ᠨᠤᠳᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠪᠠᠯ ᠬᠡᠷᠬᠢᠨ ᠰᠢᠳᠭᠡᠭᠦ ᠪᠤᠢ︖
ᠨᠡᠶᠢᠲᠡᠯᠡᠭᠰᠡᠨ ᠴᠠᠭ᠄
2016/10/25
      ᠮᠠᠨ ᠤ ᠤᠯᠤᠰ ᠤᠨ ︽ᠨᠤᠳᠤᠭ ᠪᠡᠯᠴᠢᠭᠡᠷ ᠤᠨ ᠬᠠᠤᠯᠢ︾ ᠶᠢᠨ 66 ᠳ᠋ᠤᠭᠠᠷ ᠵᠦᠢᠯ ᠳᠠᠬᠢ ᠲᠤᠬᠳᠠᠭᠠᠯ ᠢ ᠦᠨᠳᠦᠰᠦᠯᠡᠪᠡᠯ᠂ ᠨᠤᠳᠤᠭ ᠪᠡᠯᠴᠢᠭᠡᠷ ᠢ ᠬᠠᠤᠯᠢ ᠪᠤᠰᠤ ᠪᠠᠷ ᠬᠠᠭᠠᠯᠪᠤᠷᠢᠯᠠᠭᠠᠳ ᠶᠠᠯ ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ︔ ᠡᠷᠡᠭᠦᠦ ᠶᠢᠨ ᠬᠡᠷᠡᠭ ᠤᠨ ᠰᠢᠳᠭᠡᠯ ᠳᠤ ᠬᠦᠷᠭᠦ ᠦᠭᠡᠢ ᠪᠤᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠤᠳᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠷᠭᠡ ᠲᠤᠰᠢᠶᠠᠯ ᠶᠤᠰᠤᠭᠠᠷ ᠵᠠᠷᠯᠢᠬᠳᠠᠵᠤ ᠪᠠᠶᠢᠭᠠᠳ ᠬᠠᠤᠯᠢ ᠪᠤᠰᠤ ᠠᠵᠢᠯᠯᠠᠭ᠎ᠠ ᠶᠢ ᠨᠢ ᠵᠤᠬᠰᠤᠭᠠᠵᠤ᠂ ᠬᠤᠭᠤᠴᠠᠭ᠎ᠠ ᠬᠢᠵᠠᠭᠠᠷᠯᠠᠨ ᠤᠷᠭᠤᠮᠠᠯ ᠤᠨ ᠪᠦᠷᠬᠦᠪᠴᠢ ᠶᠢ ᠰᠡᠷᠭᠦᠭᠡᠯᠭᠡᠵᠤ᠂ ᠬᠠᠤᠯᠢ ᠪᠤᠰᠤ ᠡᠳ᠋ ᠬᠦᠷᠦᠩᠭᠡ ᠪᠠ ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠳᠤ ᠬᠠᠤᠯᠢ ᠪᠤᠰᠤ ᠤᠯᠵᠠᠪᠤᠷᠢ ᠶᠢᠨ ᠬᠢᠨᠢ 1 ᠲᠠᠬᠢᠨ ᠠᠴᠠ ᠲᠡᠭᠡᠭᠰᠢ 5 ᠲᠠᠬᠢᠨ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔ ᠬᠠᠤᠯᠢ ᠪᠤᠰᠤ ᠤᠯᠵᠠᠪᠤᠷᠢ ᠦᠭᠡᠢ ᠪᠤᠯ 5 ᠲᠦᠮᠡᠨ ᠲᠦᠭᠦᠷᠢᠭ ᠠᠴᠠ ᠲᠤᠷᠤᠬᠰᠢ ᠵᠤᠭᠤᠰ ᠢᠶᠠᠷ ᠲᠤᠷᠭᠠᠨ᠎ᠠ︔ ᠨᠤᠳᠤᠭ ᠪᠡᠯᠴᠢᠭᠡᠷ ᠤᠨ ᠦᠮᠴᠢᠯᠡᠭᠴᠢ ᠪᠤᠶᠤ ᠬᠡᠷᠡᠭᠯᠡᠭᠴᠢ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦ ᠬᠠᠷᠢᠭᠤᠴᠠᠯᠭ᠎ᠠ ᠡᠭᠦᠷᠭᠡᠯᠡᠭᠦ ᠬᠡᠷᠡᠭᠳᠡᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号