ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠤᠳᠤᠷᠢᠳᠤᠮᠵᠢ
ᠨᠡᠶᠢᠲᠡᠯᠡᠭᠰᠡᠨ ᠴᠠᠭ᠄
2016/3/14
       ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡ ᠬᠦᠷᠲᠡᠬᠦ ᠳᠤ ᠳᠥᠭᠦᠮ ᠦᠵᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾᠎ ᠢ ᠦᠨᠳᠦᠰᠦᠯᠡᠵᠦ ᠲᠤᠰ ᠤᠳᠤᠷᠢᠳᠤᠮᠵᠢ ᠶᠢ ᠳᠤᠭᠲᠠᠭᠠᠭᠰᠠᠨ ᠶᠤᠮ᠃ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠦᠢᠯᠡᠴᠢᠯᠡᠭᠡ ᠤᠯᠬᠤ ᠴᠢᠬᠤᠯᠠᠲᠠᠶ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠨᠤᠭᠤᠳ ᠲᠤᠰ ᠤᠳᠤᠷᠢᠳᠤᠮᠵᠢ ᠶᠢ ᠣᠩᠰᠢᠭᠠᠷᠠᠢ᠃       ᠤᠳᠤᠷᠢᠳᠤᠮᠵᠢ ᠵᠢᠯ ᠪᠦᠷᠢ ᠨᠢᠭᠡ ᠤᠳᠠᠭ᠎ᠠ ᠰᠢᠨᠡᠳᠬᠡᠭᠳᠡᠳᠡᠭ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠳᠡᠭᠡᠷ᠎ᠡ ᠪᠠᠶᠢᠴᠠᠭᠠᠨ ᠦᠵᠡᠬᠦ ᠪᠣᠯᠪᠠᠦ᠃       ᠨᠢᠭᠡ᠂ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ       ︵ᠨᠢᠭᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠲᠤᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠰᠦᠢᠳᠬᠡᠯ ᠬᠤᠷᠢᠶᠠᠬᠤ ᠦᠭᠡᠢ ᠪᠠᠷ ᠢᠯᠠ ᠨᠡᠶᠢᠲᠡᠯᠡᠬᠦ ᠮᠡᠳᠡᠭᠡ ᠵᠠᠩᠭᠢ᠂ ᠲᠤᠰ ᠪᠠᠶᠢᠭᠤᠯᠭ᠎ᠠ ᠶᠢᠨ ᠨᠠᠶᠢᠷᠠᠭᠤᠯᠤᠭᠰᠠᠨ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ︾᠎ ᠢ ᠦᠵᠡᠭᠡᠷᠠᠢ᠃       ︵ᠬᠤᠶᠠᠷ︶ ᠢᠯᠡ ᠪᠣᠯᠭᠠᠬᠤ ᠬᠡᠯᠪᠡᠷᠢ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠮᠡᠳᠡᠭᠡ ᠵᠠᠩᠭᠢ ᠶᠢ ᠲᠤᠰ ᠪᠠᠶᠢᠭᠤᠯᠭ᠎ᠠ ᠨᠢ ᠭᠤᠣᠯᠳᠠᠭᠤ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠶ᠃ ᠲᠤᠰ ᠪᠠᠶᠢᠭᠤᠯᠭ᠎ᠠ ᠪᠠᠰᠠ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠵᠡᠷᠭᠡ ᠵᠠᠭᠤᠴᠢᠯᠠᠭᠤᠷ ᠪᠠ ᠬᠡᠪᠯᠡᠭᠳᠡᠬᠦᠨ ᠦᠢᠯᠡᠳᠴᠦ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ᠃       ︵ᠭᠤᠷᠪᠠ︶ ᠢᠯᠡ ᠪᠣᠯᠭᠠᠵᠤ ᠴᠠᠭ ᠬᠤᠭᠤᠴᠠᠭ᠎ᠠ᠃ ᠤᠯᠠᠭᠠᠨᠬᠠᠳᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠡᠷ᠎ᠡ ᠪᠠᠷ ᠨᠡᠶᠢᠲᠡᠯᠡᠭᠰᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ᠂ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠪᠤᠶ ᠪᠣᠯᠤᠭᠰᠠᠨ ᠪᠤᠶᠤ ᠬᠤᠪᠢᠷᠠᠭᠤᠯᠤᠭᠰᠠᠨ ᠡᠳᠦᠷ ᠠᠴᠠ ᠡᠬᠢᠯᠡᠨ 20 ᠠᠵᠢᠯ ᠤᠨ ᠡᠳᠦᠷ ᠤᠨ ᠳᠣᠲᠣᠷ᠎ᠠ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠢᠯᠡ ᠪᠣᠯᠭᠠᠬᠤ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠢᠯᠡ ᠪᠣᠯᠭᠠᠬᠤ ᠬᠤᠭᠤᠴᠠᠭ᠎ᠠ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃       ᠬᠤᠶᠠᠷ᠂ ᠢᠯᠡ ᠪᠣᠯᠭᠠᠬᠤ ᠪᠠᠷ ᠭᠤᠶᠤᠴᠢᠯᠠᠬᠤ       ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠦᠢᠯᠡᠳᠪᠦᠷᠢᠯᠡᠯ᠂ ᠠᠮᠢᠳᠤᠷᠠᠯ᠂ ᠡᠷᠳᠡᠮ ᠰᠢᠨᠵᠢᠯᠡᠭᠡᠨ ᠵᠡᠷᠭᠡ ᠣᠨᠴᠠᠭᠠᠶ ᠬᠡᠷᠡᠭᠴᠡᠭᠡ ᠠᠴᠠ ᠪᠤᠯᠵᠤ᠂ ᠲᠤᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠠᠴᠠ ᠭᠠᠳᠠᠨᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠᠲᠠᠶ ᠪᠠᠶᠢᠪᠠᠯ᠂ ᠲᠤᠰ ᠪᠠᠶᠢᠭᠤᠯᠭ᠎ᠠ ᠳᠤ ᠭᠤᠶᠤᠴᠢᠯᠠᠯ ᠳᠡᠪᠰᠢᠭᠦᠯᠵᠦ ᠪᠣᠯᠤᠨ᠎ᠠ᠃       ︵ᠨᠢᠭᠡ︶ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠤᠮᠵᠢ᠃ ᠲᠤᠰ ᠪᠠᠶᠢᠭᠤᠯᠭ᠎ᠠ 2008 ᠣᠨ ᠠᠴᠠ ᠡᠬᠢᠯᠡᠨ ᠠᠯᠪᠠᠨ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠨ᠎ᠡ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶᠂ ᠬᠦᠯᠢᠶᠡᠨ ᠠᠪᠬᠤ ᠪᠠᠶᠢᠭᠤᠯᠤᠮᠵᠢ ᠪᠣᠯ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠠᠵᠢᠯ ᠢ ᠢᠯᠡ ᠪᠣᠯᠭᠠᠬᠤ ᠭᠠᠵᠠᠷ︔       ᠠᠵᠢᠯᠯᠠᠬᠤ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 936 ᠭᠡᠷ︔       ᠬᠠᠷᠢᠯᠴᠠᠬᠤ ᠤᠲᠠᠰᠤ᠄ ︵0476︶ 4364741︔       ᠵᠠᠬᠢᠳᠠᠯ ᠨᠡᠪᠲᠡᠷᠡᠬᠦ ᠬᠠᠶ᠋ᠢᠭ᠄ ᠤᠯᠠᠭᠠᠨᠬᠠᠳᠠ ᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 936 ᠭᠡᠷ᠂ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠠᠵᠢᠯ ᠢ ᠢᠯᠡ ᠪᠣᠯᠭᠠᠬᠤ ᠭᠠᠵᠠᠷ᠂ ᠰᠢᠦᠳᠠᠨ ᠳ᠋ᠤᠭᠠᠷ᠄ 024006       ︵ᠬᠤᠶᠠᠷ︶ ᠭᠤᠶᠤᠴᠢᠯᠠᠬᠤ ᠬᠡᠯᠪᠡᠷᠢ᠃ ᠲᠤᠰ ᠪᠠᠶᠢᠭᠤᠯᠭ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠭᠤᠶᠤᠴᠢᠯᠠᠯ ᠳᠤᠷᠠᠳᠴᠤ᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠤᠨ ᠬᠦᠰᠦᠨᠦᠭᠲᠦ︾᠎ ᠶᠢ ᠲᠠᠭᠯᠠᠨ ︵ᠳᠣᠷᠣᠭᠰᠢ ︽ᠭᠤᠶᠤᠴᠢᠯᠠᠯ ᠤᠨ ᠬᠦᠰᠦᠨᠦᠭᠲᠦ︾ ᠭᠡᠵᠦ ᠲᠣᠪᠴᠢᠯᠠᠨ᠎ᠠ︶᠂ ᠪᠢᠴᠢᠭ ᠢᠶᠠᠷ ᠭᠤᠶᠤᠴᠢᠯᠠᠯ ᠭᠠᠷᠭᠠᠬᠤ ᠬᠡᠷᠡᠭᠲᠡᠶ᠃ ︽ᠭᠤᠶᠤᠴᠢᠯᠠᠯ ᠤᠨ ᠬᠦᠰᠦᠨᠦᠭᠲᠦ︾᠎ ᠶᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠡᠭᠦᠳᠡ ᠡᠷᠦᠬᠡᠨ ᠤ ᠰᠦᠯᠵᠢᠶᠡᠨ ᠤ ᠤᠢᠷᠳᠡᠭᠡ ᠠᠴᠠ ᠪᠠᠭᠤᠯᠭᠠᠨ ᠠᠪᠴᠤ ᠪᠣᠯᠤᠨ᠎ᠠ᠃ ᠭᠤᠶᠤᠴᠢᠯᠠᠯ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ᠭᠤᠶᠤᠴᠢᠯᠠᠭᠴᠢ ᠨᠢ ᠬᠡᠷᠡᠭᠰᠡᠬᠦ ᠮᠡᠳᠡᠭᠡ ᠵᠠᠩᠭᠢ ᠶᠢ ᠪᠢᠴᠢᠬᠦ ᠳᠤ ᠠᠯᠢ ᠪᠣᠯᠬᠤ ᠪᠠᠷ ᠨᠠᠷᠢᠨ ᠲᠣᠳᠣᠷᠬᠠᠶ ᠪᠠᠶᠢᠬᠤ ᠬᠡᠷᠡᠭᠲᠠᠢ᠃ ᠬᠡᠷᠪᠡ ᠪᠣᠯᠤᠯᠴᠠᠭ᠎ᠠ ᠲᠠᠢ ᠪᠣᠯ ᠲᠤᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠬᠦ ᠴᠠᠭ᠂ ᠲᠤᠰ ᠪᠠᠶᠢᠭᠤᠯᠭ᠎ᠠ ᠶᠢᠨ ᠲᠣᠭᠲᠠᠭᠠᠭᠰᠠᠨ ᠪᠢᠴᠢᠭ ᠤᠨ ᠳ᠋ᠤᠭᠠᠷᠯᠠᠯ ᠪᠤᠶᠤ ᠪᠤᠰᠤᠳ ᠬᠠᠪᠰᠤᠷᠤᠮᠵᠢ ᠎ ᠲᠠᠢ ᠮᠡᠳᠡᠭᠡ ᠵᠠᠩᠭᠢ ᠶᠢᠨ ᠠᠴᠢᠶᠠᠯᠠᠭᠴᠢ ᠶᠢᠨ ᠰᠠᠨᠠᠭᠤᠯᠤᠮᠵᠢ ᠬᠠᠩᠭᠠᠬᠤ ᠬᠡᠷᠡᠭᠲᠡᠶ᠃ ᠳᠣᠣᠷᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠭᠤᠶᠤᠴᠢᠯᠠᠯ ᠭᠠᠷᠭᠠᠵᠤ ᠪᠣᠯᠤᠨ᠎ᠠ᠄       ⒈ ᠢᠨᠲ᠋ᠧᠷ ᠰᠦᠯᠵᠢᠶ᠎ᠡ ᠪᠠᠷ ᠭᠤᠶᠤᠴᠢᠯᠠᠯ ᠭᠠᠷᠭᠠᠬᠤ᠃ ᠭᠤᠶᠤᠴᠢᠯᠠᠭᠴᠢ ᠨᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠰᠦᠯᠵᠢᠶ᠎ᠡ ᠪᠠᠷ ᠢᠯᠡ ᠪᠣᠯᠭᠠᠬᠤ ᠰᠢᠰᠲ᠋ᠧᠮ ᠢ ᠦᠨᠳᠦᠰᠦᠯᠡᠨ᠂ ᠴᠠᠬᠢᠮ ᠬᠡᠪᠯᠡᠯ ᠤᠨ ︽ᠭᠤᠶᠤᠴᠢᠯᠠᠯ ᠤᠨ ᠬᠦᠰᠦᠨᠦᠭᠲᠦ︾ ᠲᠤᠰᠢᠶᠠᠬᠤ ᠬᠡᠷᠡᠭᠲᠡᠶ᠃       ⒉ ᠵᠠᠬᠢᠳᠠᠯ ᠢᠶᠠᠷ ᠭᠤᠶᠤᠴᠢᠯᠠᠯ ᠭᠠᠷᠭᠠᠬᠤ᠃ ᠭᠤᠶᠤᠴᠢᠯᠠᠭᠴᠢ ᠵᠠᠬᠢᠳᠠᠯ ᠢᠶᠠᠷ ᠭᠤᠶᠤᠴᠢᠯᠠᠯ ᠭᠠᠷᠭᠠᠭᠰᠠᠨ ᠪᠠᠶᠢᠪᠠᠯ᠂ ᠵᠠᠬᠢᠳᠠᠯ ᠤᠨ ᠵᠡᠭᠦᠨ ᠳᠣᠣᠷ᠎ᠠ ᠥᠨᠴᠥᠭ ᠲᠤ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ︾ ᠭᠡᠰᠡᠨ ᠤᠢᠰᠦᠭ ᠣᠷᠣᠭᠤᠯᠬᠤ ᠬᠡᠷᠡᠭᠲᠡᠶ᠃       ⒊ ᠨᠢᠭᠤᠷᠲᠡᠨ ᠭᠤᠶᠤᠴᠢᠯᠠᠯ ᠭᠠᠷᠭᠠᠬᠤ᠃ ᠭᠤᠶᠤᠴᠢᠯᠠᠭᠴᠢ ᠬᠦᠯᠢᠶᠡᠨ ᠠᠪᠴᠤ ᠪᠠᠶᠢᠭᠤᠯᠤᠮᠵᠢ ᠳᠤ ᠬᠦᠷᠴᠦ ᠰᠢᠭᠤᠳ ᠭᠤᠶᠤᠴᠢᠯᠠᠯ ᠭᠠᠷᠭᠠᠵᠤ ᠪᠤᠯᠤᠨ᠎ᠠ᠃       ᠲᠤᠰ ᠪᠠᠶᠢᠭᠤᠯᠭ᠎ᠠ ᠶᠢᠨ ᠳ᠋ᠢᠶᠠᠩᠬᠤᠸᠠ ᠶᠢᠨ ᠬᠡᠯᠪᠡᠷᠢ ᠪᠠᠷ ᠭᠤᠶᠤᠴᠢᠯᠠᠯ ᠢ ᠬᠦᠯᠢᠶᠡᠨ ᠠᠪᠬᠤ ᠦᠬᠡᠢ᠂ ᠭᠡᠪᠡᠴᠦ ᠭᠤᠶᠤᠴᠢᠯᠠᠭᠴᠢ ᠳ᠋ᠢᠶᠠᠩᠬᠤᠸᠠ ᠪᠠᠷ ᠵᠣᠬᠢᠬᠤ ᠦᠢᠯᠡᠴᠢᠯᠡᠭᠡ ᠶᠢ ᠰᠤᠷᠠᠭᠯᠠᠵᠤ ᠪᠣᠯᠤᠨ᠎ᠠ᠃       ︵ᠭᠤᠷᠪᠠ︶ ᠭᠤᠶᠤᠴᠢᠯᠠᠯ ᠢ ᠰᠢᠢᠳᠪᠦᠷᠢᠯᠡᠬᠦ       ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠵᠤ ᠠᠪᠤᠭᠰᠠᠨ ᠤ ᠳᠠᠷᠠᠭ᠎ᠠ ᠰᠢᠭᠤᠳ ᠬᠠᠷᠢᠭᠤᠯᠲᠠ ᠥᠭᠴᠦ ᠴᠢᠳᠠᠬᠤ ᠶᠢ ᠨᠢ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠬᠦ ᠬᠡᠷᠡᠭᠲᠡᠶ︔ ᠰᠢᠭᠤᠳ ᠬᠠᠷᠢᠭᠤᠯᠲᠠ ᠥᠭᠴᠦ ᠴᠢᠳᠠᠪᠠᠯ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠃ ᠬᠡᠷᠪᠡ ᠬᠠᠷᠢᠭᠤᠯᠲᠠ ᠥᠭᠬᠦ ᠬᠤᠭᠤᠴᠠᠭ᠎ᠠ ᠶᠢ ᠤᠷᠲᠤᠳᠬᠠᠬᠤ ᠴᠢᠬᠤᠯᠠᠲᠠᠶ ᠪᠠᠶᠢᠪᠠᠯ᠂ ᠲᠤᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠢᠶᠠᠷ ᠵᠥᠪᠰᠢᠶᠡᠷᠡᠭᠦᠯᠦᠭᠰᠡᠨ ᠤ ᠲᠡᠷᠠᠭ᠎ᠠ᠂ ᠭᠤᠶᠤᠴᠢᠯᠠᠭᠴᠢ ᠳᠤ ᠮᠡᠳᠡᠭᠳᠡᠵᠦ᠂ ᠬᠠᠷᠢᠭᠤᠯᠲᠠ ᠥᠭᠬᠦ ᠬᠤᠭᠤᠴᠠᠭ᠎ᠠ ᠶᠢ 15 ᠠᠵᠢᠯᠯᠠᠬᠤ ᠡᠳᠦᠷ ᠠᠴᠠ ᠢᠯᠡᠬᠦᠦ ᠤᠷᠲᠤᠳᠬᠠᠵᠤ ᠪᠣᠯᠬᠤᠷ ᠦᠭᠡᠢ᠃ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠷᠪᠠᠳᠠᠭᠴᠢ ᠡᠲᠡᠭᠡᠳ ᠤᠨ ᠡᠷᠬᠡ ᠠᠰᠢᠭ ᠲᠤ ᠬᠤᠯᠪᠣᠭᠳᠠᠭᠰᠠᠨ ᠪᠠᠶᠢᠪᠠᠯ ᠲᠤᠰ ᠪᠠᠶᠢᠭᠤᠯᠭ᠎ᠠ ᠠᠴᠠ ᠭᠤᠷᠪᠠᠳᠠᠭᠴᠢ ᠡᠲᠡᠭᠡᠳ ᠤᠨ ᠰᠠᠨᠠᠯ ᠢ ᠬᠤᠷᠢᠶᠠᠬᠤ ᠴᠠᠭ ᠢ ᠲᠤᠰ ᠵᠦᠢᠯ ᠤᠨ ᠬᠤᠶᠠᠳᠤᠭᠠᠷ ᠵᠣᠷᠪᠤᠰ ᠲᠤ ᠲᠣᠭᠲᠠᠭᠠᠭᠰᠠᠨ ᠬᠤᠭᠤᠴᠠᠭ᠎ᠠ ᠲᠣᠲᠣᠷ᠎ᠠ ᠪᠤᠳᠤᠵᠤ ᠣᠷᠣᠭᠤᠯᠬᠤ ᠦᠭᠡᠢ᠃ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠠᠳᠠᠯᠢ ᠪᠤᠰᠤ ᠪᠠᠶᠢᠳᠠᠯ ᠢ ᠦᠨᠳᠦᠰᠦᠯᠡᠨ ᠲᠤᠰ ᠲᠤᠰ ᠳᠣᠣᠷᠠᠬᠢ ᠮᠡᠲᠦ ᠪᠠᠷ ᠬᠠᠷᠢᠭᠤᠯᠲᠠ ᠥᠭᠬᠦᠨ᠎ᠡ᠃       ⒈ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠬᠡᠪᠴᠢᠶᠡᠨ ᠳᠤ ᠪᠠᠶᠢᠪᠠᠯ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃       ⒉ ᠢᠯᠡ ᠪᠣᠯᠭᠠᠬᠤ ᠦᠭᠡᠢ ᠬᠦᠷᠢᠶ᠎ᠡ ᠬᠡᠪᠴᠢᠶᠡᠨ ᠳᠤ ᠪᠠᠶᠢᠪᠠᠯ ᠭᠤᠶᠤᠴᠢᠯᠠᠭᠴᠢ ᠳᠤ ᠮᠡᠳᠡᠭᠳᠡᠵᠦ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃       ⒊ ᠲᠤᠰ ᠪᠠᠶᠢᠭᠤᠯᠭ᠎ᠠ ᠶᠢᠨ ᠢᠯᠡ ᠪᠣᠯᠭᠠᠬᠤ ᠳᠤ ᠬᠠᠷᠢᠶᠠᠯᠠᠭᠳᠠᠬᠤ ᠦᠭᠡᠢ ᠪᠤᠶᠤ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠣᠷᠣᠰᠢᠬᠤ ᠦᠭᠡᠶ ᠪᠠᠶᠢᠳᠠᠯ ᠢ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃ ᠲᠤᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠶᠢᠭᠤᠯᠭ᠎ᠠ ᠶᠢ ᠨᠢ ᠨᠤᠲᠠᠯᠠᠨ ᠲᠣᠭᠲᠠᠭᠠᠵᠤ ᠴᠢᠳᠠᠪᠠᠯ ᠭᠤᠶᠤᠴᠢᠯᠠᠭᠴᠢ ᠶᠢ ᠢᠯᠡ ᠪᠤᠯᠭᠠᠬᠤ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠮᠠᠶ᠋ᠢᠭ ᠢᠶᠠᠨ ᠮᠡᠳᠡᠭᠳᠡᠬᠦ ᠬᠡᠷᠡᠭᠲᠠᠢ᠃       ⒋ ᠭᠤᠶᠤᠴᠢᠯᠠᠭᠰᠠᠨ ᠠᠭᠤᠯᠭ᠎ᠠ ᠨᠢ ᠲᠣᠳᠣᠷᠬᠠᠶ ᠦᠭᠡᠶ ᠪᠠᠶᠢᠪᠠᠯ ᠨᠥᠬᠦᠵᠦ ᠵᠠᠯᠠᠷᠠᠭᠤᠯᠬᠤ ᠴᠢᠬᠤᠯᠠᠲᠠᠢ ᠭᠡᠵᠦ ᠭᠤᠶᠤᠴᠢᠯᠠᠭᠴᠢ ᠳᠤ ᠬᠡᠯᠡᠵᠦ ᠥᠭᠬᠦ ᠬᠡᠷᠡᠭᠲᠡᠶ᠃ ᠭᠤᠶᠤᠴᠢᠯᠠᠭᠴᠢ ᠨᠢ ᠬᠤᠭᠤᠴᠠᠭ᠎ᠠ ᠥᠩᠭᠡᠷᠡᠵᠦ ᠨᠥᠬᠦᠪᠥᠷᠢᠯᠡᠭᠰᠡᠨ ᠦᠭᠡᠶ ᠪᠠᠶᠢᠪᠠᠯ ᠭᠤᠶᠤᠴᠢᠯᠠᠯ ᠢᠶᠠᠨ ᠬᠠᠶᠠᠭᠰᠠᠨ ᠢᠶᠠᠷ ᠪᠤᠳᠤᠨ᠎ᠠ᠃       ⒌ ᠲᠤᠰ ᠪᠠᠶᠢᠭᠤᠯᠭ᠎ᠠ ᠶᠢᠨ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ ᠬᠤᠯᠪᠤᠭᠳᠠᠵᠤ ᠢᠯᠠ ᠪᠠᠷ ᠨᠡᠶᠢᠲᠡᠯᠡᠭᠰᠡᠨ ᠤ ᠳᠠᠷᠠᠭ᠎ᠠ ᠭᠤᠷᠪᠠᠳᠠᠬᠢ ᠡᠲᠡᠭᠡᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠵᠤ ᠮᠡᠳᠡᠪᠡᠯ᠂ ᠭᠤᠷᠪᠠᠳᠠᠭᠴᠢ ᠡᠲᠡᠭᠡᠳ ᠤᠨ ᠰᠠᠨᠠᠯ ᠢ ᠪᠢᠴᠢᠭ ᠢᠶᠠᠷ ᠬᠤᠷᠢᠶᠠᠬᠤ ᠬᠡᠷᠡᠭᠲᠡᠶ᠃ ᠭᠤᠷᠪᠠᠳᠠᠬᠢ ᠡᠲᠡᠭᠡᠳ ᠠᠴᠠ ᠢᠯᠡ ᠪᠣᠯᠭᠠᠬᠤ ᠶᠢ ᠵᠥᠪᠰᠢᠶᠡᠷᠡᠬᠦ ᠦᠭᠡᠶ ᠭᠡᠪᠡᠯ ᠢᠯᠡ ᠪᠣᠯᠭᠠᠵᠤ ᠪᠣᠯᠬᠤ ᠦᠭᠡᠶ᠃ ᠭᠡᠪᠡᠴᠦ ᠲᠤᠰ ᠪᠠᠶᠢᠭᠤᠯᠭ᠎ᠠ ᠢᠯᠡ ᠪᠣᠯᠭᠠᠬᠤ ᠦᠭᠡᠶ ᠪᠣᠯ ᠣᠯᠠᠨ ᠨᠡᠶᠢᠲᠡ ᠶᠢᠨ ᠠᠰᠢᠭ ᠲᠤᠰᠠ ᠳᠤ ᠬᠦᠨᠳᠦ ᠶᠡᠭᠡ ᠨᠥᠯᠥᠭᠡ ᠭᠠᠷᠭᠠᠪᠠᠯ᠂ ᠢᠯᠡ ᠪᠣᠯᠭᠠᠬᠤ ᠮᠥᠷᠲᠡᠭᠡᠨ ᠢᠯᠡ ᠪᠣᠯᠭᠠᠬᠤ ᠪᠠᠷ ᠲᠣᠭᠲᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠪᠠ ᠤᠴᠢᠷ ᠰᠢᠯᠲᠠᠭᠠᠨ ᠢ ᠪᠢᠴᠢᠭ ᠢᠶᠠᠷ ᠭᠤᠷᠪᠠᠳᠠᠭᠴᠢ ᠡᠲᠡᠭᠡᠳ ᠲᠤ ᠮᠡᠳᠡᠭᠳᠡᠬᠦ ᠬᠡᠷᠡᠭᠲᠡᠶ᠃       ⒍ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠳᠤ ᠢᠯᠡ ᠪᠤᠯᠭᠠᠬᠤ ᠦᠭᠡᠢ ᠠᠭᠤᠯᠭ᠎ᠠ ᠪᠠᠶᠢᠪᠠᠯ᠂ ᠢᠯᠭᠠᠨ ᠰᠢᠶ᠋ᠳᠪᠦᠷᠢᠯᠡᠵᠦ ᠬᠡᠰᠡᠭ ᠪᠦᠯᠦᠭ ᠢ ᠨᠢ ᠢᠯᠡ ᠪᠣᠯᠭᠠᠬᠤ ᠵᠢᠴᠢ ᠮᠡᠳᠡᠭᠡ ᠵᠠᠩᠭᠢ ᠤᠯᠬᠤ ᠠᠷᠭ᠎ᠠ ᠮᠠᠶ᠋ᠢᠭ ᠪᠠ ᠠᠷᠭ᠎ᠠ ᠵᠠᠮ ᠢ ᠭᠤᠶᠤᠴᠢᠯᠠᠭᠴᠢ ᠳᠤ ᠮᠡᠳᠡᠭᠳᠡᠵᠦ᠂ ᠢᠯᠡ ᠪᠤᠯᠭᠠᠬᠤ ᠦᠭᠡᠢ ᠬᠡᠰᠡᠭ ᠤᠨ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃       ⒎ ᠠᠳᠠᠯᠢ ᠨᠢᠭᠡ ᠭᠤᠶᠤᠴᠢᠯᠠᠭᠴᠢ ᠳᠠᠬᠢᠨ ᠳᠠᠪᠲᠠᠨ ᠲᠤᠰ ᠪᠠᠶᠢᠭᠤᠯᠭ᠎ᠠ ᠳᠤ ᠠᠳᠠᠯᠢ ᠨᠢᠭᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠭᠠᠳ᠂ ᠨᠢᠭᠡᠨᠲᠡ ᠬᠠᠷᠢᠭᠤᠯᠲᠠ ᠥᠭᠭᠦᠭᠰᠡᠨ ᠪᠠᠶᠢᠪᠠᠯ ᠠᠳᠡ ᠲᠠᠬᠢᠨ ᠬᠠᠷᠢᠭᠤᠯᠲᠠ ᠥᠭᠬᠦ ᠦᠭᠡᠢ᠃       ᠲᠤᠰ ᠪᠠᠶᠢᠭᠤᠯᠭ᠎ᠠ ᠭᠤᠶᠤᠴᠢᠯᠠᠯ ᠤᠨ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠬᠠᠩᠭᠠᠬᠤ ᠎ ᠳᠤ ᠭᠠᠷᠤᠭᠰᠠᠨ ᠡᠷᠢᠬᠦ᠂ ᠬᠠᠭᠤᠯᠬᠤ᠂ ᠰᠢᠦᠳᠠᠨ ᠢᠶᠠᠷ ᠶᠠᠪᠤᠭᠤᠯᠬᠤ ᠵᠡᠷᠭᠡ ᠥᠪᠡᠷ ᠤᠨ ᠥᠷᠲᠡᠭ ᠤᠨ ᠰᠦᠢᠳᠬᠡᠯ᠂ ᠰᠦᠢᠳᠬᠡᠯ ᠬᠤᠷᠢᠶᠠᠬᠤ ᠵᠦᠢᠯᠡᠰ ᠪᠣᠯᠤᠨ ᠪᠠᠷᠢᠮᠵᠢᠶ᠎ᠠ ᠶᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠦᠨ᠎ᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ       ᠭᠤᠷᠪᠠ᠂ ᠬᠢᠨᠠᠯᠲᠠ ᠲᠠᠯᠪᠢᠬᠤ ᠪᠠ ᠵᠠᠭᠠᠯᠳᠤᠬᠤ       ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠪᠠᠨ ᠬᠠᠤᠯᠢ ᠶᠣᠰᠣᠭᠠᠷ ᠡᠰᠡ ᠭᠦᠢᠴᠡᠳᠬᠡᠭᠰᠡᠨ ᠪᠠᠶᠢᠪᠠᠯ᠂ ᠲᠤᠰ ᠪᠠᠶᠢᠭᠤᠯᠭ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠪᠤᠶᠤ ᠵᠠᠭᠠᠯᠳᠤᠯᠭ᠎ᠠ ᠭᠠᠷᠭᠠᠵᠤ ᠪᠣᠯᠤᠨ᠎ᠠ᠃       ᠢᠯᠡᠴᠢᠯᠡᠨ ᠮᠡᠳᠡᠭᠦᠯᠬᠦ ᠤᠲᠠᠰᠤ᠄ ︵0476︶ 8838186᠃       ᠡᠭᠦᠨ ᠠᠴᠠ ᠭᠠᠳᠠᠨ᠎ᠠ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠤᠯᠠᠭᠠᠨᠬᠠᠳᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠪᠤᠶᠤ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠨ ᠰᠢᠢᠳᠪᠦᠷᠢᠯᠡᠵᠦ ᠪᠣᠯᠣᠨ᠎ᠠ᠃                ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ                 2015 ᠣᠨ ᠤ 1 ᠰᠠᠷ᠎ᠠ ᠶᠢᠨ 1᠎ ᠤ ᠡᠳᠦᠷ
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号