ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠵᠢᠯᠤᠭᠤᠳᠤᠮᠵᠢ
ᠨᠡᠶᠢᠲᠡᠯᠡᠭᠰᠡᠨ ᠴᠠᠭ᠄
2016/3/14
     ︽ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠲᠦᠷᠢᠮ︾ ᠵᠢᠴᠢ ︽ᠦᠪᠤᠷ ᠮᠤᠩᠭᠤᠯ ᠤᠨ ᠥᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠲᠦᠷᠢᠮ ᠢ ᠬᠡᠷᠡᠭᠵᠢᠬᠦᠯᠬᠦ ᠪᠡᠯᠡᠳᠬᠡᠯ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ  ᠶᠢ ᠦᠨᠳᠤᠰᠤᠯᠠᠨ᠂ ᠲᠤᠰ ᠪᠠᠶᠢᠭᠤᠯᠤᠯᠭ᠎ᠠ ᠶᠢᠨ ᠡᠵᠡᠮᠰᠢᠵᠤ ᠪᠠᠶᠢᠭ᠎ᠠ ᠵᠠᠰᠠᠭ ᠤᠨ ᠰᠤᠷᠠᠭ ᠵᠠᠩᠬᠢ ᠳᠤ ᠬᠠᠤᠯᠢ ᠶᠤᠰᠤᠭᠠᠷ ᠢᠯᠡ ᠪᠤᠯᠭᠠᠬᠤ ᠦᠭᠡᠢ ᠪᠠᠶᠢᠵᠤ ᠪᠤᠯᠬᠤ ᠠᠴᠠ ᠭᠠᠳᠠᠨ᠎ᠠ᠂ ᠠᠵᠤ ᠠᠬᠤᠢ᠂ ᠨᠡᠶᠢᠬᠡᠮ ᠤᠨ ᠬᠠᠮᠢᠶᠠᠷᠤᠯᠳᠠ ᠪᠠ ᠤᠯᠠᠨ ᠨᠡᠶᠢᠳᠠ ᠶᠢᠨ ᠦᠢᠯᠡᠴᠢᠯᠡᠭᠡ ᠳᠤ ᠬᠤᠯᠪᠤᠭᠳᠠᠭᠰᠠᠨ ᠵᠠᠰᠠᠭ ᠤᠨ ᠰᠤᠷᠠᠭ ᠵᠠᠩᠬᠢ ᠪᠦᠬᠦᠨ ᠢ ᠢᠯᠡ ᠪᠤᠯᠭᠠᠬᠤ ᠪᠤᠶᠤ ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠭᠤᠶᠤᠴᠢᠯᠠᠯ ᠢ ᠦᠨᠳᠤᠰᠤᠯᠠᠨ ᠬᠠᠩᠭᠠᠨ᠎ᠠ᠃      ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠦᠢᠯᠡᠴᠢᠯᠡᠭᠡ ᠶᠢ ᠨᠡᠩ ᠰᠠᠶᠢᠨ ᠢᠶᠠᠷ ᠬᠠᠩᠭᠠᠬᠤ ᠶᠢᠨ ᠲᠦᠯᠦᠬᠡ᠂ ᠲᠤᠰ ᠪᠠᠶᠢᠭᠤᠯᠤᠯᠭ᠎ᠠ ︽ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠵᠢᠯᠤᠭᠤᠳᠤᠮᠵᠢ︾ ︵ᠲᠤᠷᠤᠭᠰᠢ ︽ᠵᠢᠯᠤᠭᠤᠳᠤᠮᠵᠢ︾ ᠬᠡᠵᠤ ᠲᠦᠬᠦᠮᠴᠢᠯᠡᠨ᠎ᠡ︶ ᠶᠢ ᠤᠨᠴᠠᠭᠠᠶᠢᠯᠠᠨ ᠨᠠᠶᠢᠷᠠᠭᠤᠯᠪᠠ᠃ ᠲᠤᠰ ᠪᠠᠶᠢᠭᠤᠯᠤᠯᠭ᠎ᠠ ᠶᠢᠨ ᠵᠠᠰᠠᠭ ᠤᠨ ᠰᠤᠷᠠᠭ ᠵᠠᠩᠬᠢ ᠶᠢᠨ ᠦᠢᠯᠡᠴᠢᠯᠡᠭᠡ ᠶᠢ ᠬᠦᠷᠳᠡᠬᠦ ᠬᠡᠷᠡᠭᠴᠡᠭᠡ ᠲᠠᠢ ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠲᠤᠰ ︽ᠵᠢᠯᠤᠭᠤᠳᠤᠮᠵᠢ︾ ᠠᠴᠠ ᠵᠠᠰᠠᠭ ᠤᠨ ᠬᠠᠮᠢᠶ᠎ᠠ ᠪᠦᠬᠦᠢ ᠰᠤᠷᠠᠭ ᠵᠠᠩᠬᠢ ᠶᠢ ᠡᠷᠢᠵᠤ ᠤᠯᠵᠤ ᠪᠤᠯᠤᠨ᠎ᠠ᠃       ︽ᠵᠢᠯᠤᠭᠤᠳᠤᠮᠵᠢ︾ ᠶᠢ ᠵᠢᠯ ᠪᠦᠷᠢ ᠳᠤ ᠨᠢᠬᠡ ᠤᠳᠠᠭ᠎ᠠ ᠰᠢᠨᠡᠴᠢᠯᠡᠨ᠎ᠡ᠂ ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠲᠤᠰ ᠪᠠᠶᠢᠭᠤᠯᠤᠯᠭ᠎ᠠ ᠶᠢᠨ ᠰᠦᠯᠵᠢᠶᠡᠨ ᠠᠴᠠ ︽ᠵᠢᠯᠤᠭᠤᠳᠤᠮᠵᠢ︾ ᠶᠢ ᠡᠷᠢᠵᠤ ᠦᠵᠡᠵᠤ ᠪᠤᠯᠤᠨ᠎ᠠ᠂ ᠪᠠᠰᠠ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠠᠯᠪᠠᠨ ᠬᠡᠷ ᠲᠤ ᠬᠦᠷᠴᠤ ᠦᠵᠡᠵᠤ ᠪᠤᠯᠤᠨ᠎ᠠ᠃      ᠨᠢᠬᠡ᠂ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ︵ᠨᠢᠭᠡ︶ ᠢᠯᠡ ᠪᠤᠯᠭᠠᠬᠤ ᠬᠦᠷᠢᠶ᠎ᠡ ᠬᠡᠪᠴᠢᠶ᠎ᠡ᠃ ᠲᠤᠰ ᠪᠠᠶᠢᠭᠤᠯᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠨᠡᠶᠢᠬᠡᠮ ᠳᠤ ᠲᠦᠯᠦᠪᠤᠷᠢ ᠦᠭᠡᠢ ᠪᠠᠷ ᠢᠯᠡ ᠪᠤᠯᠭᠠᠬᠤ ᠰᠤᠷᠠᠭ ᠵᠠᠩᠬᠢ ᠶᠢᠨ ᠬᠦᠷᠢᠶ᠎ᠡ ᠬᠡᠪᠴᠢᠶ᠎ᠡ ᠶᠢ ᠲᠤᠰ ᠪᠠᠶᠢᠭᠤᠯᠤᠯᠭ᠎ᠠ ᠶᠢᠨ ᠨᠠᠶᠢᠷᠠᠭᠤᠯᠤᠭᠰᠠᠨ ︽ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠭᠠᠷᠴᠠᠭ︾ ︵ᠲᠤᠷᠤᠭᠰᠢ ︽ᠭᠠᠷᠴᠠᠭ︾ ᠬᠡᠵᠤ ᠲᠦᠬᠦᠮᠴᠢᠯᠡᠨ᠎ᠡ︶ ᠠᠴᠠ ᠯᠠᠪᠯᠠᠵᠤ ᠦᠵᠡᠬᠡᠷᠠᠢ᠃ ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠲᠤᠰ ᠪᠠᠶᠢᠭᠤᠯᠤᠯᠭ᠎ᠠ ᠶᠢᠨ ᠰᠦᠯᠵᠢᠶᠡᠨ ᠠᠴᠠ ︽ᠭᠠᠷᠴᠠᠭ︾ ᠢ ᠡᠷᠢᠵᠤ ᠦᠵᠡᠵᠤ ᠪᠤᠯᠤᠨ᠎ᠠ᠂ ᠪᠠᠰᠠ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠠᠯᠪᠠᠨ ᠬᠡᠷ  ᠲᠤ ᠬᠦᠷᠴᠤ ᠦᠵᠡᠵᠤ ᠪᠤᠯᠤᠨ᠎ᠠ᠃      ︵ᠬᠤᠶᠠᠷ︶ ᠢᠯᠡ ᠪᠤᠯᠭᠠᠬᠤ ᠬᠡᠯᠪᠡᠷᠢ᠃ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠰᠤᠷᠠᠭ ᠵᠠᠩᠬᠢ ᠶᠢ ᠲᠤᠰ ᠪᠠᠶᠢᠭᠤᠯᠤᠯᠭ᠎ᠠ ᠭᠤᠤᠯᠳᠠᠭᠤ ᠰᠦᠯᠵᠢᠶᠡᠨ ᠲᠡᠭᠡᠷ᠎ᠡ ᠢᠯᠡ ᠪᠤᠯᠭᠠᠬᠤ ᠪᠠ ᠨᠢᠭᠤᠷᠳᠠᠨ ᠬᠦᠯᠢᠶᠡᠨ ᠰᠢᠢᠳᠪᠤᠷᠢᠯᠡᠬᠦ ᠴᠢᠭ᠋ ᠲᠤ ᠢᠯᠡ ᠪᠤᠯᠭᠠᠬᠤ ᠬᠤᠶᠠᠷ ᠵᠦᠢᠯ ᠤᠨ ᠬᠡᠯᠪᠡᠷᠢ ᠶᠢ ᠬᠡᠷᠡᠭᠯᠡᠨ᠎ᠡ᠃      ᠲᠤᠰ ᠪᠠᠶᠢᠭᠤᠯᠤᠯᠭ᠎ᠠ ᠶᠢᠨ ᠰᠦᠯᠵᠢᠶᠡᠨ ᠬᠠᠶ᠋ᠢᠭ᠄ www.kqmw.gov.cn      ᠲᠤᠰ ᠪᠠᠶᠢᠭᠤᠯᠤᠯᠭ᠎ᠠ ᠶᠢᠨ ᠨᠢᠭᠤᠷᠳᠠᠨ ᠬᠦᠯᠢᠶᠡᠨ ᠰᠢᠢᠳᠪᠤᠷᠢᠯᠡᠬᠦ ᠴᠢᠭ᠋᠄ ᠬᠡᠰᠢᠭᠳᠡᠨ ᠬᠤᠰᠢᠭᠤᠨ ᠤ ᠠᠷᠠᠳ  ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠠᠯᠪᠠᠨ ᠬᠡᠷ᠂      ᠠᠵᠢᠯᠯᠠᠬᠤ ᠴᠠᠭ᠄ ᠦᠳᠠ ᠶᠢᠨ ᠡᠮᠤᠨ᠎ᠡ ᠶᠢᠨ 8:30 — 11:30᠂                      ᠦᠳᠡ ᠶᠢᠨ ᠬᠤᠶᠢᠨ᠎ᠠ ᠶᠢᠨ 14:30 —17:00 ︵ᠪᠠᠶᠠᠷ ᠤᠨ ᠡᠳᠤᠷ ᠵᠢᠴᠢ ᠠᠮᠠᠷᠠᠯᠳᠠ ᠶᠢᠨ ᠡᠳᠤᠷ ᠠᠴᠠ ᠭᠠᠳᠠᠨ᠎ᠠ︶︔      ᠬᠠᠷᠢᠯᠴᠠᠬᠤ ᠤᠳᠠᠰᠤ᠄ 0476 —5235221᠃      ᠲᠤᠰ ᠪᠠᠶᠢᠭᠤᠯᠤᠯᠭ᠎ᠠ ᠪᠠᠰᠠ ᠰᠤᠨᠢᠨ ᠮᠡᠳᠡᠭᠡ ᠨᠡᠶᠢᠳᠡᠯᠡᠬᠦ ᠬᠤᠷᠠᠯ᠂ ᠰᠤᠨᠢᠨ ᠰᠡᠳᠬᠦᠯ ᠮᠡᠳᠡᠬᠡᠯᠡᠯ ᠵᠡᠷᠬᠡ ᠲᠤᠰᠠᠯᠠᠮᠵᠢ ᠶᠢᠨ ᠴᠢᠨᠠᠷᠳᠠᠢ ᠠᠷᠭ᠎ᠠ ᠬᠡᠯᠪᠡᠷᠢ ᠪᠠᠷ ᠢᠯᠡ ᠪᠤᠯᠭᠠᠨ᠎ᠠ᠃      ︵ᠭᠤᠷᠪᠠ︶ ᠵᠠᠰᠠᠭ ᠤᠨ ᠡᠯ᠎ᠡ ᠵᠦᠢᠯ ᠤᠨ ᠰᠤᠷᠠᠭ ᠵᠠᠩᠬᠢ ᠪᠤᠢ ᠪᠤᠯᠤᠭᠰᠠᠨ ᠤ ᠰᠡᠬᠦᠯᠡᠷ᠂ ᠲᠤᠰ ᠪᠠᠶᠢᠭᠤᠯᠤᠯᠭ᠎ᠠ ᠴᠢᠳᠠᠬᠤ ᠶᠢᠨ ᠬᠢᠷᠢ ᠳᠤ ᠴᠠᠭ ᠲᠤᠬᠠᠢ ᠳᠤᠨᠢ ᠢᠯᠡ ᠪᠤᠯᠭᠠᠨ᠎ᠠ᠂ ᠬᠠᠮᠤᠭ ᠤᠨ ᠤᠳᠠᠭᠠᠨ ᠳᠠᠭᠠᠨ ᠰᠤᠷᠠᠭ ᠵᠠᠩᠬᠢ ᠪᠤᠢ ᠪᠤᠯᠤᠭᠰᠠᠨ ᠤ ᠲᠠᠷᠠᠭᠠᠬᠢ 20 ᠡᠳᠤᠷ ᠤᠨ ᠲᠤᠳᠤᠷ᠎ᠠ ᠢᠯᠡ ᠪᠤᠯᠭᠠᠨ᠎ᠠ᠃      ᠬᠤᠶᠠᠷ᠂ ᠭᠤᠶᠤᠴᠢᠯᠠᠯ ᠢ ᠦᠨᠳᠤᠰᠤᠯᠠᠨ ᠢᠯᠡ ᠪᠤᠯᠭᠠᠬᠤ      ᠠᠷᠠᠳ ᠢᠷᠬᠡᠳ᠂ ᠬᠠᠤᠯᠢ ᠶᠢᠨ ᠡᠷᠬᠡᠳᠡᠨ ᠪᠠ ᠪᠤᠰᠤᠳ ᠵᠤᠬᠢᠶᠠᠨ ᠪᠠᠶᠢᠭᠤᠯᠤᠯᠳᠠ ᠲᠤᠰ ᠪᠠᠶᠢᠭᠤᠯᠤᠯᠭ᠎ᠠ  ᠶᠢᠨ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ ᠠᠴᠠ ᠭᠠᠳᠠᠨᠠᠬᠢ ᠵᠠᠰᠠᠭ ᠤᠨ ᠰᠤᠷᠠᠭ ᠢ ᠬᠦᠷᠳᠡᠬᠦ ᠬᠡᠷᠡᠭᠴᠡᠭᠡ ᠪᠤᠯ ᠲᠤᠰ ᠪᠠᠶᠢᠭᠤᠯᠤᠯᠭ᠎ᠠ ᠳᠤ ᠭᠤᠶᠤᠴᠢᠯᠠᠨ ᠬᠦᠷᠳᠡᠵᠤ ᠪᠤᠯᠤᠨ᠎ᠠ᠃ ᠲᠤᠰ ᠪᠠᠶᠢᠭᠤᠯᠤᠯᠭ᠎ᠠ ᠭᠤᠶᠤᠴᠢᠯᠠᠯ ᠢ ᠦᠨᠳᠤᠰᠤᠯᠠᠨ ᠰᠤᠷᠠᠭ ᠵᠠᠩᠬᠢ ᠬᠠᠩᠭᠠᠬᠤ ᠦᠶᠡᠰ᠂ ᠲᠤᠰ ᠰᠤᠷᠠᠭ ᠵᠠᠩᠬᠢ ᠶᠢᠨ ᠪᠤᠳᠠᠳᠠᠢ ᠡᠵᠡᠮᠰᠢᠵᠤ ᠪᠠᠶᠢᠭ᠎ᠠ ᠪᠠᠶᠢᠳᠠᠯ ᠢᠶᠠᠨ ᠦᠨᠳᠤᠰᠤᠯᠠᠨ ᠬᠠᠩᠭᠠᠨ᠎ᠠ᠂ ᠰᠤᠷᠠᠭ ᠵᠠᠩᠬᠢ ᠶᠢ ᠪᠤᠯᠪᠠᠰᠤᠷᠠᠭᠤᠯᠬᠤ᠂ ᠪᠦᠷᠢᠳᠬᠡᠬᠦ᠂ ᠰᠤᠳᠤᠯᠬᠤ᠂ ᠵᠠᠳᠠᠯᠬᠤ ᠪᠤᠶᠤ ᠪᠤᠰᠤᠳ ᠠᠷᠭ᠎ᠠ ᠪᠠᠷ ᠰᠢᠢᠳᠪᠤᠷᠢᠯᠡᠬᠦ ᠦᠭᠡᠢ᠃      ︵ᠨᠢᠭᠡ︶ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ᠃ ᠲᠤᠰ ᠪᠠᠶᠢᠭᠤᠯᠤᠯᠭ᠎ᠠ ᠶᠢᠨ ᠰᠤᠷᠠᠭ ᠵᠠᠩᠬᠢ ᠢ ᠢᠯᠡ ᠪᠤᠯᠭᠠᠬᠤ ᠭᠤᠶᠤᠴᠢᠯᠠᠯ ᠢ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ  ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠠᠯᠪᠠᠨ ᠬᠡᠷ︔      ᠠᠯᠪᠠᠯᠠᠬᠤ ᠬᠠᠶ᠋ᠢᠭ᠄ ᠬᠡᠰᠢᠭᠳᠡᠨ ᠬᠤᠰᠢᠭᠤᠨ ᠤ ᠪᠢᠷᠠᠭᠤ ᠪᠠᠯᠭᠠᠰᠤ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 921 ᠲᠠᠰᠤᠭ︔      ᠠᠵᠢᠯᠯᠠᠬᠤ ᠴᠠᠭ᠄ ᠦᠳᠠ ᠶᠢᠨ ᠡᠮᠤᠨ᠎ᠡ ᠶᠢᠨ 8:30 — 11:30᠂                      ᠦᠳᠡ ᠶᠢᠨ ᠬᠤᠶᠢᠨ᠎ᠠ ᠶᠢᠨ 14:30 —17:00︔      ᠬᠠᠷᠢᠯᠴᠠᠬᠤ ᠤᠳᠠᠰᠤ᠄ 0476 —5235221︔      ᠹᠠᠺᠰ ᠤᠨ ᠨᠤᠮᠧᠷ᠄ 0476 —5228806︔      ᠢᠮᠧᠯ᠄ kq _wjl@126.com︔      ᠰᠢᠤᠳᠠᠨ ᠨᠤᠮᠧᠷ᠄ 025350᠃      ︵ᠬᠤᠶᠠᠷ︶ ᠬᠦᠯᠢᠶᠡᠨ ᠰᠢᠢᠳᠪᠤᠷᠢᠯᠡᠬᠦ ᠠᠯᠬᠤᠮ ᠲᠠᠷᠠᠭ᠎ᠠ᠃     ⒈ ᠭᠤᠶᠤᠴᠢᠯᠠᠭᠴᠢ ᠲᠤᠰ ᠪᠠᠶᠢᠭᠤᠯᠤᠯᠭ᠎ᠠ ᠳᠤ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠪᠠᠷ ᠭᠤᠶᠤᠴᠢᠯᠠᠪᠠᠯ᠂ ︽ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠭᠤᠶᠤᠴᠢᠯᠠᠯ ᠤᠨ ᠬᠦᠰᠦᠨᠦᠭ︾ ︵ᠲᠠᠭᠠᠯᠳᠠᠭᠤᠯᠤᠭᠰᠠᠨ ᠬᠦᠰᠦᠨᠦᠭ ᠠᠴᠠ ᠦᠵᠡᠬᠡᠷᠠᠢ᠂ ᠲᠤᠷᠤᠭᠰᠢ ︽ᠭᠤᠶᠤᠴᠢᠯᠠᠯ ᠤᠨ ᠬᠦᠰᠦᠨᠦᠭ︾ ᠬᠡᠵᠤ ᠲᠦᠬᠦᠮᠴᠢᠯᠡᠨ᠎ᠡ︶ ᠢ ᠲᠠᠭᠯᠠᠪᠠᠯ ᠵᠤᠬᠢᠨ᠎ᠠ᠃ ︽ᠭᠤᠶᠤᠴᠢᠯᠠᠯ ᠤᠨ ᠬᠦᠰᠦᠨᠦᠭ︾ ᠢ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠤᠨ ᠭᠠᠵᠠᠷ ᠠᠴᠠ ᠠᠪᠬᠤ ᠪᠤᠶᠤ ᠦᠪᠡᠷᠳᠡᠬᠡᠨ ᠲᠠᠷᠤᠮᠠᠯᠯᠠᠨ ᠠᠪᠴᠤ ᠪᠤᠯᠤᠨ᠎ᠠ᠂ ᠲᠤᠰ ᠪᠠᠶᠢᠭᠤᠯᠤᠯᠭ᠎ᠠ ᠶᠢᠨ ᠰᠦᠯᠵᠢᠶ᠎ᠡ ︵ᠰᠦᠯᠵᠢᠶᠠᠨ ᠬᠠᠶ᠋ᠢᠭ᠄ www.kqmw.gov.cn︶ ᠠᠴᠠ ᠪᠠᠭᠤᠯᠭᠠᠵᠤ ᠠᠪᠴᠤ ᠪᠠᠰᠠ ᠪᠤᠯᠤᠨ᠎ᠠ᠃ ᠭᠤᠶᠤᠴᠢᠯᠠᠭᠴᠢ ᠬᠤᠯᠪᠤᠭᠳᠠᠯ ᠪᠦᠬᠦᠢ ᠭᠠᠷ ᠬᠦᠢᠴᠡᠳᠬᠡᠯ ᠢ ᠬᠠᠷᠢᠯᠴᠠᠬᠤ ᠤᠳᠠᠰᠤ ᠪᠠᠷ ᠠᠰᠠᠭᠤᠨ ᠯᠠᠪᠯᠠᠵᠤ ᠪᠤᠯᠤᠨ᠎ᠠ᠃     ᠭᠤᠶᠤᠴᠢᠯᠠᠯ ᠢ ᠰᠢᠢᠳᠪᠤᠷᠢᠯᠡᠬᠦ ᠦᠷ᠎ᠡ ᠪᠦᠳᠦᠮᠵᠢ ᠶᠢ ᠲᠡᠭᠡᠭᠰᠢᠯᠡᠬᠦᠯᠬᠦ ᠶᠢᠨ ᠲᠤᠰᠠᠳᠠ᠂ ᠭᠤᠶᠤᠴᠢᠯᠠᠭᠴᠢ ᠬᠡᠷᠡᠭᠴᠡᠭᠡ ᠪᠦᠬᠦᠢ ᠰᠤᠷᠠᠭ ᠢᠶᠠᠨ ᠴᠢᠳᠠᠬᠤ ᠶᠢᠨ ᠬᠢᠷᠢ ᠪᠠᠷ ᠨᠠᠷᠢᠯᠢᠭ᠂ ᠲᠤᠳᠤᠷᠬᠠᠢ ᠲᠤᠭᠠᠴᠢᠨ᠎ᠠ︔ ᠪᠤᠯᠤᠮᠵᠢ ᠲᠠᠢ ᠪᠤᠯ᠂ ᠰᠤᠷᠠᠭ ᠵᠠᠩᠬᠢ ᠶᠢᠨ ᠭᠠᠷᠴᠠᠭ᠂ ᠨᠡᠶᠢᠳᠡᠯᠡᠭᠰᠡᠨ ᠴᠠᠭ ᠬᠤᠭᠤᠴᠠᠭ᠎ᠠ᠂ ᠪᠢᠴᠢᠭ ᠤᠨ ᠳ᠋ᠤᠭᠠᠷ ᠪᠤᠶᠤ ᠲᠤᠰ ᠪᠠᠶᠢᠭᠤᠯᠤᠯᠭ᠎ᠠ ᠶᠢᠨ ᠰᠤᠷᠠᠭ ᠤᠨ ᠠᠴᠢᠶᠠᠯᠠᠪᠤᠷᠢ ᠶᠢ ᠲᠤᠳᠤᠷᠬᠠᠶᠢᠯᠠᠬᠤ ᠳᠤ ᠲᠤᠰᠠ ᠪᠦᠬᠦᠢ ᠰᠠᠨᠠᠭᠤᠯᠤᠮᠵᠢ ᠬᠠᠩᠭᠠᠨ᠎ᠠ᠃     ⒉ ᠭᠤᠶᠤᠴᠢᠯᠠᠬᠤ ᠬᠡᠯᠪᠡᠷᠢ     ⑴ ᠲᠤᠬᠠᠢ ᠶᠢᠨ ᠲᠠᠯᠠᠪᠠᠢ ᠳᠤ ᠭᠤᠶᠤᠴᠢᠯᠠᠬᠤ᠃ ᠭᠤᠶᠤᠴᠢᠯᠠᠭᠴᠢ ᠲᠤᠰ ᠪᠠᠶᠢᠭᠤᠯᠤᠯᠭ᠎ᠠ ᠶᠢᠨ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ   ᠳᠤ ᠬᠦᠷᠴᠤ ᠵᠠᠰᠠᠭ ᠤᠨ ᠰᠤᠷᠠᠭ ᠵᠠᠩᠬᠢ ᠶᠢ ᠬᠦᠷᠳᠡᠬᠦ ᠪᠠᠷ ᠭᠤᠶᠤᠴᠢᠯᠠᠵᠤ ᠪᠤᠯᠤᠨ᠎ᠠ᠂ ᠬᠠᠮᠳᠤ ᠳᠤ ᠨᠢ ︽ᠭᠤᠶᠤᠴᠢᠯᠠᠯ ᠤᠨ ᠬᠦᠰᠦᠨᠦᠭ︾ ᠢ ᠲᠠᠭᠯᠠᠨ᠎ᠠ᠃ ᠪᠢᠴᠢᠬᠦ ᠳᠤ ᠬᠦᠴᠢᠷᠳᠡᠪᠡᠯ ᠶᠠᠷᠢᠵᠤ ᠭᠤᠶᠤᠴᠢᠯᠠᠵᠤ ᠪᠤᠯᠤᠨ᠎ᠠ᠃     ⑵ ᠪᠢᠴᠢᠭ ᠤᠨ ᠬᠡᠯᠪᠡᠷᠢ ᠪᠠᠷ ᠭᠤᠶᠤᠴᠢᠯᠠᠬᠤ᠃ ᠭᠤᠶᠤᠴᠢᠯᠠᠭᠴᠢ ︽ᠭᠤᠶᠤᠴᠢᠯᠠᠯ ᠤᠨ ᠬᠦᠰᠦᠨᠦᠭ︾ ᠢ ᠲᠠᠭᠯᠠᠭᠰᠠᠨ ᠤ ᠲᠠᠷᠠᠭ᠎ᠠ᠂ ᠹᠠᠺᠰ᠂ ᠵᠠᠬᠢᠳᠠᠯ ᠤᠨ ᠬᠡᠯᠪᠡᠷᠢ ᠪᠠᠷ ᠲᠠᠮᠵᠢᠭᠤᠯᠵᠤ ᠭᠤᠶᠤᠴᠢᠯᠠᠵᠤ ᠪᠤᠯᠤᠨ᠎ᠠ᠃ ᠵᠠᠬᠢᠳᠠᠯ  ᠤᠨ ᠬᠡᠯᠪᠡᠷᠢ ᠪᠠᠷ ᠭᠤᠶᠤᠴᠢᠯᠠᠪᠠᠯ᠂ ᠵᠠᠬᠢᠳᠠᠯ ᠤᠨ ᠵᠡᠬᠦᠨ ᠲᠤᠤᠷ᠎ᠠ ᠦᠨᠴᠦᠭ ᠲᠤ ︽ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠭᠤᠶᠤᠴᠢᠯᠠᠯ︾ ᠬᠡᠬᠦ ᠦᠰᠦᠭ   ᠢᠶᠠᠷ ᠲᠤᠳᠤᠷᠬᠠᠶᠢᠯᠠᠵᠤ ᠦᠭᠪᠠᠯ ᠵᠤᠬᠢᠨ᠎ᠠ᠃     ⑶ ᠰᠦᠯᠵᠢᠶᠡᠨ ᠲᠡᠭᠡᠷ᠎ᠡ ᠭᠤᠶᠤᠴᠢᠯᠠᠬᠤ᠃ ᠭᠤᠶᠤᠴᠢᠯᠠᠭᠴᠢ ᠲᠤᠰ ᠪᠠᠶᠢᠭᠤᠯᠤᠯᠭ᠎ᠠ ᠶᠢᠨ ᠰᠦᠯᠵᠢᠶᠡᠨ ᠲᠡᠭᠡᠷ᠎ᠡ ᠡᠯᠧᠺᠲᠷᠤᠨ ᠬᠡᠪᠯᠡᠯ ᠤᠨ ︽ᠭᠤᠶᠤᠴᠢᠯᠠᠯ ᠤᠨ ᠬᠦᠰᠦᠨᠦᠭ︾ ᠢ ᠲᠠᠭᠯᠠᠵᠤ᠂ ᠢᠮᠧᠯ ᠤᠨ ᠬᠡᠯᠪᠡᠷᠢ ᠪᠠᠷ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠶᠢᠨ ᠢᠮᠧᠯ ᠤᠨ ᠬᠠᠶᠢᠷᠴᠠᠭ ᠲᠤ ᠢᠯᠡᠬᠡᠵᠤ ᠪᠤᠯᠤᠨ᠎ᠠ᠃     ⒊ ᠭᠤᠶᠤᠴᠢᠯᠠᠯ ᠢ ᠲᠠᠩᠰᠠᠯᠠᠬᠤ      ᠲᠤᠰ ᠪᠠᠶᠢᠭᠤᠯᠤᠯᠭ᠎ᠠ ᠶᠢᠨ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠭᠤᠶᠤᠴᠢᠯᠠᠭᠴᠢ ᠶᠢᠨ ᠭᠤᠶᠤᠴᠢᠯᠠᠯ ᠢ ᠬᠤᠷᠢᠶᠠᠨ ᠤᠯᠤᠭᠰᠠᠨ ᠤ ᠲᠠᠷᠠᠭ᠎ᠠ᠂ ᠠᠭᠤᠯᠭ᠎ᠠ ᠨᠢ ᠪᠦᠷᠢᠨ ᠬᠦᠢᠴᠡᠳ ᠭᠤᠶᠤᠴᠢᠯᠠᠯ ᠢ ᠲᠠᠷᠤᠶᠢᠬᠠᠨ ᠲᠠᠩᠰᠠᠯᠠᠵᠤ᠂ ᠨᠤᠮᠧᠷᠯᠠᠬᠤ ᠶᠢᠨ ᠬᠠᠮᠳᠤ ᠭᠤᠶᠤᠴᠢᠯᠠᠭᠴᠢ ᠳᠤ ᠰᠤᠷᠠᠭ ᠵᠠᠩᠬᠢ ᠶᠢ ᠢᠯᠡ ᠪᠣᠯᠭᠠᠬᠤ ᠶᠢ ᠬᠦᠯᠢᠶᠡᠨ ᠰᠢᠢᠳᠪᠤᠷᠢᠯᠡᠬᠦ ᠬᠠᠷᠢᠭᠤ ᠪᠠᠷᠢᠮᠳᠠ ᠢᠯᠡᠬᠡᠨ᠎ᠡ᠃     ⒋ ᠬᠦᠯᠢᠶᠡᠨ ᠰᠢᠢᠳᠪᠤᠷᠢᠯᠡᠬᠦ ᠬᠡᠯᠪᠡᠷᠢ     ⑴ ᠲᠤᠰ ᠪᠠᠶᠢᠭᠤᠯᠤᠯᠭ᠎ᠠ ᠳᠤ ᠬᠠᠷᠢᠶᠠᠯᠠᠭᠳᠠᠬᠤ ᠵᠠᠰᠠᠭ ᠤᠨ ᠰᠤᠷᠠᠭ ᠵᠠᠩᠬᠢ ᠶᠢ ᠲᠤᠰ ᠪᠠᠶᠢᠭᠤᠯᠤᠯᠭ᠎ᠠ ᠶᠢᠨ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠠᠴᠠ ᠵᠤᠬᠢᠶᠠᠨ ᠪᠠᠶᠢᠭᠤᠯᠵᠤ ᠬᠢᠨᠠᠨ ᠪᠠᠶᠢᠴᠠᠭᠠᠨ᠎ᠠ᠂ ᠤᠳᠤᠷᠢᠳᠤᠯᠭ᠎ᠠ ᠶᠢᠨ ᠬᠢᠨᠠᠨ ᠵᠦᠪᠰᠢᠶᠡᠷᠡᠯ ᠢ ᠤᠯᠤᠭᠰᠠᠨ ᠤ ᠲᠡᠷᠠᠭ᠎ᠠ ᠭᠤᠶᠤᠴᠢᠯᠠᠭᠴᠢ ᠳᠤ ᠰᠢᠭᠤᠳ ᠬᠠᠷᠢᠭᠤᠯᠳᠠ ᠦᠭᠬᠦᠨ᠎ᠡ᠃     ⑵ ᠲᠤᠰ ᠪᠠᠶᠢᠭᠤᠯᠤᠯᠭ᠎ᠠ ᠶᠢᠨ ᠡᠵᠡᠮᠰᠢᠯ ᠳᠤ ᠬᠠᠷᠢᠶᠠᠯᠭᠳᠠᠬᠤ ᠦᠭᠡᠢ ᠵᠠᠰᠠᠭ ᠤᠨ ᠰᠤᠷᠠᠭ ᠵᠠᠩᠬᠢ ᠶᠢ ᠲᠤᠰ ᠪᠠᠶᠢᠭᠤᠯᠤᠯᠭ᠎ᠠ ᠶᠢᠨ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠠᠴᠠ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠨ᠎ᠡ᠃ ᠬᠡᠷᠪᠡ ᠲᠤᠰ ᠰᠤᠷᠠᠭ ᠵᠠᠩᠬᠢ ᠶᠢᠨ ᠬᠠᠷᠢᠶᠠᠯᠠᠭᠳᠠᠬᠤ ᠪᠠᠶᠢᠭᠤᠯᠤᠯᠭ᠎ᠠ ᠶᠢ ᠲᠤᠳᠤᠷᠬᠠᠶᠢᠯᠠᠵᠤ ᠲᠠᠶᠢᠯᠪᠠᠯ ᠂ ᠭᠤᠶᠤᠴᠢᠯᠠᠭᠴᠢ ᠳᠤ ᠬᠠᠷᠢᠯᠴᠠᠬᠤ ᠠᠷᠭ᠎ᠠ ᠶᠢ ᠮᠡᠳᠡᠭᠳᠡᠨ᠎ᠡ᠃     ⒌ ᠲᠦᠷᠦᠯ ᠬᠤᠪᠢᠶᠠᠨ ᠬᠠᠷᠢᠭᠤᠯᠳᠠ ᠦᠭᠬᠦ      ᠲᠤᠰ ᠪᠠᠶᠢᠭᠤᠯᠤᠯᠭ᠎ᠠ ᠶᠢᠨ ᠬᠦᠯᠢᠶᠡᠨ ᠰᠢᠢᠳᠪᠤᠷᠢᠯᠡᠬᠦ ᠪᠠᠶᠢᠭᠤᠯᠤᠮᠵᠢ ᠭᠤᠶᠤᠴᠢᠯᠠᠯ ᠢ ᠬᠤᠷᠢᠶᠠᠨ ᠤᠯᠤᠭᠰᠠᠨ  ᠠᠴᠠ ᠡᠬᠢᠯᠡᠨ 10 ᠠᠵᠢᠯᠯᠠᠬᠤ ᠡᠳᠤᠷ ᠤᠨ ᠲᠤᠳᠤᠷ᠎ᠠ ︵ᠤᠨᠴᠠᠭᠠᠢ ᠪᠠᠶᠢᠳᠠᠯ ᠪᠤᠯ ᠬᠢᠨᠠᠨ ᠵᠦᠪᠰᠢᠶᠡᠷᠡᠭᠰᠡᠨ ᠤ ᠲᠠᠷᠠᠭ᠎ᠠ 10 ᠠᠵᠢᠯᠯᠠᠬᠤ ᠡᠳᠤᠷ ᠤᠷᠳᠤᠳᠬᠠᠵᠤ ᠪᠤᠯᠤᠨ᠎ᠠ︶ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠰᠢᠢᠳᠪᠤᠷᠢ ᠶᠢᠨ ᠪᠢᠴᠢᠭ ᠢ ᠲᠤᠤᠷᠠᠬᠢ ᠮᠡᠳᠤ ᠪᠠᠷ ᠲᠤᠭᠳᠠᠭᠠᠨ ᠨᠡᠶᠢᠳᠡᠯᠡᠬᠦ ᠶᠢᠨ ᠬᠠᠮᠳᠤ ᠭᠤᠶᠤᠴᠢᠯᠠᠭᠴᠢ ᠳᠤ ᠬᠦᠷᠬᠡᠨ ᠦᠭᠬᠦᠨ᠎ᠡ᠄     ⑴ ᠢᠯᠡ ᠪᠤᠯᠭᠠᠵᠤ ᠪᠤᠯᠬᠤ ᠵᠠᠰᠠᠭ ᠤᠨ ᠰᠤᠷᠠᠭ ᠵᠠᠩᠬᠢ ᠳᠤ ᠬᠠᠷᠢᠶᠠᠯᠭᠳᠠᠪᠠᠯ᠂ ᠭᠤᠶᠤᠴᠢᠯᠠᠭᠴᠢ ᠳᠤ ᠰᠤᠷᠠᠭ ᠵᠠᠩᠬᠢ ᠭᠦᠷᠳᠡᠬᠦ ᠴᠠᠭ᠂ ᠭᠠᠵᠠᠷ ᠪᠠ ᠠᠷᠭ᠎ᠠ ᠬᠡᠯᠪᠡᠷᠢ ᠶᠢ ᠮᠡᠳᠡᠭᠳᠡᠨ᠎ᠡ᠃     ⑵ ᠬᠡᠰᠡᠭ ᠢᠯᠡ ᠪᠤᠯᠭᠠᠵᠤ ᠪᠤᠯᠬᠤ ᠵᠠᠰᠠᠭ ᠤᠨ ᠰᠤᠷᠠᠭ ᠵᠠᠩᠬᠢ ᠳᠤ ᠬᠠᠷᠢᠶᠠᠯᠭᠳᠠᠪᠠᠯ᠂ ᠭᠤᠶᠤᠴᠢᠯᠠᠭᠴᠢ ᠳᠤ ᠰᠤᠷᠠᠭ ᠵᠠᠩᠬᠢ ᠬᠦᠷᠳᠡᠬᠦ ᠴᠠᠭ᠂ ᠭᠠᠵᠠᠷ ᠪᠠ ᠠᠷᠭ᠎ᠠ ᠬᠡᠯᠪᠡᠷᠢ ᠶᠢ ᠮᠡᠳᠡᠭᠳᠡᠬᠦ ᠶᠢᠨ ᠬᠠᠮᠳᠤ ᠭᠤᠶᠤᠴᠢᠯᠠᠭᠴᠢ ᠳᠤ ᠢᠯᠡ ᠪᠤᠯᠭᠠᠵᠤ ᠪᠤᠯᠬᠤ ᠦᠭᠡᠢ ᠬᠡᠰᠡᠭ ᠤᠨ ᠰᠢᠯᠳᠠᠭᠠᠨ ᠵᠢᠴᠢ ᠲᠤᠰᠠᠯᠠᠮᠵᠢ ᠶᠢᠨ ᠠᠷᠭ᠎ᠠ ᠵᠠᠮ ᠢ ᠮᠡᠳᠡᠭᠳᠡᠨ᠎ᠡ᠃     ⑶ ᠢᠯᠡ ᠪᠤᠯᠭᠠᠵᠤ ᠦᠯᠤ ᠪᠤᠯᠬᠤ ᠵᠠᠰᠠᠭ ᠤᠨ ᠰᠤᠷᠠᠭ ᠵᠠᠩᠬᠢ ᠳᠤ ᠬᠠᠷᠢᠶᠠᠯᠠᠭᠳᠠᠪᠠᠯ᠂ ᠭᠤᠶᠤᠴᠢᠯᠠᠭᠴᠢ ᠳᠤ ᠢᠯᠡ ᠪᠤᠯᠭᠠᠬᠤ ᠦᠭᠡᠢ ᠰᠢᠯᠳᠠᠭᠠᠨ ᠵᠢᠴᠢ ᠲᠤᠰᠠᠯᠠᠮᠵᠢ ᠶᠢᠨ ᠠᠷᠭ᠎ᠠ ᠵᠠᠮ ᠢ ᠮᠡᠳᠡᠭᠳᠡᠨ᠎ᠡ᠃     ⑷ ᠢᠯᠡ ᠪᠤᠯᠭᠠᠬᠤ ᠪᠠᠷ ᠭᠤᠶᠤᠴᠢᠯᠠᠭᠰᠠᠨ ᠵᠠᠰᠠᠭ ᠤᠨ ᠰᠤᠷᠠᠭ ᠵᠠᠩᠬᠢ ᠤᠷᠤᠰᠢᠬᠤ ᠦᠭᠡᠢ ᠪᠤᠯ᠂ ᠭᠤᠶᠤᠴᠢᠯᠠᠭᠴᠢ ᠳᠤ ᠪᠤᠳᠠᠳᠠᠢ ᠪᠠᠶᠢᠳᠠᠯ ᠢ ᠮᠡᠳᠡᠭᠳᠡᠨ᠎ᠡ᠃      ᠭᠤᠷᠪᠠ᠂ ᠲᠤᠰᠠᠯᠠᠮᠵᠢ ᠦᠵᠡᠬᠦᠯᠬᠦ ᠬᠡᠯᠪᠡᠷᠢ ᠪᠠ ᠠᠯᠬᠤᠮ ᠲᠠᠷᠠᠭ᠎ᠠ      ᠠᠷᠠᠳ ᠢᠷᠬᠡᠳ᠂ ᠬᠠᠤᠯᠢ ᠶᠢᠨ ᠡᠷᠭᠡᠳᠡᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠠᠴᠠ ᠲᠤᠰ ᠪᠠᠶᠢᠭᠤᠯᠤᠯᠭ᠎ᠠ ᠶᠢ ᠵᠠᠰᠠᠭ ᠤᠨ ᠰᠤᠷᠠᠭ ᠵᠠᠩᠬᠢ ᠶᠢ ᠢᠯᠡ ᠪᠤᠯᠭᠠᠬᠤ ᠡᠬᠦᠷᠬᠡ ᠪᠠᠨ ᠬᠠᠤᠯᠢ ᠶᠤᠰᠤᠭᠠᠷ ᠬᠦᠢᠴᠡᠳᠬᠡᠭᠰᠡᠨ ᠦᠭᠡᠢ ᠬᠡᠵᠤ ᠦᠵᠡᠪᠠᠯ᠂ ᠬᠢᠨᠠᠯᠳᠠ ᠲᠠᠯᠪᠢᠬᠤ ᠰᠠᠯᠠᠭ᠎ᠠ ᠮᠦᠴᠢᠷ ᠲᠤ ᠵᠠᠭᠠᠯᠳᠤᠵᠤ ᠪᠤᠯᠤᠨ᠎ᠠ᠃      ᠬᠢᠨᠠᠯᠳᠠ ᠲᠠᠯᠪᠢᠬᠤ ᠤᠳᠠᠰᠤ᠄ ︵0476︶5235221︔      ᠬᠠᠶ᠋ᠢᠭ᠄ ᠬᠡᠰᠢᠭᠳᠡᠨ ᠬᠤᠰᠢᠭᠤᠨ ᠤ ᠪᠢᠷᠠᠭᠤ ᠪᠠᠯᠭᠠᠰᠤ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠠᠰᠠᠷ ᠤᠨ 921 ᠲᠡᠰᠤᠭ︔      ᠰᠢᠤᠳᠠᠨ ᠨᠤᠮᠧᠷ᠄ 025350᠃      ᠠᠷᠠᠳ ᠢᠷᠬᠡᠳ᠂ ᠬᠠᠤᠯᠢ ᠶᠢᠨ ᠡᠷᠬᠡᠳᠡᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠨᠢ ᠪᠠᠰᠠ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠤᠶᠤ ᠲᠡᠭᠡᠷ᠎ᠡ ᠱᠠᠳᠤᠨ ᠤ ᠵᠠᠰᠠᠭ ᠤᠨ ᠤᠷᠳᠤᠨ ᠤ ᠪᠠᠶᠢᠭᠤᠯᠤᠯᠭ᠎ᠠ ᠳᠤ ᠢᠯᠡᠴᠢᠯᠡᠨ ᠮᠡᠳᠡᠬᠦᠯᠵᠤ ᠪᠤᠯᠤᠨ᠎ᠠ᠂ ᠢᠯᠡᠴᠢᠯᠡᠨ ᠮᠡᠳᠡᠬᠦᠯᠬᠦ ᠶᠢ ᠬᠦᠯᠢᠶᠡᠭᠰᠡᠨ ᠪᠠᠶᠢᠭᠤᠯᠤᠯᠭ᠎ᠠ ᠬᠠᠮᠢᠶ᠎ᠠ ᠪᠦᠬᠦᠢ ᠲᠤᠭᠳᠠᠭᠠᠯ ᠢ ᠦᠨᠳᠤᠰᠤᠯᠠᠨ ᠪᠠᠶᠢᠴᠠᠭᠠᠨ ᠰᠢᠢᠳᠪᠤᠷᠢᠯᠡᠨ᠎ᠡ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号