ᠬᠥᠢᠳᠡᠨ ᠤᠷᠤᠰᠬᠠᠯ ᠤᠨ ᠲᠤᠬᠠᠢ ᠮᠡᠳᠡᠴᠨ
ᠨᠡᠶᠢᠲᠡᠯᠡᠭᠰᠡᠨ ᠴᠠᠭ᠄
2016/3/30
      ᠤᠳᠠᠭ᠎ᠠ ᠪᠥᠷᠢ ᠶᠢᠨ ᠬᠥᠢᠳᠡᠨ ᠠᠭᠠᠷ ᠲᠠᠭᠠᠷᠢᠵᠤ ᠭᠠᠷᠬᠤ ᠪᠤᠯᠭᠠᠨ ᠳᠤ᠂ ᠲᠡᠷᠡ ᠬᠦ ᠭᠠᠵᠠᠷ ᠤᠷᠤᠨ ᠳᠠᠬᠢ 24 ᠴᠠᠭ ᠤᠨ ᠬᠠᠮᠤᠭ ᠲᠤᠤᠷ᠎ᠠ ᠲᠤᠯᠠᠭᠠᠨ ᠤ ᠭᠡᠮᠵᠢᠶ᠎ᠡ ᠨᠢ 8 ℃᠎ ᠠᠴᠠ ᠲᠡᠭᠡᠭᠰᠢ ᠪᠠᠭᠤᠷᠠᠬᠤ ᠮᠥᠷᠳᠡᠭᠡᠨ ᠬᠠᠮᠤᠭ ᠲᠤᠤᠷ᠎ᠠ ᠲᠤᠯᠠᠭᠠᠨ ᠤ ᠭᠡᠮᠵᠢᠶ᠎ᠡ ᠨᠢ 4℃᠎ ᠲᠠᠢ ᠲᠡᠩᠴᠡᠬᠦᠥ ᠪᠤᠶᠤ ᠲᠤᠤᠷ᠎ᠠ ᠪᠠᠶᠢᠵᠤ᠂ ᠡᠭᠡ ᠬᠠᠭᠤᠷᠠᠢ ᠲᠡᠭᠡᠷᠡᠬᠢ ᠲᠡᠭᠰᠢᠳᠭᠡᠭᠰᠡᠨ ᠰᠠᠯᠬᠢᠨ ᠤ ᠬᠥᠴᠤ ᠨᠢ 5 — 7 ᠲᠡᠰ ᠲᠤ ᠬᠥᠷᠪᠡᠯ᠂ ᠬᠥᠢᠳᠡᠨ ᠤᠷᠤᠰᠬᠠᠯ ᠭᠡᠨ᠎ᠡ᠃ ᠬᠥᠢᠳᠡᠨ ᠤᠷᠤᠰᠬᠠᠯ ᠲᠠᠭᠠᠷᠢᠵᠤ ᠭᠠᠷᠤᠭᠰᠠᠨ ᠭᠠᠵᠠᠷ ᠤᠨ ᠲᠤᠯᠠᠭᠠᠨ ᠤ ᠭᠡᠮᠵᠢᠶ᠎ᠡ ᠭᠡᠨᠡᠳᠳᠡ ᠪᠠᠭᠤᠷᠠᠬᠤ᠂ ᠶᠡᠭᠡ ᠰᠠᠯᠬᠢ ᠪᠤᠯᠤᠨ ᠪᠤᠷᠤᠭᠠᠨ ᠴᠠᠰᠤ ᠤᠷᠤᠬᠤ ᠵᠡᠷᠭᠡ ᠴᠠᠭ ᠠᠭᠤᠷ ᠤᠨ ᠪᠠᠶᠢᠳᠠᠯ ᠶᠡᠭᠡ ᠭᠡᠪᠴᠢᠶ᠎ᠡ ᠪᠠᠷ ᠢᠯᠡᠷᠡᠨ᠎ᠡ᠃ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       ● ᠪᠠᠬᠢᠯᠡᠵᠤ ᠲᠤᠯᠠᠭᠠᠯᠠᠬᠤ ᠪᠠᠨ ᠠᠩᠬᠠᠷᠴᠤ᠂ ᠡᠪᠡᠳᠴᠢᠨ ᠡᠮᠭᠡᠭ ᠲᠠᠭᠠᠯᠳᠤᠨ ᠡᠬᠦᠰᠬᠦ ᠶᠢ ᠰᠡᠷᠭᠡᠶᠢᠯᠡᠨ᠎ᠡ᠃       ● ᠶᠡᠭᠡ ᠰᠠᠯᠬᠢᠨ ᠳᠤ ᠬᠢᠯᠪᠠᠷᠬᠠᠨ ᠬᠡᠶᠢᠰᠴᠤ ᠥᠯᠢᠶᠡᠭᠳᠡᠬᠦ ᠡᠬᠦᠳᠡ ᠴᠤᠩᠬᠤ᠂ ᠪᠥᠰᠡᠯᠡᠬᠦᠷ ᠬᠠᠪᠳᠠᠰᠤ ᠵᠡᠷᠭᠡ ᠪᠡᠯᠡᠳᠭᠡᠮᠵᠢ ᠪᠠᠨ ᠪᠠᠬᠢᠯᠡᠨ᠎ᠡ᠃       ● ᠲᠠᠷᠢᠮᠠᠯ ᠤᠨ ᠵᠥᠢᠯ᠂ ᠮᠠᠯ ᠵᠢᠬᠦᠷᠳᠡᠨ ᠵᠡᠷᠭᠡ ᠪᠠᠨ ᠬᠠᠮᠠᠭᠠᠯᠠᠬᠤ ᠠᠷᠭ᠎ᠠ ᠭᠡᠮᠵᠢᠶ᠎ᠡ ᠠᠪᠬᠤ ᠭᠡᠷᠡᠭᠳᠡᠢ᠃       & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ       ◆ ᠬᠥᠢᠳᠡᠨ ᠤᠷᠤᠰᠬᠠᠯ ᠤᠨ ᠤᠷᠢᠳᠴᠢᠯᠠᠭᠰᠠᠨ ᠮᠡᠳᠡᠭᠡ ᠶᠢ ᠪᠠᠶᠢᠡᠭᠭᠤ ᠠᠩᠬᠠᠷᠴᠤ᠂ ᠭᠠᠮᠰᠢᠬ ᠢ ᠰᠡᠷᠭᠡᠶᠢᠯᠡᠬᠦ ᠪᠡᠯᠡᠳᠭᠡᠯ ᠠᠵᠢᠯ ᠢᠶᠠᠨ ᠤᠷᠢᠳᠴᠢᠯᠠᠨ ᠰᠠᠶᠢᠳᠤᠷ ᠬᠢᠨ᠎ᠠ᠃       ◆ ᠬᠥᠢᠳᠡᠨ ᠤᠷᠤᠰᠬᠠᠯ ᠠᠴᠠ ᠪᠤᠯᠵᠤ ᠰᠠᠯᠬᠢᠨ ᠪᠤᠷᠤᠭᠠᠨ ᠬᠢᠯᠪᠠᠷ ᠡᠬᠦᠰᠬᠦ ᠪᠤᠯᠬᠤᠷ᠂ ᠤᠰᠤᠨ ᠳᠤ ᠠᠵᠢᠯᠯᠠᠬᠤ ᠬᠥᠮᠥᠰ ᠤᠨᠴᠠᠭᠠᠢ ᠠᠩᠬᠠᠷᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号