ᠡᠯᠡᠰᠥᠨ ᠰᠢᠭᠤᠷᠭ᠎ᠠ ᠭᠡᠳᠡᠭ ᠢ ᠦᠢᠯᠠᠭᠠᠷᠠᠢ
ᠨᠡᠶᠢᠲᠡᠯᠡᠭᠰᠡᠨ ᠴᠠᠭ᠄
2016/3/30
       ᠡᠯᠡᠰᠥᠨ ᠰᠢᠭᠤᠷᠭ᠎ᠠ ᠭᠡᠳᠡᠭ ᠪᠤᠯ ᠭᠠᠩ ᠬᠠᠭᠤᠷᠠᠢ ᠭᠠᠵᠠᠷ ᠤᠷᠤᠨ ᠳᠤ ᠥᠷᠬᠦᠯᠵᠢ ᠢᠯᠡᠷᠡᠳᠡᠭ ᠨᠢᠭᠡ ᠵᠥᠢᠯ ᠤᠨ ᠪᠠᠶᠢᠭᠠᠯᠢ ᠶᠢᠨ ᠥᠵᠡᠭᠳᠡᠯ ᠮᠥᠨ᠂ ᠭᠤᠤᠯᠳᠠᠭᠤ ᠠᠭᠤᠷ ᠠᠮᠢᠰᠬᠤᠯ ᠵᠢᠴᠢ ᠭᠠᠩ ᠬᠠᠭᠤᠷᠠᠢ ᠤᠷᠴᠢᠨ ᠲᠤᠭᠤᠷᠢᠨ ᠤ ᠪᠠᠶᠢᠳᠠᠯ ᠤᠨ ᠨᠥᠯᠥᠭᠡᠯᠡᠯ ᠢ ᠬᠥᠷᠳᠡᠵᠤ᠂ ᠬᠥᠮᠥᠨ ᠲᠥᠷᠥᠯᠬᠢᠳᠡᠨ ᠤ ᠠᠵᠢᠯᠯᠠᠭ᠎ᠠ ᠨᠢ ᠮᠥᠨ ᠴᠤ ᠡᠯᠡᠰᠥᠨ ᠰᠢᠭᠤᠷᠭ᠎ᠠ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃ ᠮᠠᠨ ᠤ ᠤᠯᠤᠰ ᠤᠨ ᠴᠠᠭ ᠠᠭᠤᠷ ᠤᠨ ᠰᠠᠯᠠᠭ᠎ᠠ ᠮᠥᠴᠢᠷ ᠤᠨ ᠲᠤᠭᠳᠠᠭᠠᠯ ᠢ ᠥᠨᠳᠥᠰᠥᠯᠡᠪᠡᠯ᠂ ᠡᠯᠡᠰᠥ ᠲᠤᠭᠤᠰᠤ ᠰᠢᠭᠤᠷᠭᠠᠯᠠᠬᠤ ᠶᠢ ᠲᠤᠭᠤᠰᠤ ᠲᠡᠭᠳᠡᠬᠦ᠂ ᠡᠯᠡᠰᠥ ᠭᠡᠶᠢᠰᠬᠦ᠂ ᠡᠯᠡᠰᠥᠨ ᠰᠢᠭᠤᠷᠭ᠎ᠠ᠂ ᠰᠢᠷᠥᠬᠦᠨ ᠡᠯᠡᠰᠥᠨ ᠰᠢᠭᠤᠷᠭ᠎ᠠ ᠬᠢᠭᠡᠳ ᠤᠨᠴᠠ ᠶᠡᠭᠡ ᠡᠯᠡᠰᠥᠨ ᠰᠢᠭᠤᠷᠭ᠎ᠠ ᠭᠡᠵᠤ ᠬᠤᠪᠢᠶᠠᠳᠠᠭ᠃       ※ ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       ○ ᠡᠯᠡᠰᠥᠨ ᠰᠢᠭᠤᠷᠭ᠎ᠠ ᠶᠢᠨ ᠤᠷᠢᠳᠴᠢᠯᠠᠭᠰᠠᠨ ᠮᠡᠳᠡᠭᠡ ᠶᠢ ᠤᠯᠤᠭᠰᠠᠨ ᠤ ᠲᠠᠷᠠᠭ᠎ᠠ᠂ ᠠᠷᠭ᠎ᠠ ᠭᠡᠮᠵᠢᠶ᠎ᠡ ᠠᠪᠴᠤ ᠪᠠᠶᠢᠭᠠᠳ ᠲᠤᠯᠠᠭᠠᠨ ᠬᠥᠯᠡᠮᠵᠢ ᠪᠠᠨ ᠪᠠᠬᠢᠯᠡᠵᠤ᠂ ᠬᠤᠬᠢᠷᠠᠯ ᠡᠪᠳᠡᠯᠭᠡ ᠶᠢ ᠪᠠᠭᠠᠰᠬᠠᠬᠤ ᠭᠡᠷᠡᠭᠳᠡᠢ᠃ ᠮᠠᠯᠴᠢᠳ ᠮᠠᠯ ᠢᠶᠠᠨ ᠬᠥᠷᠢᠶ᠎ᠡ ᠬᠠᠰᠢᠶᠠᠨ ᠳᠠᠭᠠᠨ ᠲᠠᠷᠦ᠋ᠢᠬᠠᠨ ᠬᠤᠷᠢᠵᠤ᠂ ᠤᠷᠤᠭᠤᠳᠠᠵᠤ ᠶᠠᠪᠤᠬᠤ ᠠᠴᠠ ᠰᠡᠷᠭᠡᠶᠢᠯᠡᠬᠦ ᠭᠡᠷᠡᠭᠳᠡᠢ᠃ ᠭᠡᠷᠪᠡ ᠮᠠᠯ ᠰᠥᠷᠥᠭ ᠨᠢ ᠭᠡᠷ ᠡᠷᠥᠭᠡ ᠠᠴᠠ ᠪᠠᠨ ᠬᠤᠯᠠ ᠪᠠᠶᠢᠪᠠᠯ᠂ ᠤᠢᠢᠷᠠᠯᠴᠠᠭ᠎ᠠ ᠪᠠᠶᠢᠭ᠎ᠠ ᠰᠠᠯᠬᠢ ᠬᠠᠯᠬᠠᠯᠠᠬᠤ ᠭᠠᠵᠠᠷ ᠲᠤ ᠥᠳᠳᠡᠷ ᠲᠥᠷᠭᠡᠨ ᠤᠴᠢᠬᠤ ᠭᠡᠷᠡᠭᠳᠡᠢ᠃       ○ ᠪᠠᠷᠢᠯᠭ᠎ᠠ ᠶᠢᠨ ᠭᠠᠵᠠᠷ ᠲᠠᠬᠢ ᠰᠠᠯᠬᠢᠨ ᠳᠤ ᠠᠮᠠᠷᠬᠠᠨ ᠭᠡᠶᠢᠰᠳᠡᠭ ᠪᠠᠷᠢᠯᠭ᠎ᠠ ᠶᠢᠨ ᠮᠠᠲ᠋ᠧᠷᠢᠶᠠᠯ ᠪᠤᠶᠤ ᠬᠠᠶᠠᠭᠳᠠᠮᠠᠯ ᠪᠤᠳᠠᠰ ᠢᠶᠠᠨ ᠰᠠᠶᠢᠳᠤᠷ ᠲᠠᠷᠤᠵᠤ ᠲᠠᠯᠪᠢᠨ᠎ᠠ᠃       ○ ᠡᠯᠡᠰᠥᠨ ᠰᠢᠭᠤᠷᠭ᠎ᠠ ᠲᠠᠢ ᠡᠳᠥᠷ ᠤᠨ ᠠᠭᠤᠷ ᠠᠮᠢᠰᠬᠤᠯ ᠨᠢ ᠭᠠᠩ ᠬᠠᠭᠤᠷᠠᠢ᠂ ᠲᠥᠢᠮᠥᠷ ᠠᠮᠠᠷᠬᠠᠨ ᠡᠬᠦᠰᠳᠡᠭ ᠲᠤᠯᠠ ᠴᠠᠬᠢᠯᠭᠠᠨ ᠢ ᠠᠩᠬᠠᠷᠤᠨ ᠬᠠᠮᠢᠶᠠᠷᠴᠤ᠂ ᠭᠠᠯ ᠤᠨ ᠠᠶᠤᠯ ᠡᠬᠦᠰᠬᠦ ᠠᠴᠠ ᠰᠡᠷᠭᠡᠶᠢᠯᠡᠨ᠎ᠡ᠃       ○ ᠶᠠᠪᠤᠭᠤᠯ ᠤᠨ ᠬᠥᠮᠥᠰ ᠥᠨᠳᠥᠷ ᠪᠠᠷᠢᠯᠭ᠎ᠠ᠂ ᠪᠠᠷᠢᠯᠭ᠎ᠠ ᠶᠢᠨ ᠭᠠᠵᠠᠷ᠂ ᠵᠠᠷ ᠤᠨ ᠫᠠᠶᠢᠰᠠ᠂ ᠬᠥᠭᠰᠢᠷᠡᠭᠰᠡᠨ ᠮᠤᠳᠤ ᠵᠡᠷᠭᠡ ᠠᠴᠠ ᠬᠤᠯᠠ ᠵᠠᠶᠢᠯᠠᠵᠤ᠂ ᠲᠡᠭᠡᠷ᠎ᠡ ᠠᠴᠠ ᠤᠨᠠᠵᠤ ᠢᠷᠡᠭᠰᠡᠨ ᠶᠠᠭᠤᠮᠠᠨ ᠳᠤ ᠴᠤᠬᠢᠭᠳᠠᠬᠤ ᠠᠴᠠ ᠰᠡᠷᠭᠡᠶᠢᠯᠡᠬᠦ ᠭᠡᠷᠡᠭᠳᠡᠢ᠃ ᠤᠰᠤᠨ ᠰᠤᠪᠠᠭ᠂ ᠤᠰᠤᠨ ᠴᠥᠬᠦᠷᠥᠮ ᠠᠴᠠ ᠵᠠᠶᠢᠳᠠᠭᠤ ᠪᠠᠶᠢᠵᠤ᠂ ᠤᠰᠤᠨ ᠳᠤ ᠤᠨᠤᠬᠤ ᠠᠴᠠ ᠰᠡᠷᠭᠡᠶᠢᠯᠡᠵᠤ ᠪᠤᠯᠤᠨ᠎ᠠ᠃       ○ ᠰᠤᠷᠭᠠᠭᠤᠯᠢ ᠨᠤᠭᠤᠳ ᠰᠤᠷᠤᠭᠴᠢ ᠪᠠᠨ ᠭᠠᠳᠠᠭᠰᠢ ᠭᠠᠷᠭᠠᠬᠤ ᠥᠭᠡᠢ ᠪᠠᠶᠢᠵᠤ᠂ ᠡᠯᠡᠰᠥᠨ ᠰᠢᠭᠤᠷᠭ᠎ᠠ ᠥᠡᠭᠭᠡᠷᠡᠭᠰᠡᠨ ᠤ ᠲᠠᠷᠠᠭ᠎ᠠ ᠰᠠᠶ᠋ᠢ ᠰᠤᠷᠭᠠᠭᠤᠯᠢ ᠠᠴᠠ ᠪᠠᠨ ᠭᠠᠷᠭᠠᠬᠤ ᠭᠡᠷᠡᠭᠳᠡᠢ᠃ ᠲᠤᠮᠳᠠᠳᠤ ᠪᠠᠭ᠎ᠠ ᠰᠤᠷᠭᠠᠭᠤᠯᠢ ᠎ ᠶᠢᠨ ᠰᠤᠷᠤᠭᠴᠢᠳ ᠭᠡᠷᠪᠡ ᠰᠤᠷᠭᠠᠭᠤᠯᠢ ᠠᠴᠠ ᠪᠠᠨ ᠭᠠᠷᠴᠤ ᠭᠡᠷ ᠲᠡᠭᠡᠨ ᠬᠠᠷᠢᠬᠤ ᠵᠠᠮ ᠳᠠᠭᠠᠨ ᠡᠯᠡᠰᠥᠨ ᠰᠢᠭᠤᠷᠭ᠎ᠠ ᠎ ᠳᠤ ᠲᠤᠬᠢᠶᠠᠯᠳᠤᠪᠠᠯ ᠰᠠᠯᠬᠢ ᠬᠠᠯᠬᠠᠯᠠᠬᠤ ᠠᠮᠤᠷ ᠲᠥᠪᠰᠢᠨ ᠭᠠᠵᠠᠷ ᠲᠤ ᠬᠤᠷᠭᠤᠳᠠᠵᠤ᠂ ᠥᠨᠳᠥᠷ ᠬᠥᠴᠥᠳᠡᠯᠳᠤ ᠴᠠᠬᠢᠯᠭᠠᠨ ᠤᠳᠠᠰᠤ ᠠᠴᠠ ᠬᠤᠯᠠ ᠪᠠᠶᠢᠬᠤ ᠭᠡᠷᠡᠭᠳᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号