ᠢᠷᠭᠡᠨ ᠤ ᠬᠠᠤᠯᠢ ᠶᠢᠨ ᠶᠡᠷᠦᠩᠭᠡᠢ ᠲᠦᠷᠢᠮ ᠤᠨ ᠲᠦᠰᠦᠯ ᠤᠨ ᠭᠤᠷᠪᠠᠳᠠᠬᠢ ᠬᠢᠨᠠᠯᠲᠠ ᠳᠤ ᠬᠦᠮᠦᠰ ᠤᠨ ᠠᠮᠢᠳᠤᠷᠠᠯ ᠢ ᠨᠦᠯᠦᠭᠡᠯᠡᠬᠦ ᠶᠠᠮᠠᠷ ᠶᠠᠮᠠᠷ ᠠᠭᠤᠯᠭ᠎ᠠ ᠪᠠᠶᠢᠬᠤ ᠪᠤᠢ︖
ᠨᠡᠶᠢᠲᠡᠯᠡᠭᠰᠡᠨ ᠴᠠᠭ᠄
2016/12/26
      ᠠᠩᠬᠠᠷᠤᠯ ᠤᠨ ᠴᠡᠭ 1᠄ ᠰᠢᠳᠤᠷᠭᠤ ᠶᠤᠰᠤᠨ ᠤ ᠲᠦᠯᠦᠭᠡᠬᠢ ᠪᠠᠭᠠᠳᠤᠷᠯᠢᠭ ᠦᠢᠯᠡ ᠠᠵᠢᠯᠯᠠᠭ᠎ᠠ ᠶᠢ ᠬᠡᠷᠬᠢᠨ ᠬᠠᠮᠠᠭᠠᠯᠠᠬᠤ ᠪᠤᠢ︖       ᠵᠠᠩᠬᠢᠯᠠᠭ᠎ᠠ ᠶᠢᠨ ᠴᠡᠭ — — ᠪᠠᠴᠢᠮ ᠠᠪᠤᠷᠠᠨ ᠲᠤᠰᠠᠯᠠᠯᠲᠠ ᠶᠢᠨ ᠬᠠᠷᠢᠭᠤᠴᠠᠯᠭ᠎ᠠ ᠬᠡᠯᠳᠦᠷᠢᠬᠦᠯᠬᠦ ᠵᠦᠢᠯ ᠵᠤᠷᠪᠤᠰ ᠢ ᠰᠢᠨ᠎ᠡ ᠪᠠᠷ ᠨᠡᠮᠡᠪᠡ       ᠠᠭᠤᠯᠭ᠎ᠠ᠄ ᠲᠦᠰᠦᠯ ᠳᠤ᠄ ᠪᠠᠴᠢᠮ ᠠᠪᠤᠷᠠᠨ ᠲᠤᠰᠠᠯᠠᠯᠲᠠ ᠶᠢᠨ ᠦᠢᠯᠡ ᠠᠵᠢᠯᠯᠠᠭ᠎ᠠ ᠬᠢᠭᠡᠳ ᠲᠤᠰᠠᠯᠠᠮᠵᠢ ᠬᠦᠷᠳᠡᠭᠴᠢ ᠳᠤ ᠬᠤᠬᠢᠷᠠᠯ ᠤᠴᠠᠭᠤᠯᠤᠭᠰᠠᠨ ᠪᠠᠶᠢᠪᠠᠯ᠂ ᠬᠦᠨᠳᠤ ᠶᠡᠭᠡ ᠠᠳᠡᠯ ᠲᠠᠢ ᠶᠢ ᠭᠠᠷᠭᠠᠪᠠᠯ᠂ ᠠᠪᠤᠷᠠᠨ ᠲᠤᠰᠠᠯᠠᠭᠴᠢ ᠨᠢ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠦᠭᠡᠢ᠃       ᠠᠩᠬᠠᠷᠤᠯ ᠤᠨ ᠴᠡᠭ 2᠄ ᠬᠡᠷᠬᠢᠨ ᠨᠠᠰᠤᠨ ᠳᠤ ᠦᠯᠦ ᠬᠦᠷᠦᠭᠰᠡᠳ ᠪᠠ ᠬᠢᠨᠠᠨ ᠬᠠᠮᠠᠭᠠᠯᠠᠭᠴᠢ ᠦᠭᠡᠢ ᠨᠠᠰᠤᠲᠠᠶᠢᠴᠤᠳ ᠢ ᠤᠯᠠᠮ ᠨᠢᠭᠡ ᠠᠯᠬᠤᠮ ᠬᠠᠮᠠᠭᠠᠯᠠᠬᠤ ᠪᠤᠢ︖       ᠵᠠᠩᠬᠢᠯᠠᠭ᠎ᠠ ᠶᠢᠨ ᠴᠡᠭ — — ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠤᠷᠢᠳᠠᠪᠠᠷ ᠡᠬᠦᠷᠭᠡᠯᠡᠨ᠎ᠡ       ᠠᠭᠤᠯᠭ᠎ᠠ᠄ ᠲᠦᠰᠦᠯ ᠤᠨ ᠬᠤᠶᠠᠳᠠᠬᠢ ᠬᠢᠨᠠᠯᠲᠠ ᠶᠢᠨ ᠨᠤᠤᠷᠠᠭ ᠲᠤ᠂ ᠬᠢᠨᠠᠨ ᠬᠠᠮᠠᠭᠠᠯᠠᠬᠤ ᠡᠷᠭᠡ ᠪᠦᠬᠦᠢ ᠬᠦᠮᠦᠨ ᠦᠭᠡᠢ ᠪᠤᠯ᠂ ᠬᠢᠨᠠᠨ ᠬᠠᠮᠠᠭᠠᠯᠠᠭᠳᠠᠭᠴᠢ ᠶᠢᠨ ᠤᠷᠤᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠬᠠᠮᠠᠭᠠᠯᠠᠭᠴᠢ ᠶᠢᠨ ᠡᠬᠦᠷᠭᠡ ᠶᠢ ᠡᠬᠦᠷᠭᠡᠯᠡᠨ᠎ᠡ ᠭᠡᠵᠤ ᠲᠤᠭᠲᠠᠭᠠᠵᠠᠢ᠃ ᠭᠤᠷᠪᠠᠳᠠᠬᠢ ᠬᠢᠨᠠᠯᠲᠠ ᠶᠢᠨ ᠨᠤᠤᠷᠠᠭ ᠲᠤ ᠲᠤᠰ ᠵᠦᠢᠯ ᠢ᠄ ᠬᠢᠨᠠᠨ ᠬᠠᠮᠠᠭᠠᠯᠠᠬᠤ ᠡᠷᠭᠡ ᠪᠦᠬᠦᠢ ᠬᠦᠮᠦᠨ ᠦᠭᠡᠢ ᠪᠤᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠬᠠᠮᠠᠭᠠᠯᠠᠭᠴᠢ ᠶᠢᠨ ᠡᠬᠦᠷᠭᠡ ᠶᠢ ᠡᠬᠦᠷᠭᠡᠯᠡᠨ᠎ᠡ᠂ ᠬᠢᠨᠠᠨ ᠬᠠᠮᠠᠭᠠᠯᠠᠭᠳᠠᠭᠴᠢ ᠶᠢᠨ ᠤᠷᠤᠨ ᠰᠠᠭᠤᠴᠠ ᠎ ᠶᠢᠨ ᠭᠠᠵᠠᠷ ᠤᠨ ᠨᠦᠬᠦᠴᠡᠯ ᠲᠠᠢ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠠᠴᠠ ᠡᠬᠦᠷᠭᠡᠯᠡᠭᠰᠡᠨ ᠴᠦ ᠪᠤᠯᠤᠨ᠎ᠠ ᠭᠡᠵᠤ ᠵᠠᠰᠠᠵᠠᠢ᠃       ᠠᠩᠬᠠᠷᠤᠯ ᠤᠨ ᠴᠡᠭ 3᠄ ᠬᠢᠨᠠᠨ ᠬᠠᠮᠠᠭᠠᠯᠠᠬᠴᠢ ᠶᠢᠨ ᠬᠢᠷᠢ ᠬᠡᠮ ᠢ ᠰᠡᠷᠬᠦᠭᠡᠬᠦ ᠶᠠᠪᠤᠳᠠᠯ ᠢ ᠬᠡᠷᠬᠢᠨ ᠵᠢᠷᠤᠮᠵᠢᠭᠤᠯᠬᠤ ᠪᠤᠢ︖       ᠵᠠᠩᠬᠢᠯᠠᠭ᠎ᠠ ᠶᠢᠨ ᠴᠡᠭ — ᠨᠠᠰᠤᠨ ᠳᠤ ᠦᠯᠦ ᠬᠦᠷᠦᠭᠰᠡᠳ ᠲᠤ ᠵᠤᠷᠢᠭᠤᠲᠠ ᠶᠠᠯ᠎ᠠ ᠬᠢᠭᠰᠡᠨ ᠪᠠᠶᠢᠪᠠᠯ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠬᠤ ᠦᠭᠡᠢ       ᠠᠭᠤᠯᠭ᠎ᠠ᠄ ᠨᠠᠰᠤᠨ ᠳᠤ ᠦᠯᠦ ᠬᠦᠷᠦᠭᠰᠡᠳ ᠤᠨ ᠡᠴᠢᠭᠡ ᠡᠭᠡ ᠶᠢᠨ ᠬᠢᠨᠢ ᠬᠢᠨᠠᠨ ᠬᠠᠮᠠᠭᠠᠯᠠᠭᠴᠢ ᠶᠢᠨ ᠬᠢᠷ ᠬᠡᠮ ᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠬᠡᠷᠬᠢᠨ ᠰᠡᠷᠬᠦᠭᠡᠬᠦ ᠲᠤᠭᠲᠠᠭᠠᠯ ᠤᠨ ᠲᠤᠬᠠᠢ᠂ ᠬᠤᠶᠠᠳᠠᠬᠢ ᠬᠢᠨᠠᠯᠲᠠ ᠶᠢᠨ ᠨᠤᠤᠷᠠᠭ ᠲᠠᠢ ᠬᠠᠷᠢᠴᠠᠭᠤᠯᠪᠠᠯ ᠭᠤᠷᠪᠠᠳᠠᠬᠢ ᠬᠢᠨᠠᠯᠲᠠ ᠶᠢᠨ ᠨᠤᠤᠷᠠᠭ ᠲᠤ ᠬᠢᠵᠠᠭᠠᠷᠯᠠᠬᠤ ᠨᠦᠬᠦᠴᠡᠯ ᠨᠡᠮᠡᠭᠰᠡᠨ ᠪᠠᠶᠢᠨ᠎ᠠ᠃ ᠭᠤᠷᠪᠠᠳᠠᠬᠢ ᠬᠢᠨᠠᠯᠲᠠ ᠶᠢᠨ ᠨᠤᠤᠷᠠᠭ ᠲᠤ᠄ ᠠᠷᠠᠳ ᠤᠨ ᠰᠢᠬᠦᠬᠦ ᠬᠤᠷᠢᠶ᠎ᠠ ᠠᠴᠠ ᠬᠢᠨᠠᠨ ᠬᠠᠮᠠᠭᠠᠯᠠᠭᠳᠠᠭᠴᠢ ᠶᠢᠨ ᠡᠴᠢᠭᠡ ᠡᠭᠡ ᠪᠤᠶᠤ ᠦᠷ᠎ᠡ ᠬᠡᠦᠭᠡᠳ ᠤᠨ ᠬᠢᠨᠢ ᠬᠢᠨᠠᠨ ᠬᠠᠮᠠᠭᠠᠯᠠᠬᠤ ᠬᠢᠷᠢ ᠬᠡᠮ ᠢ ᠬᠦᠴᠦᠨ ᠦᠭᠡᠢ ᠪᠤᠯᠭᠠᠭᠰᠠᠨ ᠤ ᠲᠠᠷᠠᠭ᠎ᠠ᠂ ᠬᠢᠨᠠᠨ ᠬᠠᠮᠠᠭᠠᠯᠠᠭᠳᠠᠭᠴᠢ ᠳᠤ ᠵᠤᠷᠢᠭᠤᠲᠠ ᠶᠠᠯ᠎ᠠ ᠬᠢᠭᠰᠡᠨ ᠢ ᠭᠠᠷᠭᠠᠪᠠᠯ᠂ ᠦᠨᠡᠨ ᠬᠦ ᠭᠡᠮᠰᠢᠨ ᠵᠠᠰᠠᠷᠠᠬᠤ ᠢᠯᠡᠷᠡᠯ ᠲᠠᠢ ᠪᠦᠭᠡᠳ ᠭᠤᠶᠤᠴᠢᠯᠠᠯ ᠭᠠᠷᠭᠠᠭᠰᠠᠨ ᠪᠠᠶᠢᠪᠠᠯ᠂ ᠠᠷᠠᠳ ᠤᠨ ᠰᠢᠬᠦᠬᠦ ᠬᠤᠷᠢᠶ᠎ᠠ ᠬᠢᠨᠠᠨ ᠬᠠᠮᠠᠭᠠᠯᠠᠭᠳᠠᠭᠴᠢ ᠶᠢᠨ ᠦᠨᠡᠨ ᠰᠠᠨᠠᠭ᠎ᠠ ᠶᠢ ᠬᠦᠨᠳᠦᠳᠭᠡᠭᠰᠡᠨ ᠤᠷᠢᠳᠠᠯ ᠲᠤᠤᠷ᠎ᠠ᠂ ᠪᠠᠶᠢᠳᠠᠯ ᠢ ᠦᠵᠡᠵᠤ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠤᠨ᠎ᠠ᠃       ᠠᠩᠬᠠᠷᠤᠯ ᠤᠨ ᠴᠡᠭ 4᠄ ᠬᠦᠳᠡᠯᠬᠦ ᠬᠦᠷᠦᠩᠭᠡ ᠪᠠ ᠦᠯᠦ ᠬᠦᠳᠡᠯᠬᠦ ᠬᠦᠷᠦᠩᠭᠡ ᠨᠢ ᠲᠠᠳᠠᠪᠤᠷᠢᠯᠠᠭᠳᠠᠭᠰᠠᠳ᠂ ᠲᠠᠳᠠᠪᠤᠷᠢᠯᠠᠭᠳᠠᠨ ᠬᠡᠷᠡᠭᠯᠡᠭᠳᠡᠭᠰᠡᠳ ᠤᠨ ᠡᠷᠭᠡ ᠠᠰᠢᠭ ᠢ ᠬᠡᠷᠬᠢᠨ ᠬᠠᠮᠠᠭᠠᠯᠠᠬᠤ ᠪᠤᠢ︖       ᠵᠠᠩᠬᠢᠯᠠᠭ᠎ᠠ ᠶᠢᠨ ᠴᠡᠭ — — ᠲᠦᠪ ᠭᠤᠤᠯᠴᠢ ᠵᠦᠢ ᠵᠤᠬᠢᠰᠲᠠᠢ ᠨᠦᠬᠦᠪᠤᠷᠢ ᠦᠭᠬᠦᠨ᠎ᠡ       ᠠᠭᠤᠯᠭ᠎ᠠ᠄ ᠲᠦᠰᠦᠯ ᠤᠨ ᠭᠤᠷᠪᠠᠳᠠᠬᠢ ᠬᠢᠨᠠᠯᠲᠠ ᠶᠢᠨ ᠨᠤᠤᠷᠠᠭ ᠲᠤ ᠠᠷᠠᠳ ᠢᠷᠭᠡᠨ ᠤ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ ᠠᠴᠠ ᠪᠤᠯᠵᠤ ᠨᠦᠬᠦᠪᠤᠷᠢ ᠤᠯᠬᠤ ᠡᠷᠭᠡ ᠶᠢᠨ ᠲᠤᠬᠠᠢ ᠵᠠᠷᠴᠢᠮ ᠤᠨ ᠴᠢᠨᠠᠷᠲᠠᠢ ᠲᠤᠭᠲᠠᠭᠠᠯ ᠭᠠᠷᠭᠠᠪᠠ᠃ ᠡᠬᠦᠨ ᠳᠤ᠂ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠠᠴᠠ ᠪᠤᠯᠵᠤ᠂ ᠬᠠᠤᠯᠢ ᠴᠠᠭᠠᠵᠠ ᠎ ᠳᠤ ᠲᠤᠭᠲᠠᠭᠠᠭᠰᠠᠨ ᠡᠷᠭᠡ ᠶᠢᠨ ᠬᠢᠵᠠᠭᠠᠷ ᠪᠠ ᠵᠢᠷᠤᠮ ᠢ ᠦᠨᠳᠦᠰᠦᠯᠡᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠶᠢ ᠨᠢ ᠲᠠᠳᠠᠪᠤᠷᠢᠯᠠᠭᠰᠠᠨ᠂ ᠲᠠᠳᠠᠪᠤᠷᠢᠯᠠᠨ ᠬᠡᠷᠡᠭᠯᠡᠭᠰᠡᠨ ᠪᠠᠶᠢᠪᠠᠯ᠂ ᠲᠦᠪ ᠭᠤᠤᠯᠴᠢ᠂ ᠵᠦᠢ ᠵᠤᠬᠢᠰᠲᠠᠢ ᠨᠦᠬᠦᠪᠤᠷᠢ ᠦᠭᠬᠦ ᠬᠡᠷᠡᠭᠲᠠᠢ ᠭᠡᠵᠤ ᠲᠤᠭᠲᠠᠭᠠᠵᠠᠢ᠃       ᠠᠩᠬᠠᠷᠤᠯ ᠤᠨ ᠴᠡᠭ 5᠄ ᠦᠨᠳᠦᠰᠦᠨ ᠱᠠᠳᠤᠨ ᠤ ᠵᠠᠰᠠᠯᠲᠠ ᠪᠠ ᠠᠵᠤ ᠠᠬᠤᠢ ᠶᠢᠨ ᠬᠦᠭᠵᠢᠯᠲᠡ ᠶᠢ ᠬᠡᠷᠬᠢᠨ ᠠᠬᠢᠭᠤᠯᠬᠤ ᠪᠤᠢ︖       ᠵᠠᠩᠬᠢᠯᠠᠭ᠎ᠠ ᠶᠢᠨ ᠴᠡᠭ — — ᠭᠠᠴᠠᠭᠠᠨ ᠤ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠨᠢ ︽ᠤᠨᠴᠠᠭᠠᠢ ᠬᠠᠤᠯᠢ ᠶᠢᠨ ᠬᠦᠮᠦᠨ︾᠎ ᠳᠤ ᠪᠠᠭᠲᠠᠨ᠎ᠠ ᠭᠡᠵᠤ ᠲᠤᠭᠲᠠᠭᠠᠪᠠ ᠠᠭᠤᠯᠭ᠎ᠠ᠄ ᠬᠤᠶᠠᠳᠠᠬᠢ ᠬᠢᠨᠠᠯᠲᠠ ᠶᠢᠨ ᠨᠤᠤᠷᠠᠭ ᠲᠠᠢ ᠬᠠᠷᠢᠴᠠᠭᠤᠯᠪᠠᠯ᠂ ᠲᠦᠰᠦᠯ ᠤᠨ ᠭᠤᠷᠪᠠᠳᠠᠬᠢ ᠬᠢᠨᠠᠯᠲᠠ ᠶᠢᠨ ᠨᠤᠤᠷᠠᠭ ᠲᠤ ︽ᠤᠨᠴᠠᠭᠠᠢ ᠬᠠᠤᠯᠢ ᠎ ᠶᠢᠨ ᠬᠦᠮᠦᠨ︾ ᠭᠡᠰᠡᠨ ᠨᠢᠭᠡ ᠭᠡᠰᠡᠭ ᠢ ᠨᠡᠮᠡᠭᠰᠡᠨ ᠪᠠᠶᠢᠨ᠎ᠠ᠃ ᠡᠬᠦᠨ ᠳᠤ᠂ ᠪᠠᠶᠢᠭᠤᠯᠤᠯᠭ᠎ᠠ ᠶᠢᠨ ᠬᠠᠤᠯᠢ ᠶᠢᠨ ᠬᠦᠮᠦᠨ᠂ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠦᠮᠦᠨ᠂ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠦᠮᠦᠨ᠂ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠦᠮᠦᠨ ᠪᠤᠯ ᠤᠨᠴᠠᠭᠠᠢ ᠬᠠᠤᠯᠢ ᠶᠢᠨ ᠬᠦᠮᠦᠨ ᠮᠦᠨ ᠭᠡᠵᠤ ᠲᠤᠭᠲᠠᠭᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号