ᠵᠠᠮ ᠤᠨ ᠮᠥᠰᠥᠳᠥᠯ ᠭᠡᠳᠡᠭ ᠢ ᠮᠡᠳᠡᠨ᠎ᠡ ᠤᠤ
ᠨᠡᠶᠢᠲᠡᠯᠡᠭᠰᠡᠨ ᠴᠠᠭ᠄
2016/3/30
       ᠵᠠᠮ ᠤᠨ ᠮᠥᠰᠥᠳᠥᠯ ᠢ ᠬᠤᠶᠠᠷ ᠵᠥᠢᠯ ᠳᠤ ᠬᠤᠪᠢᠶᠠᠳᠠᠭ᠂ ᠨᠢᠭᠡ ᠨᠢ ᠪᠤᠯ ᠴᠠᠰᠤ ᠤᠷᠤᠭᠰᠠᠨ ᠤ ᠲᠠᠷᠠᠭ᠎ᠠ ᠲᠡᠷᠡ ᠲᠡᠷᠦ᠋ᠢᠬᠠᠨ ᠴᠡᠷᠴᠠᠵᠤ ᠬᠥᠯᠳᠡᠭᠡᠳ ᠵᠠᠮ ᠮᠥᠰᠥᠳᠥᠯ ᠲᠠᠢ ᠪᠤᠯᠤᠨ᠎ᠠ︔ ᠨᠥᠬᠦᠭᠡ ᠨᠢ ᠪᠤᠯ ᠬᠤᠷᠠᠭᠰᠠᠨ ᠴᠠᠰᠤ ᠬᠠᠶᠢᠯᠵᠤ ᠡᠬᠢᠯᠡᠭᠰᠡᠨ ᠤ ᠲᠡᠷᠠᠭ᠎ᠠ᠂ ᠠᠭᠠᠷ ᠤᠨ ᠲᠤᠯᠠᠭᠠᠨ ᠪᠠᠭᠤᠷᠠᠭᠰᠠᠨ ᠠᠴᠠ ᠪᠤᠯᠵᠤ ᠵᠠᠮ ᠮᠥᠰᠥᠳᠥᠯ ᠲᠠᠢ ᠪᠤᠯᠤᠨ᠎ᠠ᠃ ᠵᠠᠮ ᠤᠨ ᠮᠥᠰᠥᠳᠥᠯ ᠨᠢ ᠵᠠᠮ ᠬᠠᠷᠢᠯᠴᠠᠭᠠᠨ ᠤ ᠠᠳᠡᠯ ᠤᠨ ᠬᠠᠮᠤᠭ ᠤᠨ ᠠᠶᠤᠯ ᠲᠠᠢ ᠰᠢᠯᠳᠠᠭᠠᠨ ᠪᠤᠯᠵᠤ ᠪᠠᠶᠢᠨ᠎ᠠ᠃       ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       ● ᠮᠠᠰᠢᠨᠳᠤ ᠲᠡᠷᠭᠡᠨ ᠤ ᠵᠢᠯᠤᠭᠤᠴᠢᠳ ᠲᠡᠷᠭᠡᠨ ᠤ ᠬᠥᠷᠳᠥᠨ ᠤ ᠭᠡᠢ ᠪᠠᠨ ᠪᠠᠭ᠎ᠠ ᠰᠢᠬ ᠲᠠᠯᠪᠢᠵᠤ᠂ ᠬᠥᠷᠳᠤ ᠬᠢᠭᠡᠳ ᠭᠠᠵᠠᠷ ᠤᠨ ᠥᠷᠥᠯᠳᠡ ᠶᠢᠨ ᠬᠥᠴᠤ ᠶᠢ ᠨᠡᠮᠡᠭᠳᠡᠭᠦᠯᠦᠨ᠂ ᠴᠢᠬᠤᠯᠠ ᠲᠠᠢ ᠥᠶ᠎ᠡ ᠳᠡᠭᠡᠨ ᠭᠤᠯᠭᠤᠬᠤ ᠠᠴᠠ ᠰᠡᠷᠭᠡᠶᠢᠯᠡᠬᠦ ᠭᠢᠨᠵᠢ ᠲᠠᠭᠠᠷᠠᠭᠤᠯᠤᠨ᠎ᠠ᠃       ● ᠵᠠᠮ ᠬᠠᠷᠢᠯᠴᠠᠭ᠎ᠠ᠂ ᠲᠤᠳᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠵᠠᠮ ᠤᠨ ᠲᠡᠷᠭᠡ ᠬᠥᠰᠭᠡ ᠶᠢ ᠵᠠᠬᠢᠷᠴᠤ ᠵᠢᠯᠤᠭᠤᠳᠤᠨ ᠲᠠᠭᠠᠭᠤᠯᠬᠤ ᠪᠠᠨ ᠠᠩᠬᠠᠷᠬᠤ ᠭᠡᠷᠡᠭᠳᠡᠢ᠂ ᠴᠢᠬᠤᠯᠠ ᠲᠠᠢ ᠥᠶ᠎ᠡ ᠳᠤ ᠮᠥᠰᠥᠳᠥᠭᠰᠡᠨ ᠵᠠᠮ ᠢ ᠪᠢᠳᠡᠬᠦᠮᠵᠢᠯᠡᠨ ᠵᠠᠮ ᠬᠠᠷᠢᠯᠴᠠᠭ᠎ᠠ ᠶᠢ ᠵᠤᠭᠰᠤᠭᠠᠨ᠎ᠠ᠃       ● ᠮᠠᠰᠢᠨᠳᠤ ᠲᠡᠷᠭᠡᠨ ᠤ ᠵᠢᠯᠤᠭᠤᠴᠢᠳ ᠵᠠᠰᠠᠮᠠᠯ ᠵᠠᠮ ᠤᠨ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠎ ᠬᠢᠨ ᠤ ᠰᠤᠨᠢᠨ ᠮᠡᠳᠡᠭᠡᠨ ᠤ ᠵᠠᠭᠤᠴᠢᠯᠠᠭᠤᠷ ᠢᠶᠠᠷ ᠲᠠᠮᠵᠢᠵᠤ ᠨᠡᠶᠢᠳᠡᠯᠡᠭᠰᠡᠨ ᠵᠠᠮ ᠤᠨ ᠮᠡᠳᠡᠭᠡ ᠵᠠᠩᠬᠢ ᠶᠢ ᠴᠠᠭ ᠢᠮᠠᠭᠳᠠ ᠠᠩᠬᠠᠷᠴᠤ ᠪᠠᠶᠢᠭᠠᠷᠠᠢ᠃       & ᠲᠤᠰᠬᠠᠢ ᠮᠡᠷᠭᠡᠵᠢᠯᠳᠡᠨ ᠤ ᠰᠠᠨᠠᠭᠤᠯᠤᠮᠵᠢ       ◆ ᠬᠥᠮᠥᠰ ᠭᠠᠳᠠᠭᠤᠷ ᠶᠠᠪᠤᠬᠤ ᠳᠠᠭᠠᠨ ᠬᠠᠯᠳᠤᠷᠢᠬᠤ ᠠᠴᠠ ᠰᠡᠷᠭᠡᠶᠢᠯᠡᠬᠦ ᠶᠢᠨ ᠲᠠᠭᠠᠤ ᠴᠢᠳᠠᠬᠤ ᠶᠢᠨ ᠲᠤᠳᠤᠷ᠎ᠠ ᠲᠤᠭᠤᠢ ᠲᠡᠷᠭᠡ ᠤᠨᠤᠬᠤ ᠥᠭᠡᠢ ᠪᠠᠶᠢᠪᠠᠯ ᠵᠤᠬᠢᠨ᠎ᠠ᠃       ◆ ᠵᠢᠯᠤᠭᠤᠴᠢᠳ ᠲᠡᠷᠭᠡ ᠬᠥᠰᠭᠡᠨ ᠳᠡᠭᠡᠨ ᠭᠤᠯᠭᠤᠬᠤ ᠠᠴᠠ ᠰᠡᠷᠭᠡᠶᠢᠯᠡᠬᠦ ᠠᠷᠭ᠎ᠠ ᠭᠡᠮᠵᠢᠶ᠎ᠡ ᠠᠪᠴᠤ᠂ ᠵᠢᠯᠤᠭᠤᠳᠤᠯᠭ᠎ᠠ ᠶᠢ ᠲᠠᠭᠠᠵᠤ ᠲᠡᠷᠭᠡ ᠬᠥᠰᠭᠡ ᠪᠠᠨ ᠠᠯᠭᠤᠷ ᠵᠢᠯᠤᠭᠤᠳᠬᠤ ᠭᠡᠷᠡᠭᠳᠡᠢ᠃       ◆50 ᠮᠧᠲᠷ ᠤᠨ ᠲᠤᠳᠤᠷ᠎ᠠ ᠯᠠ ᠥᠵᠡᠭᠳᠡᠴᠡ ᠲᠠᠢ ᠥᠶ᠎ᠡ ᠳᠤ᠂ ᠮᠠᠰᠢᠨ ᠲᠡᠷᠭᠡ ᠵᠢᠯᠤᠭᠤᠳᠬᠤ ᠬᠤᠷᠳᠤᠴᠠ ᠪᠠᠨ ᠴᠠᠭ ᠪᠥᠷᠢ ᠳᠤ 30 ᠺᠢᠯᠤᠮᠧᠲᠷ ᠠᠴᠠ ᠤᠳᠠᠭᠠᠨ ᠪᠠᠶᠢᠯᠭᠠᠬᠤ ᠶᠢᠨ ᠬᠠᠮᠳᠤ᠂ ᠲᠡᠷᠭᠡ ᠬᠥᠰᠭᠡᠨ ᠎ ᠤ ᠬᠤᠭᠤᠷᠤᠨᠳᠤᠬᠢ ᠵᠠᠢ ᠪᠠᠨ ᠪᠠᠳᠤᠯᠠᠬᠤ ᠭᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号