ 97% ᠢ ᠲᠠᠪᠠᠵᠤ᠂ ᠬᠡᠷᠡᠭᠯᠡᠭᠡᠨ ᠤ ᠱᠠᠭᠠᠷᠳᠠᠯᠭ᠎ᠠ ᠶᠢ ᠭᠥᠢᠴᠡᠳ ᠬᠠᠩᠭᠠᠬᠤ ᠪᠤᠯᠤᠨ᠎ᠠ᠃ | ᠡᠨᠡᠬᠦ ᠰᠢᠰᠲ᠋ᠧᠮ ᠤᠨ ᠪᠣᠢ ᠪᠣᠯᠣᠭᠰᠠᠨ ᠨᠢ ᠣᠳᠣᠬᠠᠨ ᠤ ᠬᠡᠷᠡᠭᠯᠡᠵᠦ ᠪᠠᠶᠢᠭ᠎ᠠ ᠮᠤᠩᠭᠤᠯ ᠦᠰᠦᠭ ᠤᠨ ᠤᠯᠠᠨ | ᠣᠯᠣᠰ ᠤᠨ ᠪᠠᠷᠢᠮᠵᠢᠶ᠎ᠠ ᠺᠤᠳ᠋ ᠲᠤ ᠢᠯᠡᠷᠡᠬᠦ ᠶᠡᠭᠡ ᠬᠡᠮᠵᠢᠶᠡᠨ ᠤ ᠢᠵᠢᠯ ᠲᠦᠷᠰᠦᠲᠦ ᠦᠰᠦᠭ ᠤᠨ ᠺᠤᠳ᠋ ᠤᠨ | ᠠᠯᠳᠠᠭ᠎ᠠ ᠶᠢ ᠵᠠᠯᠠᠷᠠᠭᠤᠯᠬᠤ ᠪᠤᠯᠤᠨ ᠳᠠᠭᠠᠪᠤᠷᠢ ᠶᠢᠨ ᠠᠯᠳᠠᠭ᠎ᠠ ᠶᠢ ᠵᠠᠯᠠᠷᠠᠭᠤᠯᠬᠤ ᠵᠡᠷᠭᠡ ᠠᠰᠠᠭᠤᠳᠠᠯ ᠢ | ᠰᠶᠢᠳᠪᠤᠷᠢᠯᠡᠵᠤ᠂ ᠮᠤᠩᠭᠤᠯ ᠦᠰᠦᠭ ᠤᠨ ᠤᠯᠠᠨ ᠣᠯᠣᠰ ᠤᠨ ᠪᠠᠷᠢᠮᠵᠢᠶ᠎ᠠ ᠺᠤᠳ᠋ ᠢ ᠣᠯᠠᠮ ᠨᠢᠭᠡ ᠠᠯᠬᠤᠮ | ᠳᠥᠷᠢᠮᠵᠢᠭᠦᠯᠬᠦ ᠪᠣᠯᠣᠨ ᠵᠥᠪ ᠣᠨᠣᠪᠴᠢᠲᠠᠢ ᠬᠡᠷᠡᠭᠯᠡᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃ | ᠤᠳᠤᠬᠠᠨ ᠳᠤ ᠡᠨᠡᠬᠦ ᠰᠢᠰᠲ᠋ᠧᠮ ᠨᠢ ︽ᠮᠤᠩᠭᠤᠯ ᠦᠰᠦᠭ ᠤᠨ ᠠᠯᠳᠠᠭ᠎ᠠ ᠶᠢ ᠠᠦ᠋ᠲ᠋ᠤᠮᠠᠲ ᠢᠶᠠᠷ | ᠵᠠᠰᠠᠪᠤᠷᠢᠯᠠᠬᠤ ᠰᠢᠰᠲ᠋ᠧᠮ V1.0︾ ᠭᠡᠬᠦ ᠨᠡᠷ᠎ᠡ ᠪᠠᠷ ᠵᠦᠭᠡᠯᠡᠨ ᠲᠤᠨᠤᠭ ᠤᠨ ᠵᠤᠬᠢᠶᠠᠨ ᠪᠥᠲᠥᠭᠡᠬᠦ ᠡᠷᠬᠡ ᠪᠠᠨ | ᠪᠦᠷᠢᠳᠬᠡᠭᠦᠯᠵᠠᠢ᠃ ᠡᠭᠦᠨ ᠠᠴᠠ ᠭᠠᠳᠠᠨ᠎ᠠ᠂ ᠳᠤᠷᠰᠢᠯᠳᠠ ᠶᠢᠨ ᠳᠠᠰᠤᠭ ᠨᠢ ᠢᠨᠲ᠋ᠧᠷᠨᠧᠲ ᠡᠭᠦᠯᠡᠨ ᠪᠤᠳᠤᠯᠲᠠ ᠶᠢᠨ | ᠲᠠᠪᠴᠠᠩ ᠳᠤ ᠳᠡᠭᠡᠷᠡᠬᠢ ᠰᠢᠰᠲ᠋ᠧᠮ ᠤᠨ web ᠦᠢᠯᠡᠴᠢᠯᠡᠭᠡ ᠬᠠᠩᠭᠠᠵᠦ᠂ ᠮᠤᠩᠭᠤᠯ ᠵᠦᠭᠡᠯᠡᠨ ᠲᠤᠨᠤᠭ | ᠰᠤᠳᠤᠯᠤᠨ ᠨᠡᠭᠡᠭᠡᠭᠴᠢᠳ ᠤᠨ ᠠᠳᠠᠯᠢ ᠪᠤᠰᠤ ᠭᠡᠷᠡᠭᠯᠡᠭᠡᠨ ᠤ ᠰᠢᠰᠲ᠋ᠧᠮ ᠳᠤᠳᠤᠷ᠎ᠠ ᠵᠤᠬᠢᠴᠠᠭᠤᠯᠤᠨ ᠠᠰᠢᠭᠯᠠᠬᠤ | ᠪᠤᠯᠤᠮᠵᠢ ᠶᠢ ᠬᠠᠩᠭᠠᠭᠰᠠᠨ ᠪᠠᠶᠢᠨ᠎ᠠ᠃ ︽ᠦᠰᠦᠭ ᠤᠨ ᠺᠤᠳ᠋ ᠤᠨ ᠪᠤᠷᠤᠭᠤ ᠶᠢ ᠵᠠᠰᠠᠬᠤ ᠦᠭᠡᠢ ᠪᠤᠯ | ᠺᠤᠮᠫᠢᠦ᠋ᠲ᠋ᠧᠷ ᠢᠶᠠᠷ ᠪᠦᠷᠢᠳᠭᠡᠬᠦ ᠪᠤᠶᠤ ᠬᠠᠶᠢᠬᠤ ᠳᠤ ᠵᠦᠪ ᠦᠰᠦᠭ ᠢ ᠨᠢ ᠤᠯᠵᠤ ᠲᠠᠶᠢᠯᠬᠦ ᠦᠭᠡᠢ ᠪᠠᠶᠢᠵᠤ᠂ | ᠦᠰᠦᠭ ᠤᠨ ᠺᠤᠳ᠋ ᠤᠨ ᠪᠤᠷᠤᠭᠤ ᠶᠢ ᠵᠠᠰᠠᠬᠤ ᠴᠢᠳᠠᠮᠵᠢ ᠪᠤᠯ ︿ᠤᠶᠤᠨ﹀ ᠮᠣᠩᠭᠤᠯ ᠦᠰᠦᠭ ᠤᠨ ᠬᠠᠷᠭᠤᠭᠤᠯᠤᠨ | ᠵᠠᠯᠠᠷᠠᠭᠤᠯᠬᠤ ᠰᠢᠰᠲ᠋ᠧᠮ ᠤᠨ ᠬᠠᠮᠤᠭ ᠤᠨ ᠲᠤᠪᠤᠶᠢᠮ᠎ᠠ ᠤᠨᠴᠠᠯᠢᠭ ᠮᠦᠨ᠃ ᠲᠤᠰ ᠰᠢᠰᠲ᠋ᠧᠮ ᠬᠠᠷᠢᠴᠠᠩᠭᠤᠢ ᠪᠠᠷ | ᠨᠡᠯᠢᠶᠡᠳ ᠪᠤᠯᠪᠠᠰᠤᠷᠠᠩᠭᠤᠢ ᠪᠤᠯᠴᠢᠬᠠᠭᠰᠠᠨ ᠶᠤᠮ︾ ᠬᠡᠵᠤ ᠹᠸᠢ ᠯᠦᠩ ᠫᠷᠤᠹᠧᠰᠰᠤᠷ ᠰᠤᠷᠪᠤᠯᠵᠢᠯᠠᠭᠴᠢ ᠳᠤ | ᠲᠠᠨᠢᠯᠴᠠᠭᠤᠯᠤᠨ᠎ᠠ᠃ | |