ᠳᠤᠮᠤ ᠳ᠋ᠠᠶᠢᠲ᠋ᠠ ᠶᠢᠨ ᠴᠠᠭ ᠦᠶ᠎ᠠ ᠳᠤ ᠶᠠᠮᠠᠷ ᠶᠠᠮᠠᠷ ᠬᠤᠪᠢᠷᠠᠯᠳᠠ ᠭᠠᠷᠳᠠᠬ ᠪᠢᠯᠡ︖
ᠨᠡᠶᠢᠲᠡᠯᠡᠭᠰᠡᠨ ᠴᠠᠭ᠄
2016/3/29
       ᠡᠨᠡ ᠵᠢᠯ ᠤᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠳᠤ ︽ᠳᠤᠮᠤ ᠳ᠋ᠠᠶᠢᠲ᠋ᠠ᠂ ᠡᠬᠦᠯᠡᠨ ᠪᠤᠲᠤᠯᠲᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠠ ᠶᠢ ᠦᠷᠭᠡᠨ ᠢᠶᠠᠷ ᠬᠡᠷᠡᠭᠯᠡᠬᠦ ᠶᠠᠪᠤᠲᠠᠯ ᠢ ᠠᠬᠢᠭᠤᠯᠤᠨ᠎ᠠ︾ ᠭᠡᠵᠤ ᠲᠤᠷᠠᠳᠤᠨ ᠭᠠᠷᠭᠠᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠤᠪᠵᠢᠬᠦᠯᠭᠡ ᠶᠢᠨ ᠲᠤᠪᠴᠢ ᠳᠤ ᠪᠠᠰᠠ ᠲᠤᠮᠤ ᠳ᠋ᠠᠶᠢᠲ᠋ᠠ ᠶᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠪᠤᠯᠭᠠᠵᠤ ᠬᠡᠷᠡᠭᠵᠢᠬᠦᠯᠬᠦ ᠪᠠᠷ ᠪᠤᠢ᠃ ᠠᠷᠠᠳ ᠤᠯᠠᠨ ᠴᠤ ︽ᠲᠤᠮᠤ ᠳ᠋ᠠᠶᠢᠲ᠋ᠠ︾᠎ ᠶᠢᠨ ᠴᠠᠭ ᠦᠶ᠎ᠠ ᠬᠥᠷᠴᠤ ᠢᠷᠡᠭᠰᠡᠨ ᠢ ᠰᠡᠷᠡᠨ ᠮᠡᠳᠡᠵᠤ ᠪᠠᠶᠢᠨ᠎ᠠ᠃ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠵᠠᠯᠭᠠᠭ᠎ᠠ ᠪᠠᠷ ᠨᠡᠶᠢᠳᠡᠯᠡᠭᠰᠡᠨ ᠬᠡᠷᠡᠭᠯᠡᠭᠡ᠂ ᠭᠠᠳᠠᠭᠰᠢ ᠭᠠᠷᠬᠤ᠂ ᠵᠢᠭᠤᠯᠴᠢᠯᠠᠯ᠂ ᠡᠮ ᠡᠮᠨᠡᠯᠭᠡ᠂ ᠮᠦᠡᠭᠬᠦᠨ ᠬᠥᠢᠯᠭᠡᠭᠡ ᠵᠡᠷᠭᠡ ᠡᠯ᠎ᠠ ᠵᠦᠢᠯ ᠤᠨ ᠲᠤᠮᠤ ᠳ᠋ᠠᠶᠢᠲ᠋ᠠ ᠨᠢ ᠠᠷᠠᠳ ᠤᠯᠠᠨ ᠤ ︽ᠪᠤᠳᠤᠯᠭ᠎ᠠ ᠲᠤᠬᠳᠠᠭᠠᠬᠤ︾᠎ ᠳᠤ ᠦᠨᠳᠤᠰᠤ ᠪᠠᠷᠢᠮᠳᠠ ᠬᠠᠨᠭ᠍ᠭᠠᠬᠰᠠᠨ ᠶᠤᠮ᠃       ︽ᠲᠤᠮᠤ ᠳ᠋ᠠᠶᠢᠲ᠋ᠠ︾᠎ ᠨᠢ ᠨᠢᠭᠡᠨᠳᠡ ᠤᠳᠤᠬᠢ ᠨᠡᠶᠢᠭᠡᠮ ᠤᠨ ᠲᠠᠨᠢᠯ ᠲᠠᠰᠤᠯ ᠦᠭᠡ ᠪᠤᠯᠵᠠᠢ᠂ ᠮᠡᠷᠭᠡᠵᠢᠯᠳᠡᠳ ᠤᠨ ᠦᠵᠡᠬᠦ ᠪᠠᠷ᠂ ᠲᠤᠮᠤ ᠳ᠋ᠠᠶᠢᠲ᠋ᠠ ᠶᠢᠨ ᠬᠤᠪᠢᠰᠬᠠᠯᠴᠢ ᠴᠢᠨᠠᠷ ᠪᠦᠬᠦᠢ ᠠᠴᠢ ᠬᠤᠯᠪᠤᠬᠳᠠᠯ ᠨᠢ ᠬᠥᠮᠤᠰ ᠤᠨ ᠲᠠᠨᠢᠨ ᠮᠡᠳᠡᠷᠡᠬᠦᠢ᠂ ᠮᠠᠭᠠᠳᠯᠠᠯᠳᠠ᠂ ᠪᠤᠳᠤᠯᠭ᠎ᠠ ᠲᠤᠬᠳᠠᠭᠠᠯᠳᠠ ᠳᠤ ᠴᠤ᠋ ᠰᠢᠨ᠎ᠠ ᠪᠠᠭᠠᠵᠢ ᠬᠠᠨᠭ᠍ᠭᠠᠵᠤ᠂ ᠵᠠᠰᠠᠬ ᠤᠨ ᠤᠷᠳᠤᠨ ᠤ ᠠᠵᠢᠯᠯᠠᠭᠠᠨ ᠪᠠ ᠬᠢᠨᠠᠨ ᠬᠠᠮᠢᠶᠠᠷᠬᠤ ᠬᠡᠪ ᠵᠠᠬᠪᠤᠷ ᠢ ᠬᠤᠪᠢᠷᠠᠭᠤᠯᠤᠨ᠂ ᠠᠵᠤ ᠠᠬᠤᠢ ᠶᠢᠨ ᠪᠦᠳᠤᠴᠡ ᠶᠢᠨ ᠲᠤᠬᠢᠷᠠᠭᠤᠯᠤᠯᠳᠡ ᠶᠢ ᠬᠤᠷᠳᠤᠳᠬᠠᠵᠤ᠂ ᠠᠷᠠᠳ ᠤᠯᠠᠨ ᠤ ᠠᠮᠢᠳᠤᠷᠠᠯ ᠳᠤ ᠨᠡᠩ ᠲᠦᠬᠦᠮ ᠦᠵᠡᠬᠦᠯᠬᠦ ᠳᠤ ᠤᠷᠤᠰᠢᠨ᠎ᠠ᠃ 
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号