120 ᠡᠮᠴᠢᠯᠡᠭᠡᠨ ᠤ ᠲᠥᠷᠭᠡᠨ ᠠᠪᠤᠷᠠᠬᠤ ᠤᠳᠠᠰᠤ
ᠨᠡᠶᠢᠲᠡᠯᠡᠭᠰᠡᠨ ᠴᠠᠭ᠄
2016/3/30
       120 ᠪᠣᠯ ᠡᠮᠴᠢᠯᠡᠭᠡᠨ ᠤ ᠲᠥᠷᠭᠡᠨ ᠠᠪᠤᠷᠠᠬᠤ ᠲᠤᠰᠠᠯᠠᠮᠵᠢ ᠭᠤᠶᠤᠴᠢᠯᠠᠬᠤ ᠳ᠋ᠢᠶᠠᠩᠬᠤᠸᠠ ᠪᠣᠯᠤᠨ᠎ᠠ᠂ ᠳᠡᠷᠭᠡᠳᠡᠬᠢ ᠬᠥᠮᠦᠨ ᠴᠢᠨᠢ ᠭᠡᠨᠡᠳᠲᠡ ᠡᠪᠡᠳᠴᠢᠨ ᠬᠥᠳᠡᠯᠥᠭᠰᠡᠨ ᠪᠣᠶᠤ ᠰᠠᠨᠠᠭᠠᠨ ᠳᠤ ᠦᠭᠡᠢ ᠭᠡᠮᠳᠥᠪᠡᠯ ᠴᠠᠭ ᠲᠤᠬᠠᠢ ᠳᠤᠨᠢ ᠤᠳᠠᠰᠤᠲᠠᠬᠤ ᠬᠡᠷᠡᠭᠲᠡᠢ᠃       ᠲᠦᠭᠰᠢᠭᠦᠷᠢ ᠮᠡᠳᠡᠭᠦᠯᠬᠦ ᠶᠡᠷᠦ ᠶᠢᠨ ᠮᠡᠳᠡᠯᠭᠡ       ︵1︶ ᠴᠠᠭ ᠲᠤᠬᠠᠢ ᠳᠤᠨᠢ ᠲᠦᠭᠰᠢᠭᠦᠷᠢ ᠮᠡᠳᠡᠭᠦᠯᠦᠨ᠎ᠡ᠃       ︵2︶ ᠭᠠᠵᠠᠷ ᠢᠶᠠᠨ ᠲᠣᠳᠤᠷᠬᠠᠢ ᠬᠡᠯᠡᠵᠦ ᠦᠭᠭᠦᠨ᠎ᠡ᠃       ︵3︶ ᠡᠪᠡᠳᠴᠢᠨ ᠤ ᠪᠠᠶᠢᠳᠠᠯ ᠢ ᠨᠢ ᠲᠣᠳᠣᠷᠬᠠᠢ ᠬᠡᠯᠡᠵᠦ ᠦᠭᠭᠦᠨ᠎ᠡ᠃ ᠡᠪᠡᠳᠴᠢᠲᠡᠨ ᠤ ᠨᠠᠰᠤ ᠵᠢᠯ᠂ ᠬᠦᠢᠰᠦ ᠢᠯᠭᠠᠯ᠂ ᠡᠪᠡᠳᠴᠢᠯᠡᠭᠰᠡᠨ ᠴᠠᠭ ᠬᠤᠭᠤᠴᠠᠭ᠎ᠠ ᠪᠠ ᠡᠪᠡᠳᠴᠢᠨ ᠤ ᠨᠡᠶᠢᠲᠡᠯᠢᠭ ᠢᠯᠡᠷᠡᠯ ᠵᠢᠱᠢᠶᠡᠯᠡᠪᠡᠯ ᠴᠡᠭᠡᠵᠢ ᠡᠪᠡᠳᠬᠦ᠂ ᠤᠬᠠᠭ᠎ᠠ ᠠᠯᠳᠠᠬᠤ᠂ ᠴᠢᠰᠤ ᠪᠠᠷ ᠪᠥᠭᠡᠯᠵᠢᠬᠦ᠂ ᠪᠥᠭᠡᠯᠵᠢᠭᠡᠳ ᠵᠣᠭᠰᠤᠬᠤ ᠦᠭᠡᠢ ᠪᠠᠶᠢᠬᠤ᠂ ᠠᠮᠢᠰᠬᠤᠯ ᠴᠢᠬᠤᠯᠳᠠᠵᠦ ᠪᠠᠶᠢᠭ᠎ᠠ ᠵᠡᠷᠭᠡ ᠶᠢ ᠲᠣᠳᠤᠷᠬᠠᠢ ᠬᠡᠯᠡᠵᠦ ᠦᠭᠬᠦ ᠬᠡᠷᠡᠭᠲᠡᠢ᠃ ᠰᠠᠨᠠᠭᠠᠨ ᠳᠤ ᠦᠭᠡᠢ ᠭᠡᠮᠲᠥᠭᠰᠡᠨ ᠪᠣᠯ ᠰᠢᠷᠠᠭᠲᠤᠭᠰᠠᠨ ᠰᠢᠯᠲᠠᠭᠠᠨ ᠢ ᠨᠢ ᠲᠣᠳᠣᠷᠬᠠᠢ ᠬᠡᠯᠡᠵᠦ ᠦᠭᠬᠦ ᠬᠡᠷᠡᠭᠲᠡᠢ᠂ ᠵᠢᠱᠢᠶᠡᠯᠡᠪᠡᠯ ᠴᠠᠬᠢᠯᠭᠠᠨ ᠎ ᠳᠤ ᠴᠤᠬᠢᠭᠳᠠᠭᠰᠠᠨ᠂ ᠤᠰᠤᠨ ᠳᠤ ᠵᠢᠪᠦᠭᠰᠡᠨ᠂ ᠭᠠᠯ ᠤᠨ ᠠᠶᠤᠯ᠂ ᠬᠤᠣᠷᠳᠠᠭᠳᠠᠭᠰᠠᠨ ᠵᠡᠷᠭᠡ ᠰᠢᠷᠠᠭᠲᠤᠭᠴᠢ ᠶᠢᠨ ᠰᠢᠷᠬ᠎ᠠ ᠶᠢᠨ ᠪᠠᠶᠢᠳᠠᠯ ᠢ ᠲᠣᠳᠣᠷᠬᠠᠢ ᠬᠡᠯᠡᠵᠦ ᠦᠭᠭᠦᠨ᠎ᠡ᠃       ︵4︶ ᠣᠪᠣᠭ ᠨᠡᠷ᠎ᠡ ᠪᠠᠨ ᠦᠯᠡᠳᠡᠭᠡᠨ᠎ᠡ᠃       ︵5︶ ᠬᠦᠯᠢᠶᠡᠨ ᠠᠪᠴᠦ ᠵᠢᠭᠠᠨ ᠳᠠᠭᠠᠭᠤᠯᠤᠨ᠎ᠠ᠃       ᠬᠠᠯᠠᠭᠤᠮᠰᠤᠭ ᠰᠠᠨᠠᠭᠤᠯᠤᠮᠵᠢ       ᠬᠦᠯᠢᠶᠡᠬᠦ ᠶᠢᠨ ᠵᠡᠷᠭᠡᠴᠡᠪᠡᠷ ᠢᠳᠡᠪᠬᠢᠲᠡᠢ ᠪᠠᠷ ᠠᠪᠤᠷᠠᠬᠤ ᠠᠵᠢᠯ ᠬᠢᠨ᠎ᠡ᠃ ᠭᠠᠮᠰᠢᠭ ᠪᠣᠯᠤᠭᠰᠠᠨ ᠠᠳᠡᠯ ᠭᠠᠷᠤᠭᠰᠠᠨ ᠤ ᠳᠠᠷᠠᠭ᠎ᠠ ᠨᠡᠩ ᠢᠯᠡᠭᠦᠦ ᠭᠡᠮᠲᠥᠯ ᠪᠣᠯᠭᠠᠬᠤ ᠦᠭᠡᠢ ᠪᠠᠶᠢᠬᠤ ᠶᠢ ᠦᠨᠡᠨᠬᠦ ᠪᠠᠳᠤᠯᠠᠭᠰᠠᠨ ᠪᠠᠶᠢᠳᠠᠯ ᠤᠨ ᠳᠣᠣᠷ᠎ᠠ᠂ ᠰᠢᠷᠠᠭᠳᠤᠭᠰᠠᠳ ᠲᠤ ᠪᠥᠲᠦᠮᠵᠢᠲᠡᠢ ᠠᠷᠭ᠎ᠠ ᠬᠡᠮᠵᠢᠶ᠎ᠡ ᠠᠪᠴᠤ᠂ ᠡᠮᠨᠡᠯᠭᠡ ᠶᠢᠨ ᠠᠵᠢᠯᠲᠠᠳ ᠢ ᠬᠦᠷᠴᠦ ᠢᠷᠡᠲᠡᠯ᠎ᠡ ᠲᠥᠷᠭᠡᠨ ᠠᠪᠤᠷᠠᠯᠲᠠ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号