ᠢᠷᠭᠡᠨ ᠤ ᠬᠠᠤᠯᠢ ᠶᠢᠨ ᠶᠡᠷᠦᠩᠭᠡᠢ ᠲᠦᠷᠢᠮ ᠤᠨ ᠲᠦᠰᠦᠯ ᠤᠨ ᠭᠤᠷᠪᠠᠳᠠᠬᠢ ᠬᠢᠨᠠᠯᠲᠠ ᠳᠤ ᠬᠦᠮᠦᠰ ᠤᠨ ᠠᠮᠢᠳᠤᠷᠠᠯ ᠢ ᠨᠦᠯᠦᠭᠡᠯᠡᠬᠦ ᠶᠠᠮᠠᠷ ᠶᠠᠮᠠᠷ ᠠᠭᠤᠯᠭ᠎ᠠ ᠪᠠᠶᠢᠬᠤ ᠪᠤᠢ︖
ᠨᠡᠶᠢᠲᠡᠯᠡᠭᠰᠡᠨ ᠴᠠᠭ᠄
2016/12/26
      ᠠᠩᠬᠠᠷᠤᠯ ᠤᠨ ᠴᠡᠭ 1᠄ ᠰᠢᠳᠤᠷᠭᠤ ᠶᠤᠰᠤᠨ ᠤ ᠲᠦᠯᠦᠭᠡᠬᠢ ᠪᠠᠭᠠᠳᠤᠷᠯᠢᠭ ᠦᠢᠯᠡ ᠠᠵᠢᠯᠯᠠᠭ᠎ᠠ ᠶᠢ ᠬᠡᠷᠬᠢᠨ ᠬᠠᠮᠠᠭᠠᠯᠠᠬᠤ ᠪᠤᠢ︖       ᠵᠠᠩᠬᠢᠯᠠᠭ᠎ᠠ ᠶᠢᠨ ᠴᠡᠭ — — ᠪᠠᠴᠢᠮ ᠠᠪᠤᠷᠠᠨ ᠲᠤᠰᠠᠯᠠᠯᠲᠠ ᠶᠢᠨ ᠬᠠᠷᠢᠭᠤᠴᠠᠯᠭ᠎ᠠ ᠬᠡᠯᠳᠦᠷᠢᠬᠦᠯᠬᠦ ᠵᠦᠢᠯ ᠵᠤᠷᠪᠤᠰ ᠢ ᠰᠢᠨ᠎ᠡ ᠪᠠᠷ ᠨᠡᠮᠡᠪᠡ       ᠠᠭᠤᠯᠭ᠎ᠠ᠄ ᠲᠦᠰᠦᠯ ᠳᠤ᠄ ᠪᠠᠴᠢᠮ ᠠᠪᠤᠷᠠᠨ ᠲᠤᠰᠠᠯᠠᠯᠲᠠ ᠶᠢᠨ ᠦᠢᠯᠡ ᠠᠵᠢᠯᠯᠠᠭ᠎ᠠ ᠬᠢᠭᠡᠳ ᠲᠤᠰᠠᠯᠠᠮᠵᠢ ᠬᠦᠷᠳᠡᠭᠴᠢ ᠳᠤ ᠬᠤᠬᠢᠷᠠᠯ ᠤᠴᠠᠭᠤᠯᠤᠭᠰᠠᠨ ᠪᠠᠶᠢᠪᠠᠯ᠂ ᠬᠦᠨᠳᠤ ᠶᠡᠭᠡ ᠠᠳᠡᠯ ᠲᠠᠢ ᠶᠢ ᠭᠠᠷᠭᠠᠪᠠᠯ᠂ ᠠᠪᠤᠷᠠᠨ ᠲᠤᠰᠠᠯᠠᠭᠴᠢ ᠨᠢ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠭᠡᠯᠡᠬᠦ ᠦᠭᠡᠢ᠃       ᠠᠩᠬᠠᠷᠤᠯ ᠤᠨ ᠴᠡᠭ 2᠄ ᠬᠡᠷᠬᠢᠨ ᠨᠠᠰᠤᠨ ᠳᠤ ᠦᠯᠦ ᠬᠦᠷᠦᠭᠰᠡᠳ ᠪᠠ ᠬᠢᠨᠠᠨ ᠬᠠᠮᠠᠭᠠᠯᠠᠭᠴᠢ ᠦᠭᠡᠢ ᠨᠠᠰᠤᠲᠠᠶᠢᠴᠤᠳ ᠢ ᠤᠯᠠᠮ ᠨᠢᠭᠡ ᠠᠯᠬᠤᠮ ᠬᠠᠮᠠᠭᠠᠯᠠᠬᠤ ᠪᠤᠢ︖       ᠵᠠᠩᠬᠢᠯᠠᠭ᠎ᠠ ᠶᠢᠨ ᠴᠡᠭ — — ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠤᠷᠢᠳᠠᠪᠠᠷ ᠡᠬᠦᠷᠭᠡᠯᠡᠨ᠎ᠡ       ᠠᠭᠤᠯᠭ᠎ᠠ᠄ ᠲᠦᠰᠦᠯ ᠤᠨ ᠬᠤᠶᠠᠳᠠᠬᠢ ᠬᠢᠨᠠᠯᠲᠠ ᠶᠢᠨ ᠨᠤᠤᠷᠠᠭ ᠲᠤ᠂ ᠬᠢᠨᠠᠨ ᠬᠠᠮᠠᠭᠠᠯᠠᠬᠤ ᠡᠷᠭᠡ ᠪᠦᠬᠦᠢ ᠬᠦᠮᠦᠨ ᠦᠭᠡᠢ ᠪᠤᠯ᠂ ᠬᠢᠨᠠᠨ ᠬᠠᠮᠠᠭᠠᠯᠠᠭᠳᠠᠭᠴᠢ ᠶᠢᠨ ᠤᠷᠤᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠪᠤᠶᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠬᠠᠮᠠᠭᠠᠯᠠᠭᠴᠢ ᠶᠢᠨ ᠡᠬᠦᠷᠭᠡ ᠶᠢ ᠡᠬᠦᠷᠭᠡᠯᠡᠨ᠎ᠡ ᠭᠡᠵᠤ ᠲᠤᠭᠲᠠᠭᠠᠵᠠᠢ᠃ ᠭᠤᠷᠪᠠᠳᠠᠬᠢ ᠬᠢᠨᠠᠯᠲᠠ ᠶᠢᠨ ᠨᠤᠤᠷᠠᠭ ᠲᠤ ᠲᠤᠰ ᠵᠦᠢᠯ ᠢ᠄ ᠬᠢᠨᠠᠨ ᠬᠠᠮᠠᠭᠠᠯᠠᠬᠤ ᠡᠷᠭᠡ ᠪᠦᠬᠦᠢ ᠬᠦᠮᠦᠨ ᠦᠭᠡᠢ ᠪᠤᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠬᠠᠮᠠᠭᠠᠯᠠᠭᠴᠢ ᠶᠢᠨ ᠡᠬᠦᠷᠭᠡ ᠶᠢ ᠡᠬᠦᠷᠭᠡᠯᠡᠨ᠎ᠡ᠂ ᠬᠢᠨᠠᠨ ᠬᠠᠮᠠᠭᠠᠯᠠᠭᠳᠠᠭᠴᠢ ᠶᠢᠨ ᠤᠷᠤᠨ ᠰᠠᠭᠤᠴᠠ  ᠶᠢᠨ ᠭᠠᠵᠠᠷ ᠤᠨ ᠨᠦᠬᠦᠴᠡᠯ ᠲᠠᠢ ᠰᠠᠭᠤᠭᠠᠯᠢ ᠠᠷᠠᠳ ᠤᠨ ᠵᠦᠪᠯᠡᠯ᠂ ᠭᠠᠴᠠᠭᠠᠨ ᠤ ᠠᠷᠠᠳ ᠤᠨ ᠵᠦᠪᠯᠡᠯ ᠠᠴᠠ ᠡᠬᠦᠷᠭᠡᠯᠡᠭᠰᠡᠨ ᠴᠦ ᠪᠤᠯᠤᠨ᠎ᠠ ᠭᠡᠵᠤ ᠵᠠᠰᠠᠵᠠᠢ᠃       ᠠᠩᠬᠠᠷᠤᠯ ᠤᠨ ᠴᠡᠭ 3᠄ ᠬᠢᠨᠠᠨ ᠬᠠᠮᠠᠭᠠᠯᠠᠬᠴᠢ ᠶᠢᠨ ᠬᠢᠷᠢ ᠬᠡᠮ ᠢ ᠰᠡᠷᠬᠦᠭᠡᠬᠦ ᠶᠠᠪᠤᠳᠠᠯ ᠢ ᠬᠡᠷᠬᠢᠨ ᠵᠢᠷᠤᠮᠵᠢᠭᠤᠯᠬᠤ ᠪᠤᠢ︖       ᠵᠠᠩᠬᠢᠯᠠᠭ᠎ᠠ ᠶᠢᠨ ᠴᠡᠭ — ᠨᠠᠰᠤᠨ ᠳᠤ ᠦᠯᠦ ᠬᠦᠷᠦᠭᠰᠡᠳ ᠲᠤ ᠵᠤᠷᠢᠭᠤᠲᠠ ᠶᠠᠯ᠎ᠠ ᠬᠢᠭᠰᠡᠨ ᠪᠠᠶᠢᠪᠠᠯ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠬᠤ ᠦᠭᠡᠢ       ᠠᠭᠤᠯᠭ᠎ᠠ᠄ ᠨᠠᠰᠤᠨ ᠳᠤ ᠦᠯᠦ ᠬᠦᠷᠦᠭᠰᠡᠳ ᠤᠨ ᠡᠴᠢᠭᠡ ᠡᠭᠡ ᠶᠢᠨ ᠬᠢᠨᠢ ᠬᠢᠨᠠᠨ ᠬᠠᠮᠠᠭᠠᠯᠠᠭᠴᠢ ᠶᠢᠨ ᠬᠢᠷ ᠬᠡᠮ ᠢ ᠬᠦᠴᠦᠨ ᠦᠭᠡᠢ ᠪᠤᠯᠭᠠᠭᠰᠠᠨ ᠤ ᠲᠠᠷᠠᠭ᠎ᠠ ᠬᠡᠷᠬᠢᠨ ᠰᠡᠷᠬᠦᠭᠡᠬᠦ ᠲᠤᠭᠲᠠᠭᠠᠯ ᠤᠨ ᠲᠤᠬᠠᠢ᠂ ᠬᠤᠶᠠᠳᠠᠬᠢ ᠬᠢᠨᠠᠯᠲᠠ ᠶᠢᠨ ᠨᠤᠤᠷᠠᠭ ᠲᠠᠢ ᠬᠠᠷᠢᠴᠠᠭᠤᠯᠪᠠᠯ ᠭᠤᠷᠪᠠᠳᠠᠬᠢ ᠬᠢᠨᠠᠯᠲᠠ ᠶᠢᠨ ᠨᠤᠤᠷᠠᠭ ᠲᠤ ᠬᠢᠵᠠᠭᠠᠷᠯᠠᠬᠤ ᠨᠦᠬᠦᠴᠡᠯ ᠨᠡᠮᠡᠭᠰᠡᠨ ᠪᠠᠶᠢᠨ᠎ᠠ᠃ ᠭᠤᠷᠪᠠᠳᠠᠬᠢ ᠬᠢᠨᠠᠯᠲᠠ ᠶᠢᠨ ᠨᠤᠤᠷᠠᠭ ᠲᠤ᠄ ᠠᠷᠠᠳ ᠤᠨ ᠰᠢᠬᠦᠬᠦ ᠬᠤᠷᠢᠶ᠎ᠠ ᠠᠴᠠ ᠬᠢᠨᠠᠨ ᠬᠠᠮᠠᠭᠠᠯᠠᠭᠳᠠᠭᠴᠢ ᠶᠢᠨ ᠡᠴᠢᠭᠡ ᠡᠭᠡ ᠪᠤᠶᠤ ᠦᠷ᠎ᠡ ᠬᠡᠦᠭᠡᠳ ᠤᠨ ᠬᠢᠨᠢ ᠬᠢᠨᠠᠨ ᠬᠠᠮᠠᠭᠠᠯᠠᠬᠤ ᠬᠢᠷᠢ ᠬᠡᠮ ᠢ ᠬᠦᠴᠦᠨ ᠦᠭᠡᠢ ᠪᠤᠯᠭᠠᠭᠰᠠᠨ ᠤ ᠲᠠᠷᠠᠭ᠎ᠠ᠂ ᠬᠢᠨᠠᠨ ᠬᠠᠮᠠᠭᠠᠯᠠᠭᠳᠠᠭᠴᠢ ᠳᠤ ᠵᠤᠷᠢᠭᠤᠲᠠ ᠶᠠᠯ᠎ᠠ ᠬᠢᠭᠰᠡᠨ ᠢ ᠭᠠᠷᠭᠠᠪᠠᠯ᠂ ᠦᠨᠡᠨ ᠬᠦ ᠭᠡᠮᠰᠢᠨ ᠵᠠᠰᠠᠷᠠᠬᠤ ᠢᠯᠡᠷᠡᠯ ᠲᠠᠢ ᠪᠦᠭᠡᠳ ᠭᠤᠶᠤᠴᠢᠯᠠᠯ ᠭᠠᠷᠭᠠᠭᠰᠠᠨ ᠪᠠᠶᠢᠪᠠᠯ᠂ ᠠᠷᠠᠳ ᠤᠨ ᠰᠢᠬᠦᠬᠦ ᠬᠤᠷᠢᠶ᠎ᠠ ᠬᠢᠨᠠᠨ ᠬᠠᠮᠠᠭᠠᠯᠠᠭᠳᠠᠭᠴᠢ ᠶᠢᠨ ᠦᠨᠡᠨ ᠰᠠᠨᠠᠭ᠎ᠠ ᠶᠢ ᠬᠦᠨᠳᠦᠳᠭᠡᠭᠰᠡᠨ ᠤᠷᠢᠳᠠᠯ ᠲᠤᠤᠷ᠎ᠠ᠂ ᠪᠠᠶᠢᠳᠠᠯ ᠢ ᠦᠵᠡᠵᠤ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠤᠨ᠎ᠠ᠃       ᠠᠩᠬᠠᠷᠤᠯ ᠤᠨ ᠴᠡᠭ 4᠄ ᠬᠦᠳᠡᠯᠬᠦ ᠬᠦᠷᠦᠩᠭᠡ ᠪᠠ ᠦᠯᠦ ᠬᠦᠳᠡᠯᠬᠦ ᠬᠦᠷᠦᠩᠭᠡ ᠨᠢ ᠲᠠᠳᠠᠪᠤᠷᠢᠯᠠᠭᠳᠠᠭᠰᠠᠳ᠂ ᠲᠠᠳᠠᠪᠤᠷᠢᠯᠠᠭᠳᠠᠨ ᠬᠡᠷᠡᠭᠯᠡᠭᠳᠡᠭᠰᠡᠳ ᠤᠨ ᠡᠷᠭᠡ ᠠᠰᠢᠭ ᠢ ᠬᠡᠷᠬᠢᠨ ᠬᠠᠮᠠᠭᠠᠯᠠᠬᠤ ᠪᠤᠢ︖       ᠵᠠᠩᠬᠢᠯᠠᠭ᠎ᠠ ᠶᠢᠨ ᠴᠡᠭ — — ᠲᠦᠪ ᠭᠤᠤᠯᠴᠢ ᠵᠦᠢ ᠵᠤᠬᠢᠰᠲᠠᠢ ᠨᠦᠬᠦᠪᠤᠷᠢ ᠦᠭᠬᠦᠨ᠎ᠡ       ᠠᠭᠤᠯᠭ᠎ᠠ᠄ ᠲᠦᠰᠦᠯ ᠤᠨ ᠭᠤᠷᠪᠠᠳᠠᠬᠢ ᠬᠢᠨᠠᠯᠲᠠ ᠶᠢᠨ ᠨᠤᠤᠷᠠᠭ ᠲᠤ ᠠᠷᠠᠳ ᠢᠷᠭᠡᠨ ᠤ ᠲᠠᠳᠠᠪᠤᠷᠢᠯᠠᠬᠤ᠂ ᠲᠠᠳᠠᠪᠤᠷᠢᠯᠠᠨ ᠬᠡᠷᠡᠭᠯᠡᠬᠦ ᠠᠴᠠ ᠪᠤᠯᠵᠤ ᠨᠦᠬᠦᠪᠤᠷᠢ ᠤᠯᠬᠤ ᠡᠷᠭᠡ ᠶᠢᠨ ᠲᠤᠬᠠᠢ ᠵᠠᠷᠴᠢᠮ ᠤᠨ ᠴᠢᠨᠠᠷᠲᠠᠢ ᠲᠤᠭᠲᠠᠭᠠᠯ ᠭᠠᠷᠭᠠᠪᠠ᠃ ᠡᠬᠦᠨ ᠳᠤ᠂ ᠤᠯᠠᠨ ᠨᠡᠶᠢᠲᠡ ᠶᠢᠨ ᠠᠰᠢᠭ ᠲᠤᠰᠠ ᠶᠢᠨ ᠬᠡᠷᠡᠭᠴᠡᠭᠡ ᠠᠴᠠ ᠪᠤᠯᠵᠤ᠂ ᠬᠠᠤᠯᠢ ᠴᠠᠭᠠᠵᠠ  ᠳᠤ ᠲᠤᠭᠲᠠᠭᠠᠭᠰᠠᠨ ᠡᠷᠭᠡ ᠶᠢᠨ ᠬᠢᠵᠠᠭᠠᠷ ᠪᠠ ᠵᠢᠷᠤᠮ ᠢ ᠦᠨᠳᠦᠰᠦᠯᠡᠨ ᠦᠯᠦ ᠬᠦᠳᠡᠯᠬᠦ ᠬᠦᠷᠦᠩᠭᠡ ᠪᠠ ᠬᠦᠳᠡᠯᠬᠦ ᠬᠦᠷᠦᠩᠭᠡ ᠶᠢ ᠨᠢ ᠲᠠᠳᠠᠪᠤᠷᠢᠯᠠᠭᠰᠠᠨ᠂ ᠲᠠᠳᠠᠪᠤᠷᠢᠯᠠᠨ ᠬᠡᠷᠡᠭᠯᠡᠭᠰᠡᠨ ᠪᠠᠶᠢᠪᠠᠯ᠂ ᠲᠦᠪ ᠭᠤᠤᠯᠴᠢ᠂ ᠵᠦᠢ ᠵᠤᠬᠢᠰᠲᠠᠢ ᠨᠦᠬᠦᠪᠤᠷᠢ ᠦᠭᠬᠦ ᠬᠡᠷᠡᠭᠲᠠᠢ ᠭᠡᠵᠤ ᠲᠤᠭᠲᠠᠭᠠᠵᠠᠢ᠃       ᠠᠩᠬᠠᠷᠤᠯ ᠤᠨ ᠴᠡᠭ 5᠄ ᠦᠨᠳᠦᠰᠦᠨ ᠱᠠᠳᠤᠨ ᠤ ᠵᠠᠰᠠᠯᠲᠠ ᠪᠠ ᠠᠵᠤ ᠠᠬᠤᠢ ᠶᠢᠨ ᠬᠦᠭᠵᠢᠯᠲᠡ ᠶᠢ ᠬᠡᠷᠬᠢᠨ ᠠᠬᠢᠭᠤᠯᠬᠤ ᠪᠤᠢ︖       ᠵᠠᠩᠬᠢᠯᠠᠭ᠎ᠠ ᠶᠢᠨ ᠴᠡᠭ — — ᠭᠠᠴᠠᠭᠠᠨ ᠤ ᠵᠦᠪᠯᠡᠯ᠂ ᠰᠠᠭᠤᠭᠠᠯᠢ ᠠᠷᠠᠳ ᠤᠨ ᠵᠦᠪᠯᠡᠯ ᠨᠢ ︽ᠤᠨᠴᠠᠭᠠᠢ ᠬᠠᠤᠯᠢ ᠶᠢᠨ ᠬᠦᠮᠦᠨ︾ ᠳᠤ ᠪᠠᠭᠲᠠᠨ᠎ᠠ ᠭᠡᠵᠤ ᠲᠤᠭᠲᠠᠭᠠᠪᠠ ᠠᠭᠤᠯᠭ᠎ᠠ᠄ ᠬᠤᠶᠠᠳᠠᠬᠢ ᠬᠢᠨᠠᠯᠲᠠ ᠶᠢᠨ ᠨᠤᠤᠷᠠᠭ ᠲᠠᠢ ᠬᠠᠷᠢᠴᠠᠭᠤᠯᠪᠠᠯ᠂ ᠲᠦᠰᠦᠯ ᠤᠨ ᠭᠤᠷᠪᠠᠳᠠᠬᠢ ᠬᠢᠨᠠᠯᠲᠠ ᠶᠢᠨ ᠨᠤᠤᠷᠠᠭ ᠲᠤ ︽ᠤᠨᠴᠠᠭᠠᠢ ᠬᠠᠤᠯᠢ  ᠶᠢᠨ ᠬᠦᠮᠦᠨ︾ ᠭᠡᠰᠡᠨ ᠨᠢᠭᠡ ᠭᠡᠰᠡᠭ ᠢ ᠨᠡᠮᠡᠭᠰᠡᠨ ᠪᠠᠶᠢᠨ᠎ᠠ᠃ ᠡᠬᠦᠨ ᠳᠤ᠂ ᠪᠠᠶᠢᠭᠤᠯᠤᠯᠭ᠎ᠠ ᠶᠢᠨ ᠬᠠᠤᠯᠢ ᠶᠢᠨ ᠬᠦᠮᠦᠨ᠂ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠦᠮᠦᠨ᠂ ᠬᠤᠷᠰᠢᠭᠰᠠᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠦᠮᠦᠨ᠂ ᠦᠨᠳᠦᠰᠦᠨ ᠱᠠᠳᠤᠨ ᠤ ᠤᠯᠠᠨ ᠲᠦᠮᠡᠨᠴᠢ ᠴᠢᠨᠠᠷᠲᠠᠢ ᠦᠪᠡᠷᠲᠡᠭᠡᠨ ᠵᠠᠰᠠᠬᠤ ᠵᠤᠬᠢᠶᠠᠨ ᠪᠠᠶᠢᠭᠤᠯᠤᠯᠲᠠ ᠶᠢᠨ ᠬᠠᠤᠯᠢ ᠶᠢᠨ ᠬᠦᠮᠦᠨ ᠪᠤᠯ ᠤᠨᠴᠠᠭᠠᠢ ᠬᠠᠤᠯᠢ ᠶᠢᠨ ᠬᠦᠮᠦᠨ ᠮᠦᠨ ᠭᠡᠵᠤ ᠲᠤᠭᠲᠠᠭᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号