ᠠᠮᠧᠷᠢᠺᠠ ᠶᠢᠨ ᠰᠢᠨᠵᠢᠯᠡᠬᠦ ᠤᠬᠠᠭᠠᠨᠲᠠᠨ ᠬᠠᠮᠤᠭ ᠤᠨ ᠲᠦᠬᠦᠮ ᠵᠤᠬᠢᠶᠠᠮᠠᠯ ᠨᠡᠶᠢᠯᠡᠮᠡᠯ ᠡᠰ ᠢ ᠡᠬᠦᠳᠪᠡ
ᠨᠡᠶᠢᠲᠡᠯᠡᠭᠰᠡᠨ ᠴᠠᠭ᠄
2016/3/29
       ᠰᠢᠨᠬᠤᠸᠠ ᠬᠤᠷᠢᠶᠠᠨ ᠤ ᠸᠠᠰᠢᠩᠲ᠋ᠤᠨ ᠤ 3 ᠰᠠᠷ᠎ᠠ ᠶᠢᠨ 24᠎ ᠤ ᠡᠳᠤᠷ ᠤᠨ ᠮᠡᠳᠡᠭᠡ ︵ᠰᠤᠷᠪᠤᠯᠵᠢᠯᠠᠭᠴᠢ ᠯᠢᠨ ᠰᠢᠶᠤᠤ ᠴᠦᠨ︶ ᠠᠮᠧᠷᠢᠺᠠ ᠶᠢᠨ ᠰᠢᠨᠵᠢᠯᠡᠬᠦ ᠤᠬᠠᠭᠠᠨᠲᠠᠨ 24᠎ ᠤ ᠡᠳᠤᠷ᠂ ᠤᠳᠤ ᠪᠤᠯᠳᠠᠯ᠎ᠠ ᠨᠢᠭᠡᠨᠲᠡ ᠮᠡᠳᠡᠭᠰᠡᠨ ᠬᠠᠮᠤᠭ ᠤᠨ ᠵᠢᠵᠢᠭ ᠭᠧᠨ ᠤ ᠪᠥᠭᠡᠮ ᠪᠤᠯᠬᠤ ᠪᠦᠭᠡᠳ ᠠᠮᠢ ᠵᠠᠯᠭᠠᠬᠤ ᠴᠢᠬᠤᠯᠠ ᠪᠦᠬᠦᠢ ᠭᠧᠨ ᠢ ᠯᠡ ᠠᠭᠤᠯᠳᠠᠭ ᠬᠠᠮᠤᠭ ᠤᠨ ᠲᠦᠬᠦᠮ ᠵᠤᠬᠢᠶᠠᠮᠠᠯ ᠨᠡᠶᠢᠯᠡᠮᠡᠯ ᠡᠰ ᠢ ᠡᠬᠦᠳᠪᠠ ᠭᠡᠵᠤ ᠵᠠᠷᠯᠠᠵᠠᠢ᠃ ᠡᠨᠡ ᠬᠦ ᠡᠬᠦᠳᠦᠯᠲᠡ ᠨᠢ ᠠᠮᠢ ᠶᠢᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠢᠪᠳᠤᠯᠤᠯᠲᠠ ᠶᠢᠨ ᠴᠢᠨᠠᠷᠲᠠᠢ ᠠᠬᠢᠯᠲᠠ ᠪᠤᠯᠬᠤ ᠪᠦᠭᠡᠳ ᠠᠮᠢ ᠎ ᠶᠢᠨ ᠨᠢᠭᠤᠴᠠ ᠶᠢᠨ ᠲᠤᠬᠠᠢ ᠲᠠᠨᠢᠯᠲᠠ ᠶᠢ ᠲᠦᠯᠬᠢᠨ ᠠᠬᠢᠭᠤᠯᠬᠤ ᠳᠤ ᠲᠤᠰᠠ ᠪᠤᠯᠤᠨ᠎ᠠ ᠭᠡᠵᠤ ᠦᠵᠡᠵᠤ ᠪᠤᠢ᠃       ᠠᠮᠧᠷᠢᠺᠠ ᠶᠢᠨ ᠭᠧᠨ ᠤ ᠪᠥᠭᠡᠮ ᠤᠨ ᠰᠤᠳᠤᠯᠭᠠᠨ ᠤ ᠬᠤᠰᠢᠭᠤᠴᠢ ᠺᠷᠠᠶᠢᠭ · ᠸᠧᠨᠲ᠋ᠧᠷ ᠤᠨ ᠤᠳᠤᠷᠢᠳᠤᠭᠰᠠᠨ ᠡᠨᠡ ᠰᠤᠳᠤᠯᠭᠠᠨ ᠨᠢ ᠠᠮᠧᠷᠢᠺᠠ ᠶᠢᠨ ᠰᠢᠨ᠎ᠡ ᠨᠢᠭᠡᠨ ᠬᠤᠭᠤᠴᠠᠭᠠᠨ ᠤ ︽ᠰᠢᠨᠵᠢᠯᠡᠬᠦ ᠤᠬᠠᠭᠠᠨ︾ ᠰᠡᠳᠬᠦᠯ ᠲᠡᠭᠡᠷ᠎ᠡ ᠨᠡᠶᠢᠲᠡᠯᠡᠭᠳᠡᠭᠰᠡᠨ ᠪᠠᠶᠢᠨ᠎ᠠ᠂ ᠲᠡᠳᠡᠨ ᠤ ᠡᠬᠦᠳᠦᠨ ᠪᠦᠲᠦᠭᠡᠭᠰᠡᠨ ᠵᠤᠬᠢᠶᠠᠮᠠᠯ ᠨᠡᠶᠢᠯᠡᠮᠡᠯ ᠡᠰ ᠲᠤ ᠵᠦᠪᠭᠡᠨ 473 ᠭᠧᠨ ᠠᠭᠤᠯᠤᠭᠳᠠᠳᠠᠭ᠂ ᠡᠨᠡ ᠨᠢ ᠲᠡᠯᠡᠭᠡᠢ ᠲᠡᠭᠡᠷᠡᠬᠢ ᠭᠧᠨ ᠤ ᠲᠤᠭ᠎ᠠ ᠪᠠᠷ ᠬᠠᠮᠤᠭ ᠤᠨ ᠴᠦᠭᠡᠨ ᠤᠷᠭᠠᠨᠢᠭ ᠪᠡᠶ᠎ᠡ ᠪᠤᠯᠤᠭᠰᠠᠨ ᠪᠤᠯᠪᠠᠴᠦ ᠦᠪᠡᠷᠲᠡᠭᠡᠨ ᠲᠠᠬᠢᠨ ᠡᠬᠦᠰᠬᠦ ᠴᠢᠳᠠᠪᠤᠷᠢ ᠲᠠᠢ ᠪᠠᠶᠢᠪᠠ᠃ ᠡᠬᠦᠨ ᠲᠠᠢ ᠬᠠᠷᠢᠴᠠᠭᠤᠯᠪᠠᠯ᠂ ᠬᠦᠮᠦᠨ ᠲᠦᠷᠦᠯᠬᠢᠲᠡᠨ ᠤ ᠭᠧᠨ ᠤ ᠲᠤᠭ᠎ᠠ 2 ᠲᠦᠮᠡ ᠶᠢ ᠲᠠᠪᠠᠳᠠᠭ᠃       ᠬᠡᠲᠦ᠋ᠢᠪᠡᠷ ᠡᠨᠡ ᠬᠦ ᠨᠡᠶᠢᠯᠡᠮᠡᠯ ᠡᠰ ᠤᠨ ᠭᠧᠨ ᠤ ᠪᠦᠭᠡᠮ ᠨᠢ ᠮᠠᠰᠢ ᠲᠦᠬᠦᠮ ᠪᠤᠯᠪᠠᠴᠦ ᠰᠤᠳᠤᠯᠭᠠᠲᠠᠳ ᠤᠨ ᠬᠡᠯᠡᠬᠦ ᠪᠠᠷ ᠲᠡᠳᠡ ᠵᠦᠪᠭᠡᠨ ᠲᠡᠬᠦᠨ ᠤ ᠲᠤᠳᠤᠷᠠᠬᠢ ᠭᠤᠷᠪᠠᠨ ᠤ ᠬᠤᠶᠠᠷ ᠬᠤᠪᠢ ᠶᠢᠨ ᠭᠧᠨ ᠤ ᠴᠢᠳᠠᠮᠵᠢ ᠶᠢ ᠲᠤᠳᠤᠯᠠᠵᠤ᠂ ᠪᠠᠰᠠ 149 ᠭᠧᠨ ᠤ ᠦᠢᠯᠡᠳᠦᠯ ᠨᠢ ᠲᠤᠳᠤᠷᠬᠠᠢ ᠦᠭᠡᠢ ᠪᠠᠶᠢᠭᠰᠠᠭᠠᠷ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号