ᠢᠳᠡᠭᠡᠨ ᠤ ᠬᠤᠤᠷᠳᠠᠯ ᠤᠨ ᠲᠤᠬᠠᠢ ᠦᠢᠯᠠᠭᠠᠯᠳᠠ
ᠨᠡᠶᠢᠲᠡᠯᠡᠭᠰᠡᠨ ᠴᠠᠭ᠄
2016/3/30
       ᠢᠳᠡᠭᠡᠨ ᠤ ᠬᠤᠤᠷᠳᠠᠯ ᠭᠡᠳᠡᠭ ᠪᠤᠯ ᠬᠤᠤᠷ ᠬᠥᠨᠥᠭᠡᠯ ᠠᠭᠤᠯᠤᠭᠳᠠᠵᠤ ᠪᠥᠬᠦᠢ ᠢᠳᠡᠭᠡᠨ ᠢ ᠢᠳᠡᠭᠰᠡᠨ ᠪᠤᠶᠤ ᠬᠤᠤᠷ ᠬᠥᠨᠥᠭᠡᠯ ᠲᠠᠢ ᠵᠥᠢᠯ ᠢ ᠠᠳᠡᠬᠦᠷᠡᠨ ᠢᠳᠡᠭᠰᠡᠨ ᠤ ᠰᠡᠬᠦᠯᠡᠷ ᠬᠠᠯᠳᠠᠪᠤᠷᠢᠳᠤ ᠪᠤᠰᠤ ᠴᠢᠨᠠᠷᠳᠠᠢ ᠡᠪᠡᠳᠴᠢᠨ ᠭᠡᠮ ᠡᠬᠦᠰᠬᠦ ᠶᠢ ᠵᠢᠭᠠᠵᠤ ᠪᠠᠶᠢᠨ᠎ᠠ᠃ ᠡᠬᠦᠨ ᠢ ᠪᠠᠺᠲ᠋ᠧᠷᠢ ᠶᠢᠨ ᠴᠢᠨᠠᠷᠳᠠᠢ ᠢᠳᠡᠭᠡᠨ ᠤ ᠬᠤᠤᠷᠳᠠᠯ᠂ ᠵᠢᠩᠬᠢᠨᠢ ᠮᠥᠬᠦ ᠶᠢᠨ ᠴᠢᠨᠠᠷᠳᠠᠢ ᠢᠳᠡᠭᠡᠨ ᠤ ᠬᠤᠤᠷᠳᠠᠯ᠂ ᠬᠢᠮᠢ ᠶᠢᠨ ᠴᠢᠨᠠᠷᠳᠠᠢ ᠢᠳᠡᠭᠡᠨ ᠤ ᠬᠤᠤᠷᠳᠠᠯ ᠭᠡᠵᠤ ᠬᠤᠪᠢᠶᠠᠳᠠᠭ᠃       ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ       ● ᠲᠠᠪᠤᠰᠤ ᠲᠠᠢ ᠱᠥᠯᠳᠤ ᠪᠠᠷ ᠪᠥᠭᠡᠯᠵᠢᠬᠦᠯᠬᠦ᠄ ᠬᠤᠤᠷᠳᠠᠯ ᠤᠨ ᠭᠡᠮᠵᠢᠶ᠎ᠡ ᠨᠢ ᠪᠠᠭ᠎ᠠ ᠪᠥᠭᠡᠳ ᠬᠤᠤᠷᠳᠤ ᠡᠳ᠋ ᠤᠤᠭᠤᠵᠤ ᠢᠳᠡᠭᠡᠳ 2 — 3 ᠴᠠᠭ ᠪᠤᠯᠵᠤ ᠪᠠᠶᠢᠭ᠎ᠠ ᠬᠤᠤᠷᠳᠠᠭᠳᠠᠭᠰᠠᠳ ᠢ ᠪᠤᠯ ᠠᠯᠢ ᠴᠢᠳᠠᠬᠤ ᠪᠠᠷ ᠲᠠᠪᠤᠰᠤ ᠲᠠᠢ ᠤᠰᠤ ᠢᠯᠡᠬᠦᠭᠡᠨ ᠤᠤᠭᠤᠯᠭᠠᠭᠰᠠᠨ ᠤ ᠰᠡᠬᠦᠯᠡᠷ᠂ ᠰᠠᠪᠬ᠎ᠠ ᠪᠤᠶᠤ ᠬᠤᠷᠤᠭᠤ ᠪᠠᠷ ᠢᠶᠠᠨ ᠭᠡᠥᠭᠡᠨ ᠭᠡᠯᠡ ᠎ ᠶᠢ ᠨᠢ ᠬᠥᠭᠳᠡᠨ ᠤᠭᠰᠢᠭᠤᠯᠵᠤ ᠪᠥᠭᠡᠯᠵᠢᠬᠦᠯᠬᠦ ᠭᠡᠷᠡᠭᠳᠡᠢ᠃       ● ᠴᠢᠨᠠᠷ ᠨᠢ ᠬᠤᠪᠢᠷᠠᠭᠰᠠᠨ ᠵᠢᠭᠠᠰᠤ᠂ ᠰᠡᠮ ᠬᠤᠷᠤᠬᠠᠢ᠂ ᠨᠠᠢᠮᠠᠯᠵᠢ ᠵᠡᠷᠭᠡ ᠶᠢ ᠢᠳᠡᠭᠡᠳ ᠬᠤᠤᠷᠳᠠᠭᠰᠠᠨ ᠢᠳᠡᠭᠡᠨ ᠤ ᠬᠤᠤᠷᠳᠠᠯ ᠢ ᠲᠡᠷᠦ᠋ᠢᠬᠠᠨ ᠡᠮᠨᠡᠯᠭᠡ ᠳᠤ ᠬᠥᠷᠭᠡᠨ ᠡᠮᠨᠡᠬᠦᠯᠬᠦ ᠭᠡᠷᠡᠭᠳᠡᠢ᠃       ᠲᠤᠰᠬᠠᠢ ᠮᠡᠷᠭᠡᠵᠢᠯᠳᠡᠨ ᠤ ᠰᠠᠨᠠᠭᠤᠯᠤᠮᠵᠢ       ◇ ᠢᠳᠡᠭᠡᠨ ᠳᠤ ᠬᠤᠤᠷᠳᠠᠭᠰᠠᠨ ᠪᠤᠯ ᠬᠤᠤᠷᠳᠠᠭᠳᠠᠭᠰᠠᠳ ᠤᠨ ᠢᠳᠡᠭᠰᠡᠨ ᠢᠳᠡᠭᠡᠨ ᠤ ᠥᠯᠢᠭᠡᠷ ᠭᠡᠪ ᠢ ᠠᠯᠢ ᠴᠢᠳᠠᠬᠤ ᠪᠠᠷ ᠥᠯᠡᠳᠡᠭᠡᠨ ᠠᠪᠬᠤ ᠪᠠ ᠪᠥᠭᠡᠯᠵᠢᠰᠤ᠂ ᠢᠯᠭᠠᠳᠠᠰᠤ ᠶᠢ ᠨᠢ ᠥᠯᠡᠳᠡᠭᠡᠨ ᠠᠪᠴᠤ᠂ ᠰᠢᠯᠭᠠᠨ ᠪᠠᠶᠢᠴᠠᠭᠠᠬᠤ ᠳᠤ ᠭᠡᠷᠡᠭᠯᠡᠬᠦᠯᠬᠦ ᠭᠡᠷᠡᠭᠳᠡᠢ᠃       ◇ ᠪᠤᠯᠭᠤᠭᠰᠠᠨ ᠲᠥᠬᠦᠭᠡᠢ ᠢᠳᠡᠭᠡᠨ ᠢ ᠠᠰ ᠠᠰ ᠲᠤᠨᠢ ᠰᠠᠯᠭᠠᠨ ᠲᠠᠯᠪᠢᠵᠤ᠂ ᠤᠰᠤᠨ ᠤ ᠭᠠᠷᠤᠯᠳᠠ ᠵᠢᠴᠢ ᠮᠢᠬᠠᠨ ᠤ ᠵᠥᠢᠯ ᠤᠨ ᠢᠳᠡᠭᠡᠨ ᠢ ᠬᠠᠭᠤᠷᠠᠵᠤ ᠪᠤᠯᠭᠤᠭᠰᠠᠨ ᠤ ᠰᠡᠬᠦᠯᠡᠷ ᠰᠠᠶ᠋ᠢ ᠢᠳᠡᠵᠤ ᠪᠤᠯᠤᠨ᠎ᠠ᠃       ◇ ᠤᠮᠳᠠᠭᠠᠨ ᠤ ᠯᠤᠩᠬᠤᠨ ᠳᠤ ᠬᠢᠮᠢ ᠶᠢᠨ ᠵᠥᠢᠯ ᠢ ᠰᠠᠪᠠᠯᠠᠵᠤ ᠪᠤᠯᠬᠤ ᠥᠭᠡᠢ᠂ ᠬᠢᠮᠢ ᠶᠢᠨ ᠵᠥᠢᠯ ᠰᠠᠪᠠᠯᠠᠭᠰᠠᠨ ᠯᠤᠩᠬᠤᠨ ᠲᠡᠭᠡᠷ᠎ᠡ ᠢᠯᠡ ᠲᠤᠳᠤ ᠲᠡᠮᠳᠡᠭ ᠲᠠᠯᠪᠢᠬᠤ ᠶᠢᠨ ᠲᠠᠭᠠᠤ ᠨᠢᠭᠤᠴᠠ ᠲᠠᠯᠳᠠ ᠭᠠᠵᠠᠷ ᠬᠠᠳᠠᠭᠠᠯᠠᠵᠤ᠂ ᠭᠡᠥᠭᠡᠳ ᠰᠢᠬᠤᠳ ᠠᠳᠡᠬᠦᠷᠡᠨ ᠤᠤᠭᠤᠬᠤ ᠠᠴᠠ ᠬᠢᠴᠢᠶᠡᠬᠦ ᠭᠡᠷᠡᠭᠳᠡᠢ᠃       ◇ ᠢᠳᠡᠭᠡᠨ ᠳᠤ ᠬᠤᠤᠷᠳᠠᠭᠰᠠᠨ ᠬᠥᠮᠥᠨ ᠢ ᠤᠯᠵᠤ ᠮᠡᠳᠡᠪᠡᠯ ᠡᠷᠭᠡᠪᠰᠢ ᠡᠮᠨᠡᠯᠭᠡ ᠳᠤ ᠲᠥᠷᠭᠡᠨ ᠬᠥᠷᠭᠡᠵᠤ ᠠᠪᠤᠷᠠᠯᠳᠠ ᠬᠢᠯᠭᠡᠬᠦ ᠭᠡᠷᠡᠭᠳᠡᠢ᠂ ᠲᠤᠷ᠎ᠠ ᠪᠠᠷ ᠢᠶᠠᠨ ᠡᠮ ᠤᠤᠭᠤᠯᠭᠠᠵᠤ ᠪᠤᠯᠬᠤ ᠥᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号