ᠮᠥᠰᠤ ᠴᠠᠰᠤ ᠲᠠᠢ ᠠᠭᠤᠷ ᠠᠮᠢᠰᠬᠤᠯ ᠭᠡᠳᠡᠭ ᠢ ᠦᠢᠯᠠᠭᠠᠨ᠎ᠠ ᠤᠤ
ᠨᠡᠶᠢᠲᠡᠯᠡᠭᠰᠡᠨ ᠴᠠᠭ᠄
2016/3/30
      ᠮᠥᠰᠥ ᠴᠠᠰᠤ ᠲᠠᠢ ᠠᠭᠤᠷ ᠠᠮᠢᠰᠬᠤᠯ ᠳᠤ᠂ ᠵᠠᠮ ᠮᠥᠷ ᠲᠤᠳᠤ ᠬᠠᠷᠠᠭᠳᠠᠬᠤ ᠥᠭᠡᠢ᠂ ᠵᠠᠮ ᠨᠦᠢᠳᠠᠨ ᠬᠥᠯᠢᠭᠡᠷ ᠪᠠᠶᠢᠳᠠᠭ ᠪᠤᠯᠬᠤᠷ᠂ ᠵᠠᠮ ᠶᠠᠪᠤᠬᠤ ᠳᠤ ᠠᠶᠤᠯᠳᠠᠢ ᠲᠠᠯᠳᠠ ᠭᠡᠮ ᠤᠳ ᠤᠷᠤᠰᠢᠵᠤ᠂ ᠵᠠᠮ ᠬᠠᠷᠢᠯᠴᠠᠭ᠎ᠠ ᠎ ᠶᠢᠨ ᠪᠠ ᠤᠢᠢᠴᠢᠵᠤ ᠰᠢᠷᠬᠠᠳᠤᠬᠤ ᠵᠡᠷᠭᠡ ᠠᠳᠡᠯ ᠬᠢᠯᠪᠠᠷ ᠭᠠᠷᠳᠠᠭ᠃       ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       ● ᠮᠠᠰᠢᠨᠳᠤ ᠪᠤᠰᠤ ᠲᠡᠷᠭᠡ ᠬᠥᠰᠭᠡ ᠶᠢᠨ ᠵᠢᠯᠤᠭᠤᠴᠢᠳ ᠲᠡᠷᠭᠡᠨ ᠤ ᠬᠥᠷᠳᠥᠨ ᠤ ᠭᠡᠢ ᠪᠠᠨ ᠪᠠᠭ᠎ᠠ ᠰᠢᠬ ᠲᠠᠯᠪᠢᠵᠤ᠂ ᠬᠥᠷᠳᠤ ᠬᠢᠭᠡᠳ ᠵᠠᠮ ᠤᠨ ᠥᠷᠥᠯᠳᠡ ᠶᠢᠨ ᠬᠥᠴᠤ ᠶᠢ ᠨᠡᠮᠡᠭᠳᠡᠬᠦᠯᠬᠦ ᠭᠡᠷᠡᠭᠳᠡᠢ᠃       ● ᠮᠥᠰᠥ ᠴᠠᠰᠤ ᠲᠠᠢ ᠠᠭᠤᠷ ᠠᠮᠢᠰᠬᠤᠯ ᠲᠠᠢ ᠥᠶ᠎ᠡ ᠳᠤ᠂ ᠲᠡᠷᠭᠡ ᠬᠥᠰᠭᠡ ᠵᠢᠯᠤᠭᠤᠳᠬᠤ ᠳᠠᠭᠠᠨ ᠲᠡᠷᠭᠡᠨ ᠤ ᠬᠤᠷᠳᠤᠴᠠ ᠶᠢ ᠨᠢ ᠬᠠᠰᠤᠵᠤ ᠠᠯᠭᠤᠷ ᠶᠠᠪᠤᠭᠤᠯᠵᠤ᠂ ᠮᠤᠷᠦ᠋ᠢᠬᠤ ᠳᠠᠭᠠᠨ ᠤᠭᠵᠢᠮ ᠡᠷᠬᠢᠭ᠍ᠰᠡᠨ ᠠᠴᠠ ᠪᠤᠯᠵᠤ ᠬᠠᠵᠠᠭᠤ ᠲᠡᠰᠢ ᠪᠠᠨ ᠭᠤᠯᠭᠤᠬᠤ ᠠᠴᠠ ᠰᠡᠷᠭᠡᠶᠢᠯᠡᠵᠤ᠂ ᠲᠡᠷᠭᠡ ᠬᠥᠰᠭᠡ ᠪᠠᠨ ᠭᠡᠳᠤ ᠤᠭᠵᠢᠮ ᠪᠥᠭᠡᠳ ᠭᠡᠳᠤ ᠲᠥᠷᠭᠡᠨ ᠵᠤᠭᠰᠤᠭᠠᠬᠤ ᠠᠴᠠ ᠬᠢᠴᠢᠶᠡᠨ᠎ᠡ᠃       ● ᠮᠥᠰᠤ ᠴᠠᠰᠤ ᠲᠠᠢ ᠵᠠᠮ ᠢᠶᠠᠷ ᠲᠡᠷᠭᠡ ᠶᠠᠪᠤᠭᠤᠯᠬᠤ ᠳᠠᠭᠠᠨ᠂ ᠭᠤᠯᠭᠤᠬᠤ ᠠᠴᠠ ᠰᠡᠷᠭᠡᠶᠢᠯᠡᠬᠦ ᠬᠢᠨᠵᠢ ᠤᠭᠰᠠᠷᠠᠭᠤᠯᠵᠤ᠂ ᠥᠡᠭᠭᠡᠳᠤ ᠰᠢᠯ ᠪᠤᠶᠤ ᠥᠡᠭᠭᠡ ᠬᠤᠪᠢᠷᠠᠬᠤ ᠰᠢᠯ ᠵᠠᠭᠦᠭᠦᠨ᠎ᠠ᠃       ● ᠶᠠᠪᠠᠭᠠᠨ ᠬᠥᠮᠥᠰ ᠬᠥᠬᠦᠷᠭᠡᠨ ᠤ ᠲᠤᠤᠭᠤᠷ᠂ ᠭᠡᠷ ᠪᠠᠶᠢᠰᠢᠩ ᠤᠨ ᠰᠠᠷᠠᠪᠴᠢᠨ ᠲᠤᠤᠭᠤᠷ ᠥᠡᠭᠭᠡᠷᠡᠬᠦ ᠎ ᠳᠡᠭᠡᠨ ᠬᠤᠷᠳᠤᠨ ᠥᠡᠭᠭᠡᠷᠡᠬᠦ ᠪᠤᠶᠤ ᠲᠤᠭᠤᠷᠢᠨ ᠭᠠᠷᠴᠤ᠂ ᠬᠥᠯᠳᠡᠵᠤ ᠨᠠᠭᠠᠯᠳᠤᠭᠰᠠᠨ ᠮᠥᠰᠤ ᠬᠠᠶᠢᠯᠵᠤ ᠤᠨᠠᠭᠠᠳ ᠰᠢᠷᠬᠠᠳᠤᠭᠤᠯᠬᠤ ᠠᠴᠠ ᠰᠡᠷᠭᠡᠶᠢᠯᠡᠨ᠎ᠡ᠃       ● ᠵᠠᠮ ᠲᠡᠭᠡᠷ᠎ᠡ ᠴᠠᠰᠤ ᠬᠠᠶᠢᠯᠤᠭᠤᠯᠬᠤ ᠡᠳ᠋ ᠰᠠᠴᠤᠵᠤ᠂ ᠴᠠᠰᠤ ᠬᠠᠶᠢᠯᠵᠤ ᠮᠥᠰᠥᠳᠥᠬᠦ ᠠᠴᠠ ᠰᠡᠷᠭᠡᠶᠢᠯᠡᠬᠦ ᠶᠢᠨ ᠬᠠᠮᠳᠤ᠂ ᠴᠠᠭ ᠲᠤᠬᠠᠢ ᠳᠤᠨᠢ ᠴᠠᠰᠤ ᠶᠢ ᠱᠥᠬᠦᠷᠳᠡᠬᠦ ᠠᠵᠢᠯ ᠢᠶᠠᠨ ᠵᠤᠬᠢᠶᠠᠨ ᠪᠠᠶᠢᠭᠤᠯᠵᠤ ᠬᠢᠨ᠎ᠠ᠃       & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ       ◆ ᠨᠠᠰᠤᠳᠠᠶᠢᠴᠤᠳ ᠪᠤᠯᠤᠨ ᠪᠡᠶ᠎ᠡ ᠪᠠᠭᠤᠷᠠᠢ ᠬᠥᠮᠥᠰ ᠭᠠᠳᠠᠭᠰᠢ ᠭᠠᠷᠬᠤ ᠪᠠᠨ ᠴᠦᠬᠡᠳᠭᠡᠨ᠎ᠡ᠃       ◆50 ᠮᠧᠲᠷ ᠤᠨ ᠲᠤᠳᠤᠷ᠎ᠠ ᠯᠠ ᠥᠵᠡᠭᠳᠡᠴᠡ ᠲᠠᠢ ᠥᠶ᠎ᠡ ᠳᠤ᠂ ᠮᠠᠰᠢᠨᠳᠤ ᠲᠡᠷᠭᠡᠨ ᠤ ᠬᠠᠮᠤᠭ ᠥᠨᠳᠥᠷ ᠬᠤᠷᠳᠤᠴᠠ ᠪᠠᠨ ᠴᠠᠭ ᠪᠥᠷᠢ ᠳᠤ 30 ᠺᠢᠯᠤᠮᠧᠲᠷ ᠠᠴᠠ ᠲᠠᠪᠠᠭᠤᠯᠵᠤ ᠪᠤᠯᠬᠤ ᠥᠭᠡᠢ ᠪᠥᠭᠡᠳ ᠲᠡᠷᠭᠡ ᠬᠥᠰᠭᠡᠨ ᠤ ᠬᠤᠭᠤᠷᠤᠨᠳᠤᠬᠢ ᠵᠠᠢ ᠪᠠᠨ ᠪᠠᠳᠤᠯᠠᠨ᠎ᠠ᠃       ◆ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠲᠠᠷᠠᠭ᠎ᠠ᠂ ᠠᠬᠤᠢ ᠲᠠᠯᠠᠪᠠᠢ ᠶᠢᠨ ᠠᠷᠤ ᠲᠠᠯ᠎ᠠ ᠪᠠᠷ ᠨᠢ ᠢᠯᠡ ᠲᠤᠳᠤᠷᠬᠠᠢ ᠲᠡᠮᠳᠡᠭ ᠲᠠᠯᠪᠢᠵᠤ᠂ ᠲᠡᠬᠢᠨᠳᠠ ᠡ᠊ᠨᠳᠡᠯ ᠭᠠᠷᠬᠤ ᠠᠴᠠ ᠰᠡᠷᠭᠡᠶᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号