ᠪᠡᠶ᠎ᠡ ᠶᠢᠨ ᠦᠨᠡᠮᠯᠡᠯ ᠤᠨ ᠬᠠᠮᠢᠶᠠᠷᠤᠯᠳᠠ ᠳᠤ ᠵᠠᠮᠠᠷᠰᠢᠤ ᠰᠢᠨ᠎ᠠ ᠲᠤᠬᠳᠠᠭᠠᠯ ᠲᠠᠢ ᠪᠤᠯᠪᠠ
ᠨᠡᠶᠢᠲᠡᠯᠡᠭᠰᠡᠨ ᠴᠠᠭ᠄
2016/10/14
      ᠬᠡᠷᠡᠭ ᠤᠨ ᠵᠢᠱᠢᠶ᠎ᠠ ᠨᠢᠭᠡ᠄       ᠴᠧᠨ ᠤᠪᠤᠬᠳᠤ ᠪᠤᠯ ᠶᠢᠨᠴᠤᠸᠠᠨ ᠬᠤᠳᠠ ᠶᠢᠨ ᠰᠢᠩ ᠴᠢᠩ ᠲᠤᠭᠤᠷᠢᠬ ᠤᠨ ᠨᠢᠬᠡᠨ ᠱᠤᠷᠤᠯᠠᠭ᠎ᠠ ᠶᠢᠨ ᠲᠡᠯᠬᠡᠬᠦᠷ ᠤᠨ ᠲᠠᠭᠠᠭᠠᠮᠠᠯ ᠪᠤᠯᠤᠨ᠎ᠠ᠃ ᠨᠢᠭᠡᠨ ᠤᠳᠠᠭ᠎ᠠ ᠲᠡᠯᠭᠡᠬᠦᠷ ᠲᠤ ᠢᠷᠡᠭᠰᠡᠨ ᠭᠡᠷᠡᠭᠯᠡᠭᠴᠢ ᠶᠢᠨ ᠢᠶᠠᠨ ᠤᠷᠬᠢᠭᠰᠠᠨ ᠪᠡᠶ᠎ᠡ ᠶᠢᠨ ᠦᠨᠡᠮᠯᠡᠯ ᠢ ᠡᠭᠡᠬᠦᠯᠵᠤ ᠪᠤᠴᠠᠭᠠᠠᠭᠰᠠᠨ ᠦᠭᠡᠢ ᠬᠠᠷᠢᠨ ᠬᠤᠶᠢᠨ᠎ᠠ ᠡᠮᠦᠨ᠎ᠡ ᠬᠡᠳᠦ ᠤᠳᠠᠭ᠎ᠠ ᠭᠡᠷᠡᠭᠯᠡᠭᠴᠢ ᠶᠢᠨ ᠤᠷᠬᠢᠭᠰᠠᠨ ᠪᠡᠶ᠎ᠡ ᠶᠢᠨ ᠦᠨᠡᠮᠯᠡᠯ ᠢᠶᠠᠷ ᠵᠤᠴᠢᠳ ᠤᠨ ᠪᠠᠭᠤᠳᠠᠯ ᠳᠤ ᠲᠠᠩᠰᠠᠯᠠᠨ ᠬᠤᠨᠤᠬᠯᠠᠵᠠᠢ᠃ ᠰᠡᠬᠦᠯᠠᠷ ᠨᠢ ᠪᠠᠶ᠎ᠠ ᠶᠢᠨ ᠦᠨᠡᠮᠯᠠᠯ ᠢᠶᠠᠨ ᠤᠷᠬᠢᠭᠰᠠᠨ ᠭᠡᠷᠡᠭᠯᠡᠭᠴᠢ ᠦᠪᠡᠷ ᠤᠨ ᠬᠢᠨᠢ ᠪᠡᠶ᠎ᠠ ᠶᠢᠨ ᠦᠨᠡᠮᠯᠠᠯ ᠢᠶᠠᠷ ᠪᠤᠰᠤᠳ ᠬᠦᠮᠤᠨ ᠵᠤᠴᠢᠳ ᠤᠨ ᠪᠠᠭᠤᠳᠠᠯ ᠳᠤ ᠲᠠᠩᠰᠠᠯᠠᠨ ᠬᠤᠨᠤᠭᠯᠠᠭᠰᠠᠨ ᠪᠠᠶᠢᠳᠠᠯ ᠢ ᠮᠡᠳᠡᠭᠡᠳ ᠲᠠᠷᠤᠢ ᠳᠤᠨᠢ ᠴᠠᠭᠳᠠᠭ᠎ᠠ ᠳᠤ ᠭᠡᠷᠡᠭ ᠮᠡᠳᠡᠬᠦᠯᠪᠠ᠃ ᠴᠠᠭᠳᠠᠭ᠎ᠠ ᠨᠠᠷ ᠲᠠᠩᠨᠠᠨ ᠪᠠᠶᠢᠴᠠᠭᠠᠬᠤ ᠪᠠᠷ ᠲᠠᠮᠵᠢᠨ ᠴᠧᠨ ᠤᠪᠤᠬᠳᠤ ᠶᠢ ᠡᠷᠢᠵᠤ ᠤᠯᠤᠭᠰᠠᠨ ᠪᠦᠭᠡᠳ ᠬᠠᠮᠢᠶ᠎ᠠ ᠪᠦᠬᠦᠢ ᠲᠦᠷᠢᠮ ᠲᠤᠭᠳᠠᠭᠠᠯ ᠢᠶᠠᠷ ᠴᠧᠨ ᠤᠪᠤᠬᠳᠤ ᠶᠢ 1000 ᠲᠦᠬᠦᠷᠢᠭ ᠢᠶᠠᠷ ᠲᠤᠷᠭᠠᠪᠠ᠃       ᠭᠡᠷᠡᠭ ᠤᠨ ᠵᠢᠱᠢᠶ᠎ᠠ ᠬᠤᠶᠠᠷ᠄       ᠯᠢᠶᠤᠤᠨᠢᠩ ᠨᠤᠳᠤᠭᠳᠠᠢ ᠯᠢ ᠤᠪᠤᠬᠳᠤ ᠵᠠᠯᠠᠭᠤ ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠤ ᠲᠠᠷᠠᠭ᠎ᠠ ᠶᠠᠭᠤ ᠴᠤ ᠮᠡᠳᠡᠭᠰᠡᠨ ᠦᠬᠡᠢ ᠪᠠᠷ ᠨᠢᠬᠡᠨ 500 ᠲᠦᠮᠡᠨ ᠲᠦᠬᠦᠷᠢᠭ ᠤᠨ ᠡᠳ᠋ ᠮᠦᠩᠬᠦ ᠪᠠᠷ ᠲᠠᠩᠰᠠᠯᠠᠭᠤᠯᠤᠬᠰᠠᠨ ᠺᠤᠮᠫᠠᠨᠢ ᠶᠢᠨ ︽ᠡᠵᠡᠨ︾ ᠪᠤᠯᠴᠢᠬᠠᠪᠠ᠃ ᠬᠡᠳᠦ᠋ᠢᠪᠡᠷ ᠺᠤᠮᠫᠠᠨᠢ ᠶᠢᠨ ︽ᠡᠵᠡᠨ︾ ᠪᠤᠯᠤᠬᠰᠠᠨ ᠴᠤ ᠺᠤᠮᠫᠠᠨᠢ ᠨᠢ ᠵᠢᠬᠡᠯᠡᠯᠬᠡ ᠦᠷᠢᠳᠦᠨ ᠭᠠᠶᠢᠯᠢ ᠦᠷᠢᠳᠦᠭᠰᠡᠨ ᠠᠴᠠ ᠪᠤᠯᠵᠤ ᠨᠡᠷ᠎ᠡ ᠶᠢᠨ ᠬᠠᠷ᠎ᠠ ᠲᠠᠩᠰᠠᠨ᠎ᠠ ᠤᠷᠤᠵᠤ ᠵᠢᠬᠡᠯᠡᠯᠬᠡ ᠵᠢᠬᠡᠯᠡᠵᠦ ᠬᠡᠷ ᠬᠤᠳᠠᠯᠳᠤᠨ ᠠᠪᠬᠤ ᠶᠢᠨ ᠠᠷᠭ᠎ᠠ ᠦᠬᠡᠢ ᠪᠤᠯᠪᠠ᠃       ᠲᠦᠷᠢᠮ ᠲᠤᠭᠳᠠᠭᠠᠯ       ᠤᠢᠢᠷ᠎ᠠ ᠳᠤ᠂ ᠲᠤᠳᠤᠭᠠᠳᠤ ᠶᠢ ᠬᠠᠮᠠᠭᠠᠯᠠᠬᠤ ᠶᠠᠮᠤᠨ ᠵᠡᠷᠬᠡ ᠨᠠᠢᠮᠠᠨ ᠰᠠᠯᠠᠭ᠎ᠠ ᠮᠦᠴᠢᠷ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠭᠯᠡᠯᠳᠡ ᠬᠠᠮᠢᠶᠠᠷᠤᠯᠳᠠ ᠶᠢ ᠲᠦᠷᠢᠮᠵᠢᠬᠦᠯᠬᠦ ᠲᠤᠬᠠᠢ ᠵᠠᠷᠯᠠᠯ︾ ᠨᠡᠶᠢᠳᠡᠯᠡᠵᠡᠢ᠃ ᠠᠷᠠᠳ ᠢᠷᠬᠡᠳ ᠲᠤ ᠬᠠᠨᠳᠤᠭᠤᠯᠤᠭᠰᠠᠨ 7 ᠰᠠᠨᠠᠭᠤᠯᠤᠮᠵᠢ       1. ᠡᠷᠬᠡᠳᠦ ᠠᠷᠠᠳ ᠬᠠᠤᠯᠢ ᠶᠤᠰᠤᠭᠠᠷ ᠪᠡᠶ᠎ᠡ ᠶᠢᠨ ᠦᠨᠡᠮᠯᠡᠯ ᠠᠪᠬᠤ᠂ ᠰᠤᠯᠢᠵᠤ ᠠᠪᠬᠤ᠂ ᠨᠦᠬᠦᠵᠦ ᠠᠪᠬᠤ ᠶᠢ ᠡᠷᠡᠮᠡᠯᠵᠡᠯᠡᠬᠦ ᠶᠤᠰᠤᠳᠠᠢ᠃       2. ᠡᠷᠬᠡᠳᠦ ᠠᠷᠠᠳ ᠬᠠᠤᠯᠢ ᠶᠤᠰᠤᠭᠠᠷ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠡᠷᠡᠭᠯᠡᠵᠦ᠂ ᠪᠡᠶ᠎ᠡ ᠶᠢᠨ ᠦᠨᠡᠮᠯᠡᠯ ᠢᠶᠠᠨ ᠭᠠᠳᠠᠬᠰᠢ ᠲᠦᠷᠢᠶᠡᠰᠦᠯᠡᠬᠦᠯᠦᠨ᠂ ᠵᠢᠬᠡᠯᠡᠬᠦᠯᠵᠦ᠂ ᠰᠢᠯᠵᠢᠬᠦᠯᠦᠨ ᠦᠭᠴᠦ ᠪᠤᠯᠬᠤ ᠦᠬᠡᠢ       3. ᠡᠷᠬᠡᠳᠦ ᠠᠷᠠᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢᠶᠠᠨ ᠲᠡᠭᠡᠭᠰᠢᠯᠡᠬᠦᠯᠦᠨ᠂ ᠪᠡᠶ᠎ᠡ ᠶᠢᠨ ᠦᠨᠡᠮᠯᠡᠯ ᠢᠶᠠᠨ ᠰᠠᠶᠢᠳᠤᠷ ᠬᠠᠳᠠᠭᠠᠯᠠᠨ ᠬᠠᠮᠢᠶᠠᠷᠴᠤ᠂ ᠬᠡᠬᠡᠵᠦ ᠬᠤᠯᠠᠭᠠᠢᠢᠯᠠᠬᠳᠠᠬᠤ ᠠᠴᠠ ᠰᠡᠷᠬᠡᠶᠢᠯᠡᠬᠦ ᠬᠡᠷᠡᠭᠳᠡᠢ᠃       4. ᠬᠤᠷᠤᠭᠤᠨ ᠤ ᠤᠷᠤᠮ ᠤᠨ ᠮᠡᠳᠡᠭᠡ ᠵᠠᠩᠬᠢ ᠶᠢ ᠲᠠᠩᠰᠠᠯᠠᠬᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠬᠠᠭᠤᠷᠮᠠᠬᠯᠠᠨ ᠬᠡᠷᠡᠭᠯᠡᠭᠳᠡᠬᠦ ᠶᠢ ᠪᠦᠳᠦᠮᠵᠢᠳᠡᠢ ᠰᠡᠷᠬᠡᠶᠢᠯᠡᠵᠦ ᠲᠡᠶᠢᠯᠦᠨ᠎ᠡ᠃ ᠡᠷᠬᠡᠳᠦ ᠠᠷᠠᠳ ᠢᠳᠡᠪᠬᠢᠳᠡᠢ ᠪᠠᠷ ᠰᠠᠨᠠᠭᠠᠴᠢᠯᠠᠭ᠎ᠠ ᠲᠠᠢ ᠪᠠᠷ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠬᠦᠷᠴᠦ ᠬᠤᠷᠤᠭᠤᠨ ᠤ ᠤᠷᠤᠮ ᠤᠨ ᠮᠡᠳᠡᠭᠡ ᠵᠠᠩᠬᠢ ᠶᠢ ᠲᠠᠩᠰᠠᠯᠠᠬᠰᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠰᠤᠯᠢᠵᠤ ᠠᠪᠬᠤ ᠶᠢ ᠡᠷᠡᠮᠡᠯᠵᠡᠯᠡᠵᠦ ᠪᠤᠯᠤᠨ᠎ᠠ᠃       5. ᠡᠷᠬᠡᠳᠦ ᠠᠷᠠᠳ ᠤᠬᠠᠮᠰᠠᠷ ᠠᠴᠠ ᠪᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠢᠨᠠᠨ ᠪᠠᠶᠢᠴᠠᠭᠠᠬᠤ ᠲᠠᠢ ᠬᠠᠮᠵᠢᠯᠴᠠᠵᠤ᠂ ᠬᠠᠤᠯᠢ ᠶᠤᠰᠤᠭᠠᠷ ᠦᠪᠡᠷ ᠤᠨ ᠬᠠᠤᠯᠢ ᠶᠤᠰᠤᠨ ᠤ ᠡᠷᠬᠡ ᠠᠰᠢᠬ ᠢᠶᠠᠨ ᠬᠠᠮᠠᠭᠠᠯᠠᠬᠤ ᠶᠤᠰᠤᠳᠠᠢ᠃       6. ᠡᠷᠬᠡᠳᠦ ᠠᠷᠠᠳ ᠲᠤᠷ᠎ᠠ ᠪᠠᠷ ᠢᠶᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠠᠷᠤᠮᠠᠯᠯᠠᠨ᠂ ᠰᠢᠷᠪᠢᠬᠦ ᠡᠰᠡᠪᠡᠯ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠷᠢᠴᠠᠭᠠᠨ ᠳᠤ ᠦᠯᠡᠳᠡᠬᠡᠬᠦ ᠠᠵᠢᠯᠯᠠᠭ᠎ᠠ ᠶᠢ ᠡᠷᠡᠰ ᠢᠶᠠᠷ ᠬᠤᠷᠢᠬᠯᠠᠨ ᠵᠤᠬᠰᠤᠭᠠᠪᠠᠯ ᠵᠤᠬᠢᠨ᠎ᠠ᠃       7. ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠬ ᠢᠶᠠᠷ ᠵᠤᠬᠢᠶᠠᠬᠤ᠂ ᠬᠤᠪᠢᠷᠠᠭᠤᠯᠵᠤ ᠦᠢᠯᠡᠳᠬᠦ᠂ ᠬᠤᠳᠠᠯᠳᠤᠭᠠᠯᠠᠬᠤ᠂ ᠬᠠᠭᠤᠷᠮᠠᠬᠯᠠᠨ ᠬᠡᠷᠡᠭᠯᠡᠬᠦ ᠪᠤᠯᠤᠨ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢ ᠵᠠᠳᠠᠷᠠᠭᠤᠯᠬᠤ᠂ ᠬᠤᠯᠠᠭᠠᠢᠢᠯᠠᠨ ᠠᠪᠬᠤ᠂ ᠬᠤᠳᠠᠯᠳᠤᠭᠠᠯᠠᠬᠤ᠂ ᠬᠠᠭᠤᠷᠮᠠᠬᠯᠠᠨ ᠬᠡᠷᠡᠭᠯᠡᠬᠦ ᠵᠡᠷᠬᠡ ᠬᠠᠤᠯᠢ ᠠᠴᠠ ᠵᠦᠷᠢᠴᠡᠨ ᠶᠠᠯ᠎ᠠ ᠬᠢᠭᠰᠡᠨ ᠠᠵᠢᠯᠯᠠᠭ᠎ᠠ ᠶᠢ ᠢᠳᠡᠪᠬᠢᠳᠡᠢ ᠢᠯᠡᠴᠢᠯᠡᠨ ᠮᠡᠳᠡᠬᠦᠯᠪᠠᠯ ᠵᠤᠬᠢᠨ᠎ᠠ᠃       ᠤᠯᠤᠰ ᠤᠨ ᠠᠯᠪᠠᠨ ᠪᠠᠶᠢᠭᠤᠯᠤᠯᠭ᠎ᠠ ᠳᠤ ᠬᠠᠨᠳᠤᠭᠤᠯᠤᠭᠰᠠᠨ 5 ᠤᠯᠠᠭᠠᠨ ᠱᠤᠭᠤᠮ 1 ᠲᠤᠭᠳᠠᠴᠠ 5 ᠤᠯᠠᠭᠠᠨ ᠱᠤᠭᠤᠮ᠄       1. ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠪᠤᠯᠤᠨ ᠪᠤᠰᠤᠳ ᠠᠵᠢᠯᠳᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠢᠨᠠᠨ ᠪᠠᠶᠢᠴᠠᠭᠠᠬᠤ ᠡᠬᠦᠷᠬᠡ ᠪᠠᠨ ᠨᠠᠷᠢᠨ ᠬᠢᠨᠠᠮᠠᠭᠠᠢ ᠬᠦᠢᠴᠡᠳᠬᠡᠪᠡᠯ ᠵᠤᠬᠢᠨ᠎ᠠ᠃ ᠬᠠᠤᠯᠢ ᠶᠤᠰᠤᠭᠠᠷ ᠬᠢᠨᠠᠨ ᠪᠠᠶᠢᠴᠠᠭᠠᠬᠤ ᠡᠬᠦᠷᠬᠡ ᠪᠠᠨ ᠬᠦᠢᠴᠡᠳᠬᠡᠭᠰᠡᠨ ᠦᠬᠡᠢ ᠠᠴᠠ ᠪᠤᠯᠵᠤ ᠡᠷᠬᠡᠳᠦ ᠠᠷᠠᠳ ᠤᠨ ᠬᠠᠤᠯᠢ ᠶᠤᠰᠤᠨ ᠤ ᠡᠷᠬᠡ ᠠᠰᠢᠬ ᠡᠰᠡᠪᠡᠯ ᠤᠯᠠᠨ ᠨᠡᠶᠢᠳᠡ ᠶᠢᠨ ᠠᠰᠢᠬ ᠲᠤᠰᠠ ᠬᠤᠬᠢᠷᠠᠬᠰᠠᠨ ᠪᠠᠶᠢᠪᠠᠯ᠂ ᠬᠠᠮᠢᠶ᠎ᠠ ᠪᠦᠬᠦᠢ ᠲᠤᠬᠳᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃       2. ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠶᠢᠨ ᠠᠵᠢᠯᠳᠠᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠰᠡᠪᠡᠯ ᠦᠢᠯᠡᠴᠢᠯᠡᠭᠡ ᠬᠠᠩᠭᠠᠬᠤ ᠶᠠᠪᠤᠴᠠ ᠲᠤᠮᠳᠠ ᠪᠠᠨ᠂ ᠲᠤᠬᠠᠢ ᠶᠢᠨ ᠲᠠᠯᠠᠪᠤᠷ ᠲᠤᠨᠢ ᠬᠢᠨᠠᠨ ᠪᠠᠶᠢᠴᠠᠭᠠᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠲᠡᠭᠡᠷ᠎ᠡ ᠲᠡᠮᠳᠡᠭᠯᠡᠬᠦᠰᠢᠳᠡᠢ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢ ᠲᠤᠷᠠᠪᠡᠷ ᠢᠶᠠᠨ ᠲᠡᠮᠳᠡᠭᠯᠡᠨ ᠦᠯᠡᠳᠡᠬᠡᠵᠦ ᠪᠤᠯᠬᠤ ᠦᠬᠡᠢ᠃       3. ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠪᠤᠯᠤᠨ ᠲᠡᠬᠦᠨ ᠤ ᠠᠵᠢᠯᠳᠠᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠤᠷ᠎ᠠ ᠪᠠᠷ ᠢᠶᠠᠨ ᠲᠠᠷᠤᠮᠠᠯᠯᠠᠨ᠂ ᠰᠢᠷᠪᠢᠵᠦ ᠪᠤᠯᠬᠤ ᠦᠬᠡᠢ᠂ ᠡᠷᠬᠡᠳᠦ ᠠᠷᠠᠳ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠪᠠᠷᠢᠴᠠᠭᠠᠨ ᠳᠤ ᠦᠯᠡᠳᠡᠬᠡᠬᠦ ᠡᠰᠡᠪᠡᠯ ᠪᠠᠷᠢᠴᠠᠭᠠᠯᠠᠵᠤ ᠪᠤᠯᠬᠤ ᠦᠬᠡᠢ᠃       4. ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠰᠡᠪᠡᠯ ᠦᠢᠯᠡᠴᠢᠯᠡᠭᠡ ᠬᠠᠩᠭᠠᠬᠤ ᠶᠠᠪᠤᠴᠠ ᠲᠤᠮᠳᠠ ᠪᠠᠨ ᠤᠯᠤᠬᠰᠨᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠲᠡᠭᠡᠷ᠎ᠡ ᠲᠡᠮᠳᠡᠭᠯᠡᠬᠦᠰᠢᠳᠡᠢ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠳᠡᠢ᠃       5. ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠪᠠᠶᠢᠭᠤᠯᠤᠯᠭ᠎ᠠ ᠶᠢᠨ ᠲᠤᠳᠤᠭᠠᠳᠤ ᠳᠠᠭᠠᠨ ᠪᠠᠶᠢᠭᠤᠯᠤᠬᠰᠠᠨ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠬᠠᠳᠠᠭᠠᠯᠠᠯᠳᠠ ᠶᠢᠨ ᠰᠢᠰᠲᠧᠮ ᠤᠨ ᠪᠠᠶᠢᠴᠠᠭᠠᠨ ᠠᠰᠠᠭᠤᠬᠤ ᠡᠷᠬᠡ ᠶᠢᠨ ᠬᠢᠵᠠᠭᠠᠷ ᠢ ᠴᠢᠩᠭ᠎ᠠ ᠲᠤᠬᠳᠠᠭᠠᠵᠤ᠂ ᠮᠡᠳᠡᠵᠦ ᠤᠢᠢᠯᠠᠭᠠᠬᠤ ᠬᠦᠷᠢᠶ᠎ᠡ ᠬᠡᠪᠴᠢᠶ᠎ᠡ ᠶᠢ ᠴᠢᠩᠭ᠎ᠠ ᠡᠵᠡᠮᠳᠡᠬᠦ ᠬᠡᠷᠡᠭᠳᠡᠢ︔ ᠮᠡᠷᠬᠡᠵᠢᠯ ᠢᠶᠠᠷ ᠰᠡᠷᠬᠡᠶᠢᠯᠡᠨ ᠬᠠᠮᠠᠭᠠᠯᠠᠬᠤ ᠠᠷᠭ᠎ᠠ ᠠᠪᠴᠠᠯ ᠢᠶᠠᠨ ᠴᠢᠩᠭᠠᠷᠠᠭᠤᠯᠵᠤ᠂ ᠮᠡᠳᠡᠭᠡ ᠵᠠᠩᠬᠢ ᠵᠠᠳᠠᠷᠠᠬᠤ ᠡᠰᠡᠪᠡᠯ ᠬᠤᠯᠠᠭᠠᠢᠢᠯᠠᠬᠳᠠᠬᠤ ᠶᠢ ᠴᠢᠩᠭ᠎ᠠ ᠰᠡᠷᠬᠡᠶᠢᠯᠡᠬᠦ ᠬᠡᠷᠡᠭᠳᠡᠢ᠃       1 ᠲᠤᠭᠳᠠᠴᠠ᠄       ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠢᠳᠡᠬᠡᠯ ᠮᠠᠭᠤᠳᠠᠢ ᠲᠡᠮᠳᠡᠭᠯᠡᠯ ᠲᠠᠢ ᠬᠦᠮᠦᠰ ᠤᠨ ︽ᠬᠠᠷ᠎ᠠ ᠲᠠᠩᠰᠠ︾ ᠶᠢᠨ ᠲᠦᠷᠢᠮ ᠢ ᠪᠠᠶᠢᠭᠤᠯᠵᠤ᠂ ᠪᠤᠰᠤᠳ ᠬᠦᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠠᠭᠤᠷᠮᠠᠬᠯᠠᠨ ᠬᠡᠷᠡᠭᠯᠡᠭᠰᠡᠨ ᠬᠤᠪᠢ ᠬᠦᠮᠦᠨ ᠢ ᠢᠳᠡᠬᠡᠯ ᠮᠠᠭᠤᠳᠠᠢ ᠲᠡᠮᠳᠡᠭᠯᠡᠯ ᠤᠨ ︽ᠬᠠᠷ᠎ᠠ ᠲᠠᠩᠰᠠ︾ ᠶᠢᠨ ᠬᠦᠮᠦᠷᠬᠡ ᠳᠤ ᠤᠷᠤᠭᠤᠯᠬᠤ ᠶᠢᠨ ᠬᠠᠮᠳᠤ ᠮᠡᠳᠡᠭᠡ ᠵᠠᠩᠬᠢ ᠶᠢᠨ ᠬᠠᠮᠳᠤᠪᠡᠷ ᠡᠳ᠋ᠯᠡᠬᠦ ᠲᠤᠬᠳᠠᠯᠴᠠᠭ᠎ᠠ ᠶᠢ ᠪᠠᠶᠢᠭᠤᠯᠤᠨ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠰᠡᠪᠡᠯ ᠦᠢᠯᠡᠴᠢᠯᠡᠭᠡ ᠬᠠᠩᠭᠠᠬᠤ ᠦᠶᠡᠰ ᠲᠤ ᠴᠢᠬᠤᠯᠠᠳᠠᠢ ᠬᠢᠵᠠᠭᠠᠷᠯᠠᠯ ᠶᠠᠪᠤᠭᠤᠯᠵᠤ᠂ ᠬᠠᠮᠳᠤᠷᠠᠬᠰᠠᠨ ᠵᠠᠯᠬᠠᠭᠠᠨ ᠴᠡᠬᠡᠷᠯᠡᠬᠦᠯᠬᠦ ᠲᠤᠬᠳᠠᠯᠴᠠᠭ᠎ᠠ ᠶᠢ ᠠᠬᠢᠭᠤᠯᠬᠤ ᠬᠡᠷᠡᠭᠳᠡᠢ᠃       ᠪᠡᠶ᠎ᠡ ᠶᠢᠨ ᠦᠨᠡᠮᠯᠡᠯ ᠤᠨ ᠰᠢᠨ᠎ᠡ ᠲᠤᠬᠳᠠᠭᠠᠯ ᠢ ᠲᠤᠭᠳᠠᠭᠠᠭᠰᠠᠨ ᠵᠤᠷᠢᠯᠳᠠ       ᠪᠡᠶ᠎ᠡ ᠶᠢᠨ ᠦᠨᠡᠮᠯᠡᠯ ᠤᠨ ᠰᠢᠨ᠎ᠡ ᠲᠤᠬᠳᠠᠭᠠᠯ ᠢ ᠲᠤᠬᠳᠠᠭᠠᠬᠰᠠᠨ ᠨᠢ ᠪᠠᠰᠠ ᠶᠠᠮᠠᠷ ᠲᠠᠯ᠎ᠠ ᠶᠢᠨ ᠬᠤᠪᠢᠷᠠᠯᠳᠠ ᠪᠤᠯᠤᠨ ᠦᠢᠯᠡᠳᠦᠯ ᠲᠠᠢ ᠪᠤᠢ︖ ᠲᠤᠳᠤᠭᠠᠳᠤ ᠶᠢ ᠬᠠᠮᠠᠭᠠᠯᠠᠬᠤ ᠶᠠᠮᠤᠨ ᠵᠡᠷᠬᠡ ᠨᠡᠢᠮᠠᠨ ᠰᠠᠯᠠᠭ᠎ᠠ ᠮᠦᠴᠢᠷ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠭᠯᠡᠯᠳᠡ ᠬᠠᠮᠢᠶᠠᠷᠤᠯᠳᠠ ᠶᠢ ᠲᠦᠷᠢᠮᠵᠢᠬᠦᠯᠬᠦ ᠲᠤᠬᠠᠢ ᠵᠠᠷᠯᠠᠯ︾ ᠢ ᠬᠠᠮᠳᠤᠷᠠᠨ ᠨᠡᠶᠢᠳᠡᠯᠡᠬᠦ ᠳᠡᠭᠡᠨ᠂ ᠡᠷᠬᠡᠳᠦ ᠠᠷᠠᠳ ᠤᠨ ᠬᠠᠤᠯᠢ ᠶᠤᠰᠤᠨ ᠤ ᠡᠷᠬᠡ ᠠᠰᠢᠬ ᠢ ᠨᠡᠩ ᠰᠠᠶᠢᠳᠤᠷ ᠬᠠᠮᠠᠭᠠᠯᠠᠵᠤ᠂ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠠᠮᠤᠷ ᠲᠦᠪᠰᠢᠨ ᠢ ᠬᠠᠮᠠᠭᠠᠯᠠᠵᠤ᠂ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠵᠦ᠂ ᠨᠡᠶᠢᠬᠡᠮ ᠤᠨ ᠢᠳᠡᠬᠡᠮᠵᠢ ᠶᠢᠨ ᠰᠢᠰᠲᠧᠮ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠬᠤ ᠶᠢ ᠵᠤᠷᠢᠬᠰᠠᠨ ᠪᠠᠶᠢᠵᠠᠢ᠃       ᠪᠡᠶ᠎ᠡ ᠶᠢᠨ ᠦᠨᠡᠮᠯᠡᠯ ᠤᠨ ᠰᠢᠨ᠎ᠠ ᠲᠤᠬᠳᠠᠭᠠᠯ ᠤᠨ ᠠᠴᠢ ᠬᠤᠯᠪᠤᠬᠳᠠᠯ       ᠲᠤᠮᠳᠠᠳᠤ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠫᠷᠦᠹᠧᠰᠰᠤᠷ ᠪᠢᠶᠠᠨ ᠰᠢᠦ ᠴᠢᠤᠸᠠᠨ᠄ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠭᠯᠡᠯᠳᠡ ᠬᠠᠮᠢᠶᠠᠷᠤᠯᠳᠠ ᠶᠢ ᠲᠦᠷᠢᠮᠵᠢᠬᠦᠯᠬᠦ ᠲᠤᠬᠠᠢ ᠵᠠᠷᠯᠠᠯ︾ ᠤᠨ ᠬᠠᠮᠤᠬ ᠤᠨ ᠶᠡᠭᠡ ᠬᠢᠯᠠᠰ ᠴᠡᠭ ᠨᠢ ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠪᠤᠯᠤᠨ ᠲᠡᠬᠦᠨ ᠤ ᠠᠵᠢᠯᠳᠠᠨ ᠤ ᠡᠬᠦᠷᠬᠡ ᠶᠢ ᠴᠢᠩᠭᠠᠳᠬᠠᠬᠰᠠᠨ ᠳᠤ ᠪᠤᠢ᠃ ᠭᠤᠤᠯ ᠪᠤᠯᠬᠤ ᠠᠭᠤᠯᠭ᠎ᠠ ᠨᠢ᠂ ᠲᠤᠰᠢᠶᠠᠯ ᠬᠠᠷᠢᠭᠤᠴᠠᠯᠭ᠎ᠠ ᠡᠰᠡᠪᠡᠯ ᠦᠢᠯᠡᠴᠢᠯᠡᠭᠡ ᠬᠠᠩᠭᠠᠬᠤ ᠶᠠᠪᠤᠴᠠ ᠲᠤᠮᠳᠠ ᠪᠠᠨ᠂ ᠲᠤᠬᠠᠢ ᠶᠢᠨ ᠲᠠᠯᠠᠪᠤᠷ ᠲᠤᠨᠢ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠦᠮᠦᠨ᠂ ᠦᠨᠡᠮᠯᠡᠯ ᠨᠢᠬᠡᠳᠦᠯᠳᠡᠢ ᠴᠢᠨᠠᠷ ᠢ ᠬᠢᠨᠠᠨ ᠪᠠᠶᠢᠴᠠᠭᠠᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠲᠡᠭᠡᠷ᠎ᠡ ᠲᠡᠮᠳᠡᠭᠯᠡᠭᠦᠰᠢᠳᠡᠢ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢ ᠲᠤᠷ᠎ᠡ ᠪᠠᠷ ᠲᠡᠮᠳᠡᠭᠯᠡᠵᠦ ᠪᠤᠯᠬᠤ ᠦᠬᠡᠢ︔ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠲᠤᠷ᠎ᠠ ᠪᠠᠷ ᠲᠠᠷᠤᠮᠠᠯᠯᠠᠵᠤ ᠰᠢᠷᠪᠢᠵᠦ ᠪᠤᠯᠬᠤ ᠦᠬᠡᠢ᠂ ᠡᠷᠬᠡᠳᠦ ᠠᠷᠠᠳ ᠤᠨ ᠪᠡᠶ᠎ᠡ ᠶᠢᠨ ᠦᠨᠡᠮᠯᠡᠯ ᠢ ᠪᠠᠷᠢᠴᠠᠭᠠᠨ ᠳᠤ ᠦᠯᠡᠳᠡᠬᠡᠬᠦ ᠡᠰᠡᠪᠡᠯ ᠪᠠᠷᠢᠴᠠᠭᠠᠯᠠᠵᠤ ᠪᠤᠯᠬᠤ ᠦᠬᠡᠢ ᠵᠡᠷᠬᠡ ᠪᠠᠭᠳᠠᠨ᠎ᠠ᠃ ᠡᠳᠡᠬᠡᠷ ᠤᠨ ᠵᠠᠷᠢᠮ ᠨᠢ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠦᠷᠢᠮ ᠲᠤᠬᠳᠠᠭᠠᠯ ᠢ ᠲᠠᠪᠳᠠᠵᠤ᠂ ᠵᠠᠷᠢᠮ ᠨᠢ ᠰᠢᠨ᠎ᠡ ᠪᠠᠷ ᠨᠡᠮᠡᠭᠳᠡᠭᠰᠡᠨ ᠠᠭᠤᠯᠭ᠎ᠠ ᠪᠤᠯᠤᠨ᠎ᠠ᠃ ᠲᠡᠬᠦᠨ ᠤ ᠬᠢᠯᠠᠰ ᠴᠡᠭ ᠨᠢ ᠤᠯᠤᠰ ᠤᠨ ᠠᠯᠪᠠᠨ ᠪᠠᠶᠢᠭᠤᠯᠤᠯᠭ᠎ᠠ ᠡᠰᠡᠪᠡᠯ ᠬᠠᠮᠢᠶ᠎ᠠ ᠪᠦᠬᠦᠢ ᠪᠠᠶᠢᠭᠤᠯᠤᠯᠭ᠎ᠠ ᠨᠢᠬᠡᠴᠡ ᠪᠤᠯᠤᠨ ᠲᠡᠬᠦᠨ ᠤ ᠠᠵᠢᠯᠳᠠᠨ ᠢ ᠱᠠᠭᠠᠷᠳᠠᠨ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠡᠰᠡᠪᠡᠯ ᠦᠢᠯᠡᠴᠢᠯᠡᠭᠡ ᠬᠠᠩᠭᠠᠬᠤ ᠶᠠᠪᠤᠴᠠ ᠲᠤᠮᠳᠠ ᠪᠠᠨ ᠤᠯᠵᠤ ᠮᠡᠳᠡᠭᠰᠡᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠲᠡᠭᠡᠷ᠎ᠡ ᠲᠡᠮᠳᠡᠭᠯᠡᠭᠦᠰᠢᠳᠡᠢ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠨᠢᠭᠤᠴᠠ ᠶᠢ ᠬᠠᠮᠠᠭᠠᠯᠠᠬᠤ ᠵᠡᠷᠬᠡ ᠪᠤᠯᠤᠨ᠎ᠠ᠃ ᠡᠨᠡ ᠨᠢ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠦᠷᠬᠦᠯᠵᠢ ᠶᠡᠭᠡ ᠬᠡᠮᠵᠢᠶ᠎ᠡ᠂ ᠶᠡᠭᠡ ᠬᠦᠷᠢᠶ᠎ᠡ ᠬᠡᠪᠴᠢᠶ᠎ᠡ ᠪᠠᠷ ᠵᠠᠳᠠᠷᠠᠵᠤ ᠪᠦᠬᠦᠢ ᠦᠨᠦᠳᠦᠷ ᠮᠠᠰᠢ ᠴᠢᠬᠤᠯᠠ ᠤᠳᠤᠬᠢᠴᠢ ᠠᠴᠢ ᠬᠤᠯᠪᠤᠬᠳᠠᠯ ᠲᠠᠢ ᠶᠤᠮ᠃       ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠭᠯᠡᠯᠳᠡ ᠬᠠᠮᠢᠶᠠᠷᠤᠯᠳᠠ ᠶᠢ ᠲᠦᠷᠢᠮᠵᠢᠬᠦᠯᠬᠦ ᠲᠤᠬᠠᠢ ᠵᠠᠷᠯᠠᠯ︾ ᠢ ᠵᠢᠩᠬᠢᠨᠢ ᠪᠠᠷ ᠨᠠᠶᠢᠳᠠᠪᠤᠷᠢᠵᠢᠭᠤᠯᠤᠬᠰᠠᠨ ᠨᠢ᠂ ᠡᠷᠬᠡᠳᠦ ᠠᠷᠠᠳ ᠤᠨ ᠬᠠᠤᠯᠢ ᠶᠤᠰᠤᠨ ᠤ ᠡᠷᠬᠡ ᠠᠰᠢᠬ ᠢ ᠨᠡᠩ ᠰᠠᠶᠢᠳᠤᠷ ᠬᠠᠮᠠᠭᠠᠯᠠᠨ᠂ ᠡᠷᠬᠡᠳᠦ ᠠᠷᠠᠳ ᠤᠨ ᠬᠤᠪᠢ ᠬᠦᠮᠦᠨ ᠤ ᠮᠡᠳᠡᠭᠡ ᠵᠠᠩᠬᠢ ᠶᠢᠨ ᠠᠮᠤᠷ ᠲᠦᠪᠰᠢᠨ ᠢ ᠬᠠᠮᠠᠭᠠᠯᠠᠨ᠂ ᠤᠯᠠᠨ ᠨᠡᠶᠢᠳᠡ ᠶᠢᠨ ᠦᠢᠯᠡᠴᠢᠯᠡᠬᠡᠨ ᠤ ᠲᠦᠪᠰᠢᠨ ᠢ ᠲᠡᠭᠡᠭᠰᠢᠯᠡᠬᠦᠯᠦᠨ᠂ ᠨᠡᠶᠢᠬᠡᠮ ᠤᠨ ᠢᠳᠡᠬᠡᠮᠵᠢ ᠶᠢᠨ ᠰᠢᠰᠲᠧᠮ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠬᠤ ᠳᠤ ᠲᠤᠰᠠᠳᠠᠢ ᠶᠤᠮ᠃ ᠶᠡᠭᠡ ᠬᠡᠮᠵᠢᠶᠡᠨ ᠤ ᠮᠦᠩᠬᠦᠨ ᠬᠦᠢᠯᠬᠡᠬᠡᠨ ᠤ ᠮᠡᠬᠡᠯᠡᠭᠰᠡᠨ ᠬᠡᠷᠡᠭ ᠨᠢ ᠮᠠᠰᠢ ᠤᠯᠠᠨ ᠬᠠᠤᠯᠢ ᠪᠤᠰᠤ ᠡᠳᠡᠬᠡᠳ ᠪᠡᠶ᠎ᠡ ᠶᠢᠨ ᠦᠨᠡᠮᠯᠡᠯ ᠢ ᠲᠠᠷᠤᠮᠠᠯᠯᠠᠨ ᠰᠢᠷᠪᠢᠬᠦ ᠵᠠᠪᠰᠢᠶᠠᠨ ᠢ ᠲᠠᠯᠢᠮᠳᠠᠭᠤᠯᠤᠨ᠂ ᠬᠠᠤᠯᠢ ᠠᠴᠠ ᠵᠦᠷᠢᠴᠡᠭᠰᠡᠨ ᠭᠡᠷᠡᠭ ᠦᠢᠯᠡᠳᠴᠤ᠂ ᠡᠷᠬᠡᠳᠦ ᠠᠷᠠᠳ ᠤᠨ ᠡᠷᠬᠡ ᠠᠰᠢᠬ ᠲᠤ ᠲᠦᠰᠦᠬᠡᠯᠡᠬᠦᠶ᠎ᠡ ᠪᠡᠷᠬᠡ ᠬᠤᠬᠢᠷᠠᠯ ᠤᠴᠠᠷᠠᠭᠤᠯᠤᠬᠰᠠᠨ ᠢ ᠰᠠᠨᠠᠭᠤᠯᠵᠤ ᠪᠤᠢ᠃ ᠬᠤᠵᠢᠮ ᠡᠷᠬᠡᠳᠦ ᠠᠷᠠᠳ ᠤᠨ ᠪᠡᠶ᠎ᠡ ᠶᠢᠨ ᠦᠨᠡᠮᠯᠡᠯ ᠤᠨ ᠬᠡᠷᠡᠭᠯᠡᠯᠳᠡ ᠨᠡᠩ ᠦᠷᠬᠡᠵᠢᠵᠦ᠂ ᠡᠷᠬᠡᠳᠦ ᠠᠷᠠᠳ ᠤᠨ ᠬᠤᠪᠢ ᠪᠡᠶ᠎ᠡ ᠡᠳ᠋ ᠬᠦᠷᠦᠩᠬᠡ ᠲᠠᠢ ᠨᠡᠩ ᠨᠢᠬᠳᠠ ᠬᠠᠷᠢᠴᠠᠭ᠎ᠠ ᠲᠠᠢ ᠪᠤᠯᠬᠤ ᠪᠤᠯᠤᠨ᠎ᠠ᠃ ᠬᠡᠷᠪᠡ ᠲᠤᠷ᠎ᠠ ᠪᠠᠷ ᠬᠡᠷᠡᠭᠯᠡᠭᠳᠡᠨ ᠬᠤᠯᠠᠭᠠᠢᠢᠯᠠᠨ ᠬᠡᠷᠡᠭᠯᠡᠭᠳᠡᠮᠡᠭᠴᠡ ᠡᠷᠬᠡᠳᠦ ᠠᠷᠠᠳ ᠤᠨ ᠬᠤᠪᠢ ᠪᠡᠶ᠎ᠡ ᠡᠳ᠋ ᠬᠦᠷᠦᠩᠬᠡ ᠳᠤ ᠲᠦᠢᠯ ᠤᠨ ᠶᠡᠭᠡ ᠬᠤᠬᠢᠷᠠᠯ ᠠᠪᠴᠢᠷᠠᠬᠤ ᠪᠤᠯᠤᠨ᠎ᠠ᠃ ᠡᠶᠢᠮᠦ ᠠᠴᠠ ᠡᠷᠬᠡᠳᠦ ᠠᠷᠠᠳ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠬᠡᠷᠡᠭᠯᠡᠨ ᠬᠠᠳᠠᠭᠠᠯᠠᠨ ᠬᠠᠮᠢᠶᠠᠷᠬᠤ ᠦᠶᠡᠰ ᠲᠡᠭᠡᠨ᠂ ᠴᠠᠬ ᠢᠮᠠᠬᠳᠠ ᠨᠠᠷᠢᠨ ᠬᠢᠨᠠᠮᠠᠭᠠᠢ ᠪᠠᠶᠢᠵᠤ᠂ ᠬᠡᠬᠡᠵᠦ ᠬᠤᠯᠠᠭᠠᠢᠢᠯᠠᠬᠳᠠᠬᠤ ᠠᠴᠠ ᠰᠡᠷᠬᠡᠶᠢᠯᠡᠪᠡᠯ ᠵᠤᠬᠢᠨ᠎ᠠ᠃ ᠬᠡᠷᠪᠡ ᠬᠡᠬᠡᠬᠦ ᠳᠤ ᠬᠦᠷᠪᠡᠯ ᠲᠤᠤᠷ᠎ᠠ ᠨᠢ ᠲᠤᠳᠤᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠳᠤ ᠠᠯᠳᠠᠬᠰᠠᠨ ᠢᠶᠠᠨ ᠮᠡᠳᠡᠬᠦᠯᠵᠦ᠂ ᠨᠦᠬᠦᠵᠦ ᠬᠢᠬᠦ ᠶᠢᠨ ᠬᠠᠮᠳᠤ ᠬᠠᠮᠢᠶ᠎ᠠ ᠪᠦᠬᠦᠢ ᠬᠡᠷᠡᠴᠢ ᠪᠠᠷᠢᠮᠳᠠ ᠶᠢ ᠬᠠᠳᠠᠭᠠᠯᠠᠨ ᠦᠯᠡᠳᠡᠬᠡᠵᠦ᠂ ᠬᠡᠷᠪᠡ ᠬᠠᠭᠤᠷᠮᠠᠬᠯᠠᠨ ᠬᠡᠷᠡᠭᠯᠡᠭᠳᠡᠭᠡᠳ ᠠᠵᠤ ᠠᠬᠤᠢ ᠶᠢᠨ ᠵᠢᠭᠤᠷᠠᠯᠳᠤᠭᠠᠨ ᠭᠠᠷᠬᠤ ᠦᠶᠡᠰ ᠬᠡᠷᠡᠴᠢ ᠭᠠᠷᠭᠠᠬᠤ ᠳᠤ ᠪᠡᠯᠡᠳᠬᠡᠪᠡᠯ ᠲᠠᠭᠠᠷᠠᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号